12 ᠳ᠋ᠤᠭᠠᠷ ᠰᠠᠷ᠎ᠠ ᠶᠢᠨ 27 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠬᠤᠰᠢᠭᠤ ᠨᠠᠮ ᠤᠨ | ᠬᠤᠷᠢᠶᠠᠨ ᠤ ᠱᠦᠵᠢ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠭᠤᠸ ᠬᠤᠸᠠᠢ ᠵᠢᠩ ᠬᠤᠷᠠᠯ ᠡᠷᠭᠢᠯᠡᠪᠡ᠃ | ᠬᠤᠷᠠᠯ ᠠᠴᠠ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ ᠲᠣᠭᠤᠰᠢᠯᠠᠭᠤᠯᠤᠨ᠂ | ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠭᠤᠣᠯ | ᠣᠶᠢᠯᠠᠭᠠᠭᠳᠠᠬᠤᠨ ᠪᠠ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠭᠦᠨᠵᠡᠭᠡᠢ ᠡᠵᠡᠮᠳᠡᠨ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠬᠢᠭᠡᠳ | ᠴᠢᠩᠭ᠎ᠠ ᠨᠢᠮᠪᠠᠢ ᠠᠵᠢᠯ ᠦᠢᠯᠡᠰᠴᠢ ᠰᠡᠳᠬᠢᠯᠭᠡ ᠪᠠᠷ ᠨᠢᠮᠪᠠᠢ ᠵᠣᠬᠢᠶᠠᠨ ᠪᠠᠶᠢᠭᠤᠯᠵᠤ᠂ ᠨᠢᠮᠪᠠᠢ ᠲᠣᠬᠢᠷᠠᠭᠤᠯᠤᠨ᠂ ᠡᠯ᠎ᠡ ᠵᠦᠢᠯ ᠤᠨ ᠵᠣᠷᠢᠭ ᠰᠠᠨᠠᠭ᠎ᠠ ᠶᠢ ᠣᠲᠤᠭ | ᠬᠤᠰᠢᠭᠤᠨ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠬᠤᠰᠢᠭᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠥᠬᠦᠳᠡ ᠬᠤᠷᠠᠯ ᠵᠢᠴᠢ ᠪᠥᠬᠦ | ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ 2024 ᠣᠨ ᠤ | ᠠᠵᠢᠯ ᠤᠨ ᠠᠮᠵᠢᠯᠲᠠ ᠶᠢ ᠰᠢᠰᠲ᠋ᠧᠮ ᠲᠠᠢ ᠪᠥᠬᠦ ᠲᠠᠯ᠎ᠠ ᠪᠠᠷ ᠡᠮᠬᠢᠯᠡᠵᠦ ᠬᠤᠷᠢᠶᠠᠩᠭᠤᠶᠢᠯᠠᠨ᠂ ᠠᠮᠵᠢᠯᠲᠠ ᠪᠦᠲᠦᠮᠵᠢ ᠪᠣᠯᠣᠨ ᠬᠦᠷᠦᠯᠴᠡᠬᠦ ᠦᠭᠡᠢ ᠲᠠᠯ᠎ᠠ ᠶᠢ | ᠡᠵᠡᠮᠳᠡᠵᠦ᠂ ᠰᠡᠳᠬᠢᠴᠡ ᠪᠠ ᠠᠴᠢᠶᠠᠯᠠᠪᠤᠷᠢ ᠶᠢ ᠪᠣᠳᠠᠲᠠᠶᠢᠵᠢᠭᠤᠯᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠨ᠂ 2025 ᠣᠨ ᠤ ᠡᠯ᠎ᠡ | ᠵᠦᠢᠯ ᠤᠨ ᠠᠵᠢᠯ ᠪᠠ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠲᠥᠯᠥᠪᠵᠢᠭᠦᠯᠵᠦ᠂ ᠴᠢᠨᠠᠷ | ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ᠶᠢ | ᠤᠯᠠᠮᠵᠢᠯᠠᠵᠤ᠂ ᠪᠥᠬᠦ ᠬᠤᠰᠢᠭᠤᠨ ᠤ ᠲᠤᠭ᠎ᠠ ᠪᠦᠷᠢᠳᠬᠡᠯ ᠤᠨ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠤᠭ᠎ᠠ | ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠲᠤᠭ᠎ᠠ ᠪᠦᠷᠢᠳᠬᠡᠯ ᠤᠨ ᠵᠠᠳᠠᠯᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠲᠤᠭ᠎ᠠ | ᠪᠦᠷᠢᠳᠬᠡᠯ ᠤᠨ ᠰᠠᠭᠤᠷᠢ ᠶᠢ ᠪᠠᠲᠤᠳᠬᠠᠨ᠂ ᠲᠤᠭ᠎ᠠ ᠪᠦᠷᠢᠳᠬᠡᠯ ᠤᠨ ᠬᠠᠷᠢᠭᠤᠴᠠᠯᠭ᠎ᠠ ᠶᠢᠨ ᠤᠬᠠᠮᠰᠠᠷ ᠢ ᠴᠢᠩᠭᠠᠳᠬᠠᠵᠤ᠂ ᠲᠤᠭ᠎ᠠ ᠪᠦᠷᠢᠳᠬᠡᠯ ᠤᠨ ᠠᠵᠤ ᠠᠬᠤᠢ | ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠴᠢᠳᠠᠪᠤᠷᠢ ᠪᠠ ᠲᠦᠪᠰᠢᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠪᠥᠬᠦ ᠬᠤᠰᠢᠭᠤᠨ ᠤ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ | ᠬᠥᠩᠭᠡᠷᠡᠭᠦᠯᠬᠦ᠂ ᠦᠨᠳᠦᠰᠦᠨ ᠱᠠᠲᠤᠨ ᠤ ᠵᠠᠰᠠᠯᠲᠠ ᠶᠢᠨ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ | ᠬᠢᠭᠡᠳ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠨ᠂ | ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠢ ᠠᠬᠢᠭᠤᠯᠬᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠠᠵᠢᠯ ᠢ | ᠵᠣᠬᠢᠴᠠᠭᠤᠯᠬᠤ ᠭᠤᠷᠪᠠᠨ ᠵᠦᠢᠯ ᠤᠨ ᠠᠵᠢᠯ ᠢ ᠨᠠᠶᠢᠳᠠᠪᠤᠷᠢᠵᠢᠭᠤᠯᠤᠨ᠂ ᠨᠢᠭᠡ ᠴᠣᠭᠴᠠᠵᠢᠭᠤᠯᠤᠨ ᠪᠣᠳᠠᠲᠠᠢ ᠠᠳᠬᠤᠵᠤ ᠠᠬᠢᠭᠤᠯᠬᠤ ᠬᠡᠷᠡᠭᠲᠡᠢ᠃ ︽ᠦᠨᠳᠦᠰᠦᠨ | ᠳ᠋ᠠᠶᠢᠲ᠋ᠠ ᠶᠢᠨ ᠬᠥᠮᠥᠷᠭᠡ︾ ᠶᠢᠨ ᠪᠣᠳᠠᠲᠠᠢ ᠦᠢᠯᠡᠳᠦᠯ ᠢ ᠭᠦᠢᠴᠡᠳ ᠪᠠᠳᠠᠷᠠᠭᠤᠯᠤᠨ᠂ ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠵᠦ᠂ ᠦᠨᠳᠦᠰᠦᠨ ᠱᠠᠲᠤᠨ ᠤ | ᠮᠡᠳᠡᠭᠦᠯᠬᠦ ᠬᠦᠰᠦᠨᠦᠭᠲᠦ ᠶᠢ ᠴᠥᠭᠡᠳᠬᠡᠨ᠂ ᠲᠣᠭᠠᠴᠢᠯᠠᠭᠰᠠᠨ ᠣᠶᠤᠨᠲᠤ ᠲᠠᠪᠴᠠᠩ ᠢᠶᠠᠷ ᠦᠨᠳᠦᠰᠦᠨ ᠱᠠᠲᠤᠨ ᠤ ᠵᠠᠰᠠᠯᠲᠠ ᠳᠤ ᠬᠦᠴᠦᠨ ᠨᠡᠮᠡᠷᠢᠯᠡᠬᠦ ᠴᠢᠨᠠᠷ | ᠴᠢᠨᠰᠠᠭ᠎ᠠ ᠪᠠ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠨᠡᠶᠢᠭᠡᠮ ᠲᠣᠭᠤᠷᠢᠭ ᠤᠨ ᠬᠠᠮᠲᠤ ᠶᠢᠨ ᠠᠵᠤ ᠠᠬᠤᠢ ᠶᠢ ᠦᠷᠭᠦᠯᠵᠢᠯᠡᠨ | ᠰᠦᠪᠡᠭᠴᠢᠯᠡᠨ ᠬᠥᠭᠵᠢᠭᠦᠯᠵᠦ᠂ ᠠᠳᠠᠯ ᠠᠬᠤᠢ ᠶᠢᠨ ᠬᠠᠮᠢᠶᠠᠷᠤᠯᠲᠠ ᠪᠠᠷ ᠭᠠᠷᠳᠠᠴᠠ ᠪᠣᠯᠭᠠᠨ᠂ ᠨᠡᠶᠢᠭᠡᠮ ᠲᠣᠭᠤᠷᠢᠭ ᠤᠨ ᠪᠡᠶ᠎ᠡ ᠪᠠᠨ ᠳᠠᠭᠠᠭᠠᠭᠰᠠᠨ ︽ᠴᠢᠰᠤ | ᠪᠦᠲᠦᠭᠡᠬᠦ ᠴᠢᠳᠠᠮᠵᠢ︾ ᠶᠢ ᠴᠢᠩᠭᠠᠳᠬᠠᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠦᠢᠯᠡᠳᠦᠯ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠬᠦ | ᠬᠡᠷᠡᠭᠲᠡᠢ ᠭᠡᠪᠡ᠃ | ᠬᠤᠷᠠᠯ ᠠᠴᠠ ᠪᠦᠬᠦ ᠬᠤᠰᠢᠭᠤᠨ ᠤ ᠦᠵᠡᠯ ᠰᠠᠨᠠᠭ᠎ᠠ ᠤᠯᠤᠰ ᠲᠦᠷᠦ ᠪᠣᠯᠣᠨ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ | ᠪᠠᠶᠢᠭᠤᠯᠤᠯᠲᠠ᠂ ︽ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠢ ᠥᠷᠨᠢᠭᠦᠯᠦᠭᠰᠡᠨ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠤᠨ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠰᠢᠨ᠎ᠡ ᠴᠠᠭ ᠦᠶ᠎ᠡ ᠳᠤ ᠦᠵᠡᠯ ᠰᠠᠨᠠᠭ᠎ᠠ | ᠤᠯᠤᠰ ᠲᠥᠷᠥ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠰᠠᠨᠠᠯ︾ ᠢ ᠬᠢᠨᠠᠮᠠᠭᠠᠢ ᠲᠣᠭᠤᠰᠢᠯᠠᠭᠤᠯᠵᠤ ᠨᠠᠶᠢᠳᠠᠪᠤᠷᠢᠵᠢᠭᠤᠯᠤᠨ᠂ ᠪᠥᠬᠦ | ᠬᠤᠰᠢᠭᠤ ᠪᠠᠷ ᠢᠶᠠᠨ ᠦᠵᠡᠯ ᠰᠠᠨᠠᠭ᠎ᠠ ᠪᠠᠨ ᠨᠢᠭᠡᠳᠬᠡᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠤᠨ᠂ ᠲᠡᠮᠡᠴᠡᠯ ᠤᠨ ᠵᠣᠷᠢᠭ ᠢᠶᠠᠨ ᠬᠥᠪᠴᠢᠯᠡᠨ᠂ ᠪᠦᠯᠬᠦᠮᠳᠡᠨ | ᠲᠡᠮᠡᠴᠡᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠢᠳᠡ ᠬᠦᠴᠦᠲᠡᠢ ᠦᠵᠡᠯ ᠰᠠᠨᠠᠭ᠎ᠠ ᠤᠯᠤᠰ ᠲᠥᠷᠥ ᠶᠢᠨ ᠪᠠᠲᠤᠯᠠᠭ᠎ᠠ | ᠬᠠᠩᠭᠠᠬᠤ ᠬᠡᠷᠡᠭᠲᠡᠢ᠃ ᠶᠣᠰᠣ ᠰᠤᠷᠲᠠᠬᠤᠨ ᠢ ᠪᠤᠢ ᠪᠣᠯᠭᠠᠵᠤ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠲᠠᠢ ᠨᠢᠭᠲᠠ ᠤᠶᠠᠯᠳᠤᠭᠤᠯᠤᠨ᠂ ᠨᠡᠶᠢᠭᠡᠮ | ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠶᠡᠬᠡᠪᠡᠷ ᠪᠣᠶᠢᠵᠢᠭᠤᠯᠤᠨ ᠦᠢᠯᠡᠳᠦᠯᠭᠡᠵᠢᠭᠦᠯᠵᠦ᠂ ᠨᠠᠰᠤᠨ ᠳᠤ ᠦᠯᠤ ᠬᠥᠷᠦᠭᠰᠡᠳ ᠤᠨ ᠦᠵᠡᠯ ᠰᠠᠨᠠᠭ᠎ᠠ | ᠶᠣᠰᠣ ᠰᠤᠷᠲᠠᠬᠤᠨ ᠤ ᠪᠠᠶᠢᠭᠤᠯᠤᠯᠲᠠ ᠶᠢᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠳᠠ ᠦᠭᠡᠢ ᠡᠭᠦᠳᠬᠦ ᠬᠡᠷᠡᠭᠲᠡᠢ᠃ ︽ᠱᠠᠯᠢᠭ ᠵᠠᠪᠬᠠᠢ ᠵᠦᠢᠯᠡᠰ ᠢ ᠠᠷᠢᠯᠭᠠᠵᠤ | ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠲᠤᠰᠬᠠᠢ ᠪᠠᠶᠢᠴᠠᠭᠠᠯᠲᠠ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠠᠤᠯᠢ ᠪᠤᠰᠤ ᠪᠠᠷ ᠬᠡᠪᠯᠡᠨ | ᠲᠠᠷᠬᠠᠭᠠᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠂ ᠰᠤᠷᠲᠠᠯ ᠴᠢᠬᠡᠴᠢ ᠣᠪᠣᠷ ᠲᠥᠪ ᠨᠡᠶᠢᠭᠡᠮ ᠤᠨ ᠰᠣᠶᠣᠯ ᠤᠨ ᠣᠷᠴᠢᠨ ᠢ ᠴᠢᠷᠮᠠᠶᠢᠨ ᠪᠤᠢ ᠪᠣᠯᠭᠠᠬᠤ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠳᠡᠭᠡᠷ᠎ᠡ ᠪᠥᠬᠦ ᠬᠤᠰᠢᠭᠤᠨ ᠤ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠴᠢᠩᠭ᠎ᠠ ᠬᠢᠨᠠᠯᠲᠠ ᠬᠠᠮᠢᠶᠠᠷᠤᠯᠲᠠ᠂ ᠬᠠᠮᠤᠭ ᠤᠨ ᠴᠢᠩᠭ᠎ᠠ ᠰᠢᠢᠳᠬᠡᠯ᠂ | ᠬᠠᠮᠤᠭ ᠤᠨ ᠴᠢᠩᠭ᠎ᠠ ᠬᠠᠷᠢᠭᠤᠴᠠᠯᠭ᠎ᠠ ᠨᠡᠬᠡᠮᠵᠢᠯᠡᠯ ︽ᠳᠥᠷᠪᠡᠨ ᠬᠠᠮᠤᠭ ᠤᠨ ᠴᠢᠩᠭ᠎ᠠ︾ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠢᠨᠠᠨ ᠬᠠᠮᠢᠶᠠᠷᠬᠤ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠪᠠᠷᠢᠮᠵᠢᠶ᠎ᠠ ᠪᠠᠷ ᠬᠥᠲᠥᠯᠥᠨ | ᠳᠠᠭᠠᠭᠤᠯᠬᠤ ᠶᠢ ᠪᠠᠷᠢᠮᠲᠠᠯᠠᠵᠤ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠪᠥᠬᠦ ᠬᠤᠰᠢᠭᠤᠨ ᠤ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠪᠡᠯᠡᠳᠬᠡᠯ | ᠵᠢᠱᠢᠭᠳᠡᠭᠴᠢ ᠶᠢᠨ ᠨᠥᠭᠡᠴᠡᠯᠡᠯᠲᠡ ᠵᠢᠴᠢ ᠣᠲᠣ ᠶᠢᠨ ︽ᠬᠤᠶᠠᠷ ᠵᠥᠪᠯᠡᠯ︾ ᠤᠨ ᠪᠠᠭ ᠤᠨ ᠳᠤᠮᠳᠠ ᠬᠤᠭᠤᠴᠠᠭᠠᠨ ᠤ ᠦᠨᠡᠯᠡᠯᠲᠡ ᠶᠢᠨ ᠬᠠᠮᠢᠶ᠎ᠠ ᠪᠦᠬᠦᠢ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠯᠤᠰ ᠲᠥᠷᠥ ᠶᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠨ᠂ ᠭᠠᠴᠠᠭ᠎ᠠ ᠲᠣᠰᠬᠤᠨ ︵ᠨᠡᠶᠢᠭᠡᠮ | ᠲᠣᠭᠤᠷᠢᠭ︶ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢ ᠬᠥᠮᠥᠵᠢᠭᠦᠯᠦᠨ ᠨᠥᠭᠡᠴᠡᠯᠡᠬᠦ ᠠᠵᠢᠯ ᠤᠨ ᠪᠣᠳᠠᠲᠠᠢ ᠬᠡᠷᠡᠭᠴᠡᠭᠡ ᠶᠢ ᠲᠣᠳᠣᠷᠬᠠᠢ ᠲᠠᠨᠢᠬᠤ | ᠬᠡᠷᠡᠭᠲᠡᠢ᠃ ᠤᠯᠤᠰ ᠲᠥᠷᠥ ᠶᠢᠨ ᠪᠠᠷᠢᠮᠵᠢᠶ᠎ᠠ ᠶᠢ ᠲᠡᠷᠢᠭᠦᠨ ᠪᠠᠶᠢᠷᠢᠨ ᠳᠤ ᠲᠠᠯᠪᠢᠨ᠂ ᠰᠤᠷᠤᠯᠭ᠎ᠠ ᠶᠢᠨ ᠨᠠᠮᠲᠠᠷ ᠢᠶᠠᠷ ᠥᠨᠳᠥᠷ᠂ ᠴᠢᠳᠠᠪᠤᠷᠢ ᠪᠠᠷ ᠰᠠᠶᠢᠨ | ᠵᠠᠯᠠᠭᠤᠴᠤᠳ ᠢ ᠭᠠᠴᠠᠭ᠎ᠠ ᠲᠣᠰᠬᠤᠨ ᠤ ᠪᠡᠯᠡᠳᠬᠡᠯ ᠬᠦᠴᠦᠨ ᠤ ᠨᠥᠭᠡᠴᠡᠯᠡᠯᠲᠡ ᠶᠢᠨ ᠡᠩᠨᠡᠭᠡ ᠳᠤ ᠢᠯᠡᠭᠦᠬᠡᠨ ᠣᠷᠣᠭᠤᠯᠵᠤ᠂ ︽ᠬᠤᠶᠠᠷ ᠵᠥᠪᠯᠡᠯ︾ ᠤᠨ ᠪᠠᠭ | ᠪᠣᠯᠣᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠡᠩᠨᠡᠭᠡ ᠶᠢᠨ ᠪᠦᠲᠦᠴᠡ ᠶᠢ ᠰᠢᠯᠢᠳᠡᠭᠵᠢᠭᠦᠯᠬᠦ᠂ ᠰᠠᠶᠢᠲᠤᠷ ᠣᠷᠴᠢᠯᠳᠤᠭᠤᠯᠬᠤ᠂ ᠪᠦᠬᠦᠯᠢ | ᠴᠣᠭᠴᠠ ᠪᠠᠷ ᠬᠦᠴᠦᠷᠬᠡᠭᠵᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃ | | | |