ᠴᠢ ᠫᠠᠨ ᠵᠢᠩ ᠪᠠᠯᠭᠠᠰᠤ ︽ᠦᠨᠳᠦᠰᠦᠨ ᠳ᠋ᠠᠶᠢᠲ᠋ᠠ ᠶᠢᠨ ᠬᠥᠮᠥᠷᠭᠡ︾ ᠶᠢᠨ ᠨᠡᠪᠲᠡᠷᠬᠡᠢ ᠬᠦᠰᠦᠨᠦᠭ ᠤᠨ ᠪᠠᠶᠢᠭᠤᠯᠤᠯᠲᠠ ᠶᠢ ᠯᠠᠪᠳᠠᠭᠤᠨ ᠠᠬᠢᠭᠤᠯᠤᠭᠠᠳ ᠦᠨᠳᠦᠰᠦᠨ ᠱᠠᠲᠤᠨ ᠤ ᠵᠠᠰᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ  ᠠᠷᠠᠳ ᠲᠤ ᠲᠥᠬᠦᠮ ᠦᠵᠡᠭᠦᠯᠬᠦ ᠦᠷ᠎ᠡ ᠠᠰᠢᠭ ᠢ ᠨᠡᠮᠡᠭᠳᠡᠭᠦᠯᠪᠡ
ᠨᠡᠶᠢᠲᠡᠯᠡᠭᠰᠡᠨ ᠴᠠᠭ᠄
2024/12/19
      ︽ᠦᠨᠳᠦᠰᠦᠨ ᠳ᠋ᠠᠶᠢᠲ᠋ᠠ ᠶᠢᠨ ᠬᠥᠮᠥᠷᠭᠡ︾ ᠶᠢᠨ ᠨᠡᠪᠲᠡᠷᠬᠡᠢ ᠬᠦᠰᠦᠨᠦᠭ ᠤᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠴᠢ ᠫᠠᠨ ᠵᠢᠩ ᠪᠠᠯᠭᠠᠰᠤ ︽ᠦᠨᠳᠦᠰᠦᠨ ᠳ᠋ᠠᠶᠢᠲ᠋ᠠ ᠶᠢᠨ ᠬᠥᠮᠥᠷᠭᠡ︾ ᠶᠢᠨ ᠨᠡᠪᠲᠡᠷᠬᠡᠢ ᠬᠦᠰᠦᠨᠦᠭ ᠤᠨ ᠰᠢᠰᠲ᠋ᠧᠮ ᠤᠨ ᠬᠡᠷᠡᠭᠯᠡᠯᠲᠡ ᠳᠡᠯᠭᠡᠷᠡᠭᠦᠯᠦᠯᠲᠡ ᠶᠢ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠪᠦᠲᠦᠮᠵᠢᠲᠡᠶ ᠭᠠᠷᠳᠠᠴᠠ ᠪᠣᠯᠭᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠳᠤᠮᠳᠠᠬᠢ ᠣᠯᠠᠨ ᠬᠦᠰᠦᠨᠦᠭ ᠮᠡᠳᠡᠭᠦᠯᠬᠦ᠂ ᠣᠯᠠᠨ ᠲᠠᠯ᠎ᠠ ᠠᠴᠠ ᠠᠪᠬᠤ᠂ ᠳᠠᠪᠬᠤᠷᠳᠠᠭᠤᠯᠤᠨ ᠮᠡᠳᠡᠭᠦᠯᠬᠦ᠂ ᠦᠷ᠎ᠡ ᠪᠦᠲᠦᠮᠵᠢ ᠠᠨᠠᠢ᠂ ᠬᠠᠮᠲᠤ ᠪᠠᠷ ᠠᠰᠢᠭᠯᠠᠬᠤ ᠳᠤ ᠬᠦᠴᠢᠷ ᠵᠡᠷᠭᠡ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠤᠨ᠂ ᠦᠨᠳᠦᠰᠦᠨ ᠱᠠᠲᠤᠨ ᠤ ᠵᠠᠰᠠᠯᠲᠠ ᠳᠤ ᠬᠦᠴᠦᠨ ᠨᠡᠮᠡᠷᠢᠯᠡᠪᠡ᠃      ᠨᠢᠭᠡ᠂ ᠥᠨᠳᠥᠷ ᠵᠣᠭᠰᠣᠴᠠ ᠠᠴᠠ ᠠᠬᠢᠭᠤᠯᠵᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠲᠡᠭᠦᠯᠳᠡᠷᠵᠢᠭᠦᠯᠪᠡ      ᠪᠠᠯᠭᠠᠰᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠠᠴᠠ ᠨᠢᠭᠡᠳᠦᠯᠲᠡᠢ ᠲᠥᠯᠥᠪᠯᠡᠬᠦ᠂ ᠨᠠᠮ ᠤᠨ ᠪᠠᠶᠢᠭᠤᠯᠤᠯᠲᠠ ᠶᠢᠨ ᠠᠯᠪᠠᠨ ᠭᠡᠷ ᠠᠴᠠ ᠲᠦᠷᠦᠭᠦᠯᠡᠨ ᠬᠢᠬᠦ᠂ ᠡᠯ᠎ᠡ ᠭᠠᠴᠠᠭ᠎ᠠ ᠲᠣᠰᠬᠤᠨ ᠪᠠ ᠨᠡᠶᠢᠭᠡᠮ ᠲᠣᠭᠤᠷᠢᠭ ᠠᠴᠠ ᠨᠠᠶᠢᠳᠠᠪᠤᠷᠢᠵᠢᠭᠤᠯᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠦᠨᠳᠦᠰᠦᠨ ᠱᠠᠲᠤᠨ ᠤ ︽ᠦᠨᠳᠦᠰᠦᠨ ᠳ᠋ᠠᠶᠢᠲ᠋ᠠ ᠬᠥᠮᠥᠷᠭᠡ︾ ᠶᠢᠨ ᠪᠠᠶᠢᠭᠤᠯᠤᠯᠲᠠ ᠵᠢᠴᠢ ︽ᠨᠡᠪᠲᠡᠷᠬᠡᠢ ᠬᠦᠰᠦᠨᠦᠭ︾ ᠤᠨ ᠮᠡᠳᠡᠭᠦᠯᠦᠯᠲᠡ ᠶᠢᠨ ᠬᠦᠰᠦᠨᠦᠭᠲᠦ ᠶᠢᠨ ᠬᠠᠮᠢᠶᠠᠷᠤᠯᠲᠠ ᠶᠢᠨ ᠰᠢᠰᠲ᠋ᠧᠮ ᠤᠨ ᠬᠡᠷᠡᠭᠯᠡᠵᠦ ᠳᠡᠯᠭᠡᠷᠡᠭᠦᠯᠬᠦ ᠠᠵᠢᠯ ᠢ ᠲᠦᠷᠭᠡᠨ ᠠᠬᠢᠭᠤᠯᠤᠨ᠂ ᠲᠤᠬᠠᠶᠢᠯᠠᠭᠰᠠᠨ ᠠᠵᠢᠯ ᠤᠨ ᠪᠣᠳᠠᠲᠤ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠬᠥᠮᠥᠨ ᠲᠣᠭᠲᠠᠭᠠᠬᠤ᠂ ᠠᠵᠢᠯ ᠤᠨ ᠪᠠᠶᠢᠷᠢ ᠲᠣᠭᠲᠠᠭᠠᠬᠤ᠂ ᠬᠠᠷᠢᠭᠤᠴᠠᠯᠭ᠎ᠠ ᠶᠢ ᠲᠣᠭᠲᠠᠭᠠᠬᠤ ᠶᠢ ᠪᠡᠶᠡᠯᠡᠭᠦᠯᠦᠨ᠂ ︽ᠨᠢᠭᠡ ᠡᠳᠦᠷ ᠲᠤ ᠨᠢᠭᠡ ᠤᠳᠠᠭ᠎ᠠ ᠲᠣᠬᠢᠷᠠᠭᠤᠯᠵᠤ᠂ ᠨᠢᠭᠡ ᠭᠠᠷᠠᠭ ᠲᠤ ᠳ᠋ᠦᠩᠨᠡᠬᠦ︾ ᠠᠵᠢᠯ ᠤᠨ ᠵᠠᠭᠪᠤᠷ ᠢ ᠴᠢᠩᠭ᠎ᠠ ᠨᠠᠶᠢᠳᠠᠪᠤᠷᠢᠵᠢᠭᠤᠯᠵᠤ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠲᠤ ᠨᠢᠭᠡᠨᠲᠡ 327 ᠲᠠᠩᠰᠠᠨ ᠡᠷᠦᠬᠡ ᠨᠡᠭᠡᠭᠡᠵᠦ ᠥᠭᠪᠡ᠃      ᠬᠤᠶᠠᠷ᠂ ᠴᠢᠨᠠᠷᠲᠠᠢ ᠬᠡᠷᠡᠭᠯᠡᠨ ᠳᠡᠯᠭᠡᠷᠡᠭᠦᠯᠵᠦ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠭᠦᠨᠵᠡᠭᠡᠢ ᠪᠣᠳᠠᠲᠠᠢ ᠠᠬᠢᠭᠤᠯᠪᠠ       ᠡᠯ᠎ᠡ ᠭᠠᠴᠠᠭ᠎ᠠ ᠲᠣᠰᠬᠤᠨ ᠪᠣᠯᠣᠨ ᠨᠡᠶᠢᠭᠡᠮ ᠲᠣᠭᠤᠷᠢᠭ ᠢ ᠵᠣᠬᠢᠶᠠᠨ ᠪᠠᠶᠢᠭᠤᠯᠤᠨ ︽ᠦᠨᠳᠦᠰᠦᠨ ᠳ᠋ᠠᠶᠢᠲ᠋ᠠ ᠶᠢᠨ ᠬᠥᠮᠥᠷᠭᠡ︾ ᠶᠢᠨ ᠨᠡᠪᠲᠡᠷᠬᠡᠢ ᠬᠦᠰᠦᠨᠦᠭ ᠤᠨ ᠪᠣᠯᠪᠠᠰᠤᠷᠠᠯ ᠳᠤ ᠣᠷᠣᠯᠴᠠᠭᠤᠯᠤᠨ᠂ ᠦᠨᠳᠦᠰᠦᠨ ᠱᠠᠲᠤᠨ ᠤ ︽ᠨᠡᠪᠲᠡᠷᠬᠡᠢ ᠬᠦᠰᠦᠨᠦᠭ︾ ᠤᠨ ᠠᠵᠢᠯ ᠤᠨ ᠲᠥᠷᠥ ᠶᠢᠨ ᠪᠣᠳᠣᠯᠭ᠎ᠠ ᠶᠢᠨ ᠠᠬᠤᠢ ᠪᠠᠶᠢᠳᠠᠯ᠂ ᠠᠬᠢᠭᠤᠯᠵᠤ ᠪᠠᠶᠢᠭ᠎ᠠ ᠪᠠᠶᠢᠳᠠᠯ᠂ ᠠᠵᠢᠯᠯᠠᠬᠤ ᠶᠠᠪᠤᠴᠠ ᠵᠡᠷᠭᠡ ᠳᠤ ᠴᠢᠭᠯᠡᠭᠦᠯᠦᠨ ᠵᠠᠳᠠᠯᠤᠯᠲᠠ ᠰᠤᠳᠤᠯᠤᠯᠲᠠ ᠬᠢᠵᠦ᠂ ᠡᠯ᠎ᠡ ᠭᠠᠴᠠᠭ᠎ᠠ ᠲᠣᠰᠬᠤᠨ ᠪᠠ ᠨᠡᠶᠢᠭᠡᠮ ᠲᠣᠭᠤᠷᠢᠭ ᠤᠨ ᠠᠵᠢᠯᠯᠠᠬᠤ ᠶᠠᠪᠤᠴᠠ ᠳᠤ ᠲᠤᠯᠭᠠᠷᠠᠭᠰᠠᠨ ᠬᠦᠴᠢᠷ ᠲᠦᠪᠡᠭᠲᠡᠢ ᠠᠰᠠᠭᠤᠳᠠᠯ ᠢ ᠴᠠᠭ ᠲᠤᠬᠠᠢ ᠳᠤᠨᠢ ᠳᠡᠭᠡᠳᠦ ᠱᠠᠲᠤ ᠯᠤᠭ᠎ᠠ ᠬᠠᠷᠢᠯᠴᠠᠵᠤ ᠰᠢᠢᠳᠪᠦᠷᠢᠯᠡᠨ᠂ ᠰᠢᠰᠲ᠋ᠧᠮ ᠤᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠵᠤ᠂ ᠦᠨᠳᠦᠰᠦᠨ ᠱᠠᠲᠤᠨ ᠤ ᠠᠵᠢᠯᠲᠠᠳ ᠲᠤ ᠢᠯᠠ ᠲᠣᠳᠣ ᠠᠵᠢᠯᠯᠠᠬᠤ ᠵᠦᠭᠯᠡᠭᠦᠷ ᠬᠠᠩᠭᠠᠪᠠ᠃ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠳ ᠡᠷᠦᠬᠡ ᠳᠤ ᠬᠦᠷᠴᠦ ᠪᠠᠶᠢᠳᠠᠯ ᠢ ᠣᠶᠢᠯᠠᠭᠠᠬᠤ᠂ ᠤᠲᠠᠰᠤ ᠪᠠᠷ ᠬᠠᠷᠢᠯᠴᠠᠵᠤ ᠪᠠᠶᠢᠳᠠᠯ ᠢ ᠣᠶᠢᠯᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠷᠢᠶ᠎ᠠ ᠣᠷᠣᠨ ᠳᠣᠲᠣᠷᠠᠬᠢ ᠬᠥᠮᠥᠨ᠂ ᠡᠷᠦᠬᠡ᠂ ᠠᠵᠤ ᠠᠬᠤᠶᠢᠯᠠᠯ ᠵᠡᠷᠭᠡ ᠦᠨᠳᠦᠰᠦᠨ ᠮᠡᠳᠡᠭᠡ ᠵᠠᠩᠭᠢ ᠶᠢ ᠬᠥᠳᠡᠯᠦᠩᠭᠦᠢ ᠪᠠᠷ ᠰᠢᠨᠡᠳᠬᠡᠪᠡ᠃ ᠡᠭᠦᠨ ᠤ ᠬᠠᠮᠲᠤ᠂ ᠨᠠᠷᠢᠯᠢᠭ ᠣᠨᠣᠪᠴᠢᠲᠠᠢ ᠱᠣᠰᠢᠭ᠎ᠠ ᠬᠠᠳᠠᠵᠤ ᠲᠥᠷᠥᠯ ᠠᠩᠭᠢᠯᠠᠬᠤ ᠲᠣᠭᠲᠠᠴᠠ ᠶᠢ ᠬᠡᠷᠡᠭᠯᠡᠵᠦ᠂ ᠰᠠᠭᠤᠭᠠᠯᠢ ᠠᠷᠠᠳ᠂ ᠭᠡᠷ ᠪᠠᠶᠢᠰᠢᠩ᠂ ᠠᠵᠤ ᠠᠬᠤᠶᠢᠯᠠᠯ᠂ ᠲᠠᠯᠠᠪᠤᠷ ᠭᠠᠵᠠᠷ᠂ ᠳᠡᠯᠭᠡᠭᠦᠷ ᠫᠦᠰᠡ ᠶᠢ ᠲᠥᠷᠥᠯ ᠬᠤᠪᠢᠶᠠᠨ ᠱᠣᠰᠢᠭ᠎ᠠ ᠬᠠᠳᠠᠵᠤ ᠢᠯᠭᠠᠨ᠂ ᠵᠥᠷᠢᠴᠡᠯ ᠢ ᠪᠠᠶᠢᠴᠠᠭᠠᠨ ᠰᠢᠢᠳᠪᠦᠷᠢᠯᠡᠬᠦ᠂ ᠨᠠᠰᠤᠵᠢᠯ ᠤᠨ ᠠᠰᠠᠷᠠᠮᠵᠢ ᠡᠮᠴᠢᠯᠡᠭᠡ ᠬᠠᠩᠭᠠᠬᠤ᠂ ᠬᠦᠴᠢᠷᠳᠡᠯ ᠢ ᠠᠪᠤᠷᠠᠨ ᠲᠤᠰᠠᠯᠠᠬᠤ ᠵᠡᠷᠭᠡ ᠠᠵᠢᠯ ᠥᠷᠨᠢᠭᠦᠯᠵᠦ᠂ ᠣᠳᠣᠬᠠᠨ ᠳᠤ ᠲᠣᠭᠤᠷᠢᠨ ᠪᠠᠶᠢᠴᠠᠭᠠᠬᠤ᠂ ᠠᠰᠠᠭᠤᠳᠠᠯ ᠢ ᠢᠯᠡᠷᠡᠭᠦᠯᠬᠦ᠂ ᠪᠠᠶᠢᠳᠠᠯ ᠢ ᠣᠶᠢᠯᠠᠭᠠᠬᠤ᠂ ᠪᠠᠶᠢᠴᠠᠭᠠᠬᠤ ᠵᠡᠷᠭᠡ 17 ᠲᠥᠷᠥᠯ ᠤᠨ 150 ᠭᠠᠷᠤᠢ ᠵᠦᠢᠯ ᠤᠨ ᠦᠢᠯᠡᠴᠢᠯᠡᠭᠡ ᠶᠢ ᠬᠠᠩᠭᠠᠨ᠂ ᠴᠢ ᠫᠠᠨ ᠵᠢᠩ ᠪᠠᠯᠭᠠᠰᠤ ᠳᠤᠯᠠᠭᠠᠨ ᠬᠤᠲᠠ ᠶᠢᠨ ᠨᠡᠪᠲᠡᠷᠬᠡᠢ ᠬᠦᠰᠦᠨᠦᠭ ᠤᠨ ᠲᠠᠪᠴᠠᠩ ᠳᠤ 77535 ᠰᠠᠭᠤᠭᠠᠯᠢ ᠠᠷᠠᠳ ᠪᠠ 36112 ᠡᠷᠦᠬᠡ ᠶᠢᠨ ᠲᠤᠭ᠎ᠠ ᠶᠢ ᠣᠷᠣᠭᠤᠯᠵᠤ᠂ ᠲᠤᠭ᠎ᠠ ᠪᠠᠷᠢᠮᠲᠠ ᠶᠢ ᠪᠠᠶᠢᠴᠠᠭᠠᠨ ᠯᠠᠪᠯᠠᠬᠤ ᠦᠷ᠎ᠡ ᠪᠦᠲᠦᠮᠵᠢ ᠬᠢᠭᠡᠳ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠪᠡ᠃      ᠭᠤᠷᠪᠠ᠂ ᠲᠤᠭ᠎ᠠ ᠪᠠᠷᠢᠮᠲᠠ ᠶᠢ ᠥᠨᠳᠥᠷ ᠪᠦᠲᠦᠮᠵᠢᠲᠡᠢ ᠬᠠᠮᠲᠤᠪᠠᠷ ᠠᠰᠢᠭᠯᠠᠵᠤ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ      ︽ᠦᠨᠳᠦᠰᠦᠨ ᠳ᠋ᠠᠶᠢᠲ᠋ᠠ ᠶᠢᠨ ᠬᠥᠮᠥᠷᠭᠡ︾ ᠶᠢᠨ ᠨᠡᠪᠲᠡᠷᠬᠡᠢ ᠬᠦᠰᠦᠨᠦᠭ ᠤᠨ ᠬᠡᠷᠡᠭᠯᠡᠭᠡᠨ ᠤ ᠲᠠᠪᠴᠠᠩ ᠶᠣᠰᠣᠭᠠᠷ ᠦᠨᠳᠦᠰᠦᠨ ᠱᠠᠲᠤᠨ ᠤ ᠵᠠᠰᠠᠯᠲᠠ ᠶᠢᠨ ᠵᠠᠭᠪᠤᠷ ᠢ ᠳᠠᠬᠢᠨ ᠪᠠᠶᠢᠭᠤᠯᠵᠤ᠂ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠳ ︽ᠳᠤᠯᠠᠭᠠᠨ ᠬᠤᠲᠠ ᠶᠢᠨ ᠨᠡᠪᠲᠡᠷᠬᠡᠢ ᠬᠦᠰᠦᠨᠦᠭ︾ ᠤᠨ ᠵᠢᠵᠢᠭ ᠫᠷᠣᠭ᠍ᠷᠠᠮ ᠢ ᠠᠰᠢᠭᠯᠠᠨ᠂ ᠣᠯᠠᠨ ᠲᠦᠮᠡᠨ ᠳᠤ ᠦᠢᠯᠡᠴᠢᠯᠡᠬᠦ ᠲᠦᠪᠰᠢᠨ ᠢᠶᠠᠨ ᠳᠡᠭᠡᠭᠰᠢᠯᠡᠭᠦᠯᠵᠦ᠂ ᠵᠥᠷᠢᠴᠡᠯ ᠢ ᠨᠠᠷᠢᠨ ᠪᠠᠶᠢᠴᠠᠭᠠᠵᠤ ᠨᠠᠮᠳᠠᠭᠤᠯᠬᠤ᠂ ᠨᠠᠰᠤᠵᠢᠯ ᠤᠨ ᠠᠰᠠᠷᠠᠮᠵᠢ ᠡᠮᠴᠢᠯᠡᠭᠡ ᠬᠠᠩᠭᠠᠬᠤ᠂ ᠬᠦᠴᠢᠷᠳᠡᠯ ᠢ ᠠᠪᠤᠷᠠᠨ ᠲᠤᠰᠠᠯᠠᠬᠤ ᠵᠡᠷᠭᠡ ᠡᠳᠦᠷ ᠲᠤᠲᠤᠮ ᠤᠨ ᠠᠵᠢᠯ ᠢ ᠥᠷᠨᠢᠭᠦᠯᠦᠨ᠂ ︽ᠦᠨᠳᠦᠰᠦᠨ ᠳ᠋ᠠᠶᠢᠲ᠋ᠠ ᠶᠢᠨ ᠬᠥᠮᠥᠷᠭᠡ︾ ᠪᠠ ︽ᠨᠡᠪᠲᠡᠷᠬᠡᠢ ᠬᠦᠰᠦᠨᠦᠭ︾ ᠤᠨ ᠬᠡᠷᠡᠭᠯᠡᠭᠡᠨ ᠤ ᠲᠠᠪᠴᠠᠩ ᠤᠨ ᠠᠵᠢᠯᠯᠠᠭᠠᠨ ᠤ ᠲᠣᠭᠲᠠᠴᠠ ᠶᠢ ᠶᠡᠬᠡᠪᠡᠷ ᠠᠬᠢᠭᠤᠯᠵᠤ᠂ ᠡᠯ᠎ᠡ ᠲᠥᠷᠥᠯ ᠤᠨ ᠭᠡᠷᠡᠴᠢᠯᠡᠬᠦ ᠵᠦᠢᠯᠡᠰ ᠢ ᠨᠢᠭᠡ ᠯᠡ ᠤᠳᠠᠭ᠎ᠠ ᠳᠤ ᠴᠤᠭᠯᠠᠭᠤᠯᠵᠤ᠂ ᠣᠯᠠᠨ ᠲᠠᠯ᠎ᠠ ᠪᠠᠷ ᠢᠶᠠᠨ ᠬᠠᠮᠲᠤ ᠪᠠᠷ ᠮᠡᠳᠡᠷᠡᠨ᠂ ᠰᠠᠭᠤᠭᠠᠯᠢ ᠠᠷᠠᠳ ᠤᠨ ᠣᠯᠠᠨᠲᠠ ᠭᠦᠢᠴᠡᠳᠬᠡᠭᠦᠯᠬᠦ ᠵᠦᠢᠯᠡᠰ ᠤᠨ ᠭᠦᠢᠴᠡᠳᠬᠡᠬᠦ ᠴᠠᠭ ᠤᠨ ᠬᠢᠵᠠᠭᠠᠷ ᠢ ᠶᠡᠬᠡᠪᠡᠷ ᠪᠠᠭᠠᠰᠬᠠᠵᠤ᠂ ᠥᠨᠳᠥᠷ ᠨᠠᠰᠤᠨ ᠤ ᠨᠡᠮᠡᠭᠦᠷᠢ᠂ ᠵᠡᠮᠳᠡᠭᠴᠦᠳ ᠤᠨ ᠨᠥᠬᠦᠪᠦᠷᠢ ᠶᠢᠨ ᠭᠡᠷᠡᠴᠢᠯᠡᠭᠡ ᠬᠢᠬᠦ ᠵᠡᠷᠭᠡ ᠶᠢ ᠭᠦᠢᠴᠡᠳᠬᠡᠬᠦ ᠳᠤ ︽ᠨᠢᠭᠡ ᠤᠳᠠᠭ᠎ᠠ ᠴᠤ ᠭᠦᠶᠦᠯᠭᠡᠬᠦ ᠦᠭᠡᠢ︾ ᠪᠠᠶᠢᠬᠤ ᠶᠢ ᠪᠡᠶᠡᠯᠡᠭᠦᠯᠪᠡ᠃ 12 ᠳ᠋ᠤᠭᠠᠷ ᠰᠠᠷ᠎ᠠ ᠶᠢᠨ 11 ᠤ ᠡᠳᠦᠷ ᠪᠣᠯᠲᠠᠯ᠎ᠠ᠂ ᠲᠠᠪᠴᠠᠩ ᠳᠤ ᠣᠷᠣᠭᠰᠠᠨ 25237 ᠵᠤᠷᠪᠤᠰ᠂ ᠠᠵᠢᠯᠯᠠᠭ᠎ᠠ ᠶᠢᠨ ᠲᠡᠮᠳᠡᠭᠯᠡᠯ 815 ᠵᠤᠷᠪᠤᠰ᠂ ᠲᠤᠬᠠᠢ ᠶᠢᠨ ᠭᠠᠵᠠᠷ ᠲᠤ ᠬᠦᠷᠴᠦ ᠪᠠᠶᠢᠳᠠᠯ ᠢ ᠣᠶᠢᠯᠭᠠᠭᠰᠠᠨ ᠲᠡᠮᠳᠡᠭᠯᠡᠯ 21293 ᠵᠤᠷᠪᠤᠰ᠂ ᠲᠣᠭᠤᠷᠢᠨ ᠪᠠᠶᠢᠴᠠᠭᠠᠭᠰᠠᠨ ᠲᠡᠮᠳᠡᠭᠯᠡᠯ 4347 ᠵᠤᠷᠪᠤᠰ᠂ ᠠᠰᠠᠭᠤᠳᠠᠯ ᠤᠨ ᠲᠡᠮᠳᠡᠭᠯᠡᠯ 100 ᠵᠤᠷᠪᠤᠰ᠂ ᠪᠠᠶᠢᠴᠠᠭᠠᠭᠰᠠᠨ ᠲᠡᠮᠳᠡᠭᠯᠡᠯ 382 ᠵᠤᠷᠪᠤᠰ ᠢ ᠰᠢᠨᠡᠳᠬᠡᠪᠡ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ