ᠤᠯᠠᠭᠠᠨᠪᠠᠯᠭᠠᠰᠤ ᠶᠢᠨ ᠬᠤᠶᠠᠳᠤᠭᠠᠷ ᠬᠤᠭᠤᠴᠠᠭᠠᠨ ᠤ ︽ᠤᠯᠠᠭᠠᠨ ᠬᠤᠨᠳᠠᠭᠠᠲᠤ︾ ᠨᠡᠶᠢᠭᠡᠮ ᠲᠣᠭᠤᠷᠢᠭ ᠤᠨ ᠥᠳᠥᠨ ᠪᠥᠮᠪᠦᠭᠡ ᠶᠢᠨ ᠬᠠᠮᠲᠤᠷᠠᠭᠰᠠᠨ ᠤᠷᠤᠯᠳᠤᠭᠠᠨ ᠲᠡᠭᠦᠰ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2024/12/26
      ᠤᠯᠠᠭᠠᠨᠪᠠᠯᠭᠠᠰᠤ ᠶᠢᠨ 2024 ᠣᠨ ᠤ ᠬᠤᠶᠠᠳᠤᠭᠠᠷ ᠬᠤᠭᠤᠴᠠᠭᠠᠨ ᠤ ︽ᠤᠯᠠᠭᠠᠨ ᠬᠤᠨᠳᠠᠭᠠᠲᠤ︾ ᠨᠡᠶᠢᠭᠡᠮ ᠲᠣᠭᠤᠷᠢᠭ ᠤᠨ ᠥᠲᠥᠨ ᠪᠥᠮᠪᠦᠭᠡ ᠶᠢᠨ ᠬᠠᠮᠲᠤᠷᠠᠭᠰᠠᠨ ᠤᠷᠤᠯᠳᠤᠭᠠᠨ ᠣᠲᠤᠭ ᠬᠤᠰᠢᠭᠤᠨ ᠤ ᠥᠲᠥᠨ ᠪᠥᠮᠪᠦᠭᠡ ᠶᠢᠨ ᠣᠷᠳᠣᠨ ᠳᠤ ᠡᠬᠢᠯᠡᠵᠦ᠂ ᠤᠯᠠᠭᠠᠨᠪᠠᠯᠭᠠᠰᠤ ᠶᠢᠨ ᠬᠠᠷᠢᠶ᠎ᠠ ᠲᠣᠭᠤᠷᠢᠭ ᠤᠨ ᠶᠢᠰᠦᠨ ᠨᠡᠶᠢᠭᠡᠮ ᠲᠣᠭᠤᠷᠢᠭ ᠤᠨ ᠥᠲᠥᠨ ᠪᠥᠮᠪᠦᠭᠡ ᠶᠢᠨ ᠪᠠᠭ᠋ᠠᠲᠠᠳ ᠠᠳᠡ ᠴᠤᠭᠯᠠᠷᠠᠨ ᠬᠤᠶᠠᠷ ᠡᠳᠦᠷ ᠤᠨ ᠬᠤᠭᠤᠴᠠᠭ᠎ᠠ ᠲᠠᠢ ᠤᠷᠤᠯᠳᠤᠭᠠᠨ ᠳᠤ ᠣᠷᠣᠯᠴᠠᠪᠠ᠃       ᠤᠷᠤᠯᠳᠤᠭᠠᠨ ᠤ ᠲᠤᠬᠠᠢ ᠶᠢᠨ ᠲᠠᠯᠠᠪᠠᠢ ᠳᠤ ᠲᠠᠮᠢᠷᠴᠢᠳ ᠤᠷ᠎ᠠ ᠠᠪᠢᠶᠠᠰ ᠢᠶᠠᠨ ᠪᠠᠳᠠᠷᠠᠭᠤᠯᠵᠤ᠂ ᠡᠷᠳᠡᠮ ᠴᠢᠳᠠᠪᠤᠷᠢ ᠪᠠᠨ ᠰᠢᠯᠭᠠᠨ᠂ ᠮᠠᠩᠯᠠᠶᠢᠯᠠᠬᠤ ᠪᠠᠷ ᠡᠷᠡᠯᠬᠡᠭᠯᠡᠨ ᠲᠡᠮᠡᠴᠡᠨ᠎ᠡ᠃ ᠦᠵᠡᠭᠴᠢᠳ ᠴᠤ ᠤᠤᠬᠠᠶᠢᠯᠠᠨ ᠬᠠᠰᠬᠢᠷᠴᠤ᠂ ᠢᠲᠡᠭᠡᠯ ᠵᠣᠷᠢᠭ ᠨᠡᠮᠡᠨ᠂ ᠬᠥᠷ ᠨᠠᠷᠭᠢᠶᠠᠨ ᠢᠶᠠᠷ ᠪᠢᠯᠬᠠᠨ᠎ᠠ᠃ ᠤᠯᠠᠨ ᠢᠶᠠᠷ ᠢᠶᠠᠨ ᠣᠷᠭᠢᠯᠤᠮ᠎ᠠ ᠰᠡᠳᠬᠢᠯᠭᠡ ᠪᠠ ᠠᠷᠢᠭᠤᠨ ᠬᠥᠯᠥᠰᠦ ᠪᠠᠷ ᠢᠶᠠᠨ ᠲᠠᠮᠢᠷ ᠤᠨ ᠬᠥᠳᠡᠯᠭᠡᠭᠡᠨ ᠤ ᠪᠠᠶᠠᠷ ᠪᠠᠶᠠᠰᠬᠤᠯᠠᠩ ᠢ ᠬᠠᠷᠠᠭᠤᠯᠵᠤ᠂ ︽ᠨᠥᠬᠦᠷᠯᠡᠯ ᠨᠢᠭᠡᠳᠦᠭᠡᠷ᠂ ᠤᠷᠤᠯᠳᠤᠭᠠᠨ ᠬᠤᠶᠠᠳᠤᠭᠠᠷ︾ ᠬᠡᠮᠡᠬᠦ ᠵᠣᠷᠢᠭ ᠰᠠᠨᠠᠭ᠎ᠠ ᠶᠢ ᠪᠠᠳᠠᠷᠠᠭᠤᠯᠤᠨ᠂ ᠪᠦᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠲᠠᠮᠢᠷ ᠤᠨ ᠬᠥᠳᠡᠯᠭᠡᠭᠡᠨ ᠤ ᠬᠠᠪᠤ ᠴᠡᠩᠭᠡᠯ ᠢ ᠲᠠᠨᠢᠭᠤᠯᠤᠨ᠎ᠠ᠃       ︽ᠡᠨᠡ ᠤᠳᠠᠭ᠎ᠠ ᠶᠢᠨ ᠤᠷᠤᠯᠳᠤᠭᠠᠨ ᠨᠢ ᠲᠠᠷᠢᠶᠠᠯᠠᠩ ᠤᠨ ᠪᠦᠲᠦᠭᠡᠭᠳᠡᠬᠦᠨ ᠢᠶᠠᠷ ᠤᠷᠤᠯᠳᠤᠭᠠᠨ ᠤ ᠱᠠᠩᠨᠠᠯ ᠪᠣᠯᠭᠠᠭᠰᠠᠨ ᠨᠢ ᠥᠩᠭᠡᠷᠡᠭᠰᠡᠨ ᠵᠢᠯ ᠤᠳ ᠲᠠᠢ ᠠᠳᠠᠯᠢ ᠦᠭᠡᠢ᠂ ᠲᠤᠰ ᠤᠳᠠᠭ᠎ᠠ ᠶᠢᠨ ᠤᠷᠤᠯᠳᠤᠭᠠᠨ ᠢᠶᠠᠷ ᠲᠠᠷᠢᠶᠠᠯᠠᠩ ᠠᠵᠦ ᠠᠬᠤᠢ ᠶᠢ ᠲᠤᠰᠠᠯᠠᠨ᠂ ᠪᠣᠳᠠᠲᠤ ᠠᠵᠢᠯᠯᠠᠭ᠎ᠠ ᠪᠠᠷ ᠢᠶᠠᠨ ᠮᠠᠯᠴᠢᠨ ᠲᠠᠷᠢᠶᠠᠴᠢᠨ ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠪᠡᠶᠡᠯᠡᠭᠦᠯᠬᠦ ᠳᠤ ᠬᠤᠪᠢ ᠨᠡᠮᠡᠷᠢ ᠪᠠᠨ ᠦᠵᠡᠭᠦᠯᠬᠦ ᠪᠠᠷ ᠴᠢᠷᠮᠠᠶᠢᠭᠰᠠᠨ ᠶᠤᠮ︾ ᠭᠡᠵᠦ ᠤᠯᠠᠭᠠᠨᠪᠠᠯᠭᠠᠰᠤ ᠶᠢᠨ ᠳᠡᠳ᠋ ᠳᠠᠷᠤᠭ᠎ᠠ ᠭᠦᠸᠧ ᠰᠢᠶᠣᠣ ᠯᠢ ᠬᠡᠯᠡᠪᠡ᠃      ᠳᠠᠷᠠᠭᠠᠴᠢ ᠶᠢᠨ ᠠᠯᠬᠤᠮ ᠳᠤ᠂ ᠤᠯᠠᠭᠠᠨᠪᠠᠯᠭᠠᠰᠤ ︽ᠪᠡᠶ᠎ᠡ ᠶᠢᠨ ᠲᠠᠮᠢᠷ + ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾᠂ ︽ᠨᠠᠮ ᠤᠨ ᠪᠠᠶᠢᠭᠤᠯᠤᠯᠲᠠ + ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠵᠡᠷᠭᠡ ᠣᠨᠴᠠᠯᠢᠭᠲᠤ ᠲᠦᠷᠦᠯ ᠵᠦᠢᠯ ᠢ ᠦᠷᠭᠦᠯᠵᠢᠯᠡᠨ ᠬᠡᠷᠡᠭᠵᠢᠭᠦᠯᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠣᠷᠭᠠᠨᠢᠭ ᠢᠶᠠᠷ ᠠᠭᠤᠰᠤᠯᠴᠠᠭᠤᠯᠤᠨ᠂ ᠨᠡᠶᠢᠭᠡᠮ ᠲᠣᠭᠤᠷᠢᠭ ᠪᠣᠯᠣᠨ ᠭᠠᠴᠠᠭ᠎ᠠ ᠲᠣᠰᠬᠤᠨ ᠤ ᠬᠤᠭᠤᠷᠣᠨᠳᠤ ᠰᠠᠶᠢᠨ ᠰᠠᠶᠢᠬᠠᠨ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠬᠤ ᠶᠢ ᠢᠳᠡᠪᠬᠢᠲᠡᠢ ᠠᠬᠢᠭᠤᠯᠵᠤ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠤᠯᠠᠭᠠᠨᠪᠠᠯᠭᠠᠰᠤ ᠶᠢ ᠪᠠᠶᠢᠭᠤᠯᠬᠤ ᠳᠤ ᠨᠡᠩ ᠤᠯᠠᠨ ᠤᠶᠤᠨ ᠤᠬᠠᠭᠠᠨ ᠬᠢᠭᠡᠳ ᠬᠦᠴᠦᠨ ᠴᠢᠳᠠᠯ ᠢ ᠨᠢᠭᠲᠠᠷᠠᠭᠤᠯᠤᠨ᠎ᠠ᠃    
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ