ᠣᠲᠤᠭ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠰᠦᠯᠵᠢᠶᠡᠨ ᠳᠡᠭᠡᠷᠡᠬᠢ ᠰᠣᠷᠪᠤᠯᠵᠢᠯᠠᠭ᠎ᠠ
ᠨᠡᠶᠢᠲᠡᠯᠡᠭᠰᠡᠨ ᠴᠠᠭ᠄
2024/12/2
图片1.png
      ᠬᠥᠲᠥᠯᠥᠭᠴᠢ᠄ ᠳᠠᠶᠠᠭᠠᠷ ᠢᠶᠠᠨ ᠰᠠᠶᠢᠨ ᠪᠠᠶᠢᠨ᠎ᠠ ᠦᠦ︖ ᠥᠨᠥᠳᠥᠷ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠼᠦᠢ ᠰᠢᠶᠠᠩ ᠵᠢᠶᠦ᠋ᠨ ᠨᠥᠬᠦᠷ ᠢ ᠰᠦᠯᠵᠢᠶᠡᠨ ᠳᠡᠭᠡᠷᠡᠬᠢ ᠰᠣᠷᠪᠣᠯᠵᠢᠯᠠᠭ᠎ᠠ ᠶᠢᠨ ᠳᠠᠪᠴᠠᠩ ᠳᠠᠭᠠᠨ ᠤᠷᠢᠵᠤ ᠠᠪᠴᠢᠷᠠᠯ᠎ᠠ᠂ ᠼᠦᠢ ᠲᠣᠪᠴᠢᠶᠠᠨ ᠳᠠᠷᠤᠭ᠎ᠠ ᠡ᠂ ᠲᠠᠨ ᠢ ᠪᠠᠶᠠᠷᠯᠠᠨ ᠤᠭᠲᠤᠵᠤ  ᠪᠠᠶᠢᠨ᠎ᠠ︕       ᠼᠦᠢ ᠰᠢᠶᠠᠩ ᠵᠢᠶᠦ᠋ᠨ᠄ ᠬᠥᠲᠥᠯᠥᠭᠴᠢ ᠰᠠᠶᠢᠨ ᠦᠦ︖ ᠳᠠᠶᠠᠭᠠᠷ ᠢᠶᠠᠨ ᠰᠠᠶᠢᠨ ᠦᠦ᠂ ᠰᠦᠯᠵᠢᠶᠡᠨ ᠳᠡᠭᠡᠷᠡᠬᠢ ᠰᠣᠷᠪᠤᠯᠵᠢᠯᠠᠭ᠎ᠠ ᠶᠢᠨ ᠲᠠᠪᠴᠠᠩ ᠢᠶᠠᠷ ᠲᠠ ᠪᠦᠬᠦᠨ ᠲᠠᠢ ᠪᠠᠨ ᠰᠠᠨᠠᠯ ᠢᠶᠠᠨ ᠰᠤᠯᠢᠯᠴᠠᠬᠤ ᠪᠣᠯᠣᠭᠰᠠᠨ ᠳᠤ ᠮᠠᠰᠢ ᠪᠠᠶᠠᠷᠲᠠᠢ ᠪᠠᠶᠢᠨ᠎ᠠ᠃ ᠨᠡᠶᠢᠭᠡᠮ ᠤᠨ ᠡᠯ᠎ᠡ ᠡᠲᠡᠭᠡᠳ ᠤᠨ ᠬᠢᠨ ᠪᠠ ᠲᠠ ᠪᠦᠬᠦᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠯᠠᠮᠵᠢᠯᠠᠨ ᠳᠡᠮᠵᠢᠭᠰᠡᠨ ᠳᠤ  ᠲᠠᠯᠠᠷᠬᠠᠵᠤ ᠪᠠᠶᠢᠨ᠎ᠠ᠃       ᠬᠥᠲᠥᠯᠥᠭᠴᠢ᠄ ᠼᠦᠢ ᠲᠣᠪᠴᠢᠶᠠᠨ ᠳᠠᠷᠤᠭ᠎ᠠ ᠡ᠂ ᠬᠤᠳᠠᠯᠳᠤᠭ᠎ᠠ ᠡᠷᠭᠢᠯᠡᠬᠦ ᠰᠠᠶᠢᠨ ᠣᠷᠴᠢᠨ ᠨᠥᠬᠦᠴᠡᠯ ᠨᠢ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠬᠥᠭᠵᠢᠭᠡᠬᠦ ᠳᠤ ᠴᠢᠬᠤᠯᠠ ᠦᠢᠯᠡᠳᠦᠯ ᠲᠠᠢ ᠪᠠᠶᠢᠳᠠᠭ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠪᠥᠬᠦ ᠬᠤᠰᠢᠭᠤᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠶᠠᠮᠠᠷ ᠶᠠᠮᠠᠷ ᠠᠵᠢᠯ ᠬᠢᠭᠰᠡᠨ ᠪᠣᠶ︖       ᠼᠦᠢ ᠰᠢᠶᠠᠩ ᠵᠢᠶᠦ᠋ᠨ᠄ ᠣᠲᠤᠭ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠬᠤᠰᠢᠭᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠵᠥᠪ ᠣᠨᠣᠪᠴᠢᠲᠠᠶ ᠤᠳᠤᠷᠢᠳᠤᠯᠭ᠎ᠠ ᠳᠣᠣᠷ᠎ᠠ᠂ ᠭᠤᠣᠯ ᠠᠵᠢᠯ ᠤᠨ ᠲᠣᠭᠤᠷᠢᠨ ᠳᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠬᠤ᠂ ᠠᠷᠠᠳ ᠤᠨ ᠠᠮᠢᠳᠤᠷᠠᠯ ᠤᠨ ᠠᠮᠤᠷ ᠲᠦᠪᠰᠢᠨ ᠢ ᠪᠠᠲᠤᠯᠠᠬᠤ ᠪᠠᠷ ᠭᠤᠣᠯᠳᠠᠯᠭ᠎ᠠ ᠪᠣᠯᠭᠠᠵᠤ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠢᠶᠠᠨ ᠲᠠᠰᠤᠷᠠᠯᠲᠠ ᠦᠭᠡᠢ ᠰᠢᠨᠡᠴᠢᠯᠡᠨ᠂ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠡᠩᠨᠡᠭᠡᠨ ᠤ ᠪᠠᠶᠢᠭᠤᠯᠤᠯᠲᠠ ᠪᠠᠨ ᠴᠢᠩᠭᠠᠳᠬᠠᠨ᠂ ᠣᠲᠤᠭ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠭᠰᠡᠭᠡᠷ ᠢᠷᠠᠪᠠ᠃ ᠨᠢᠭᠡ ᠳᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠪᠡ᠃ ᠠᠵᠤ ᠠᠬᠤᠶᠢᠯᠠᠯ ᠨᠡᠭᠡᠭᠡᠨ ᠡᠷᠬᠢᠯᠡᠬᠦ ᠶᠠᠪᠤᠴᠠ ᠶᠢ ᠳᠥᠭᠦᠮᠴᠢᠯᠡᠬᠦ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠡᠵᠡᠩᠨᠡᠯᠲᠡ ᠶᠢᠨ ᠦᠨᠡᠮᠯᠡᠯ ᠢ ᠰᠦᠯᠵᠢᠶᠡᠨ ᠳᠡᠭᠡᠷ᠎ᠡ ᠭᠦᠢᠴᠡᠳᠬᠡᠨ᠂ ᠬᠠᠭᠠᠰ ᠡᠳᠦᠷ᠂ ᠣᠨᠴᠠᠭᠠᠶ ᠰᠢᠯᠲᠠᠭᠠᠨ ᠲᠠᠢ ᠪᠣᠯ 1 ᠡᠳᠦᠷ ᠲᠤ ᠭᠦᠢᠴᠡᠳᠬᠡᠨ ᠳᠠᠭᠤᠰᠬᠠᠬᠤ ᠶᠢ ᠪᠡᠶᠡᠯᠡᠭᠦᠯᠪᠡ᠃ ᠵᠠᠷᠤᠳᠠᠯ ᠬᠤᠷᠢᠶᠠᠬᠤ ᠦᠭᠡᠢ ᠪᠠᠷ ᠠᠯᠪᠠᠨ ᠲᠠᠮᠠᠭ᠎ᠠ ᠰᠡᠶᠢᠯᠦᠨ ᠦᠢᠯᠡᠳᠬᠦ ᠦᠢᠯᠡᠴᠢᠯᠡᠭᠡ ᠪᠠ ᠭᠡᠷᠡᠴᠢ ᠦᠨᠡᠮᠯᠡᠯ᠂ ᠠᠯᠪᠠᠨ ᠲᠠᠮᠠᠭ᠎ᠠ᠂ ᠪᠠᠷᠢᠮᠲᠠ ᠶᠢ ᠵᠠᠷᠤᠳᠠᠯ ᠬᠤᠷᠢᠶᠠᠬᠤ ᠦᠭᠡᠢ ᠪᠠᠷ ᠢᠯᠡᠭᠡᠬᠦ ᠦᠢᠯᠡᠴᠢᠯᠡᠭᠡ ᠶᠢ ᠪᠦᠬᠦ ᠲᠠᠯ᠎ᠠ ᠪᠠᠷ ᠬᠠᠩᠭᠠᠪᠠ᠃ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢ ᠨᠡᠶᠢᠳᠡᠮ ᠥᠷᠨᠢᠭᠦᠯᠵᠦ᠂ ︽ᠦᠨᠡᠮᠯᠡᠯ ᠠᠪᠤᠭᠰᠠᠨ ᠤ ᠲᠠᠷᠠᠭ᠎ᠠ ᠬᠤᠯᠪᠣᠭᠳᠠᠯ ᠪᠦᠬᠦᠢ ᠬᠢᠨᠡᠨ ᠵᠥᠪᠰᠢᠶᠡᠷᠡᠭᠦᠯᠬᠦ ᠵᠦᠢᠯᠡᠰ ᠢ ᠴᠥᠭᠡᠳᠬᠡᠬᠦ︾ ᠪᠠ ᠬᠢᠨᠠᠨ ᠵᠥᠪᠰᠢᠶᠡᠷᠡᠬᠦ ᠶᠢ ᠳᠥᠭᠦᠮᠴᠢᠯᠡᠬᠦ ᠶᠢ ᠠᠬᠢᠭᠤᠯᠪᠠ᠃ 2024 ᠣᠨ ᠳᠤ᠂ ᠪᠥᠬᠦ ᠬᠤᠰᠢᠭᠤᠨ ᠤ ᠡᠵᠡᠩᠨᠡᠯᠲᠡ ᠶᠢᠨ ᠭᠤᠣᠯ ᠴᠣᠭᠴᠠ ︵ᠰᠠᠯᠪᠤᠷᠢ ᠪᠠᠶᠢᠭᠤᠯᠤᠮᠵᠢ ᠪᠠᠭᠲᠠᠨ᠎ᠠ︶ 2.67 ᠲᠦᠮᠡᠨ ᠡᠷᠦᠬᠡ ᠪᠣᠯᠣᠨ ᠬᠥᠭᠵᠢᠵᠦ᠂ ᠠᠳᠠᠯᠢ ᠬᠤᠭᠤᠴᠠᠭᠠᠨ ᠤ ᠬᠢ ᠠᠴᠠ 18% ᠪᠠᠷ ᠨᠡᠮᠡᠭᠳᠡᠪᠡ᠃ ᠡᠭᠦᠨ ᠳᠤ᠂ ᠠᠵᠤ ᠠᠬᠤᠶᠢᠯᠠᠯ 0.58 ᠲᠦᠮᠡ ᠪᠠᠶᠢᠵᠤ᠂ ᠨᠡᠮᠡᠭᠳᠡᠯ ᠤᠨ ᠬᠤᠷᠳᠤᠴᠠ ᠨᠢ ᠠᠳᠠᠯᠢ ᠬᠤᠭᠤᠴᠠᠭᠠᠨ ᠤ ᠬᠢ ᠠᠴᠠ 14% ᠪᠠᠷ ᠨᠡᠮᠡᠭᠳᠡᠵᠦ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ 2.05 ᠲᠦᠮᠡ ᠪᠠᠶᠢᠵᠤ᠂ ᠨᠡᠮᠡᠭᠳᠡᠯ ᠤᠨ ᠬᠤᠷᠳᠤᠴᠠ  ᠨᠢ ᠠᠳᠠᠯᠢ ᠬᠤᠭᠤᠴᠠᠭᠠᠨ ᠤ ᠬᠢ ᠠᠴᠠ 19% ᠪᠠᠷ ᠨᠡᠮᠡᠭᠳᠡᠨ᠂ ᠮᠠᠯᠴᠢᠨ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ 0.06 ᠲᠦᠮᠡᠨ ᠡᠷᠦᠬᠡ ᠬᠦᠷᠴᠦ᠂ ᠨᠡᠮᠡᠭᠳᠡᠯ ᠤᠨ ᠬᠤᠷᠳᠤᠴᠠ ᠠᠳᠠᠯᠢ ᠬᠤᠭᠤᠴᠠᠭᠠᠨ ᠤ ᠬᠢ ᠠᠴᠠ 7% ᠪᠠᠷ ᠪᠠᠭᠤᠷᠠᠪᠠ᠃ ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠪᠦᠲᠦᠭᠡᠬᠦ ᠠᠵᠢᠯ ᠢ ᠬᠢᠨᠠᠮᠠᠭᠠᠢ ᠨᠠᠶᠢᠳᠠᠪᠤᠷᠢᠵᠢᠭᠤᠯᠵᠤ᠂ ᠣᠳᠣᠬᠠᠨ ᠪᠣᠯᠲᠠᠯ᠎ᠠ 439 ᠠᠵᠤ ᠠᠬᠤᠶᠢᠯᠠᠯ ᠢ ᠨᠡᠭᠡᠭᠡᠨ ᠡᠷᠭᠢᠯᠡᠬᠦ᠂ 6 ᠶᠠᠪᠤᠳᠠᠯ ᠢ ᠬᠤᠪᠢᠷᠠᠭᠤᠯᠬᠤ᠂ 9 ᠶᠠᠪᠤᠳᠠᠯ ᠢ ᠬᠦᠴᠦᠨ ᠦᠭᠡᠢ ᠪᠣᠯᠭᠠᠬᠤ᠂ 1 ᠠᠵᠤ ᠠᠬᠤᠶᠢᠯᠠᠯ ᠢ ᠨᠡᠭᠦᠯᠭᠡᠬᠦ ᠳᠠᠩᠰᠠᠯᠠᠯ ᠢ ᠭᠦᠢᠴᠡᠳᠬᠡᠪᠡ᠃ ᠬᠤᠶᠠᠷ ᠲᠤ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠬᠥᠭᠵᠢᠯᠲᠡ ᠶᠢᠨ ᠠᠵᠢᠯ ᠢ ᠠᠬᠢᠭᠤᠯᠪᠠ᠃ ᠤᠲᠤᠭ ᠬᠤᠰᠢᠭᠤᠨ ᠤ ᠵᠢᠵᠢᠭ ᠪᠢᠴᠢᠯ ᠠᠵᠤ ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢ ᠠᠬᠢᠭᠤᠯᠬᠤ ᠠᠵᠢᠯ ᠤᠨ ᠬᠡᠷᠡᠭᠵᠢᠭᠦᠯᠬᠦ ᠲᠥᠰᠥᠯ ᠢ ᠲᠦᠷᠦᠭᠦᠯᠡᠨ ᠲᠣᠭᠲᠠᠭᠠᠵᠤ᠂ ᠪᠥᠬᠦ ᠬᠤᠰᠢᠭᠤᠨ ᠤ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢ ᠠᠬᠢᠭᠤᠯᠬᠤ ᠠᠵᠢᠯ ᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠤᠨ᠂ ᠬᠤᠰᠢᠭᠤ ᠳᠡᠳ᠋ ᠳᠠᠷᠤᠭ᠎ᠠ ᠤᠳᠤ ᠬᠤᠷᠠᠯ ᠳᠡᠭᠡᠷ᠎ᠡ ᠪᠥᠬᠦ ᠬᠤᠰᠢᠭᠤᠨ ᠤ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢ ᠠᠬᠢᠭᠤᠯᠬᠤ ᠠᠵᠢᠯ ᠢ ᠲᠣᠬᠢᠷᠠᠭᠤᠯᠵᠤ ᠪᠠᠶᠢᠷᠢᠯᠠᠭᠤᠯᠤᠨ᠂ ᠪᠥᠬᠦ ᠬᠤᠰᠢᠭᠤᠨ ᠤ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢ ᠠᠬᠢᠭᠤᠯᠬᠤ ᠠᠵᠢᠯ ᠵᠣᠬᠢᠬᠤ ᠦᠷ᠎ᠡ ᠪᠦᠲᠦᠮᠵᠢ ᠣᠯᠪᠠ᠃ ︽ᠳᠤᠯᠠᠭᠠᠨ ᠬᠤᠲᠠ ᠶᠢᠨ ᠬᠠᠮᠲᠤ ᠶᠢᠨ ᠶᠠᠷᠢᠯᠴᠠᠭ᠎ᠠ︾ ᠵᠠᠰᠠᠭ ᠤᠨ ᠣᠷᠳᠣᠨ ᠪᠤᠯᠣᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠮᠠᠨ ᠤ ᠬᠤᠰᠢᠭᠤᠨ ᠤ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢ ᠠᠬᠢᠭᠤᠯᠬᠤ ᠠᠵᠢᠯ ᠤᠨ ᠪᠠᠶᠢᠳᠠᠯ ᠢ ᠲᠣᠪᠴᠢ ᠲᠠᠨᠢᠯᠴᠠᠭᠤᠯᠤᠨ᠂ ᠬᠤᠰᠢᠭᠤᠨ ᠤ ᠵᠠᠰᠠᠭ ᠤᠨ ᠣᠷᠳᠣᠨ ᠤ ᠨᠡᠶᠢᠲᠡᠯᠡᠭᠰᠡᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠳᠤ ᠲᠠᠶᠢᠯᠤᠮᠵᠢ ᠬᠢᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠪᠠ ᠪᠣᠳᠠᠲᠠᠢ ᠱᠠᠭᠠᠷᠳᠠᠯᠭ᠎ᠠ ᠶᠢ ᠣᠶᠢᠯᠠᠭᠠᠭᠤᠯᠪᠠ᠃ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠲᠥᠯᠥᠭᠡᠯᠡᠭᠴᠢ ᠵᠠᠬ᠎ᠠ ᠳᠡᠯᠭᠡᠭᠦᠷ ᠤᠨ ᠡᠵᠡᠩᠨᠡᠯᠲᠡ ᠳᠤᠮᠳᠠᠬᠢ ᠠᠮᠵᠢᠯᠲᠠ ᠲᠠᠢ ᠲᠤᠷᠰᠢᠯᠭ᠎ᠠ ᠪᠠ ᠬᠠᠮᠢᠶᠠᠷᠤᠯᠲᠠ ᠶᠢᠨ ᠣᠯᠣᠯᠲᠠ ᠲᠥᠷᠥᠭᠳᠡᠯ ᠢᠶᠠᠨ ᠬᠤᠪᠢᠶᠠᠯᠴᠠᠵᠤ᠂ ᠪᠤᠰᠤᠳ ᠠᠵᠤ ᠠᠬᠤᠶᠢᠯᠠᠯ ᠳᠤ ᠠᠰᠢᠭᠲᠠᠢ ᠯᠠᠪᠯᠠᠯᠲᠠ ᠬᠠᠩᠭᠠᠪᠠ᠃ ᠭᠤᠷᠪᠠ ᠳᠤ ︽ᠳᠠᠭᠠᠳᠬᠠᠯ ᠤᠨ ᠪᠠᠲᠤᠯᠠᠭ᠎ᠠ ᠪᠠᠷ ᠳᠡᠮᠵᠢᠬᠦ ᠲᠥᠷᠥ ᠶᠢᠨ ᠪᠣᠳᠣᠯᠭ᠎ᠠ︾ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠃ ᠸᠢᠴᠠᠲ ᠤᠨ ᠨᠡᠶᠢᠲᠡ ᠶᠢᠨ ᠳ᠋ᠤᠭᠠᠷ᠂ ᠬᠠᠷᠢᠶ᠎ᠠ ᠣᠷᠣᠨ ᠤ ᠬᠤᠳᠠᠯᠳᠤᠭᠠᠨ ᠤ ᠡᠷᠦᠬᠡ ᠶᠢᠨ ᠸᠢᠴᠠᠲ ᠬᠤᠯᠪᠤᠭ᠎ᠠ ᠶᠢ ᠬᠢᠨᠠᠨ ᠬᠠᠮᠢᠶᠠᠷᠬᠤ᠂ ᠤᠬᠠᠭᠤᠯᠭ᠎ᠠ ᠶᠢᠨ ᠮᠠᠲ᠋ᠧᠷᠢᠶᠠᠯ ᠨᠠᠭᠠᠬᠤ᠂ ᠡᠷᠦᠬᠡ ᠳᠤ ᠣᠷᠣᠵᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠣᠯᠠᠨ ᠨᠡᠶᠢᠲᠡ ᠶᠢᠨ ᠲᠥᠪᠯᠡᠷᠡᠭᠰᠡᠨ ᠲᠠᠯᠠᠪᠤᠷ ᠭᠠᠵᠠᠷ ᠲᠤ ᠬᠠᠷᠠᠭᠠᠨ ᠳᠠᠪᠲᠠᠮᠵᠢ ᠶᠢᠨ ᠤᠬᠠᠭᠤᠯᠭ᠎ᠠ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠳᠠᠭᠠᠳᠬᠠᠯ ᠤᠨ ᠪᠠᠲᠤᠯᠠᠭ᠎ᠠ ᠪᠠᠷ ᠳᠡᠮᠵᠢᠬᠦ ᠲᠥᠷᠥ ᠶᠢᠨ ᠪᠣᠳᠣᠯᠭ᠎ᠠ ᠶᠢ ᠶᠡᠬᠡᠪᠡᠷ ᠤᠬᠠᠭᠤᠯᠪᠠ᠃ ᠣᠳᠣᠬᠠᠨ ᠪᠣᠯᠲᠠᠯ᠎ᠠ᠂ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠨᠠᠶᠢᠳᠠ 30 ᠭᠠᠷᠤᠢ ᠤᠳᠠᠭ᠎ᠠ ᠥᠷᠨᠢᠭᠦᠯᠵᠦ᠂ ᠤᠬᠠᠭᠤᠯᠬᠤ ᠮᠠᠲ᠋ᠧᠷᠢᠶᠠᠯ ᠢ 5000 ᠭᠠᠷᠤᠢ ᠬᠤᠪᠢ ᠲᠠᠷᠬᠠᠭᠠᠨ᠂ 113 ᠡᠷᠦᠭᠡ ᠶᠢᠨ ᠯᠠᠪᠯᠠᠯᠭ᠎ᠠ ᠶᠢ ᠭᠥᠯᠢᠶᠡᠨ ᠠᠪᠴᠤ᠂ 200 ᠭᠠᠷᠤᠢ ᠬᠡᠷᠡᠭ ᠤᠨ ᠮᠡᠳᠡᠭᠦᠯᠦᠯᠲᠡ ᠶᠢ ᠰᠢᠢᠳᠪᠦᠷᠢᠯᠡᠨ᠂ 700 ᠭᠠᠷᠤᠢ ᠬᠤᠳᠠᠯᠳᠤᠭᠠᠨ ᠤ ᠡᠷᠦᠭᠡ ᠶᠢ ᠪᠠᠶᠢᠴᠠᠭᠠᠨ ᠦᠵᠡᠵᠦ᠂ 89 ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠳᠤ ᠲᠥᠯᠥᠪᠦᠷᠢ ᠥᠭᠭᠦᠨ᠂ ᠲᠥᠯᠥᠪᠦᠷᠢ ᠮᠥᠩᠭᠦ 30 ᠲᠦᠮᠡᠨ ᠲᠥᠭᠦᠷᠢᠭ ᠲᠤ ᠬᠦᠷᠪᠡ᠃       ᠬᠥᠲᠥᠯᠥᠭᠴᠢ᠄ ᠢᠳᠡᠭᠡᠨ ᠡᠮ ᠤᠨ ᠵᠦᠢᠯ ᠤᠨ ᠠᠮᠤᠷ ᠲᠦᠪᠰᠢᠨ ᠨᠢ ᠨᠡᠶᠢᠭᠡᠮ ᠨᠡᠶᠢᠲᠡ ᠶᠢᠨ ᠠᠩᠬᠠᠷᠤᠯ ᠤᠨ ᠲᠥᠪ ᠪᠣᠯᠣᠭᠰᠠᠭᠠᠷ ᠢᠷᠡᠵᠡᠶ᠂ ᠼᠦᠢ ᠲᠣᠪᠴᠢᠶᠠᠨ ᠳᠠᠷᠤᠭ᠎ᠠ ᠡ᠂ ᠥᠨᠥ ᠵᠢᠯ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠭᠤᠣᠯᠳᠠᠭᠤ ᠶᠠᠮᠠᠷ ᠶᠠᠮᠠᠷ ᠠᠵᠢᠯ ᠬᠢᠭᠰᠡᠨ ᠢ ᠪᠢᠳᠡᠨ ᠳᠤ ᠲᠠᠨᠢᠯᠴᠠᠭᠤᠯᠤᠭᠠᠳ ᠥᠭᠭᠦᠨ᠎ᠡ ᠤᠤ︖       ᠼᠦᠢ ᠰᠢᠶᠠᠩ ᠵᠢᠶᠦ᠋ᠨ᠄ ᠢᠳᠡᠭᠡᠨ ᠡᠮ ᠤᠨ ᠵᠦᠢᠯ ᠤᠨ ᠠᠮᠤᠷ ᠲᠦᠪᠰᠢᠨ ᠪᠣᠯ ᠨᠡᠶᠢᠭᠡᠮ ᠤᠨ ᠠᠩᠬᠠᠷᠤᠯ ᠤᠨ ᠲᠥᠪ ᠮᠥᠨ᠂ ᠪᠠᠰᠠ ᠴᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠭᠤᠣᠯᠳᠠᠯᠭ᠎ᠠ ᠮᠥᠨ᠃ 2024 ᠣᠨ ᠳᠤ᠂ ᠪᠥᠬᠦ ᠬᠢᠨᠠᠨ ᠬᠠᠮᠢᠶᠠᠷᠬᠤ ᠠᠵᠢᠯᠲᠠᠨ ᠤ ᠴᠢᠷᠮᠠᠶᠢᠯᠭ᠎ᠠ ᠪᠠᠷ᠂ ᠢᠳᠡᠭᠡᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢᠯᠡᠳᠲᠡ ᠦᠷ᠎ᠡ ᠪᠦᠲᠦᠮᠵᠢ ᠣᠯᠪᠠ᠃ ᠢᠳᠡᠭᠡᠨ ᠤᠮᠳᠠᠭᠠᠨ ᠤ ᠦᠢᠯᠡᠴᠢᠯᠡᠭᠡᠨ ᠤ ᠲᠠᠯ᠎ᠠ ᠪᠠᠷ᠄ ᠨᠢᠭᠡ ᠳᠤ ︽ᠳᠤᠯᠠᠭᠠᠨ ᠬᠤᠲᠠ ᠶᠢᠨ ᠢᠯᠡ ᠲᠤᠳᠤ ᠢᠳᠡᠭᠡᠨ ᠤᠮᠳᠠᠭᠠᠨ︾ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ︽ᠳᠤᠯᠠᠭᠠᠨ ᠬᠤᠲᠠ ᠶᠢᠨ ᠢᠳᠡᠭᠡᠨ ᠤᠮᠳᠠᠭᠠᠨ ᠤ ᠠᠮᠤᠷ ᠲᠦᠪᠰᠢᠨ︾ ᠤ ᠲᠠᠪᠴᠠᠩ ᠳᠤ ᠣᠷᠣᠭᠰᠠᠨ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠢ 922 ᠬᠦᠷᠴᠦ᠂ 933 ᠲᠦᠷᠰᠦ ᠰᠢᠩᠭᠡᠭᠡᠬᠦ ᠮᠠᠰᠢᠨ᠂ 119 ᠺᠣᠳ᠋ ᠤᠯᠠᠷᠢᠭᠤᠯᠬᠤ ᠮᠠᠰᠢᠨ᠂ 119 ᠲᠤᠰᠬᠠᠢ ᠲᠠᠰᠤᠭ ᠤᠨ ᠳᠤᠯᠠᠭᠠᠨ ᠤ ᠰᠡᠷᠡᠯ ᠳᠠᠮᠵᠢᠭᠤᠯᠤᠭᠤᠷ᠂ 119 ᠠᠷᠢᠭᠤᠳᠬᠠᠬᠤ ᠠᠪᠳᠠᠷ᠎ᠠ ᠶᠢᠨ ᠳᠤᠯᠠᠭᠠᠨ ᠤ ᠰᠡᠷᠡᠯ ᠳᠠᠮᠵᠢᠭᠤᠯᠤᠭᠤᠷ ᠤᠭᠰᠠᠷᠠᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠪᠠᠶᠢᠴᠠᠭᠠᠯᠲᠠ ᠶᠢ 933 ᠤᠳᠠᠭ᠎ᠠ ᠥᠷᠨᠢᠭᠦᠯᠵᠦ᠂ ᠪᠠᠶᠢᠴᠠᠭᠠᠭᠰᠠᠨ ᠨᠣᠷᠮ᠎ᠠ 100% ᠳᠤ ᠬᠥᠷᠪᠡ᠃ ᠢᠳᠡᠭᠡᠨ ᠤᠮᠳᠠᠭᠠᠨ ᠤ ᠨᠢᠭᠡᠴᠢ ᠶᠢᠨ ︽ᠠᠭᠤᠯᠵᠠᠬᠤ ᠦᠭᠡᠢ᠂ ᠲᠤᠬᠠᠢ ᠶᠢᠨ ᠲᠠᠯᠠᠪᠤᠷ ᠤᠨ ᠪᠤᠰᠤ᠂ ᠦᠵᠡᠭᠳᠡᠬᠦᠶᠢᠴᠡ︾ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠪᠡ︔ ᠬᠤᠶᠠᠷ ᠲᠤ ᠢᠳᠡᠭᠡᠨ ᠤᠮᠳᠠᠭᠠᠨ ᠤ ᠶᠠᠰᠤ ᠴᠢᠨᠠᠷ ᠢ ᠳᠡᠭᠡᠭᠰᠢᠯᠡᠭᠦᠯᠵᠦ ᠠᠮᠤᠷ ᠲᠦᠪᠰᠢᠨ ᠢ ᠪᠠᠲᠤᠯᠠᠬᠤ ᠠᠵᠢᠯᠯᠠᠭ᠎ᠠ ᠶᠢ ᠭᠦᠨᠵᠡᠭᠡᠶᠢᠷᠡᠭᠦᠯᠵᠦ᠂ ︽ᠳᠥᠷᠪᠡ ᠶᠢ ᠪᠤᠢ ᠪᠣᠯᠭᠠᠭᠰᠠᠨ ᠬᠢᠨᠠᠯᠲᠠ ᠬᠠᠮᠢᠶᠠᠷᠤᠯᠲᠠ︾᠂ ᠢᠳᠡᠭᠡᠨ ᠤᠮᠳᠠᠭᠠᠨ ᠤ ᠨᠢᠭᠡᠴᠢ ᠶᠢᠨ ︽4D︾᠂ ︽ᠲᠠᠪᠤᠨ ᠪᠠᠶᠢᠩᠭᠤ︾᠂ ︽ᠵᠢᠷᠭᠤᠭᠠᠨ T︾ ᠵᠡᠷᠭᠡ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠦᠨ᠂ ᠪᠥᠬᠦ ᠬᠤᠰᠢᠭᠤᠨ ᠤ ᠢᠳᠡᠭᠡᠨ ᠤᠮᠳᠠᠭᠠᠨ ᠤ ᠦᠢᠯᠡᠰ ᠤᠨ ᠬᠤᠭᠤᠯᠠ ᠬᠢᠬᠦ ᠶᠠᠪᠤᠴᠠ ᠶᠢ ᠢᠯᠡ ᠪᠣᠯᠭᠠᠬᠤ ᠨᠣᠷᠮ᠎ᠠ 97% ᠳᠤ ᠬᠦᠷᠴᠦ᠂ ᠨᠡᠭᠦᠳᠡᠯ ᠬᠤᠭᠤᠯᠠᠨ ᠭᠡᠷ ᠤᠨ ᠳᠠᠩᠰᠠᠯᠠᠭᠰᠠᠨ ᠨᠣᠷᠮ᠎ᠠ᠂ ᠪᠠᠶᠢᠴᠠᠭᠠᠯᠲᠠ ᠶᠢᠨ ᠨᠣᠷᠮ᠎ᠠ᠂ ᠠᠵᠢᠯᠲᠠᠨ ᠤ ᠪᠣᠯᠪᠠᠰᠤᠷᠠᠯ 100% ᠳᠤ ᠬᠥᠷᠪᠡ᠃ ᠭᠤᠷᠪᠠ ᠳᠤ ᠢᠳᠡᠭᠡᠨ ᠤᠮᠳᠠᠭᠠᠨ ᠪᠦᠷᠢᠯᠭᠡᠨ ᠰᠦᠢᠳᠬᠡᠬᠦ ᠶᠢ ᠬᠤᠷᠢᠭᠯᠠᠬᠤ ᠤᠬᠠᠭᠤᠯᠭ᠎ᠠ ᠶᠢ ᠴᠢᠩᠭᠠᠳᠬᠠᠵᠤ᠂ ᠢᠳᠡᠭᠡᠨ ᠤᠮᠳᠠᠭᠠᠨ ᠤ ᠡᠵᠡᠩᠨᠡᠯᠲᠡ ᠶᠢᠨ ᠨᠢᠭᠡᠴᠢ ᠶᠢᠨ ᠤᠬᠠᠭᠤᠯᠭ᠎ᠠ ᠬᠥᠮᠦᠵᠢᠯ ᠢ ᠭᠤᠣᠯᠳᠠᠯᠭ᠎ᠠ ᠲᠠᠢ ᠴᠢᠩᠭᠠᠳᠬᠠᠨ᠂ ᠢᠳᠡᠭᠡᠨ ᠤᠮᠳᠠᠭᠠᠨ ᠪᠦᠷᠢᠯᠭᠡᠨ ᠰᠦᠢᠳᠬᠡᠬᠦ ᠶᠢ ᠬᠤᠷᠢᠭᠯᠠᠬᠤ ᠤᠬᠠᠭᠤᠯᠭ᠎ᠠ ᠶᠢᠨ ᠬᠠᠭᠤᠳᠠᠰᠤ᠂ ᠰᠠᠨᠠᠭᠠᠴᠢᠯᠠᠭ᠎ᠠ ᠶᠢᠨ ᠪᠢᠴᠢᠭ ᠢ 900 ᠭᠠᠷᠤᠢ ᠬᠤᠪᠢ᠂ ᠵᠢᠵᠢᠭ ᠪᠡᠯᠡᠭ ᠤᠨ ᠡᠳ᠋ ᠢ 800 ᠭᠠᠷᠤᠢ ᠬᠤᠪᠢ ᠳᠠᠷᠤᠮᠠᠯᠯᠠᠨ ᠲᠠᠷᠬᠠᠭᠠᠪᠠ᠃ ᠣᠲᠣ 40 ᠨᠢᠭᠡᠴᠢ ᠶᠢ ᠬᠢᠷᠢ ᠲᠡᠩᠴᠡᠭᠰᠡᠨ ᠳᠠᠩᠰᠠᠨ ᠳᠤ ᠵᠢᠭᠰᠠᠭᠠᠨ᠂ 12 ᠨᠢᠭᠡᠴᠢ ᠶᠢ ᠬᠢᠷᠢ ᠲᠡᠩᠴᠡᠬᠦ ᠦᠭᠡᠢ ᠳᠠᠩᠰᠠᠨ ᠳᠤ ᠵᠢᠭᠰᠠᠭᠠᠵᠤ᠂ ᠳᠡᠭᠡᠷᠡᠬᠢ ᠨᠡᠷᠡᠰ ᠢ ᠸᠢᠴᠠᠲ ᠤᠨ ᠨᠡᠶᠢᠲᠡ ᠶᠢᠨ ᠳ᠋ᠤᠭᠠᠷ ᠢᠶᠠᠷ ᠢᠯᠡ ᠨᠡᠶᠢᠲᠡᠯᠡᠪᠡ᠃ ᠰᠠᠨᠠᠭᠠᠴᠢᠯᠠᠭ᠎ᠠ ᠠᠴᠠ ᠪᠠᠨ ᠠᠮᠤ ᠪᠤᠳᠠᠭ᠎ᠠ ᠪᠦᠷᠢᠯᠭᠡᠨ ᠰᠦᠢᠳᠬᠡᠬᠦ ᠶᠢ ᠬᠤᠷᠢᠭᠯᠠᠬᠤ ᠰᠠᠨᠠᠭᠤᠯᠭ᠎ᠠ ᠭᠠᠷᠭᠠᠭᠰᠠᠨ ᠦᠭᠡᠢ 4 ᠡᠷᠦᠬᠡ ᠳᠤ ᠰᠡᠷᠡᠮᠵᠢ ᠥᠭᠪᠡ᠃ ᠳᠥᠷᠪᠡ ᠳᠤ ᠰᠢᠷᠠᠯᠠᠭ᠎ᠠ ᠶᠢᠨ ᠳᠡᠯᠭᠡᠭᠦᠷ KTV ᠰᠥᠨᠢ ᠶᠢᠨ ᠵᠠᠬ᠎ᠠ ᠳᠡᠯᠭᠡᠭᠦᠷ ᠤᠨ ᠢᠳᠡᠭᠡᠨ ᠤ ᠠᠮᠤᠷ ᠲᠦᠪᠰᠢᠨ ᠤ ᠪᠠᠶᠢᠴᠠᠭᠠᠯᠲᠠ᠂ ᠰᠦᠯᠵᠢᠶᠡᠨ ᠤ ᠬᠤᠭᠤᠯᠠ ᠤᠮᠳᠠᠭᠠᠨ ᠤ ᠲᠦᠷᠭᠡᠨ ᠭᠦᠷᠭᠡᠯᠳᠡ᠂ ᠲᠦᠪᠯᠡᠷᠡᠨ ᠬᠤᠭᠤᠯᠠ ᠢᠳᠡᠬᠦ ᠨᠢᠭᠡᠴᠢ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠪᠠᠷᠢᠯᠭ᠎ᠠ ᠶᠢᠨ ᠭᠠᠵᠠᠷ ᠤᠨ ᠲᠤᠰᠬᠠᠢ ᠪᠠᠶᠢᠴᠠᠭᠠᠯᠲᠠ ᠶᠢ ᠥᠷᠨᠢᠭᠦᠯᠵᠦ᠂ ᠤᠳᠤ ᠪᠣᠯᠲᠠᠯ᠎ᠠ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠢ ᠶᠢ 1632 ᠡᠷᠦᠬᠡ ᠤᠳᠠᠭ᠎ᠠ ᠪᠠᠶᠢᠴᠠᠭᠠᠪᠠ᠃ ᠲᠠᠪᠤ ᠳᠤ ᠰᠤᠷᠭᠠᠭᠤᠯᠢ ᠶᠢᠨ ᠬᠦᠷᠢᠶᠡᠨ ᠤ ᠬᠤᠭᠤᠯᠠᠨ ᠭᠡᠷ ᠵᠢᠴᠢ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠢ ᠵᠡᠷᠭᠡ ᠶᠢᠨ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠬᠠᠪᠤᠷ ᠨᠠᠮᠤᠷ ᠤᠨ ᠬᠤᠶᠠᠷ ᠤᠯᠠᠷᠢᠯ︾᠂ ︽ᠳᠤᠮᠳᠠ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ︾᠂ ︽ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶ᠎ᠡ︾᠂ ︽ᠰᠤᠷᠭᠠᠭᠤᠯᠢ ᠶᠢᠨ ᠬᠦᠷᠢᠶᠡᠨ ᠤ ᠬᠤᠭᠤᠯᠠ︾ ᠵᠢᠴᠢ ᠡᠷᠬᠢᠨ ᠲᠣᠭᠤᠷᠢᠨ ᠤ ᠢᠳᠡᠭᠡᠨ ᠤ ᠠᠮᠤᠷ ᠲᠦᠪᠰᠢᠨ ᠤ ᠪᠠᠶᠢᠴᠠᠭᠠᠯᠲᠠ᠂ ᠨᠡᠶᠢᠳᠠᠨ ᠬᠠᠮᠢᠶᠠᠷᠤᠭᠤᠯᠬᠤ ᠪᠠᠶᠢᠭᠤᠯᠤᠮᠵᠢ ᠵᠡᠷᠭᠡ ᠶᠢᠨ ᠲᠤᠰᠬᠠᠢ ᠪᠠᠶᠢᠴᠠᠭᠠᠯᠲᠠ ᠶᠢ ᠥᠷᠨᠢᠭᠦᠯᠵᠦ᠂ ᠣᠲᠣ ᠪᠣᠯᠲᠠᠯ᠎ᠠ ᠰᠤᠷᠭᠠᠭᠤᠯᠢ ᠶᠢᠨ ᠬᠦᠷᠢᠶ᠎ᠡ ᠵᠢᠴᠢ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠢ᠂ ᠵᠢᠵᠢᠭ ᠬᠤᠭᠤᠯᠠᠨ ᠰᠢᠷᠡᠭᠡ ᠶᠢ 316 ᠤᠳᠠᠭ᠎ᠠ  ᠪᠠᠶᠢᠴᠠᠭᠠᠪᠠ᠃       ᠢᠳᠡᠭᠡᠨ ᠤ ᠭᠦᠢᠯᠭᠡᠭᠡᠨ ᠤ ᠲᠠᠯ᠎ᠠ ᠪᠠᠷ᠄ ᠠᠷᠠᠳ ᠣᠯᠠᠨ ᠤ ᠠᠮᠢᠳᠤᠷᠠᠯ ᠳᠤ ᠨᠢᠭᠲᠠ ᠬᠤᠯᠪᠣᠭᠳᠠᠬᠤ ᠢᠳᠡᠭᠡᠨ ᠢᠶᠠᠷ ᠭᠤᠣᠯᠳᠠᠯᠭ᠎ᠠ ᠪᠣᠯᠭᠠᠵᠤ᠂ ᠡᠯ᠎ᠡ ᠭᠤᠣᠯᠳᠠᠯᠭ᠎ᠠ ᠲᠠᠢ ᠴᠠᠭ ᠬᠤᠭᠤᠴᠠᠭ᠎ᠠ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠤᠨ᠂ ᠣᠨᠴᠠ ᠬᠠᠩᠭᠠᠯᠭ᠎ᠠ ᠶᠢᠨ ᠠᠷᠢᠬᠢ᠂ ᠬᠠᠲᠠᠭᠠᠭᠰᠠᠨ ᠦᠬᠡᠷ ᠤᠨ ᠮᠢᠬ᠎ᠠ ᠵᠢᠴᠢ ᠮᠢᠬᠠᠨ ᠤ ᠵᠦᠢᠯ᠂ ᠰᠤᠯᠠ ᠰᠠᠪᠠᠯᠠᠭᠰᠠᠨ ᠠᠷᠢᠬᠢ᠂ ᠬᠥᠯᠳᠡᠭᠡᠭᠰᠡᠨ ᠤᠮᠳᠠᠭᠠᠨ᠂ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠵᠡᠷᠭᠡ 15 ᠤᠳᠠᠭᠠᠨ ᠤ ᠲᠤᠰᠬᠠᠢ ᠴᠡᠭᠴᠡᠯᠡᠨ ᠵᠠᠰᠠᠯᠲᠠ ᠶᠢ ᠥᠷᠨᠢᠭᠦᠯᠵᠦ᠂ ᠢᠳᠡᠭᠡᠨ ᠤ ᠡᠵᠡᠩᠨᠡᠯᠲᠡ ᠶᠢᠨ ᠭᠤᠣᠯ ᠴᠣᠭᠴᠠ ᠶᠢ ᠨᠡᠶᠢᠲᠡ 1687 ᠤᠳᠠᠭ᠎ᠠ ᠪᠠᠶᠢᠴᠠᠭᠠᠪᠠ᠃ ᠡᠮ ᠤᠨ ᠵᠦᠢᠯ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠪᠠ᠃ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠲᠠᠢ ᠤᠶᠠᠯᠳᠤᠭᠤᠯᠤᠨ ᠡᠮ ᠤᠨ ᠵᠦᠢᠯ ᠤᠨ ᠴᠢᠨᠠᠷ ᠢ ᠪᠠᠬᠢᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ᠂ ᠡᠮ ᠤᠨ ᠵᠦᠢᠯ ᠢ ᠡᠵᠡᠩᠨᠡᠨ ᠬᠡᠷᠡᠭᠯᠡᠬᠦ ᠭᠤᠭᠴᠤᠭ᠎ᠠ᠂ ᠬᠤᠶᠠᠳᠤᠭᠠᠷ ᠲᠥᠷᠥᠯ ᠤᠨ ᠮᠡᠳᠡᠷᠡᠯ ᠤᠨ ᠡᠮ ᠤᠨ ᠵᠦᠢᠯ ᠢ ᠡᠵᠡᠩᠨᠡᠨ ᠬᠡᠷᠡᠭᠯᠡᠬᠦ᠂ ᠡᠮ ᠤᠨ ᠵᠦᠢᠯ ᠢ ᠵᠢᠵᠢᠭᠯᠡᠨ  ᠪᠣᠷᠣᠯᠠᠭᠤᠯᠬᠤ ᠠᠵᠤ ᠠᠬᠤᠶᠢᠯᠠᠯ ᠤᠨ ᠡᠵᠡᠩᠨᠡᠯᠲᠡ ᠶᠢᠨ ᠠᠵᠢᠯᠯᠠᠭ᠎ᠠ᠂ ᠡᠮ ᠤᠨ ᠵᠦᠢᠯ ᠢ ᠰᠦᠯᠵᠢᠶ᠎ᠡ ᠪᠠᠷ ᠪᠣᠷᠣᠯᠠᠭᠤᠯᠬᠤ᠂ ᠸᠠᠺᠼᠢᠨ ᠢ ᠬᠡᠷᠡᠭᠯᠡᠬᠦ ᠭᠤᠭᠴᠤᠭ᠎ᠠ ᠵᠡᠷᠭᠡ 12 ᠲᠤᠰᠬᠠᠢ ᠴᠡᠭᠴᠡᠯᠡᠨ ᠵᠠᠰᠠᠯᠲᠠ ᠶᠢ ᠥᠷᠨᠢᠭᠦᠯᠪᠡ᠃ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠵᠠᠯᠬᠠᠭᠠᠨ ᠴᠡᠭᠡᠷᠯᠡᠭᠦᠯᠬᠦ ᠡᠷᠴᠢᠮ ᠢᠶᠠᠨ ᠴᠢᠩᠭᠠᠷᠠᠭᠤᠯᠵᠤ᠂ ᠡᠮ ᠤᠨ ᠵᠦᠢᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ ᠭᠤᠣᠯ ᠴᠣᠭᠴᠠ ᠶᠢᠨ ᠤᠬᠠᠮᠰᠠᠷ ᠢ ᠴᠢᠩᠭᠠᠷᠠᠭᠤᠯᠵᠤ᠂ ᠠᠵᠤ ᠠᠬᠤᠶᠢᠯᠠᠯ ᠤᠨ ᠬᠠᠤᠯᠢ ᠶᠣᠰᠣᠭᠠᠷ ᠡᠵᠡᠩᠨᠡᠬᠦ ᠦᠶᠯᠡ ᠠᠵᠢᠯᠯᠠᠭ᠎ᠠ ᠶᠢ  ᠠᠬᠢᠭᠤᠯᠪᠠ᠃       ᠬᠥᠲᠥᠯᠥᠭᠴᠢ᠄ ᠼᠦᠢ ᠲᠣᠪᠴᠢᠶᠠᠨ ᠳᠠᠷᠤᠭ᠎ᠠ ᠡ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠨᠢ ᠣᠯᠠᠨ ᠲᠦᠮᠡᠨ ᠤ ᠦᠢᠯᠡᠳᠪᠦᠷᠢᠯᠡᠯ ᠪᠠ ᠠᠮᠢᠳᠤᠷᠠᠯ ᠤᠨ ᠠᠮᠤᠷ ᠲᠦᠪᠰᠢᠨ ᠳᠤ ᠬᠤᠯᠪᠣᠭᠳᠠᠬᠤ ᠤᠴᠢᠷ ᠠᠴᠠ ᠲᠠ ᠪᠢᠳᠡᠨ ᠳᠤ ᠲᠠᠨᠢᠯᠴᠠᠭᠤᠯᠤᠭᠠᠳ ᠥᠭᠭᠦᠨ᠎ᠡ ᠤᠤ︖ ᠡᠨᠡ ᠲᠠᠯ᠎ᠠ ᠪᠠᠷ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠠᠮᠠᠷ ᠶᠠᠮᠠᠷ ᠠᠵᠢᠯ ᠬᠢᠭᠰᠡᠨ ᠪᠣᠶ︖       ᠼᠦᠢ ᠰᠢᠶᠠᠩ ᠵᠢᠶᠦ᠋ᠨ᠄ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠪᠢᠳᠡ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠥᠷᠨᠢᠭᠦᠯᠦᠨ᠂ ᠤᠳᠤᠷᠢᠳᠬᠤ ᠪᠠᠭ ᠪᠦᠯᠬᠦᠮ ᠳᠠᠭᠠᠭᠤᠯᠤᠨ ᠪᠠᠶᠢᠴᠠᠭᠠᠬᠤ᠂ ᠲᠠᠰᠤᠭ ᠭᠠᠵᠠᠷ ᠬᠤᠯᠪᠣᠭᠠᠯᠠᠬᠤ ᠵᠡᠷᠭᠡ ᠠᠷᠭ᠎ᠠ ᠬᠡᠯᠪᠡᠷᠢ ᠪᠠᠷ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢ ᠦᠢᠯᠡᠳᠪᠦᠷᠢᠯᠡᠬᠦ᠂ ᠬᠡᠷᠡᠭᠯᠡᠬᠦ ᠨᠢᠭᠡᠴᠢ ᠳᠤ ᠪᠠᠶᠢᠴᠠᠭᠠᠯᠲᠠ ᠬᠢᠵᠦ᠂ ᠭᠤᠣᠯᠳᠠᠯᠭ᠎ᠠ ᠲᠠᠢ ᠨᠢᠭᠡᠴᠢ᠂ ᠭᠤᠣᠯᠳᠠᠯᠭ᠎ᠠ ᠲᠠᠢ ᠲᠤᠨᠤᠭ ᠲᠥᠬᠦᠭᠡᠷᠦᠮᠵᠢ ᠶᠢ ᠴᠢᠩᠭ᠎ᠠ ᠬᠢᠨᠠᠨ ᠦᠵᠡᠵᠦ᠂ ᠠᠮᠤᠷ ᠲᠦᠪᠰᠢᠨ ᠤ ᠳᠠᠯᠳᠠ ᠬᠡᠮ ᠢ ᠪᠦᠷᠢᠨ ᠭᠦᠨᠵᠡᠭᠡᠢ ᠪᠠᠶᠢᠴᠠᠭᠠᠨ᠂ ᠠᠰᠠᠭᠤᠳᠠᠯ ᠤᠨ ᠳᠠᠯᠳᠡ ᠭᠡᠮ ᠪᠠ ᠳᠦᠷᠢᠮ ᠠᠷᠭ᠎ᠠ ᠬᠡᠮᠵᠢᠶ᠎ᠡ ︽ᠬᠤᠶᠠᠷ ᠨᠠᠷᠢᠨ ᠲᠠᠩᠰᠠ︾ ᠶᠢ ᠪᠠᠶᠢᠭᠤᠯᠪᠠ᠃ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠳᠠᠷᠤᠯᠲᠠᠲᠤ ᠰᠠᠪᠠ᠂ ᠴᠠᠬᠢᠯᠭᠠᠨ ᠱᠠᠲᠤ᠂ ᠲᠠᠯᠠᠪᠤᠷ ᠳᠣᠲᠣᠷᠠᠬᠢ ᠮᠠᠰᠢᠨ ᠲᠡᠷᠭᠡ᠂ ᠲᠣᠮᠣ ᠬᠡᠯᠪᠡᠷᠢ ᠶᠢᠨ ᠵᠤᠭ᠎ᠠ ᠴᠡᠩᠭᠡᠯ ᠤᠨ ᠲᠥᠬᠦᠭᠡᠷᠦᠮᠵᠢ ᠵᠡᠷᠭᠡ ᠭᠤᠣᠯᠳᠠᠯᠭ᠎ᠠ ᠲᠠᠢ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠪᠠᠶᠢᠴᠠᠭᠠᠯᠲᠠ ᠶᠢ ᠭᠦᠨᠵᠡᠭᠡᠢ ᠥᠷᠨᠢᠭᠦᠯᠵᠦ᠂ ᠠᠮᠤᠷ ᠲᠦᠪᠰᠢᠨ ᠤ ᠳᠠᠯᠳᠠ ᠬᠡᠮ ᠢ ᠴᠢᠩᠭ᠎ᠠ ᠪᠠᠶᠢᠴᠠᠭᠠᠵᠤ ᠵᠠᠰᠠᠨ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠪᠣᠳᠠᠲᠠᠶᠢᠵᠢᠭᠤᠯᠪᠠ᠃ ᠲᠤᠰᠬᠠᠢ ᠴᠡᠭᠴᠡᠯᠡᠨ ᠵᠠᠰᠠᠬᠤ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠠᠬᠢᠯᠭᠠᠨ ᠱᠠᠲᠤ ᠶᠢᠨ ᠠᠮᠤᠷ ᠲᠦᠪᠰᠢᠨ ᠤ ᠰᠠᠭᠤᠷᠢ ᠶᠢ ᠪᠠᠲᠤᠳᠬᠠᠬᠤ᠂ ᠰᠢᠲᠠᠮᠠᠬᠠᠢ ᠬᠡᠢ ᠶᠢ ᠲᠤᠰᠬᠠᠢ ᠴᠡᠭᠴᠡᠯᠡᠬᠦ᠂ ᠠᠶᠤᠯᠭᠦᠢ ᠦᠢᠯᠡᠳᠪᠦᠷᠢᠯᠡᠯ ᠤᠨ ᠰᠠᠷ᠎ᠠ ᠵᠢᠴᠢ ᠭᠤᠣᠯᠳᠠᠯᠭ᠎ᠠ ᠲᠠᠢ ᠢᠨᠵᠧᠨᠧᠷᠢᠩ ᠤᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠢ ᠲᠣᠭᠤᠷᠢᠨ ᠪᠠᠶᠢᠴᠠᠭᠠᠬᠤ ᠵᠡᠷᠭᠡ ᠪᠠᠶᠢᠴᠠᠭᠠᠯᠲᠠ ᠶᠢᠨ ᠠᠵᠢᠯᠯᠠᠭ᠎ᠠ ᠶᠢ ᠤᠷᠢᠳ ᠬᠤᠵᠢᠳ ᠥᠷᠨᠢᠭᠦᠯᠵᠦ᠂ ᠪᠦᠬᠦ ᠲᠠᠯ᠎ᠠ ᠶᠢᠨ ᠬᠠᠮᠢᠶᠠᠷᠤᠯᠲᠠ ᠶᠢ ᠬᠡᠷᠡᠭᠵᠢᠭᠦᠯᠦᠨ᠂ ᠠᠮᠤᠷ ᠲᠦᠪᠰᠢᠨ ᠤ ᠳᠠᠯᠳᠠ ᠬᠡᠮ ᠢ ᠠᠷᠢᠯᠭᠠᠪᠠ᠃       ᠬᠥᠲᠥᠯᠥᠭᠴᠢ᠄ ᠼᠦᠢ ᠲᠣᠪᠴᠢᠶᠠᠨ ᠳᠠᠷᠤᠭ᠎ᠠ ᠶᠢᠨ ᠶᠠᠭᠠᠷᠠᠤ ᠪᠠᠨ ᠵᠠᠶᠢᠴᠢᠯᠠᠨ ᠪᠢᠳᠡᠨ ᠤ ᠰᠣᠷᠪᠤᠯᠵᠢᠯᠠᠭ᠎ᠠ ᠶᠢ ᠬᠦᠯᠢᠶᠡᠭᠰᠡᠨ ᠳᠤ ᠮᠠᠰᠢ ᠲᠠᠯᠠᠷᠬᠠᠵᠤ ᠪᠠᠶᠢᠨ᠎ᠠ᠂ ᠪᠥᠬᠦ ᠬᠤᠰᠢᠭᠤᠨ ᠤ ᠵᠠᠬ᠎ᠠ ᠳᠡᠯᠭᠡᠭᠦᠷ ᠤᠨ  ᠬᠢᠨᠠᠯᠲᠠ ᠬᠠᠮᠢᠶᠠᠷᠤᠯᠲᠠ ᠶᠢᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠴᠢᠩ ᠰᠡᠳᠬᠢᠯ ᠠᠴᠠ ᠪᠠᠨ ᠢᠷᠦᠭᠡᠶ᠎ᠡ︕       ᠼᠦᠢ ᠰᠢᠶᠠᠩ ᠵᠢᠶᠦ᠋ᠨ᠄ ᠪᠠᠶᠠᠷᠯᠠᠯ᠎ᠠ᠃ ᠡᠨᠡ ᠲᠠᠰᠢᠷᠠᠮ ᠢᠶᠠᠷ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠯᠠᠮᠵᠢᠯᠠᠨ ᠳᠡᠮᠵᠢᠭᠰᠡᠨ ᠲᠠ ᠪᠦᠬᠦᠨ ᠳᠡᠭᠡᠨ ᠳᠠᠬᠢᠨᠲᠠ ᠲᠠᠯᠠᠷᠬᠠᠵᠤ ᠪᠠᠶᠢᠨ᠎ᠠ ᠰᠢᠤ᠂  ᠲᠠ ᠪᠦᠬᠦᠨ ᠤ ᠪᠡᠶ᠎ᠡ ᠮᠠᠬᠠᠪᠤᠳ ᠡᠷᠡᠭᠦᠯ ᠴᠢᠭᠢᠷᠠᠭ᠂ ᠠᠵᠢᠯ ᠦᠢᠯᠡᠰ ᠤᠷᠤᠭᠰᠢᠲᠠᠢ ᠪᠣᠯᠬᠤ ᠶᠢ ᠬᠦᠰᠡᠨ ᠵᠦᠩᠨᠡᠶ᠎ᠡ︕ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ