ᠰᠠᠷ
ᠨᠡᠶᠢᠲᠡᠯᠡᠭᠰᠡᠨ ᠴᠠᠭ᠄
2024/12/3
      ᠰᠠᠷ ᠪᠣᠯ ᠭᠤᠣᠯᠳᠠᠭᠤ ᠠᠭᠤᠯᠠᠷᠬᠠᠭ ᠭᠠᠵᠠᠷ ᠬᠢᠭᠡᠳ ᠬᠡᠭᠡᠷ᠎ᠡ ᠲᠠᠯ᠎ᠠ ᠳᠤ ᠣᠷᠣᠰᠢᠨ ᠠᠮᠢᠳᠤᠷᠠᠳᠠᠭ᠃ ᠵᠠᠩ ᠴᠢᠨᠠᠷ ᠨᠢ ᠲᠣᠭᠰᠢᠨ᠂ ᠲᠤᠶᠢᠯ ᠤᠨ ᠬᠤᠷᠴᠠ ᠰᠡᠷᠭᠡᠢ᠂ ᠬᠠᠯᠢᠨ ᠨᠢᠰᠬᠦ ᠨᠢ ᠤᠶᠠᠨ ᠬᠠᠳᠠᠨ᠂ ᠦᠷᠭᠦᠯᠵᠢ ᠲᠣᠭᠤᠷᠢᠭ ᠬᠡᠯᠪᠡᠷᠢᠲᠡᠢ ᠪᠠᠷ ᠳᠤᠭᠤᠶᠢᠯᠠᠨ ᠨᠢᠰᠳᠡᠭ᠃ ᠭᠤᠣᠯᠳᠠᠭᠤ ᠮᠡᠷᠡᠭᠴᠢ ᠠᠮᠢᠲᠠᠨ ᠢ ᠢᠳᠡᠨ᠎ᠡ᠂ ᠲᠡᠷᠡ ᠪᠣᠯ ᠪᠡᠯᠴᠢᠭᠡᠷ ᠤᠨ ᠬᠤᠯᠤᠭᠠᠨ᠎ᠠ ᠶᠢᠨ ᠭᠤᠣᠯ ᠳᠠᠷᠤᠯᠭ᠎ᠠ ᠮᠥᠨ᠃      ᠰᠠᠷ ᠤᠯᠤᠰ ᠤᠨ ᠬᠤᠶᠠᠳᠤᠭᠠᠷ ᠲᠡᠰ ᠤᠨ ᠬᠠᠮᠠᠭᠠᠯᠠᠯᠲᠠ ᠶᠢᠨ ᠠᠮᠢᠲᠠᠨ ᠪᠣᠯᠣᠭᠰᠠᠨ ᠤ ᠬᠤᠪᠢ ᠳᠤ ᠨᠤᠲᠤᠭ ᠪᠡᠯᠴᠢᠭᠡᠷ ᠢ ᠬᠠᠮᠠᠭᠠᠯᠠᠬᠤ᠂ ᠨᠤᠲᠤᠭ ᠪᠡᠯᠴᠢᠭᠡᠷ ᠤᠨ ᠬᠤᠯᠤᠭᠠᠨ᠎ᠠ ᠶᠢᠨ ᠬᠥᠨᠥᠭᠡᠯ ᠢ ᠤᠰᠠᠳᠬᠠᠬᠤ ᠳᠤ ᠲᠤᠩ ᠶᠡᠭᠡ ᠦᠢᠯᠡᠳᠦᠯ ᠲᠠᠢ ᠶᠤᠮ᠃ ᠣᠶᠢᠷ᠎ᠠ ᠶᠢᠨ ᠵᠢᠯ ᠠᠴᠠ ᠬᠦᠮᠦᠨ ᠲᠥᠷᠥᠯᠬᠢᠲᠡᠨ ᠤ ᠠᠵᠢᠯᠯᠠᠭᠠᠨ ᠤ ᠬᠠᠷᠰᠢᠯᠠᠯ ᠠᠴᠠ ᠪᠣᠯᠵᠤ ᠣᠳᠣ ᠲᠤᠭ᠎ᠠ ᠨᠢ ᠨᠡᠯᠢᠶᠡᠳ ᠴᠥᠭᠡᠷᠡᠭᠰᠡᠨ ᠪᠠᠶᠢᠨ᠎ᠠ᠃                      ︽ᠤᠲᠤᠭ ᠤᠨ ᠠᠮᠢᠳᠤ ᠪᠤᠳᠠᠰ ᠤᠨ ᠡᠬᠢ ᠪᠠᠶᠠᠯᠢᠭ︾  ᠪᠠᠭᠠᠲᠤᠷ ᠨᠠᠶᠢᠷᠠᠭᠤᠯᠤᠨ ᠵᠤᠬᠢᠶᠠᠪᠠ
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ