ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠬᠤᠷᠠᠯᠳᠤᠵᠤ ᠭᠤᠸ ᠬᠤᠸᠠᠢ ᠵᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠨ ᠰᠣ᠋ ᡁᠢ ᠰᠢᠶᠦ᠋ᠡᠭ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2024/12/26
      12 ᠳ᠋ᠤᠭᠠᠷ ᠰᠠᠷ᠎ᠠ ᠶᠢᠨ 25 ᠤ ᠡᠳᠦᠷ᠂ ᠪᠦᠭᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠬᠤᠷᠠᠯᠳᠤᠵᠤ᠂ ᠬᠤᠰᠢᠭᠤ ᠨᠠᠮ ᠤᠨ ᠬᠤᠷᠢᠶᠠᠨ ᠤ ᠱᠦᠵᠢ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠭᠤᠸ ᠬᠤᠸᠠᠢ ᠵᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠨ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠣ᠋ ᡁᠢ ᠰᠢᠶᠦ᠋ᠡᠭ ᠬᠤᠷᠠᠯ ᠡᠷᠭᠢᠯᠡᠪᠡ᠃ ᠬᠤᠰᠢᠭᠤᠨ ᠤ ᠤᠳᠤᠷᠢᠳᠤᠯᠭ᠎ᠠ ᠰᠢᠶᠧ ᠢᠦᠢ᠂ ᠯᠢᠦ ᠷᠦᠢ᠂ ᠸᠠᠩ ᠹᠦ᠋ ᠯᠦᠩ ᠬᠤᠷᠠᠯ ᠳᠤ ᠣᠷᠣᠯᠴᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠪᠠ ᠪᠥᠬᠦ ᠤᠯᠤᠰ᠂ ᠪᠥᠬᠦ ᠣᠷᠣᠨ᠂ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ︽︿ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠣᠳᠣᠬᠢᠴᠢᠯᠠᠯᠲᠠ ᠶᠢ ᠭᠦᠨᠵᠡᠭᠡᠢ ᠠᠬᠢᠭᠤᠯᠬᠤ ᠲᠠᠪᠤᠨ ᠶᠡᠭᠡ ᠠᠵᠢᠯᠯᠠᠭ᠎ᠠ ᠶᠢᠨ ᠠᠵᠢᠯ ᠤᠨ ᠠᠷᠭ᠎ᠠ ᠬᠡᠮᠵᠢᠶ᠎ᠡ ᠪᠠ ᠡᠭᠦᠷᠭᠡ ᠶᠢᠨ ᠬᠤᠪᠢᠶᠠᠷᠢᠯᠠᠯ﹀ ᠢ ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠣᠲᠤᠭ ᠬᠤᠰᠢᠭᠤᠨ ᠤ ᠲᠥᠰᠥᠯ︾ ᠳᠤ ᠲᠠᠶᠢᠯᠤᠮᠵᠢ ᠬᠢᠪᠡ᠃      ᠭᠤᠸ ᠬᠤᠸᠠᠢ ᠵᠢᠩ ᠶᠠᠷᠢᠶᠠᠨ ᠳᠠᠭᠠᠨ ᠪᠦᠭᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠣᠯᠣᠭᠰᠠᠨ ᠠᠮᠵᠢᠯᠲᠠ ᠶᠢ ᠭᠦᠢᠴᠡᠳ ᠨᠤᠲᠠᠯᠠᠵᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠥᠷᠭᠡᠨ ᠣᠯᠠᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠲᠤᠰᠠᠯᠠᠬᠤ ᠴᠠᠭᠳᠠᠭ᠎ᠠ ᠵᠢᠴᠢ ᠭᠡᠷ ᠪᠦᠯᠢ ᠶᠢᠨ ᠬᠢᠨ ᠳᠤ ᠡᠷᠬᠢᠮ ᠳᠡᠭᠡᠳᠦ ᠬᠦᠨᠳᠦᠳᠬᠡᠯ ᠪᠣᠯᠣᠨ ᠴᠢᠩ ᠦᠨᠡᠨᠴᠢ ᠲᠠᠯᠠᠷᠬᠠᠯ ᠢᠶᠠᠨ ᠳᠡᠪᠰᠢᠭᠦᠯᠪᠡ᠃ ᠲᠡᠷᠡ ᠬᠡᠯᠡᠬᠦ ᠳᠡᠭᠡᠨ᠂ ᠣᠳᠣᠬᠢᠴᠢᠯᠠᠭᠰᠠᠨ ᠤᠳᠤᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠠᠮᠤᠷ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠠᠴᠠ ᠰᠠᠯᠵᠤ ᠴᠢᠳᠠᠬᠤ ᠦᠭᠡᠢ ᠶᠤᠮ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ︽ᠦᠨᠡᠨᠴᠢ ᠰᠢᠳᠤᠷᠭᠤ︾ ᠬᠡᠪ ᠰᠤᠷᠲᠠᠯ ᠢ ᠪᠠᠲᠤ ᠪᠦᠷᠢᠯᠳᠦᠭᠦᠯᠵᠦ᠂ ᠤᠯᠤᠰ ᠲᠦᠷᠦ ᠪᠠᠷ ᠴᠠᠭᠳᠠᠭ᠎ᠠ ᠪᠠᠶᠢᠭᠤᠯᠬᠤ ᠶᠢ ᠪᠠᠷᠢᠮᠲᠠᠯᠠᠨ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠦᠷᠭᠦᠯᠵᠢᠯᠡᠨ ᠭᠦᠨᠵᠡᠭᠡᠢ ᠰᠤᠷᠤᠯᠴᠠᠵᠤ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠣᠳᠣᠬᠢᠴᠢᠯᠠᠯᠲᠠ ᠶᠢ ᠶᠡᠬᠡᠪᠡᠷ ᠠᠬᠢᠭᠤᠯᠤᠨ᠂ ᠰᠢᠨ᠎ᠡ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠪᠠᠨ ᠰᠢᠳᠤᠷᠭᠤ ᠪᠠᠷ ᠭᠦᠢᠴᠡᠳᠬᠡᠬᠦ ᠬᠡᠷᠡᠭᠲᠡᠢ᠃ ︽ᠲᠣᠭᠲᠠᠭᠤᠨ︾ ᠢ ᠪᠠᠲᠤ ᠡᠵᠡᠮᠳᠡᠨ᠂ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠨ ᠡᠵᠡᠮᠳᠡᠵᠦ᠂ ᠤᠯᠤᠰ ᠲᠥᠷᠥ ᠶᠢᠨ ᠠᠮᠤᠷ ᠲᠣᠭᠲᠠᠭᠤᠨ ᠢ ᠬᠠᠮᠠᠭᠠᠯᠠᠬᠤ᠂ ᠠᠶᠤᠯ ᠲᠦᠭᠰᠢᠭᠦᠷᠢ ᠶᠢᠨ ᠬᠤᠷᠢᠭ᠎ᠠ ᠱᠤᠭᠤᠮ ᠢ ᠪᠠᠲᠤ ᠰᠠᠬᠢᠬᠤ᠂ ᠣᠯᠠᠨ ᠲᠠᠯ᠎ᠠ ᠪᠠᠷ ᠴᠣᠬᠢᠯᠲᠠ ᠥᠭᠬᠦ᠂ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠵᠦ ᠪᠠᠲᠤᠯᠠᠬᠤ ᠠᠵᠢᠯ ᠤᠨ ᠲᠣᠭᠤᠷᠢᠨ ᠳᠤ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠠᠮᠠᠭᠠᠯᠠᠬᠤ ᠪᠠᠷ ᠴᠢᠷᠮᠠᠶᠢᠬᠤ ᠬᠡᠷᠡᠭᠲᠡᠢ᠃ ︽ᠪᠣᠳᠠᠲᠤ ᠰᠣᠷᠢᠯᠲᠠ︾ ᠳᠤ ᠰᠠᠭᠤᠷᠢᠯᠠᠨ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠪᠣᠭᠤᠮᠲᠠ ᠰᠢᠪᠲᠤᠯᠵᠤ᠂ ᠲᠣᠮᠢᠯᠠᠭᠰᠠᠨ ᠰᠠᠯᠪᠤᠷᠢ ᠶᠢᠨ ᠭᠤᠣᠯ ᠰᠡᠷᠭᠡᠶᠢᠯᠡᠯᠲᠡ ᠶᠢᠨ ᠥᠭᠡᠷᠡᠴᠢᠯᠡᠯᠲᠡ ᠶᠢ ᠲᠦᠷᠭᠡᠳᠬᠡᠨ᠂ ᠲᠣᠭᠠᠴᠢᠯᠠᠭᠰᠠᠨ ᠣᠶᠤᠨᠲᠤ ᠴᠠᠭᠳᠠᠭᠠᠨ ᠤ ᠶᠠᠪᠤᠳᠠᠯ ᠤᠨ ᠪᠠᠶᠢᠭᠤᠯᠤᠯᠲᠠ ᠶᠢᠨ ᠴᠢᠨᠠᠷ ᠢ ᠰᠠᠶᠢᠵᠢᠷᠠᠭᠤᠯᠵᠤ᠂ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠰᠢᠨ᠎ᠡ ᠴᠢᠨᠠᠷ ᠤᠨ ᠳᠣᠲᠣᠭᠠᠳᠤ ᠶᠢ ᠬᠠᠮᠠᠭᠠᠯᠠᠬᠤ ᠳᠠᠶᠢᠴᠢᠨ ᠬᠦᠴᠦᠨ ᠢ ᠲᠦᠷᠭᠡᠨ ᠪᠦᠷᠢᠯᠳᠦᠭᠦᠯᠬᠦ ᠪᠠ ᠳᠡᠭᠡᠭᠰᠢᠯᠡᠭᠦᠯᠬᠦ ᠬᠡᠷᠡᠭᠲᠡᠢ᠃ ︽ᠴᠢᠩᠭ᠎ᠠ︾ ᠪᠠᠶᠢᠬᠤ ᠤᠳᠤᠷᠢᠳᠤᠮᠵᠢ ᠶᠢ ᠪᠠᠲᠤ ᠡᠵᠡᠮᠳᠡᠵᠦ᠂ ᠬᠠᠤᠯᠢ ᠪᠠᠷ ᠵᠠᠰᠠᠬᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠲᠠ ᠶᠢ ᠴᠢᠩᠭᠠᠳᠬᠠᠨ᠂ ᠬᠠᠤᠯᠢ ᠬᠡᠷᠡᠭᠵᠢᠭᠦᠯᠬᠦ ᠶᠠᠪᠤᠴᠠ ᠶᠢᠨ ᠬᠠᠮᠢᠶᠠᠷᠤᠯᠲᠠ ᠶᠢ ᠳᠠᠬᠢᠨ ᠰᠢᠯᠢᠳᠡᠭᠵᠢᠭᠦᠯᠬᠦ᠂ ᠬᠠᠤᠯᠢ ᠬᠡᠷᠡᠭᠵᠢᠭᠦᠯᠦᠯᠲᠡ ᠶᠢᠨ ᠲᠣᠪᠣᠶᠢᠮ᠎ᠠ ᠠᠰᠠᠭᠤᠳᠠᠯ ᠤᠨ ᠴᠡᠭᠴᠡᠯᠡᠯᠲᠡ ᠶᠢ ᠳᠠᠬᠢᠨ ᠴᠢᠩᠭᠠᠳᠬᠠᠬᠤ᠂ ᠬᠠᠤᠯᠢ ᠬᠡᠷᠡᠭᠵᠢᠭᠦᠯᠬᠦ ᠭᠤᠣᠯ ᠴᠣᠭᠴᠠ ᠶᠢᠨ ᠴᠢᠳᠠᠪᠤᠷᠢ ᠶᠢ ᠳᠠᠬᠢᠨ ᠳᠡᠭᠡᠭᠰᠢᠯᠡᠭᠦᠯᠬᠦ ᠶᠢ ᠢᠳᠡᠪᠬᠢᠲᠡᠢ ᠠᠬᠢᠭᠤᠯᠵᠤ᠂ ᠠᠷᠠᠳ ᠤᠯᠠᠨ ᠤ ᠰᠢᠨ᠎ᠡ ᠱᠠᠭᠠᠷᠳᠠᠯᠭ᠎ᠠ ᠰᠢᠨ᠎ᠡ ᠬᠦᠰᠡᠯ ᠡᠷᠡᠮᠡᠯᠵᠡᠯ ᠳᠤ ᠢᠳᠡᠪᠬᠢᠲᠡᠢ ᠬᠠᠷᠢᠭᠤᠯᠲᠠ ᠥᠭᠬᠦ ᠬᠡᠷᠡᠭᠲᠡᠢ᠃ ︽ᠲᠡᠮᠦᠷ ᠮᠡᠲᠦ ᠬᠠᠲᠠᠭᠤ︾ ᠶᠠᠰᠤ ᠴᠢᠨᠠᠷ ᠤᠨ ᠪᠠᠷᠢᠮᠵᠢᠶ᠎ᠠ ᠶᠢ ᠪᠠᠲᠤ ᠴᠢᠩᠭ᠎ᠠ ᠲᠣᠭᠲᠠᠭᠠᠵᠤ᠂ ᠰᠢᠯᠢᠳᠡᠭ ᠪᠥᠭᠡᠳ ᠴᠢᠩᠭ᠎ᠠ ᠶᠢ ᠲᠣᠪᠣᠶᠢᠯᠭᠠᠨ᠂ ᠤᠯᠤᠰ ᠲᠦᠷᠦ ᠶᠢᠨ ᠲᠠᠯ᠎ᠠ ᠪᠠᠷ ᠦᠨᠡᠨᠴᠢ ᠰᠢᠳᠤᠷᠭᠤ ᠪᠠᠶᠢᠬᠤ ᠦᠵᠡᠯ ᠰᠠᠨᠠᠭᠠᠨ ᠤ ᠬᠥᠲᠥᠯᠪᠦᠷᠢ ᠶᠢ ᠯᠠᠪᠳᠠᠭᠤᠨ ᠡᠵᠡᠮᠳᠡᠵᠦ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠤᠨ᠂ ᠬᠡᠪ ᠪᠣᠯᠪᠠᠰᠤᠷᠠᠯ ᠢᠶᠠᠷ ᠥᠨᠳᠥᠷ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠂ ᠴᠠᠭᠳᠠᠭ᠎ᠠ ᠶᠢ ᠬᠠᠶᠢᠷᠠᠯᠠᠵᠤ ᠴᠠᠭᠳᠠᠭ᠎ᠠ ᠳᠤ ᠠᠰᠢᠭ ᠬᠦᠷᠲᠡᠭᠡᠬᠦ ︽ᠬᠠᠮ ᠨᠢᠳᠤᠷᠭ᠎ᠠ︾ ᠶᠢ ᠰᠠᠶᠢᠲᠤᠷ ᠠᠳᠬᠤᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠪᠠᠲᠤ ᠴᠢᠩᠭ᠎ᠠ ᠳᠣᠲᠣᠭᠠᠳᠤ ᠶᠢ ᠬᠠᠮᠠᠭᠠᠯᠠᠬᠤ ᠲᠡᠮᠦᠷ ᠴᠡᠷᠢᠭ ᠢ ᠬᠦᠴᠦᠯᠡᠨ ᠳᠠᠪᠲᠠᠨ ᠪᠣᠯᠪᠠᠰᠤᠷᠠᠭᠤᠯᠬᠤ ᠬᠡᠷᠡᠭᠲᠡᠢ᠃ ᠡᠯ᠎ᠡ ᠰᠤᠮᠤ ᠪᠠᠯᠭᠠᠰᠤ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠳᠣᠲᠣᠭᠠᠳᠤ ᠶᠢ ᠬᠠᠮᠠᠭᠠᠯᠠᠬᠤ ᠠᠵᠢᠯ ᠢ ᠢᠳᠡᠪᠬᠢᠲᠡᠢ ᠳᠡᠮᠵᠢᠨ ᠬᠠᠮᠵᠢᠯᠴᠠᠵᠤ᠂ ᠤᠯᠤᠰ ᠤᠨ ᠤᠯᠤᠰ ᠲᠥᠷᠥ ᠶᠢᠨ ᠠᠮᠤᠷ ᠲᠦᠪᠰᠢᠨ ᠪᠣᠯᠣᠨ ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠣᠳᠣᠬᠢᠴᠢᠯᠠᠯᠲᠠ ᠶᠢ ᠠᠬᠢᠭᠤᠯᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠢ ᠭᠡᠪᠡ᠃       ᠰᠣ᠋ ᡁᠢ ᠰᠢᠶᠦ᠋ᠡᠭ ᠬᠡᠯᠡᠬᠦ ᠳᠡᠭᠡᠨ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠠᠮᠤᠷ ᠲᠣᠭᠲᠠᠭᠤᠨ ᠢ ᠬᠠᠮᠠᠭᠠᠯᠠᠬᠤ ᠬᠦᠨᠳᠦ ᠡᠭᠦᠷᠭᠡ ᠶᠢ ᠡᠭᠦᠷᠭᠡᠯᠡᠵᠦ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ ᠰᠠᠶᠢᠲᠤᠷ ᠠᠳᠬᠤᠨ᠂ ᠬᠠᠤᠯᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤ ᠥᠷᠨᠢᠭᠦᠯᠦᠨ᠂ ᠨᠡᠶᠢᠭᠡᠮ ᠤᠨ ᠶᠡᠭᠡ ᠲᠠᠯ᠎ᠠ ᠶᠢᠨ ᠠᠮᠤᠷ ᠲᠣᠭᠲᠠᠭᠤᠨ ᠢ ᠦᠨᠡᠨᠬᠦ ᠬᠠᠮᠠᠭᠠᠯᠠᠬᠤ ᠬᠡᠷᠡᠭᠲᠡᠢ᠃ ᠦᠢᠯᠡᠴᠢᠯᠡᠭᠡᠨ ᠤ ᠬᠥᠭᠵᠢᠯᠲᠡ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠵᠢᠷᠤᠮᠵᠢᠯ ᠲᠠᠢ ᠪᠥᠭᠡᠳ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠦᠷᠭᠦᠯᠵᠢᠯᠡᠨ ᠠᠬᠢᠭᠤᠯᠤᠨ᠂ ᠪᠥᠬᠦ ᠬᠤᠰᠢᠭᠤᠨ ᠤ ᠬᠠᠤᠯᠢᠵᠢᠯ ᠬᠤᠳᠠᠯᠳᠤᠭ᠎ᠠ ᠡᠷᠬᠢᠯᠡᠬᠦ ᠲᠡᠷᠢᠭᠦᠨ ᠤ ᠣᠷᠴᠢᠨ ᠨᠥᠬᠦᠴᠡᠯ ᠢ ᠪᠣᠢ ᠪᠣᠯᠭᠠᠬᠤ ᠳᠤ ᠬᠦᠴᠦᠨ ᠨᠡᠮᠡᠷᠢᠯᠡᠬᠦ ᠬᠡᠷᠡᠭᠲᠡᠢ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠨ᠂ ᠰᠢᠨ᠎ᠡ ᠬᠡᠯᠪᠡᠷᠢ ᠶᠢᠨ ᠴᠠᠭᠳᠠᠭᠠᠨ ᠤ ᠶᠠᠪᠤᠳᠠᠯ ᠤᠨ ᠠᠵᠢᠯᠯᠠᠭᠠᠨ ᠤ ᠵᠠᠭᠪᠤᠷ ᠢ ᠬᠦᠴᠦᠯᠡᠨ ᠪᠠᠶᠢᠭᠤᠯᠵᠤ᠂ ᠰᠢᠨ᠎ᠡ ᠴᠢᠨᠠᠷ ᠤᠨ ᠳᠣᠲᠣᠭᠠᠳᠤ ᠶᠢ ᠬᠠᠮᠠᠭᠠᠯᠠᠬᠤ ᠲᠠᠶᠢᠴᠢᠨ ᠬᠦᠴᠦᠨ ᠢ ᠲᠦᠷᠭᠡᠨ ᠪᠦᠷᠢᠯᠳᠦᠭᠦᠯᠬᠦ ᠬᠡᠷᠡᠭᠲᠡᠢ᠃ ᠠᠵᠢᠯ ᠤᠨ ᠬᠠᠮᠲᠤᠷᠠᠯ ᠬᠦᠴᠦᠨ ᠢ ᠭᠦᠢᠴᠡᠳ ᠨᠢᠭᠲᠠᠷᠠᠭᠤᠯᠵᠤ᠂ ᠴᠠᠭᠳᠠᠭ᠎ᠠ ᠶᠢ ᠪᠠᠶᠢᠭᠤᠯᠤᠨ ᠴᠠᠭᠳᠠᠭ᠎ᠠ ᠶᠢ ᠵᠠᠰᠠᠬᠤ ᠶᠢ ᠴᠢᠩᠭᠠᠳᠬᠠᠵᠤ᠂ ᠪᠦᠬᠦ ᠤᠯᠤᠰ ᠤᠨ ᠵᠠᠭᠤᠨ ᠬᠦᠴᠦᠷᠬᠡᠭ ᠰᠢᠶᠠᠨ ᠤ ᠦᠷ᠎ᠡ ᠪᠦᠲᠦᠭᠡᠯ ᠢ ᠪᠠᠬᠢᠵᠢᠭᠦᠯᠦᠨ᠂ ᠡᠯᠢᠭᠡᠨ ᠬᠠᠶᠢᠷᠠᠲᠤ ᠤᠳᠤᠭ ᠢᠶᠠᠨ ᠪᠦᠲᠦᠭᠡᠨ ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠪᠡ᠃      ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ᠂ ᠡᠯ᠎ᠡ ᠰᠤᠮᠤ ᠪᠠᠯᠭᠠᠰᠤ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ᠂ ᠬᠤᠰᠢᠭᠤ ᠨᠠᠮ ᠤᠨ  ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠭᠦᠨ ᠵᠢᠴᠢ ᠦᠨᠳᠦᠰᠦᠨ ᠱᠠᠲᠤᠨ ᠤ ᠲᠣᠮᠢᠯᠠᠭᠰᠠᠨ ᠰᠠᠯᠪᠤᠷᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ