ᠰᠣ᠋ ᡁᠢ ᠰᠢᠶᠦ᠋ᠡᠭ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ 17 ᠳ᠋ᠤᠭᠠᠷ ᠤᠳᠠᠭ᠎ᠠ ᠶᠢᠨ ᠬᠤᠷᠠᠯ ᠵᠢᠴᠢ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 17 ᠳ᠋ᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/19
      12 ᠳ᠋ᠤᠭᠠᠷ ᠰᠠᠷ᠎ᠠ ᠶᠢᠨ 17 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠣ᠋ ᡁᠢ ᠰᠢᠶᠦ᠋ᠡᠭ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ 17 ᠳ᠋ᠤᠭᠠᠷ ᠤᠳᠠᠭᠠᠨ ᠤ ᠬᠤᠷᠠᠯ ᠵᠢᠴᠢ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 17 ᠳ᠋ᠤᠭᠠᠷ ᠤᠳᠠᠭᠠᠨ ᠤ ᠲᠥᠪᠯᠡᠷᠡᠭᠦᠯᠦᠨ ᠰᠤᠷᠤᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠳᠡᠭᠡᠷ᠎ᠡ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠨᠠᠢᠮᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠨᠠᠶᠢᠳᠠᠪᠤᠷᠢᠵᠢᠭᠤᠯᠪᠠ᠃ ᠰᠢᠨ᠎ᠡ ᠴᠠᠭ ᠦᠶ᠎ᠡ ᠶᠢᠨ ᠨᠠᠮ ᠤᠨ ᠰᠢᠨᠵᠢᠶᠠᠩ ᠢ ᠵᠠᠰᠠᠬᠤ ᠠᠷᠭ᠎ᠠ ᠪᠣᠳᠣᠯᠭ᠎ᠠ ᠶᠢ ᠪᠦᠷᠢᠨ ᠪᠦᠲᠦᠨ ᠵᠥᠪ ᠣᠨᠣᠪᠴᠢᠲᠠᠶ ᠪᠦᠬᠦ ᠲᠠᠯ᠎ᠠ ᠪᠠᠷ ᠲᠣᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠰᠢᠵᠢᠮ ᠢ ᠪᠠᠲᠤ ᠴᠣᠭᠴᠠᠯᠠᠨ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠦᠢᠯᠡᠴᠢᠯᠡᠵᠦ ᠠᠭᠤᠰᠤᠯᠴᠠᠨ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ᠂ ᠡᠯ᠎ᠡ ᠵᠦᠢᠯ ᠤᠨ ᠠᠵᠢᠯ ᠢ ᠭᠦᠨᠵᠡᠭᠡᠢ ᠪᠥᠭᠡᠳ ᠨᠠᠷᠢᠨ ᠨᠢᠮᠪᠠᠢ ᠰᠠᠶᠢᠲᠤᠷ ᠬᠢᠵᠦ᠂ ᠬᠢᠯᠢ ᠬᠢᠵᠠᠭᠠᠷ ᠤᠨ ᠵᠠᠰᠠᠯᠲᠠ ᠶᠢ ᠨᠡᠩ ᠰᠠᠶᠢᠨ ᠠᠬᠢᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠭᠦᠨᠵᠡᠭᠡᠢ ᠠᠬᠢᠭᠤᠯᠬᠤ︾ ᠭᠡᠬᠦ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠤᠨ᠂ ᠲᠥᠪ ᠴᠢᠩᠭ᠎ᠠ ᠦᠨᠳᠦᠰᠦᠨ ᠰᠠᠨᠠᠭ᠎ᠠ ᠶᠢ ᠭᠤᠶᠢᠪᠢᠰᠢ ᠦᠭᠡᠢ ᠪᠠᠷᠢᠮᠲᠠᠯᠠᠵᠤ᠂ ᠰᠤᠷᠲᠠᠯ ᠢ ᠴᠡᠭᠴᠡᠯᠡᠨ ᠢᠯᠵᠢᠷᠡᠯ ᠢ ᠡᠰᠡᠷᠭᠦᠴᠡᠬᠦ ᠶᠢ ᠨᠢᠭᠡ ᠴᠣᠭᠴᠠᠵᠢᠭᠤᠯᠤᠨ ᠭᠦᠨᠵᠡᠭᠡᠶᠢᠷᠡᠭᠦᠯᠬᠦ ᠶᠢ ᠬᠦᠴᠦᠲᠡᠢ ᠠᠬᠢᠭᠤᠯᠤᠨ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠳᠤᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠳᠡᠭᠡᠷ᠎ᠡ ᠶᠡᠷᠦᠩᠬᠡᠢ ᠱᠦᠵᠢ ᠰᠢ ᠶᠢᠨ ᠫᠢᠩ ᠤᠨ ᠴᠢᠶᠣᠤ ᠱᠢ ᠨᠥᠬᠦᠷ ᠤᠨ ᠮᠡᠨᠳᠦᠯᠡᠭᠰᠡᠨ 100 ᠵᠢᠯ ᠤᠨ ᠣᠶ ᠶᠢ ᠳᠤᠷᠠᠰᠬᠠᠬᠤ ᠶᠠᠷᠢᠯᠴᠠᠬᠤ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠴᠢᠶᠣᠤ ᠱᠢ ᠨᠥᠬᠦᠷ ᠤᠨ ᠬᠤᠪᠢᠰᠬᠠᠯᠲᠤ ᠵᠣᠷᠢᠭ ᠰᠠᠨᠠᠭ᠎ᠠ᠂ ᠡᠷᠬᠢᠮ ᠳᠡᠭᠡᠳᠦ ᠵᠠᠩ ᠮᠣᠷᠠᠯ᠂ ᠰᠢᠯᠢᠳᠡᠭ ᠰᠤᠷᠲᠠᠯ ᠢ ᠵᠠᠯᠭᠠᠮᠵᠢᠯᠠᠵᠤ ᠪᠠᠳᠠᠷᠠᠭᠤᠯᠤᠨ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠣᠭᠤᠰᠢᠯᠠᠭᠤᠯᠵᠤ᠂ ᠥᠭᠡᠷᠡᠴᠢᠯᠡᠯᠲᠡ ᠨᠡᠭᠡᠭᠡᠯᠲᠡ ᠶᠢᠨ ᠲᠤᠭ ᠢ ᠥᠨᠳᠥᠷ ᠮᠠᠨᠳᠤᠭᠤᠯᠤᠨ᠂ ᠨᠢᠭᠡ ᠰᠡᠳᠬᠢᠯ ᠨᠢᠭᠡ ᠵᠣᠷᠢᠭ ᠢᠶᠠᠷ ᠰᠢᠭᠤᠷᠬᠠᠶᠢᠯᠠᠨ ᠤᠷᠤᠭᠰᠢᠯᠠᠵᠤ᠂ ᠯᠠᠪᠳᠠᠭᠤᠨ ᠪᠠᠲᠤᠲᠠᠢ ᠠᠵᠢᠯᠯᠠᠨ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠬᠦ ᠬᠡᠷᠡᠭᠲᠡᠢ ᠭᠡᠵᠦ ᠴᠢᠬᠤᠯᠠᠴᠢᠯᠠᠪᠠ᠃ᠬᠤᠷᠠᠯ ᠳᠡᠭᠡᠷ᠎ᠡ ᠶᠡᠷᠦᠩᠬᠡᠢ ᠱᠦᠵᠢ ᠰᠢ ᠶᠢᠨ ᠫᠢᠩ ᠤᠨ 2024 ᠣᠨ ᠤ ᠳᠡᠯᠡᠬᠡᠢ ᠶᠢᠨ ᠤᠯᠠᠮᠵᠢᠯᠠᠯᠲᠤ ᠡᠮ ᠡᠮᠨᠡᠯᠭᠡ ᠶᠢᠨ ᠶᠡᠭᠡ ᠬᠤᠷᠠᠯ ᠳᠤ ᠢᠯᠡᠭᠡᠭᠰᠡᠨ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠥᠮᠥᠨ ᠲᠥᠷᠥᠯᠬᠢᠲᠡᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠲᠤ ᠶᠢᠨ ᠴᠣᠭᠴᠠ ᠶᠢ ᠪᠠᠶᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠨ᠂ ︽ᠴᠠᠭ ᠦᠶ᠎ᠡ ᠲᠠᠢ ᠵᠡᠷᠭᠡᠪᠡᠷ ᠤᠷᠤᠭᠰᠢᠯᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ︾ ᠴᠢᠬᠤᠯᠠ ᠵᠠᠷᠴᠢᠮ ᠢ ᠪᠠᠲᠤ ᠡᠵᠡᠮᠳᠡᠵᠦ᠂ ᠤᠯᠠᠮᠵᠢᠯᠠᠯᠲᠤ ᠡᠮ ᠡᠮᠨᠡᠯᠭᠡ ᠶᠢᠨ ᠰᠣᠶᠣᠯ ᠤᠨ ᠠᠭᠤᠯᠬᠤᠨ ᠢ ᠶᠡᠬᠡᠪᠡᠷ ᠠᠭᠤᠳᠠᠯᠤᠨ᠂ ᠤᠯᠠᠮᠵᠢᠯᠠᠯᠲᠤ ᠡᠮ ᠡᠮᠨᠡᠯᠭᠡ ᠶᠢᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠵᠦ᠂ ᠮᠠᠨ ᠤ ᠬᠤᠰᠢᠭᠤᠨ ᠤ ᠤᠯᠠᠮᠵᠢᠯᠠᠯᠲᠤ ᠡᠮ ᠡᠮᠨᠡᠯᠭᠡ ᠶᠢᠨ ᠣᠳᠣᠬᠢᠴᠢᠯᠠᠯᠲᠠ᠂ ᠠᠵᠤ ᠦᠢᠯᠡᠰᠵᠢᠯᠲᠡ᠂ ᠲᠣᠭᠠᠴᠢᠯᠠᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠤᠯᠠᠮᠵᠢᠯᠠᠯᠲᠤ ᠡᠮ ᠡᠮᠨᠡᠯᠭᠡ ᠶᠢᠨ ᠰᠣᠶᠣᠯ ᠢ ᠪᠦᠲᠦᠭᠡᠯᠴᠢ ᠪᠠᠷ ᠤᠯᠠᠷᠢᠭᠤᠯᠬᠤ᠂ ᠰᠢᠨ᠎ᠡ ᠶᠢ ᠡᠭᠦᠳᠬᠦ ᠴᠢᠨᠠᠷᠲᠠᠢ ᠪᠠᠷ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠪᠠᠶᠠᠷ ᠤᠨ ᠵᠠᠬᠢᠳᠠᠯ ᠵᠡᠷᠭᠡ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠤᠰᠤᠳ ᠵᠦᠢᠯᠡᠰ ᠢ ᠶᠠᠷᠢᠯᠴᠠᠨ ᠰᠤᠳᠤᠯᠪᠠ᠃    
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ