ᠦᠢᠯᠡ ᠤᠶᠤᠳᠠᠯ ᠢᠶᠠᠷ ᠦᠪ ᠰᠤᠶᠤᠯ ᠢᠶᠠᠨ ᠤᠯᠠᠮᠵᠢᠯᠠᠵᠦ ᠶᠠᠪᠤᠭ᠎ᠠ ᠨᠠᠷᠠᠰᠤ
ᠨᠡᠶᠢᠲᠡᠯᠡᠭᠰᠡᠨ ᠴᠠᠭ᠄
2024/12/20
      ᠣᠳᠣᠷᠢᠳᠬᠠᠯ᠄ ᠤᠷᠠᠨ ᠪᠦᠰᠡᠬᠦᠢ ᠶᠢᠨ ᠤᠷ᠎ᠠ ᠠᠪᠢᠶᠠᠰ ᠢ ᠪᠠᠳᠠᠷᠠᠭᠤᠯᠤᠭᠰᠠᠨ ᠦᠢᠯᠡ ᠤᠶᠤᠳᠠᠯ ᠨᠢ ᠮᠤᠩᠭᠤᠯ ᠦᠨᠳᠦᠰᠦᠳᠡᠨ ᠤ ᠮᠠᠨᠢ ᠨᠠᠨᠳᠢᠨ ᠦᠪ ᠬᠦᠷᠦᠩᠭᠡ ᠪᠤᠯᠤᠭᠰᠠᠨ ᠤ ᠬᠤᠪᠢ ᠳᠤ ᠲᠡᠬᠦᠨ ᠢᠶᠠᠷ ᠢᠶᠠᠨ ᠪᠠᠭ᠋ᠠᠷᠬᠠᠵᠦ᠂ ᠲᠡᠬᠦᠨ ᠢ ᠪᠠᠨ ᠤᠯᠠᠮᠵᠢᠯᠠᠵᠦ ᠶᠠᠪᠤᠳᠠᠭ ᠬᠦᠮᠦᠰ ᠤᠳᠤᠭ ᠬᠤᠰᠢᠭᠤᠨ ᠳᠤ ᠤᠯᠠᠨ ᠪᠤᠢ᠃ ᠨᠠᠷᠠᠰᠤ ᠪᠤᠯ ᠲᠡᠳᠡᠭᠡᠷ ᠤᠨ ᠲᠤᠳᠤᠷᠠᠬᠢ ᠨᠢᠬᠡ ᠨᠢ ᠪᠠᠶᠢᠵᠤ᠂ ᠮᠦᠨᠴᠤ ᠤᠷᠳᠤᠰ ᠤᠨ ᠪᠠᠷᠠᠭᠤᠨ ᠵᠠᠬ᠎ᠠ ᠶᠢᠨ ᠮᠤᠩᠭᠤᠯ ᠬᠤᠪᠴᠠᠰᠤ ᠵᠠᠰᠠᠯ ᠦᠢᠯᠡᠳᠬᠦ ᠮᠡᠷᠭᠡᠵᠢᠯ ᠤᠨ ᠪᠤᠳᠠᠰ ᠤᠨ ᠪᠤᠰᠦ ᠰᠤᠶᠤᠯ ᠤᠨ ᠦᠪ ᠤᠨ ᠤᠯᠠᠮᠵᠢᠯᠠᠭᠴᠢ ᠪᠤᠯᠤᠨ᠎ᠠ᠃      ᠲᠠᠶᠢᠯᠪᠤᠷᠢ᠄ ᠨᠠᠷᠠᠰᠤ ᠬᠠᠷᠠᠬᠠᠨ ᠪᠠᠭ᠎ᠠ ᠠᠴᠠ ᠪᠠᠨ ᠤᠷᠠᠨ ᠵᠢᠷᠤᠭ᠂ ᠦᠢᠯᠡ ᠤᠶᠤᠳᠠᠯ ᠳᠤ ᠪᠠᠭ᠋ᠠᠳᠠᠢ ᠪᠤᠯᠬᠤᠷ ᠡᠵᠢ ᠶᠢᠨ ᠢᠶᠠᠨ ᠮᠤᠩᠭᠤᠯ ᠲᠡᠷᠯᠢᠭ ᠤᠶᠤᠵᠦ ᠡᠮᠵᠢᠶᠡᠷᠢ ᠬᠦᠪᠡᠭᠡ ᠲᠤᠬᠢᠷᠠᠭᠤᠯᠬᠤ᠂ ᠡᠯᠳᠡᠪ ᠦᠩᠭᠡ ᠶᠢᠨ ᠬᠡ ᠤᠭᠠᠯᠵᠠ ᠭᠠᠷᠭᠠᠬᠤ ᠶᠢ ᠠᠮᠳᠠᠷᠬᠠᠨ ᠰᠤᠨᠢᠷᠬᠠᠵᠦ ᠪᠠᠶᠢᠭᠰᠠᠨ ᠪᠦᠬᠡᠳ ᠬᠤᠵᠢᠮ ᠨᠢᠬᠡᠨ ᠡᠳᠦᠷ ᠤᠶᠤᠳᠠᠯᠴᠢᠨ ᠪᠤᠯᠬᠤ ᠬᠦᠰᠡᠯ ᠲᠠᠢ ᠪᠠᠶᠢᠵᠠᠢ᠃ ᠴᠢᠩᠭᠢᠬᠡᠳ ᠦᠨᠳᠦᠷ ᠲᠤᠮᠳᠠᠳᠤ ᠰᠤᠷᠭᠠᠭᠤᠯᠢ ᠪᠠᠨ ᠲᠡᠬᠦᠰᠦᠭᠰᠡᠨ ᠤ ᠲᠠᠷᠠᠭ᠎ᠠ ᠦᠪᠦᠷ ᠮᠤᠩᠭᠤᠯ ᠤᠨ ᠠᠵᠦ ᠠᠬᠤᠢ᠂ ᠠᠷᠠᠯᠵᠢᠶ᠎ᠡ᠂ ᠭᠠᠳᠠᠭᠠᠳᠤ ᠬᠡᠯᠡᠨ ᠤ ᠲᠡᠭᠡᠳᠦ ᠰᠤᠷᠭᠠᠭᠤᠯᠢ ᠶᠢᠨ ᠬᠤᠪᠴᠠᠰᠤ ᠵᠠᠰᠠᠯ ᠲᠦᠰᠦᠪᠯᠡᠨ ᠵᠤᠬᠢᠶᠠᠬᠤ ᠠᠩᠭᠢ ᠳᠤ ᠰᠤᠷᠤᠯᠴᠠᠵᠦ᠂ ᠬᠤᠵᠢᠮ ᠨᠢ ᠬᠦᠬᠡᠬᠤᠳᠠ  ᠳᠤ ᠭᠦᠷᠴᠦ ᠤᠶᠤᠳᠠᠯᠴᠢᠨ ᠨᠠᠷᠠᠨᠳᠤᠶᠠᠭ᠎ᠠ ᠪᠤᠯᠤᠨ ᠲᠡᠷᠬᠡᠯ ᠪᠠᠭᠰᠢ ᠠᠴᠠ ᠮᠤᠩᠭᠤᠯ ᠬᠤᠪᠴᠠᠰᠤ ᠵᠠᠰᠠᠯ ᠢ ᠤᠷᠠᠯᠠᠨ ᠬᠢᠬᠦ ᠠᠷᠭ᠎ᠠ ᠲᠤᠷᠰᠢᠯᠭ᠎ᠠ ᠶᠢ ᠰᠢᠰᠲ᠋ᠧᠮ ᠲᠠᠢ ᠡᠵᠡᠮᠰᠢᠵᠡᠢ᠃ ᠲᠡᠷᠡ ᠪᠠᠰᠠ ᠲᠤᠮᠳᠠᠳᠤ ᠤᠯᠤᠰ ᠤᠨ ᠲᠠᠪᠤᠳᠡᠬᠢ᠂ ᠵᠢᠷᠭᠤᠳᠡᠬᠢ ᠤᠳᠠᠭᠠᠨ ᠤ ᠮᠤᠩᠭᠤᠯ ᠦᠨᠳᠦᠰᠦᠳᠡᠨ ᠤ ᠬᠤᠪᠴᠠᠰᠤ ᠵᠠᠰᠠᠯ ᠤᠨ ᠤᠷᠤᠯᠳᠤᠭᠠᠨ ᠳᠤ ᠤᠷᠤᠯᠴᠠᠨ᠂ ᠪᠦᠬᠦ ᠤᠯᠤᠰ ᠤᠨ ᠡᠯ᠎ᠡ ᠭᠠᠷᠠᠷ ᠤᠷᠤᠨ ᠠᠴᠠ ᠢᠷᠡᠭᠰᠡᠨ ᠤᠶᠤᠳᠠᠯᠴᠢᠳ ᠲᠠᠢ ᠲᠤᠷᠰᠢᠯᠭ᠎ᠠ ᠪᠠᠨ ᠰᠤᠯᠢᠯᠴᠠᠨ ᠬᠠᠷᠢᠯᠴᠠᠨ ᠰᠤᠷᠤᠯᠴᠠᠵᠦ᠂ ᠮᠤᠩᠭᠤᠯ ᠦᠨᠳᠦᠰᠦᠳᠡᠨ ᠤ ᠤᠶᠤᠳᠠᠯ ᠤᠨ ᠤᠯᠠᠮᠵᠢᠯᠠᠯᠳᠤ ᠤᠷ᠎ᠠ ᠮᠡᠷᠭᠡᠵᠢᠯ ᠢ ᠲᠡᠯᠬᠡᠷᠡᠬᠦᠯᠦᠨ ᠪᠠᠳᠠᠷᠠᠭᠤᠯᠬᠤ ᠳᠤ ᠰᠠᠭᠤᠷᠢᠯᠠᠭᠰᠠᠨ ᠪᠠᠶᠢᠨ᠎ᠠ᠃      ᠰᠢᠨ᠎ᠡ ᠶᠢ ᠡᠭᠦᠳᠬᠦ ᠪᠣᠯ ᠤᠯᠠᠮᠵᠢᠯᠠᠨ ᠵᠠᠯᠭᠠᠮᠵᠢᠯᠠᠬᠤ ᠶᠢᠨ ᠵᠠᠶᠢᠯᠠᠰᠢ ᠦᠭᠡᠢ ᠰᠣᠩᠭᠤᠯᠲᠠ ᠪᠤᠯᠤᠨ᠎ᠠ᠃ ᠤᠶᠤᠳᠠᠯᠴᠢᠨ ᠦᠢᠯᠡᠰ ᠬᠢᠭᠰᠡᠨ ᠬᠤᠷᠢ ᠭᠠᠷᠤᠢ ᠵᠢᠯ  ᠤᠨ ᠲᠤᠷᠰᠢ᠂ ᠨᠠᠷᠠᠰᠤ ᠪᠤᠰᠤᠳ ᠥᠨᠳᠥᠰᠥᠳᠡᠨ ᠤ ᠬᠤᠪᠴᠠᠰᠤ ᠵᠠᠰᠠᠯ ᠤᠨ ᠭᠤᠸ᠎ᠠ ᠰᠠᠶᠢᠬᠠᠨ ᠢ ᠰᠢᠩᠭᠡᠭᠡᠨ᠂ ᠤᠷᠳᠤᠰ ᠮᠤᠩᠭᠤᠯᠴᠤᠳ ᠤᠨ ᠤᠯᠠᠮᠵᠢᠠᠯᠳᠤ ᠮᠠᠶ᠋ᠢᠭ  ᠤᠨ ᠬᠤᠪᠴᠠᠰᠤ ᠵᠠᠰᠠᠯ ᠢ ᠬᠢᠵᠦ ᠦᠢᠯᠡᠳᠬᠦ ᠮᠡᠷᠭᠡᠵᠢᠯ ᠢᠶᠠᠷ ᠪᠠᠷᠢᠮᠵᠢᠶᠠᠯᠠᠭᠰᠠᠨ ᠰᠠᠭᠤᠷᠢᠨ ᠳᠤ ᠡᠩᠭᠡᠷ ᠬᠠᠨᠴᠤᠢ᠂ ᠬᠤᠷᠮᠤᠢ ᠪᠦᠰᠡᠯᠡᠬᠦᠷ ᠤᠨ ᠬᠡᠯᠪᠡᠷᠢ ᠶᠢ ᠨᠢ ᠦᠬᠡᠷᠡᠴᠢᠯᠡᠨ ᠰᠢᠨᠡᠴᠢᠯᠡᠵᠦ᠂ ᠰᠢᠨ᠎ᠡ ᠴᠠᠭ ᠦᠶ᠎ᠡ ᠶᠢᠨ ᠰᠢᠨ᠎ᠡ ᠡᠯᠧᠮᠧᠨ᠋ᠲ ᠶᠢ ᠤᠷᠤᠭᠤᠯᠤᠨ ᠬᠡᠷᠡᠭᠯᠡᠭᠴᠢᠳ ᠤᠨ ᠲᠠᠭᠠᠰᠢᠶᠠᠯ ᠳᠤ ᠬᠦᠷᠦᠭᠰᠡᠨ ᠪᠦᠳᠦᠬᠡᠯ ᠭᠠᠷᠭᠠᠬᠤ  ᠪᠠᠷ ᠴᠢᠷᠮᠠᠶᠢᠳᠠᠭ᠃       ᠴᠢᠷᠮᠠᠶᠢᠯᠭ᠎ᠠ ᠬᠦᠮᠦᠨ ᠢ ᠭᠤᠮᠤᠳᠠᠭᠠᠳᠠᠭ ᠦᠬᠡᠢ ᠬᠡᠳᠡᠭ ᠢᠶᠠᠷ᠂ ᠤᠳᠤᠬᠠᠨ ᠲᠡᠬᠦᠨ ᠤ ᠬᠢᠭᠰᠡᠨ ᠪᠦᠳᠦᠬᠡᠯ ᠨᠢ ᠨᠡᠶᠢᠬᠡᠮ ᠨᠡᠶᠢᠳᠡ ᠳᠤ ᠮᠡᠳᠡᠷᠡᠭᠳᠡᠵᠦ᠂ ᠨᠠᠢᠮᠠᠨ ᠮᠤᠵᠢ ᠤᠷᠤᠨ ᠤ ᠮᠤᠩᠭᠤᠯ ᠬᠤᠪᠴᠠᠰᠤ ᠵᠠᠰᠠᠯ ᠤᠨ ᠤᠷᠤᠯᠳᠤᠭᠠᠨ ᠳᠤ ᠤᠷᠤᠯᠴᠠᠨ ᠱᠠᠩᠨᠠᠯ ᠬᠦᠬᠢᠬᠦᠯᠦᠯ ᠢᠶᠠᠷ ᠡᠩᠭᠡᠷ ᠢᠶᠠᠨ ᠮᠢᠯᠢᠶᠠᠯᠭᠠᠵᠦ᠂ ᠪᠠᠰᠠ ᠬᠤᠰᠢᠭᠤᠨ ᠤ  ᠪᠠᠨ ᠴᠠᠭᠠᠨ ᠰᠠᠷ᠎ᠠ ᠶᠢᠨ ᠦᠳᠡᠰᠢᠯᠡᠭᠡ ᠳᠤ ᠦᠪᠡᠷ ᠤᠨ ᠮᠤᠩᠭᠤᠯ ᠬᠤᠪᠴᠠᠰᠤᠨ ᠤ ᠰᠢᠨ᠎ᠡ ᠬᠡᠯᠪᠡᠷᠢ ᠶᠢᠨ ᠪᠦᠳᠦᠬᠡᠯ ᠢᠶᠠᠨ ᠲᠡᠯᠬᠡᠨ ᠦᠵᠡᠬᠦᠯᠵᠦ᠂ ᠦᠵᠡᠭᠴᠢᠳ ᠤᠨ ᠰᠤᠨᠢᠷᠬᠠᠯ ᠢ ᠲᠠᠳᠠᠵᠦ ᠪᠠᠶᠢᠵᠠᠢ᠃      ᠬᠤᠳᠠ ᠶᠢᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠭᠴᠢ ᠪᠠᠷ ᠡᠷᠬᠦᠮᠵᠢᠯᠡᠭᠳᠡᠵᠦ ᠶᠠᠪᠤᠭ᠎ᠠ ᠨᠠᠷᠠᠰᠤ ᠮᠤᠩᠭᠤᠯ ᠰᠤᠶᠤᠯ ᠢᠶᠠᠨ ᠤᠯᠠᠮᠵᠢᠯᠠᠨ ᠪᠠᠳᠠᠷᠠᠭᠤᠯᠬᠤ ᠲᠠᠷᠬᠠᠨ ᠡᠬᠦᠷᠬᠡ ᠶᠢ ᠶᠠᠭᠤᠨ ᠠᠴᠠ ᠴᠦ ᠡᠷᠬᠢᠮ ᠬᠦᠨᠳᠦᠳᠬᠡᠨ ᠦᠵᠡᠵᠦ᠂ ᠦᠪᠡᠷ ᠤᠨ ᠴᠢᠳᠠᠪᠤᠷᠢ ᠪᠠᠨ ᠲᠠᠰᠤᠷᠠᠯᠳᠠ ᠦᠭᠡᠢ ᠲᠡᠭᠡᠭᠰᠢᠯᠡᠬᠦᠯᠵᠦ ᠪᠠᠶᠢᠬᠤ ᠪᠠᠷ ᠪᠠᠷᠠᠬᠤ ᠦᠬᠡᠢ ᠦᠢᠯᠡ ᠤᠶᠤᠳᠠᠯ ᠳᠤ ᠪᠠᠭ᠋ᠠᠳᠠᠢ ᠬᠤᠳᠠ ᠤᠷᠤᠭᠰᠠᠨ ᠮᠠᠯᠴᠢᠳ ᠲᠤ ᠪᠤᠯᠪᠠᠰᠤᠷᠠᠯ ᠬᠢᠵᠦ᠂ ᠮᠤᠩᠭᠤᠯ ᠬᠤᠪᠴᠠᠰᠤ ᠵᠠᠰᠠᠯ ᠤᠨ ᠤᠷ᠎ᠠ ᠮᠡᠷᠭᠡᠵᠢᠯ ᠢᠶᠠᠨ ᠲᠡᠯᠬᠡᠷᠡᠬᠦᠯᠦᠨ᠎ᠡ᠃ ᠡᠨᠡ ᠵᠢᠯ ᠪᠠᠰᠠ ᠠᠵᠢᠯ ᠨᠢᠬᠡᠳᠡᠢ ᠡᠭᠡᠴᠢ ᠲᠡᠭᠦᠦ ᠨᠠᠷ ᠲᠠᠢ ᠪᠠᠨ ᠬᠠᠮᠳᠤᠷᠠᠨ ᠮᠤᠩᠭᠤᠯ ᠬᠤᠪᠴᠠᠰᠤ ᠵᠠᠰᠠᠯ ᠦᠢᠯᠡᠳᠬᠦ ᠺᠣᠮᠫᠠᠨᠢ ᠪᠠᠶᠢᠭᠤᠯᠵᠤ᠂ ᠦᠨᠳᠦᠰᠦᠲᠡᠨ ᠤ ᠬᠤᠪᠴᠠᠰᠤ ᠵᠠᠰᠠᠯ ᠢᠶᠠᠨ ᠨᠡᠩ ᠥᠷᠭᠡᠨ ᠵᠠᠬ᠎ᠠ ᠳᠡᠯᠭᠡᠭᠦᠷ ᠲᠤ ᠭᠠᠷᠭᠠᠨ᠂ ᠤᠷᠤᠯᠭ᠎ᠠ ᠪᠠᠨ ᠨᠡᠮᠡᠭᠳᠡᠬᠦᠯᠬᠦ ᠶᠢᠨ ᠲᠠᠭᠠᠤ ᠦᠪ ᠰᠤᠶᠤᠯ ᠢᠶᠠᠨ ᠬᠦᠭᠵᠢᠬᠦᠯᠵᠦ ᠶᠠᠪᠤᠨ᠎ᠠ᠃                                                                ᠰᠤᠷᠪᠤᠯᠵᠢᠯᠠᠭᠴᠢ᠄ ᠡᠷᠳᠡᠨᠢᠲᠠᠨ᠎ᠠ  ᠪᠠᠢ ᠰᠠᠶᠢᠨᠪᠢᠯᠢᠭ᠌   
ᠢᠷᠡᠯᠲᠡ᠄ ᠣᠲᠤᠭ ᠨᠡᠶᠢᠲᠡᠯᠡᠯ