ᠭᠤᠤ ᠬᠤᠸᠠᠢ ᠵᠢᠩ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠰᠢᠢᠳᠪᠦᠷᠢᠯᠡᠬᠦ ᠶᠢᠨ ᠬᠠᠮᠲᠤ ᠠᠶᠤᠯᠭᠦᠢ ᠦᠢᠯᠡᠳᠪᠦᠷᠢᠯᠡᠯ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2024/12/25
      12 ᠳ᠋ᠤᠭᠠᠷ ᠰᠠᠷ᠎ᠠ ᠶᠢᠨ 23 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠭᠤᠸ ᠬᠤᠸᠠᠢ ᠵᠢᠩ ᠣᠲᠤᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠴᠢ ᠫᠠᠨ ᠵᠢᠩ ᠠᠵᠤ ᠦᠢᠯᠡᠰ ᠤᠨ ᠬᠦᠷᠢᠶᠡᠯᠡᠩ ᠳᠤ ᠭᠦᠨᠵᠡᠭᠡᠶᠢᠷᠡᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠶᠢᠨ ᠬᠠᠮᠲᠤ ᠠᠶᠤᠯᠭᠦᠢ ᠦᠢᠯᠡᠳᠪᠦᠷᠢᠯᠡᠯ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ᠃      ᠭᠤᠤ ᠬᠤᠸᠠᠢ ᠵᠢᠩ ᠥᠪᠥᠷ ᠮᠣᠩᠭᠤᠯ ᠤᠨ ᠳ᠋ᠦᠩ ᠿᠢ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠴᠡᠭ ᠢ ᠪᠠᠶᠢᠴᠠᠭᠠᠬᠤ᠂ ᠳᠠᠯᠳᠠ ᠭᠡᠮ ᠢ ᠴᠡᠭᠴᠡᠯᠡᠨ ᠵᠠᠰᠠᠬᠤ ᠵᠢᠴᠢ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠶᠠᠪᠤᠴᠠ ᠵᠡᠷᠭᠡ ᠶᠢ ᠨᠠᠷᠢᠨ ᠣᠶᠢᠯᠠᠭᠠᠨ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠠᠶᠤᠯᠭᠦᠢ ᠦᠢᠯᠡᠳᠪᠦᠷᠢᠯᠡᠯ ᠢ ᠴᠠᠭ ᠢᠮᠠᠭᠲᠠ ᠴᠢᠩᠭ᠎ᠠ ᠠᠳᠬᠤᠬᠤ ᠬᠡᠷᠡᠭᠲᠡᠢ ᠭᠡᠵᠦ ᠳᠠᠬᠢᠨ ᠳᠠᠪᠲᠠᠨ ᠰᠠᠨᠠᠭᠤᠯᠪᠠ᠃ ᠭᠤᠤ ᠬᠤᠸᠠᠢ ᠵᠢᠩ ᠬᠡᠯᠡᠬᠦ ᠳᠡᠭᠡᠨ᠂ ᠵᠢᠯ ᠤᠨ ᠡᠴᠦᠰ ᠪᠣᠯ ᠶᠠᠭ ᠠᠶᠤᠯᠭᠦᠢ ᠦᠢᠯᠡᠳᠪᠦᠷᠢᠯᠡᠯ ᠤᠨ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠃ ᠪᠥᠬᠦ ᠬᠤᠰᠢᠭᠤ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠣᠭᠤᠰᠢᠯᠠᠭᠤᠯᠵᠤ᠂ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠣᠢ ᠪᠣᠯᠭᠠᠨ᠂ ᠴᠠᠭ ᠢᠮᠠᠭᠲᠠ ᠠᠮᠤᠷ ᠲᠦᠪᠰᠢᠨ ᠢ ᠠᠩᠬᠠᠷᠬᠤ ᠬᠠᠷᠢᠭᠤᠴᠠᠯᠭᠠᠲᠤ ᠰᠡᠳᠬᠢᠯᠭᠡ ᠪᠠᠷ ᠬᠠᠷᠢᠭᠤᠴᠠᠯᠭ᠎ᠠ ᠶᠢ ᠴᠢᠩᠭᠠᠳᠬᠠᠵᠤ᠂ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠢᠮᠪᠠᠢ ᠨᠠᠶᠢᠳᠠᠪᠤᠷᠢᠵᠢᠭᠤᠯᠤᠨ᠂ ᠠᠶᠤᠯᠭᠦᠢ ᠦᠢᠯᠡᠳᠪᠦᠷᠢᠯᠡᠯ ᠤᠨ ᠳᠠᠯᠳᠠ ᠬᠡᠮ ᠢ ᠨᠠᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠪᠣᠳᠠᠲᠠᠢ ᠰᠠᠶᠢᠲᠤᠷ ᠠᠳᠬᠤᠵᠤ᠂ ᠲᠦᠭᠰᠢᠭᠦᠷᠢ ᠶᠢ ᠪᠥᠬᠦ ᠬᠦᠴᠦᠨ ᠢᠶᠠᠷ ᠢᠶᠠᠨ ᠰᠡᠷᠭᠡᠶᠢᠯᠡᠨ᠂ ᠠᠮᠤᠷ ᠲᠦᠪᠰᠢᠨ ᠢ ᠪᠠᠲᠤᠯᠠᠵᠤ᠂ ᠲᠣᠭᠲᠠᠭᠤᠨ ᠢ ᠬᠠᠮᠠᠭᠠᠯᠠᠬᠤ ᠬᠡᠷᠡᠭᠲᠡᠢ᠃ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ᠳᠠᠯᠳᠠ ᠬᠡᠮ ᠢ ᠨᠠᠷᠢᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠣᠳᠠᠲᠠᠢ ᠨᠠᠷᠢᠯᠢᠭ ᠰᠠᠶᠢᠲᠤᠷ ᠬᠢᠵᠦ᠂ ᠦᠷᠭᠦᠯᠵᠢᠯᠡᠨ ᠳᠤᠲᠠᠭᠤᠳᠠᠯ ᠢᠶᠠᠨ ᠨᠥᠬᠦᠪᠦᠷᠢᠯᠡᠨ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠠᠯᠳᠠᠰᠢ ᠭᠠᠷᠬᠤ ᠶᠢ ᠬᠤᠷᠢᠭᠯᠠᠨ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠡᠷᠡᠰ ᠪᠡᠶᠡᠯᠡᠭᠦᠯᠬᠦ ᠬᠡᠷᠡᠭᠲᠡᠢ᠃ ᠠᠵᠤ ᠠᠬᠤᠶᠢᠯᠠᠯ ᠤᠨ ᠳᠣᠲᠣᠭᠠᠳᠤ ᠶᠢᠨ ᠬᠠᠮᠢᠶᠠᠷᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠲᠣᠨᠤᠭ ᠲᠥᠬᠦᠭᠡᠷᠦᠮᠵᠢ ᠶᠢᠨ ᠡᠳᠦᠷ ᠲᠤᠳᠤᠮ ᠤᠨ ᠠᠮᠤᠷ ᠲᠦᠪᠰᠢᠨ ᠤ ᠲᠣᠭᠤᠷᠢᠨ ᠪᠠᠶᠢᠴᠠᠭᠠᠬᠤ ᠡᠷᠴᠢᠮ ᠢ ᠴᠢᠩᠭᠠᠷᠠᠭᠤᠯᠤᠨ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠳᠠᠯᠳᠠ ᠭᠡᠮ ᠢ ᠬᠢᠨᠠᠮᠠᠭᠠᠢ ᠵᠠᠳᠠᠯᠤᠨ ᠮᠠᠭᠠᠳᠯᠠᠵᠤ᠂ ᠠᠰᠠᠭᠤᠳᠠᠯ ᠢ ᠣᠨᠣᠪᠴᠢᠲᠠᠢ ᠡᠷᠢᠨ᠂ ᠦᠨᠳᠦᠰᠦ ᠰᠤᠷᠪᠤᠯᠵᠢ ᠶᠢ ᠨᠢ ᠪᠠᠶᠢᠴᠠᠭᠠᠨ ᠲᠣᠳᠣᠯᠠᠵᠤ᠂ ᠳᠠᠯᠳᠠ ᠭᠡᠮ ᠢ ᠥᠨᠴᠥᠭ ᠪᠤᠯᠤᠩ ᠦᠯᠡᠳᠡᠭᠡᠯ ᠦᠭᠡᠢ ᠪᠠᠷ ᠲᠤᠶᠢᠯᠪᠤᠷᠢᠲᠠᠢ ᠪᠠᠶᠢᠴᠠᠭᠠᠨ᠂ ᠠᠶᠤᠯᠭᠦᠢ ᠦᠢᠯᠡᠳᠪᠦᠷᠢᠯᠡᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ ᠭᠡᠪᠡ᠃       ᠭᠤᠤ ᠬᠤᠸᠠᠢ ᠵᠢᠩ ᠰᠢᠨ ᠬᠠᠩ ᠬᠡᠦᠷᠰᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠣᠷᠳᠣᠰ ᠤᠨ ᠴᠡᠪᠡᠷ ᠡᠨᠧᠷᠭᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠤᠲᠤᠭ ᠬᠤᠰᠢᠭᠤᠨ ᠤ ᠪᠠᠶ᠋ᠬᠠᠤᠰᠤ ᠨᠡᠭᠦᠷᠡᠰᠦᠨ ᠠᠭᠤᠷᠬᠠᠢ ᠳᠤ ᠬᠦᠷᠴᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠠᠵᠢᠯᠲᠠᠨ ᠤ ᠴᠠᠯᠢᠩ ᠣᠯᠭᠤᠮᠵᠢ ᠵᠢᠴᠢ ᠵᠣᠬᠢᠴᠠᠭᠤᠯᠤᠨ ᠰᠢᠢᠳᠪᠦᠷᠢᠯᠡᠬᠦ ᠴᠢᠬᠤᠯᠠᠲᠠᠢ ᠬᠦᠴᠢᠷ ᠠᠰᠠᠭᠤᠳᠠᠯ ᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ᠥᠨᠥ ᠵᠢᠯ ᠠᠴᠠ ᠨᠠᠭᠠᠰᠢ᠂ ᠪᠥᠬᠦ ᠬᠤᠰᠢᠭᠤᠨ ᠤ ᠠᠵᠤ ᠠᠬᠤᠢ ᠶᠢᠨ ᠬᠥᠭᠵᠢᠯᠲᠡ ᠲᠣᠭᠲᠠᠭᠤᠨ ᠤ ᠳᠤᠮᠳᠠ ᠰᠠᠶᠢᠵᠢᠷᠠᠬᠤ ᠬᠠᠨᠳᠤᠰᠢ ᠶᠢ ᠪᠠᠲᠤᠯᠠᠪᠠ᠃ ᠡᠳᠡᠭᠡᠷ ᠠᠮᠵᠢᠯᠲᠠ ᠪᠦᠲᠦᠮᠵᠢ ᠨᠢ ᠥᠷᠭᠡᠨ ᠤᠯᠠᠨ ᠠᠵᠤ ᠠᠬᠤᠶᠢᠯᠠᠯ ᠤᠨ ᠢᠳᠡᠪᠬᠢᠲᠡᠢ ᠬᠤᠪᠢ ᠨᠡᠮᠡᠷᠢ ᠠᠴᠠ ᠰᠠᠯᠵᠤ ᠴᠢᠳᠠᠬᠤ ᠦᠭᠡᠢ ᠶᠤᠮ᠂ ᠤᠯᠠᠨ ᠢᠶᠠᠷ ᠢᠶᠠᠨ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠨᠡᠩ ᠴᠢᠬᠤᠯᠠᠴᠢᠯᠠᠵᠤ᠂ ᠠᠵᠤ ᠠᠬᠤᠶᠢᠯᠠᠯ ᠢᠶᠠᠨ ᠰᠠᠶᠢᠲᠤᠷ ᠡᠵᠡᠩᠨᠡᠵᠦ ᠬᠥᠭᠵᠢᠭᠦᠯᠦᠨ᠂ ᠨᠡᠮᠡᠭᠳᠡᠯ ᠢ ᠲᠣᠭᠲᠠᠪᠤᠷᠢᠵᠢᠭᠤᠯᠬᠤ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠠᠵᠢᠯ ᠢ ᠬᠠᠮᠲᠤᠪᠠᠷ ᠰᠠᠶᠢᠲᠤᠷ ᠬᠢᠵᠦ᠂ ᠤᠳᠤᠭ ᠤᠨ ᠴᠢᠨᠠᠷ ᠰᠠᠶᠢᠲᠠᠢ ᠬᠥᠭᠵᠢᠯᠲᠡ ᠪᠣᠯᠣᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ᠃ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠢᠨ ᠠᠵᠤ ᠠᠬᠤᠢ ᠶᠢᠨ ᠬᠥᠭᠵᠢᠯᠲᠡ ᠶᠢᠨ ᠭᠤᠣᠯ ᠬᠦᠴᠦᠨ ᠤ ᠦᠢᠯᠡᠳᠦᠯ ᠢᠶᠠᠨ ᠪᠠᠳᠠᠷᠠᠭᠤᠯᠵᠤ᠂ ᠨᠢᠭᠡᠳ ᠨᠢᠭᠡ ᠪᠠᠷ ᠬᠠᠷᠢᠯᠴᠠᠬᠤ ᠦᠢᠯᠡᠴᠢᠯᠡᠭᠡᠨ ᠤ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ ᠬᠦᠴᠢᠷᠳᠡᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠠᠵᠤ ᠠᠬᠤᠶᠢᠯᠠᠯ ᠳᠤ ᠰᠠᠨᠠᠭ᠎ᠠ ᠠᠮᠤᠷ ᠪᠡᠯᠡ ᠣᠷᠣᠭᠤᠯᠤᠨ᠂ ᠦᠢᠯᠡᠰ ᠪᠦᠲᠦᠭᠡᠵᠦ᠂ ᠥᠷᠨᠢᠨ ᠬᠥᠭᠵᠢᠬᠦ ᠣᠷᠴᠢᠨ ᠨᠥᠬᠦᠴᠡᠯ ᠢ ᠪᠦᠷᠢᠯᠳᠦᠭᠦᠯᠬᠦ ᠬᠡᠷᠡᠭᠲᠡᠢ᠃ ᠡᠵᠡᠩᠨᠡᠯᠲᠡ ᠶᠢᠨ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠲᠦᠷᠦ ᠶᠢᠨ ᠪᠣᠳᠣᠯᠭ᠎ᠠ ᠶᠢᠨ ᠠᠰᠢᠭ ᠢ ᠭᠦᠢᠴᠡᠳ ᠬᠡᠷᠡᠭᠯᠡᠨ᠂ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠬᠥᠳᠡᠯᠭᠡᠬᠦ ᠬᠦᠴᠦᠨ ᠤ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠥᠭᠵᠢᠭᠡᠨ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠠᠭᠤᠷᠢ ᠶᠢ ᠪᠠᠬᠢᠵᠢᠭᠦᠯᠵᠦ᠂ ᠬᠦᠴᠦᠨ ᠴᠢᠳᠠᠯ ᠨᠡᠮᠡᠷᠢᠯᠡᠬᠦ ᠬᠡᠷᠡᠭᠲᠡᠢ ᠭᠡᠪᠡ᠃       ᠰᠢ ᠴᠢᠩ ᠣᠷᠴᠢᠨ ᠲᠣᠭᠤᠷᠢᠨ ᠤ ᠬᠠᠮᠠᠭᠠᠯᠠᠯᠲᠠ ᠶᠢᠨ ᠺᠣᠮᠫᠠᠨᠢ ᠨᠢ ᠤᠳᠤᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠴᠢ ᠫᠠᠨ ᠵᠢᠩ ᠠᠵᠤ ᠦᠢᠯᠡᠰ ᠤᠨ ᠬᠦᠷᠢᠶᠡᠯᠡᠩ ᠤᠨ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠶᠢ ᠭᠦᠨᠵᠡᠭᠡᠢ ᠰᠢᠢᠳᠪᠦᠷᠢᠯᠡᠬᠦ ᠡᠭᠦᠷᠭᠡ ᠶᠢ ᠡᠭᠦᠷᠭᠡᠯᠡᠵᠦ ᠪᠠᠶᠢᠳᠠᠭ᠃ ᠭᠤᠤ ᠬᠤᠸᠠᠢ ᠵᠢᠩ ᠪᠦᠷᠬᠦᠪᠴᠢ ᠶᠢ ᠰᠢᠢᠳᠪᠦᠷᠢᠯᠡᠬᠦ ᠲᠠᠰᠤᠭ᠂ ᠢᠰᠦᠯᠳᠦᠭᠦᠯᠦᠨ ᠬᠥᠯᠳᠡᠭᠡᠬᠦ ᠲᠠᠰᠤᠭ ᠲᠤ ᠬᠦᠷᠴᠦ᠂ ᠲᠤᠨᠤᠭ ᠲᠥᠬᠦᠭᠡᠷᠦᠮᠵᠢ ᠶᠢᠨ ᠡᠷᠭᠢᠯᠲᠡ ᠶᠢᠨ ᠪᠠᠶᠢᠳᠠᠯ ᠵᠢᠴᠢ ᠭᠠᠷ ᠤᠷᠠᠯᠠᠯ ᠤᠨ ᠶᠠᠪᠤᠴᠠ ᠵᠡᠷᠭᠡ ᠶᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ᠤᠰᠤᠨ ᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠪᠣᠯ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠴᠢᠬᠤᠯᠠ ᠠᠭᠤᠯᠭ᠎ᠠ ᠪᠣᠯᠣᠨ᠎ᠠ᠃ ᠠᠵᠤ ᠠᠬᠤᠶᠢᠯᠠᠯ ᠤᠳ ᠠᠮᠢ ᠠᠬᠤᠢ ᠶᠢ ᠤᠷᠢᠳᠠᠪᠠᠷ ᠪᠣᠳᠣᠯᠬᠢᠯᠠᠵᠤ᠂ ᠪᠣᠬᠢᠷᠲᠤᠯ ᠦᠭᠡᠢ ᠪᠠᠷ ᠬᠥᠭᠵᠢᠭᠦᠯᠬᠦ ᠣᠶᠢᠯᠠᠭᠠᠭᠳᠠᠬᠤᠨ ᠢ ᠪᠠᠲᠤ ᠪᠣᠢ ᠪᠣᠯᠭᠠᠨ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠡᠯᠡ ᠣᠷᠣᠭᠤᠯᠤᠯᠲᠠ ᠪᠠᠨ ᠨᠡᠮᠡᠭᠳᠡᠭᠦᠯᠵᠦ᠂ ᠭᠠᠷ ᠤᠷᠠᠯᠠᠯ ᠤᠨ ᠲᠦᠪᠰᠢᠨ ᠢᠶᠠᠨ ᠳᠡᠭᠡᠭᠰᠢᠯᠡᠭᠦᠯᠦᠨ᠂ ᠪᠠᠭ᠎ᠠ ᠭᠠᠳᠠᠭᠰᠢᠯᠠᠭᠤᠯᠬᠤ᠂ ᠡᠬᠢ ᠪᠠᠶᠠᠯᠢᠭᠵᠢᠭᠤᠯᠬᠤ᠂ ᠡᠷᠭᠢᠯᠳᠦᠭᠦᠯᠦᠨ ᠠᠰᠢᠭᠯᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠠᠮᠢᠶ᠎ᠠ ᠪᠦᠬᠦᠢ ᠬᠢᠨᠠᠨ ᠬᠠᠮᠢᠶᠠᠷᠬᠤ ᠰᠠᠯᠠᠭ᠎ᠠ ᠮᠥᠴᠢᠷ ᠤᠳ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠴᠢᠩᠭᠠᠳᠬᠠᠨ᠂ ᠡᠯ᠎ᠡ ᠲᠥᠷᠥᠯ ᠤᠨ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ ᠭᠡᠪᠡ᠃      ᠤᠳᠤᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠪᠠᠲᠤᠮᠥ᠋ᠩᠬᠡ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃    
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ