ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠭᠤᠸ ᠬᠤᠸᠠᠢ ᠵᠢᠩ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2024/12/27
      12 ᠳ᠋ᠤᠭᠠᠷ ᠰᠠᠷ᠎ᠠ ᠶᠢᠨ 27 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠱᠦᠵᠢ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠭᠤᠸ ᠬᠤᠸᠠᠢ ᠵᠢᠩ ᠬᠤᠷᠠᠯ ᠡᠷᠭᠢᠯᠡᠪᠡ᠃
W020241227532367892145.jpg
       ᠬᠤᠷᠠᠯ ᠠᠴᠠ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ ᠲᠣᠭᠤᠰᠢᠯᠠᠭᠤᠯᠤᠨ᠂ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠭᠤᠣᠯ ᠣᠶᠢᠯᠠᠭᠠᠭᠳᠠᠬᠤᠨ ᠪᠠ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠭᠦᠨᠵᠡᠭᠡᠢ ᠡᠵᠡᠮᠳᠡᠨ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠬᠢᠭᠡᠳ ᠴᠢᠩᠭ᠎ᠠ ᠨᠢᠮᠪᠠᠢ ᠠᠵᠢᠯ ᠦᠢᠯᠡᠰᠴᠢ ᠰᠡᠳᠬᠢᠯᠭᠡ ᠪᠠᠷ ᠨᠢᠮᠪᠠᠢ ᠵᠣᠬᠢᠶᠠᠨ ᠪᠠᠶᠢᠭᠤᠯᠵᠤ᠂ ᠨᠢᠮᠪᠠᠢ ᠲᠣᠬᠢᠷᠠᠭᠤᠯᠤᠨ᠂ ᠡᠯ᠎ᠡ ᠵᠦᠢᠯ ᠤᠨ ᠵᠣᠷᠢᠭ ᠰᠠᠨᠠᠭ᠎ᠠ ᠶᠢ ᠣᠲᠤᠭ ᠬᠤᠰᠢᠭᠤᠨ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ᠬᠤᠷᠠᠯ ᠠᠴᠠ ᠬᠤᠰᠢᠭᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ 2024 ᠣᠨ ᠤ ᠠᠵᠢᠯ ᠤᠨ ᠠᠮᠵᠢᠯᠲᠠ ᠶᠢ ᠰᠢᠰᠲ᠋ᠧᠮ ᠲᠠᠢ ᠪᠥᠬᠦ ᠲᠠᠯ᠎ᠠ ᠪᠠᠷ ᠡᠮᠬᠢᠯᠡᠵᠦ ᠬᠤᠷᠢᠶᠠᠩᠭᠤᠶᠢᠯᠠᠨ᠂ ᠠᠮᠵᠢᠯᠲᠠ ᠪᠦᠲᠦᠮᠵᠢ ᠪᠣᠯᠣᠨ ᠬᠦᠷᠦᠯᠴᠡᠬᠦ ᠦᠭᠡᠢ ᠲᠠᠯ᠎ᠠ ᠶᠢ ᠡᠵᠡᠮᠳᠡᠵᠦ᠂ ᠰᠡᠳᠬᠢᠴᠡ ᠪᠠ ᠠᠴᠢᠶᠠᠯᠠᠪᠤᠷᠢ ᠶᠢ ᠪᠣᠳᠠᠲᠠᠶᠢᠵᠢᠭᠤᠯᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠨ᠂ 2025 ᠣᠨ ᠤ ᠡᠯ᠎ᠡ ᠵᠦᠢᠯ ᠤᠨ ᠠᠵᠢᠯ ᠪᠠ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠲᠥᠯᠥᠪᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ᠶᠢ ᠤᠯᠠᠮᠵᠢᠯᠠᠵᠤ᠂ ᠪᠥᠬᠦ ᠬᠤᠰᠢᠭᠤᠨ ᠤ ᠲᠤᠭ᠎ᠠ ᠪᠦᠷᠢᠳᠬᠡᠯ ᠤᠨ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠲᠤᠭ᠎ᠠ ᠪᠦᠷᠢᠳᠬᠡᠯ ᠤᠨ ᠵᠠᠳᠠᠯᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠲᠤᠭ᠎ᠠ ᠪᠦᠷᠢᠳᠬᠡᠯ ᠤᠨ ᠰᠠᠭᠤᠷᠢ ᠶᠢ ᠪᠠᠲᠤᠳᠬᠠᠨ᠂ ᠲᠤᠭ᠎ᠠ ᠪᠦᠷᠢᠳᠬᠡᠯ ᠤᠨ ᠬᠠᠷᠢᠭᠤᠴᠠᠯᠭ᠎ᠠ ᠶᠢᠨ ᠤᠬᠠᠮᠰᠠᠷ ᠢ ᠴᠢᠩᠭᠠᠳᠬᠠᠵᠤ᠂ ᠲᠤᠭ᠎ᠠ ᠪᠦᠷᠢᠳᠬᠡᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠴᠢᠳᠠᠪᠤᠷᠢ ᠪᠠ ᠲᠦᠪᠰᠢᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠪᠥᠬᠦ ᠬᠤᠰᠢᠭᠤᠨ ᠤ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠦᠨᠳᠦᠰᠦᠨ ᠱᠠᠲᠤᠨ ᠤ ᠵᠠᠰᠠᠯᠲᠠ ᠶᠢᠨ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠬᠢᠭᠡᠳ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠨ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠢ ᠠᠬᠢᠭᠤᠯᠬᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠠᠵᠢᠯ ᠢ ᠵᠣᠬᠢᠴᠠᠭᠤᠯᠬᠤ ᠭᠤᠷᠪᠠᠨ ᠵᠦᠢᠯ ᠤᠨ ᠠᠵᠢᠯ ᠢ ᠨᠠᠶᠢᠳᠠᠪᠤᠷᠢᠵᠢᠭᠤᠯᠤᠨ᠂ ᠨᠢᠭᠡ ᠴᠣᠭᠴᠠᠵᠢᠭᠤᠯᠤᠨ ᠪᠣᠳᠠᠲᠠᠢ ᠠᠳᠬᠤᠵᠤ ᠠᠬᠢᠭᠤᠯᠬᠤ ᠬᠡᠷᠡᠭᠲᠡᠢ᠃ ︽ᠦᠨᠳᠦᠰᠦᠨ ᠳ᠋ᠠᠶᠢᠲ᠋ᠠ ᠶᠢᠨ ᠬᠥᠮᠥᠷᠭᠡ︾ ᠶᠢᠨ ᠪᠣᠳᠠᠲᠠᠢ ᠦᠢᠯᠡᠳᠦᠯ ᠢ ᠭᠦᠢᠴᠡᠳ ᠪᠠᠳᠠᠷᠠᠭᠤᠯᠤᠨ᠂ ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠵᠦ᠂ ᠦᠨᠳᠦᠰᠦᠨ ᠱᠠᠲᠤᠨ ᠤ ᠮᠡᠳᠡᠭᠦᠯᠬᠦ ᠬᠦᠰᠦᠨᠦᠭᠲᠦ ᠶᠢ ᠴᠥᠭᠡᠳᠬᠡᠨ᠂ ᠲᠣᠭᠠᠴᠢᠯᠠᠭᠰᠠᠨ ᠣᠶᠤᠨᠲᠤ ᠲᠠᠪᠴᠠᠩ ᠢᠶᠠᠷ ᠦᠨᠳᠦᠰᠦᠨ ᠱᠠᠲᠤᠨ ᠤ ᠵᠠᠰᠠᠯᠲᠠ ᠳᠤ ᠬᠦᠴᠦᠨ ᠨᠡᠮᠡᠷᠢᠯᠡᠬᠦ ᠴᠢᠨᠠᠷ ᠴᠢᠨᠰᠠᠭ᠎ᠠ ᠪᠠ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠨᠡᠶᠢᠭᠡᠮ ᠲᠣᠭᠤᠷᠢᠭ ᠤᠨ ᠬᠠᠮᠲᠤ ᠶᠢᠨ ᠠᠵᠤ ᠠᠬᠤᠢ ᠶᠢ ᠦᠷᠭᠦᠯᠵᠢᠯᠡᠨ ᠰᠦᠪᠡᠭᠴᠢᠯᠡᠨ ᠬᠥᠭᠵᠢᠭᠦᠯᠵᠦ᠂ ᠠᠳᠠᠯ ᠠᠬᠤᠢ ᠶᠢᠨ ᠬᠠᠮᠢᠶᠠᠷᠤᠯᠲᠠ ᠪᠠᠷ ᠭᠠᠷᠳᠠᠴᠠ ᠪᠣᠯᠭᠠᠨ᠂ ᠨᠡᠶᠢᠭᠡᠮ ᠲᠣᠭᠤᠷᠢᠭ ᠤᠨ ᠪᠡᠶ᠎ᠡ ᠪᠠᠨ ᠳᠠᠭᠠᠭᠠᠭᠰᠠᠨ ︽ᠴᠢᠰᠤ ᠪᠦᠲᠦᠭᠡᠬᠦ ᠴᠢᠳᠠᠮᠵᠢ︾ ᠶᠢ ᠴᠢᠩᠭᠠᠳᠬᠠᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠦᠢᠯᠡᠳᠦᠯ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ ᠭᠡᠪᠡ᠃       ᠬᠤᠷᠠᠯ ᠠᠴᠠ ᠪᠦᠬᠦ ᠬᠤᠰᠢᠭᠤᠨ ᠤ ᠦᠵᠡᠯ ᠰᠠᠨᠠᠭ᠎ᠠ ᠤᠯᠤᠰ ᠲᠦᠷᠦ ᠪᠣᠯᠣᠨ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ᠂ ︽ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠨ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠰᠢᠨ᠎ᠡ ᠴᠠᠭ ᠦᠶ᠎ᠡ ᠳᠤ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠰᠠᠨᠠᠯ︾ ᠢ ᠬᠢᠨᠠᠮᠠᠭᠠᠢ ᠲᠣᠭᠤᠰᠢᠯᠠᠭᠤᠯᠵᠤ ᠨᠠᠶᠢᠳᠠᠪᠤᠷᠢᠵᠢᠭᠤᠯᠤᠨ᠂ ᠪᠥᠬᠦ ᠬᠤᠰᠢᠭᠤ ᠪᠠᠷ ᠢᠶᠠᠨ ᠦᠵᠡᠯ ᠰᠠᠨᠠᠭ᠎ᠠ ᠪᠠᠨ ᠨᠢᠭᠡᠳᠬᠡᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠤᠨ᠂ ᠲᠡᠮᠡᠴᠡᠯ ᠤᠨ ᠵᠣᠷᠢᠭ ᠢᠶᠠᠨ ᠬᠥᠪᠴᠢᠯᠡᠨ᠂ ᠪᠦᠯᠬᠦᠮᠳᠡᠨ ᠲᠡᠮᠡᠴᠡᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠢᠳᠡ ᠬᠦᠴᠦᠲᠡᠢ ᠦᠵᠡᠯ ᠰᠠᠨᠠᠭ᠎ᠠ ᠤᠯᠤᠰ ᠲᠥᠷᠥ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ ᠶᠣᠰᠣ ᠰᠤᠷᠲᠠᠬᠤᠨ ᠢ ᠪᠤᠢ ᠪᠣᠯᠭᠠᠵᠤ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠲᠠᠢ ᠨᠢᠭᠲᠠ ᠤᠶᠠᠯᠳᠤᠭᠤᠯᠤᠨ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠶᠡᠬᠡᠪᠡᠷ ᠪᠣᠶᠢᠵᠢᠭᠤᠯᠤᠨ ᠦᠢᠯᠡᠳᠦᠯᠭᠡᠵᠢᠭᠦᠯᠵᠦ᠂ ᠨᠠᠰᠤᠨ ᠳᠤ ᠦᠯᠤ ᠬᠥᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠳᠠ ᠦᠭᠡᠢ ᠡᠭᠦᠳᠬᠦ ᠬᠡᠷᠡᠭᠲᠡᠢ᠃ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠲᠤᠰᠬᠠᠢ ᠪᠠᠶᠢᠴᠠᠭᠠᠯᠲᠠ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠠᠤᠯᠢ ᠪᠤᠰᠤ ᠪᠠᠷ ᠬᠡᠪᠯᠡᠨ ᠲᠠᠷᠬᠠᠭᠠᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠂ ᠰᠤᠷᠲᠠᠯ ᠴᠢᠬᠡᠴᠢ ᠣᠪᠣᠷ ᠲᠥᠪ ᠨᠡᠶᠢᠭᠡᠮ ᠤᠨ ᠰᠣᠶᠣᠯ ᠤᠨ ᠣᠷᠴᠢᠨ ᠢ ᠴᠢᠷᠮᠠᠶᠢᠨ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠳᠡᠭᠡᠷ᠎ᠡ ᠪᠥᠬᠦ ᠬᠤᠰᠢᠭᠤᠨ ᠤ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠴᠢᠩᠭ᠎ᠠ ᠬᠢᠨᠠᠯᠲᠠ ᠬᠠᠮᠢᠶᠠᠷᠤᠯᠲᠠ᠂ ᠬᠠᠮᠤᠭ ᠤᠨ ᠴᠢᠩᠭ᠎ᠠ ᠰᠢᠢᠳᠬᠡᠯ᠂ ᠬᠠᠮᠤᠭ ᠤᠨ ᠴᠢᠩᠭ᠎ᠠ ᠬᠠᠷᠢᠭᠤᠴᠠᠯᠭ᠎ᠠ ᠨᠡᠬᠡᠮᠵᠢᠯᠡᠯ ︽ᠳᠥᠷᠪᠡᠨ ᠬᠠᠮᠤᠭ ᠤᠨ ᠴᠢᠩᠭ᠎ᠠ︾ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠢᠨᠠᠨ ᠬᠠᠮᠢᠶᠠᠷᠬᠤ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠪᠠᠷᠢᠮᠵᠢᠶ᠎ᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠥᠬᠦ ᠬᠤᠰᠢᠭᠤᠨ ᠤ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠪᠡᠯᠡᠳᠬᠡᠯ ᠵᠢᠱᠢᠭᠳᠡᠭᠴᠢ ᠶᠢᠨ ᠨᠥᠭᠡᠴᠡᠯᠡᠯᠲᠡ ᠵᠢᠴᠢ ᠣᠲᠣ ᠶᠢᠨ ︽ᠬᠤᠶᠠᠷ ᠵᠥᠪᠯᠡᠯ︾ ᠤᠨ ᠪᠠᠭ ᠤᠨ ᠳᠤᠮᠳᠠ ᠬᠤᠭᠤᠴᠠᠭᠠᠨ ᠤ ᠦᠨᠡᠯᠡᠯᠲᠡ ᠶᠢᠨ ᠬᠠᠮᠢᠶ᠎ᠠ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠯᠤᠰ ᠲᠥᠷᠥ ᠶᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠨ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢ ᠬᠥᠮᠥᠵᠢᠭᠦᠯᠦᠨ ᠨᠥᠭᠡᠴᠡᠯᠡᠬᠦ ᠠᠵᠢᠯ ᠤᠨ ᠪᠣᠳᠠᠲᠠᠢ ᠬᠡᠷᠡᠭᠴᠡᠭᠡ ᠶᠢ ᠲᠣᠳᠣᠷᠬᠠᠢ ᠲᠠᠨᠢᠬᠤ ᠬᠡᠷᠡᠭᠲᠡᠢ᠃ ᠤᠯᠤᠰ ᠲᠥᠷᠥ ᠶᠢᠨ ᠪᠠᠷᠢᠮᠵᠢᠶ᠎ᠠ ᠶᠢ ᠲᠡᠷᠢᠭᠦᠨ ᠪᠠᠶᠢᠷᠢᠨ ᠳᠤ ᠲᠠᠯᠪᠢᠨ᠂ ᠰᠤᠷᠤᠯᠭ᠎ᠠ ᠶᠢᠨ ᠨᠠᠮᠲᠠᠷ ᠢᠶᠠᠷ ᠥᠨᠳᠥᠷ᠂ ᠴᠢᠳᠠᠪᠤᠷᠢ ᠪᠠᠷ ᠰᠠᠶᠢᠨ ᠵᠠᠯᠠᠭᠤᠴᠤᠳ ᠢ ᠭᠠᠴᠠᠭ᠎ᠠ ᠲᠣᠰᠬᠤᠨ ᠤ ᠪᠡᠯᠡᠳᠬᠡᠯ ᠬᠦᠴᠦᠨ ᠤ ᠨᠥᠭᠡᠴᠡᠯᠡᠯᠲᠡ ᠶᠢᠨ ᠡᠩᠨᠡᠭᠡ ᠳᠤ ᠢᠯᠡᠭᠦᠬᠡᠨ ᠣᠷᠣᠭᠤᠯᠵᠤ᠂ ︽ᠬᠤᠶᠠᠷ ᠵᠥᠪᠯᠡᠯ︾ ᠤᠨ ᠪᠠᠭ ᠪᠣᠯᠣᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠡᠩᠨᠡᠭᠡ ᠶᠢᠨ ᠪᠦᠲᠦᠴᠡ ᠶᠢ ᠰᠢᠯᠢᠳᠡᠭᠵᠢᠭᠦᠯᠬᠦ᠂ ᠰᠠᠶᠢᠲᠤᠷ ᠣᠷᠴᠢᠯᠳᠤᠭᠤᠯᠬᠤ᠂ ᠪᠦᠬᠦᠯᠢ ᠴᠣᠭᠴᠠ ᠪᠠᠷ ᠬᠦᠴᠦᠷᠬᠡᠭᠵᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃  
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ