ᠰᠢᠨ᠎ᠡ ᠵᠢᠯ ᠤᠨ ᠪᠠᠶᠠᠷ ᠤᠨ ᠦᠭᠡ | ᠳᠤᠮᠳᠠᠳᠤ ᠤᠯᠤᠰ ᠤᠨ ᠡᠪ ᠬᠠᠮᠲᠤ ᠨᠠᠮ ᠤᠨ ᠣᠲᠤᠭ ᠬᠤᠰᠢᠭᠤᠨ ᠤ ᠬᠤᠷᠢᠶ᠎ᠠ | ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ | | | ᠨᠠᠶᠢᠵᠠ ᠨᠠᠷ ᠡ᠄ | ᠥᠩᠭᠡᠷᠡᠨ ᠤᠳᠤᠭᠰᠠᠨ 2024 ᠣᠨ ᠢᠶᠠᠨ ᠡᠷᠭᠢᠴᠡᠭᠦᠯᠬᠦᠶ᠎ᠡ᠂ ᠪᠥᠬᠦ ᠬᠤᠰᠢᠭᠤᠨ ᠤ ᠠᠷᠠᠳ ᠲᠦᠮᠡᠨ ᠠᠷᠢᠭᠤᠨ ᠬᠥᠯᠥᠰᠦ ᠪᠠᠷ ᠢᠶᠠᠨ ᠠᠮᠵᠢᠯᠲᠠ | ᠡᠭᠦᠳᠴᠦ᠂ ᠰᠢᠷᠭᠠᠭᠤ ᠴᠢᠷᠮᠠᠶᠢᠯᠭ᠎ᠠ ᠪᠠᠷ ᠢᠶᠠᠨ ᠬᠤᠰᠢᠭᠤᠨ ᠳᠤ ᠪᠠᠨ ᠥᠩᠭᠡ ᠭᠢᠯᠪᠠᠭ᠎ᠠ ᠨᠡᠮᠡᠷᠢᠯᠡᠪᠡ᠃ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ | ᠪᠠ ︽ᠵᠢᠷᠭᠤᠭᠠᠨ ᠢᠨᠵᠧᠨᠧᠷᠢᠩ︾᠂ ᠬᠤᠲᠠ ᠶᠢᠨ ᠨᠠᠮ ᠤᠨ ᠬᠤᠷᠢᠶ᠎ᠠ ᠶᠢᠨ ︽ᠭᠤᠷᠪᠠᠨ ᠳᠥᠷᠪᠡ︾ ᠶᠢᠨ ᠠᠵᠢᠯ ᠤᠨ ᠡᠭᠦᠷᠭᠡ᠂ ᠮᠠᠨ ᠤ ᠬᠤᠰᠢᠭᠤᠨ ᠤ ︽ | ᠲᠤᠯᠤᠭᠠᠨ ᠵᠢᠯ︾ ᠵᠡᠷᠭᠡ ᠠᠵᠢᠯ ᠤᠳ ᠢ ᠰᠠᠶᠢᠲᠤᠷ ᠬᠢᠪᠡ᠃ ᠬᠠᠭᠤᠴᠢᠨ ᠵᠢᠯ ᠢᠶᠠᠨ ᠦᠳᠡᠵᠦ ᠰᠢᠨ᠎ᠡ ᠵᠢᠯ ᠢᠶᠠᠨ ᠤᠭᠲᠤᠬᠤ ᠲᠠᠰᠢᠷᠠᠮ ᠢᠶᠠᠷ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠤᠲᠤᠭ ᠬᠤᠰᠢᠭᠤᠨ ᠤ ᠬᠤᠷᠢᠶ᠎ᠠ᠂ ᠤᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠪᠦᠬᠦ ᠬᠤᠰᠢᠭᠤᠨ ᠤ | ᠠᠷᠠᠳ ᠲᠦᠮᠡᠨ ᠳᠤ ᠰᠢᠨ᠎ᠡ ᠵᠢᠯ ᠤᠨ ᠵᠥᠩᠨᠡᠯ ᠢᠶᠠᠨ ᠲᠡᠪᠰᠢᠭᠦᠯᠦᠶ᠎ᠡ︕ ᠤᠳᠤᠭ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠡᠯ᠎ᠡ ᠡᠲᠡᠭᠡᠳ ᠤᠨ ᠬᠥᠮᠥᠰ ᠲᠤ | ᠴᠢᠩ ᠰᠡᠳᠬᠢᠯ ᠤᠨ ᠮᠡᠨᠳᠦᠴᠢᠯᠡᠯ ᠪᠣᠯᠣᠨ ᠰᠢᠨ᠎ᠡ ᠵᠢᠯ ᠤᠨ ᠮᠠᠨᠳᠤ ᠬᠦᠷᠭᠡᠶ᠎ᠡ︕ | ᠡᠨᠡ ᠨᠢᠭᠡ ᠵᠢᠯ ᠳᠤ᠂ ᠪᠢᠳᠡᠨ ᠤ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠭᠤᠣᠯ ᠰᠢᠵᠢᠮ ᠢ ᠲᠣᠭᠤᠰᠢᠯᠠᠭᠤᠯᠤᠨ᠂ ᠡᠯᠢᠭᠡᠨ ᠬᠠᠶᠢᠷᠠᠲᠤ ᠤᠳᠤᠭ ᠢ | ᠬᠠᠮᠲᠤ ᠪᠠᠷ ᠪᠦᠲᠦᠭᠡᠨ ᠪᠠᠶᠢᠭᠤᠯᠬᠤ ᠡᠷᠴᠢ ᠵᠣᠷᠢᠭ ᠨᠡᠩ ᠲᠡᠭᠦᠯᠳᠡᠷᠵᠢᠪᠡ᠃ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ᠂ ᠶᠡᠷᠦᠩᠬᠡᠢ ᠱᠦᠵᠢ | ᠰᠢ ᠶᠢᠨ ᠫᠢᠩ ᠤᠨ ᠥᠪᠥᠷ ᠮᠣᠩᠭᠤᠯ ᠳᠤ ᠬᠢᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠣᠭᠤᠰᠢᠯᠠᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ ︽ᠵᠢᠷᠭᠤᠭᠠᠨ ᠥᠭᠦᠯᠡᠪᠦᠷᠢ ᠶᠢᠨ | ᠪᠣᠳᠠᠲᠤ ᠶᠠᠪᠤᠳᠠᠯ ᠪᠠ ᠶᠣᠰᠣ ᠤᠴᠢᠷ︾ ᠢ ᠦᠨᠡᠨᠬᠦ ᠲᠣᠳᠣᠷᠬᠠᠢ ᠶᠠᠷᠢᠵᠤ᠂ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ | ᠬᠤᠰᠢᠭᠤᠨ ᠤ ᠳᠠᠬᠢᠨ ᠰᠢᠯᠭᠠᠯᠲᠠ ᠶᠢ ᠠᠮᠵᠢᠯᠲᠠᠲᠠᠢ ᠥᠩᠭᠡᠷᠡᠭᠡᠨ᠂ ᠣᠲᠤᠭᠴᠤᠳ ᠨᠠᠮ ᠤᠨ ᠠᠴᠢ ᠶᠢ ᠰᠡᠳᠬᠢᠯ ᠠᠴᠠ ᠪᠠᠨ ᠮᠡᠳᠡᠷᠡᠵᠦ᠂ ᠨᠠᠮ ᠤᠨ ᠦᠭᠡ ᠶᠢ | ᠰᠤᠨᠤᠰᠤᠨ᠂ ᠨᠠᠮ ᠢᠶᠠᠨ ᠳᠠᠭᠠᠵᠤ ᠤᠷᠤᠭᠰᠢᠯᠠᠪᠠ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠰᠢᠷᠢᠰ ᠠᠵᠢᠯᠯᠠᠭ᠎ᠠ ᠪᠠᠷ | ᠪᠡᠶ᠎ᠡ ᠨᠢ ᠲᠠᠯ᠎ᠠ ᠨᠤᠲᠤᠭ ᠲᠤ᠂ ᠰᠡᠳᠬᠢᠯ ᠨᠢ ᠡᠬᠡ ᠤᠷᠤᠨ ᠲᠠᠢ ᠪᠠᠨ ᠬᠠᠮᠲᠤ ᠪᠠᠶᠢᠬᠤ ᠪᠣᠷᠣᠭᠵᠢᠭᠤᠨ ᠰᠡᠳᠬᠢᠯᠭᠡ ᠶᠢ ᠭᠡᠷᠡᠴᠢᠯᠡᠪᠡ᠃ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠢ ᠠᠵᠢᠯ ᠬᠢᠵᠦ ᠦᠢᠯᠡᠰ ᠪᠦᠲᠦᠭᠡᠬᠦ ᠶᠢᠨ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ︽ | ᠪᠠᠯᠭᠠᠰᠤ ᠶᠢᠨ ᠺᠠᠳ᠋ᠷ ᠢ ᠳᠤᠷᠤᠭᠰᠢ ᠲᠣᠮᠢᠯᠠᠨ ᠭᠠᠴᠠᠭ᠎ᠠ ᠲᠣᠰᠬᠤᠨ ᠢ ᠬᠦᠴᠦᠷᠬᠡᠭᠵᠢᠭᠦᠯᠬᠦ︾ ᠪᠠᠷ ᠦᠨᠳᠦᠰᠦᠨ ᠱᠠᠲᠤᠨ ᠤ ᠳᠠᠷᠤᠭᠠᠰᠤ ᠶᠢ ᠦᠨᠡᠨᠬᠦ ᠬᠥᠩᠭᠡᠷᠡᠭᠦᠯᠵᠦ᠂ | ︽ᠬᠥᠭᠵᠢᠭᠦᠯᠬᠦ ᠳᠤ ᠪᠦᠲᠦᠮᠵᠢ ᠶᠢ ᠴᠢᠬᠤᠯᠠᠴᠢᠯᠠᠬᠤ᠂ ᠠᠵᠢᠯᠯᠠᠬᠤ ᠳᠤ ᠲᠡᠷᠢᠭᠦᠨ ᠳᠤ ᠣᠷᠣᠬᠤ ᠪᠠᠷ ᠴᠢᠷᠮᠠᠶᠢᠬᠤ᠂ ᠠᠵᠢᠯ ᠢ ᠨᠠᠶᠢᠳᠠᠪᠤᠷᠢᠵᠢᠭᠤᠯᠬᠤ ᠶᠢ ᠳᠡᠭᠡᠳᠦᠯᠡᠬᠦ︾ | ᠪᠠᠷ ᠤᠳᠤᠭᠴᠤᠳ ᠤᠨ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠪᠠ ᠦᠢᠯᠡ ᠠᠵᠢᠯᠯᠠᠭ᠎ᠠ ᠶᠢᠨ ᠤᠬᠠᠮᠰᠠᠷ ᠪᠣᠯᠭᠠᠪᠠ᠃ ᠤᠳᠠᠭ᠎ᠠ ᠪᠦᠷᠢ ᠶᠢᠨ | ᠪᠠᠶᠢᠷᠢᠯᠠᠭᠤᠯᠤᠯᠲᠠ ᠬᠢᠵᠦ᠂ ᠰᠢᠢᠳᠪᠦᠷᠢᠲᠦ ᠪᠣᠳᠣᠯᠭ᠎ᠠ ᠲᠣᠭᠲᠠᠭᠠᠨ᠂ ᠦᠢᠯᠡ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠬᠤ ᠨᠢ ᠴᠥᠮ ︽ᠨᠠᠮ ᠲᠠᠢ ᠪᠠᠨ | ᠰᠡᠳᠬᠢᠯ ᠨᠢᠭᠡ︾᠂ ︽ᠠᠷᠠᠳ ᠤᠨ ᠬᠦᠰᠡᠯ ᠱᠠᠭᠠᠷᠳᠠᠯᠭ᠎ᠠ ᠪᠣᠯ ᠳᠠᠷᠤᠢ ᠤᠭ ᠰᠠᠨᠠᠭ᠎ᠠ ᠮᠥᠨ︾ ᠭᠡᠳᠡᠭ ᠤᠨ ᠠᠮᠢᠳᠤᠯᠢᠭ ᠦᠢᠯᠡᠳᠦᠯᠭᠡ ᠪᠣᠯᠣᠨ᠎ᠠ᠃ | ᠡᠨᠡ ᠨᠢᠭᠡ ᠵᠢᠯ ᠳᠤ᠂ ᠪᠢᠳᠡ ᠬᠦᠴᠢᠷ ᠢ ᠰᠥᠷᠦᠨ ᠤᠷᠤᠭᠰᠢᠯᠠᠵᠤ᠂ ᠰᠢᠨ᠎ᠡ ᠶᠢ ᠡᠭᠦᠳᠬᠦ ᠪᠠᠷ ᠴᠢᠷᠮᠠᠶᠢᠨ᠂ ᠡᠯᠢᠭᠡᠨ ᠬᠠᠶᠢᠷᠠᠲᠤ ᠤᠳᠤᠭ ᠢᠶᠠᠨ ᠪᠦᠲᠦᠭᠡᠨ | ᠪᠠᠶᠢᠭᠤᠯᠬᠤ ᠬᠥᠳᠡᠯᠭᠡᠬᠦ ᠬᠦᠴᠦᠨ ᠨᠡᠩ ᠴᠢᠩᠭᠠᠷᠠᠪᠠ᠃ ᠪᠢᠳᠡ ᠴᠢᠳᠠᠪᠤᠷᠢᠲᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠨᠠᠷ | ᠰᠠᠶᠢᠲᠠᠢ ᠬᠥᠭᠵᠢᠯᠲᠡ ᠶᠢᠨ ᠨᠡᠮᠡᠷᠢᠯᠡᠬᠦ ᠬᠦᠴᠦᠨ ᠪᠣᠯᠭᠠᠬᠤ ᠪᠠᠷ ᠬᠦᠴᠦᠲᠡᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠯᠢ | ᠣᠯᠠᠨ ᠦᠷ᠎ᠡ ᠪᠦᠲᠦᠭᠡᠯ ᠢ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠪᠣᠯᠭᠠᠪᠠ᠃ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ | ᠤᠤᠮᠧᠨ ᠤ ᠶᠡᠭᠡ ᠪᠤᠯᠤᠩ ᠤᠨ ᠣᠷᠣᠨ᠂ ᠰᠧᠴᠤᠸᠠᠨ ᠴᠦᠩᠴᠢᠩ ᠣᠷᠣᠨ ᠳᠤ ᠪᠠᠶᠢᠭ᠎ᠠ ᠬᠤᠳᠠᠯᠳᠤᠭᠠᠴᠢᠨ ᠤᠷᠢᠵᠤ ᠪᠡᠯᠡ ᠲᠠᠲᠠᠬᠤ᠂ ᠴᠢᠳᠠᠪᠤᠷᠢᠲᠠᠨ ᠤᠷᠢᠵᠤ | ᠤᠶᠣᠨ ᠢ ᠬᠤᠷᠠᠮᠳᠤᠭᠤᠯᠬᠤ ᠠᠵᠢᠯ ᠤᠨ ᠥᠷᠲᠡᠭᠡ ᠨᠢ ︽ᠣᠶᠤᠨ ᠢ ᠬᠤᠷᠠᠮᠳᠤᠭᠤᠯᠬᠤ︾ ᠭᠠᠵᠠᠷ ᠪᠣᠯᠵᠤ᠂ ᠤᠯᠤᠰ ᠤᠨ ᠳᠡᠰ ᠤᠨ ᠵᠢᠵᠢᠭ ᠠᠪᠤᠷᠭᠤ ᠠᠵᠤ | ᠠᠬᠤᠶᠢᠯᠠᠯ ᠳᠤ ᠰᠢᠨ᠎ᠡ ᠪᠦᠷᠢᠯᠳᠦᠭᠦᠨ ᠨᠡᠮᠡᠨ᠂ ᠦᠢᠯᠡᠳᠬᠦᠨ ᠤ T ᠬᠡᠯᠪᠡᠷᠢ ᠶᠢᠨ ᠪᠥᠭᠡᠭᠡᠨᠡᠷᠡᠯ ᠡᠲ᠋ᠧᠨᠢᠯ ᠠᠯᠺᠣᠣᠯ ᠨᠢ ᠤᠯᠤᠰ ᠤᠨ ᠳᠣᠲᠣᠭᠠᠳᠤ ᠶᠢᠨ ᠮᠡᠷᠭᠡᠵᠢᠯ ᠤᠨ | ᠬᠤᠭᠤᠰᠤᠨ ᠢ ᠨᠥᠬᠦᠪᠦᠷᠢᠯᠡᠵᠦ᠂ ᠪᠦᠬᠦ ᠤᠯᠤᠰ ᠤᠨ ᠠᠩᠬᠠᠳᠠᠭᠴᠢ ︽ᠠᠦ᠋ᠲ᠋ᠣ᠋ ᠮᠠᠰᠢᠨ ᠵᠢᠯᠤᠭᠤᠳᠤᠯᠭ᠎ᠠ + ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠦᠭᠡᠢ | ᠲᠣᠭᠤᠰᠣ ᠳᠡᠭᠳᠡᠬᠦ ᠦᠭᠡᠢ︾ ᠬᠦᠨᠳᠦ ᠠᠴᠢᠶᠠᠨ ᠤ ᠮᠠᠰᠢᠨ ᠤ ᠪᠠᠷᠠᠭᠠᠨ ᠤ ᠭᠦᠢᠯᠭᠡᠭᠡᠨ ᠤ ᠵᠢᠱᠢᠶ᠎ᠡ ᠦᠵᠡᠭᠦᠯᠬᠦ ᠬᠡᠷᠡᠭᠯᠡᠭᠡᠨ ᠤ ᠠᠬᠤᠢ ᠲᠠᠯᠠᠪᠠᠢ ᠶᠢ | ᠪᠣᠳᠠᠲᠠᠶᠢᠵᠢᠭᠤᠯᠵᠤ ᠡᠵᠡᠩᠨᠡᠨ᠂ ᠤᠷᠢᠶᠠᠮᠠᠭ ᠵᠠᠮᠠᠭ ᠤᠨ ᠠᠮᠢᠳᠤ ᠪᠣᠳᠠᠰ ᠤᠨ ᠡᠮ ᠡᠮᠨᠡᠯᠭᠡ ᠶᠢᠨ ᠬᠠᠮᠲᠤᠷᠠᠭᠰᠠᠨ ᠰᠤᠳᠤᠯᠭᠠᠨ ᠤ ᠲᠥᠪ ᠨᠢ ᠥᠪᠡᠷᠲᠡᠭᠡᠨ ᠵᠠᠰᠠᠬᠤ | ᠣᠷᠣᠨ ᠤ ᠠᠩᠬᠠᠳᠠᠭᠴᠢ ᠰᠢᠶᠠᠨ ᠤ ᠲᠡᠰ ᠤᠨ ︽ᠭᠠᠳᠠᠷ ᠣᠷᠣᠨ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ︾ ᠪᠣᠯᠵᠤ᠂ | ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠰᠢᠶᠠᠨ ᠤ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠰᠢᠶᠠᠨ ᠢᠶᠠᠷ | ᠦᠨᠡᠯᠡᠭᠳᠡᠪᠡ᠃ ᠪᠥᠬᠦ ᠬᠤᠰᠢᠭᠤᠨ ᠤ ︽ᠲᠣᠭᠲᠠᠭᠤᠨ︾ ᠤ ᠰᠠᠭᠤᠷᠢ ᠨᠠᠩ ᠪᠠᠬᠢᠵᠢᠵᠦ᠂ ︽ᠬᠥᠭᠵᠢᠬᠦ︾ ᠬᠠᠨᠳᠤᠰᠢ ᠨᠠᠩ ᠴᠢᠩᠭᠠᠷᠠᠨ᠂ ︽ᠰᠠᠶᠢᠨ︾ ᠪᠠᠶᠢᠳᠠᠯ | ᠨᠠᠩ ᠳᠣᠪᠣᠶᠢᠵᠤ᠂ ᠪᠥᠬᠦ ᠤᠯᠤᠰ ᠤᠨ ᠰᠢᠶᠠᠨ ᠤ ᠬᠡᠪᠴᠢᠶᠡᠨ ᠤ ᠠᠵᠤ ᠠᠬᠤᠢ ᠪᠠ ᠨᠡᠶᠢᠭᠡᠮ ᠤᠨ ᠶᠡᠷᠦᠩᠬᠡᠶᠢᠯᠡᠭᠰᠡᠨ ᠬᠥᠭᠵᠢᠯᠲᠡ ᠶᠢᠨ ᠵᠠᠭᠤᠨ ᠬᠦᠴᠦᠷᠬᠡᠭ | ᠰᠢᠶᠠᠨ ᠤ 84 ᠳ᠋ᠦ᠋ᠭᠡᠷ ᠲᠤ ᠵᠢᠭᠰᠠᠭᠠᠭᠳᠠᠨ᠂ ᠪᠠᠷᠠᠭᠤᠨ ᠣᠷᠣᠨ ᠤ ᠰᠢᠶᠠᠨ ᠤ ᠬᠡᠪᠴᠢᠶᠡᠨ ᠤ ᠠᠵᠤ ᠠᠬᠤᠢ ᠶᠢᠨ ᠦᠨᠳᠦᠰᠦᠨ ᠥᠷᠢᠰᠦᠯᠳᠦᠬᠦ ᠬᠦᠴᠦᠨ ᠤ ᠵᠠᠭᠤᠨ | ᠬᠦᠴᠦᠷᠬᠡᠭ ᠰᠢᠶᠠᠨ ᠤ 9 ᠳ᠋ᠦ᠋ᠭᠡᠷ ᠲᠤ ᠣᠷᠣᠪᠠ᠃ | ᠡᠨᠡ ᠨᠢᠭᠡ ᠵᠢᠯ ᠳᠤ᠂ ᠪᠢᠳᠡ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠠᠨᠠᠭᠠᠴᠢᠯᠠᠭ᠎ᠠ ᠠᠴᠠ ᠪᠠᠨ ᠬᠤᠪᠢᠷᠠᠯᠲᠠ ᠶᠢ ᠡᠷᠢᠯᠬᠢᠯᠡᠨ᠂ ᠡᠯᠢᠭᠡᠨ ᠬᠠᠶᠢᠷᠠᠲᠤ | ᠤᠳᠤᠭ ᠤᠨ ᠬᠥᠭᠵᠢᠯᠲᠡ ᠶᠢᠨ ᠣᠷᠴᠢᠨ ᠲᠣᠭᠤᠷᠢᠨ ᠨᠡᠩ ᠰᠠᠶᠢᠵᠢᠷᠠᠪᠠ᠃ ᠪᠢᠳᠡ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ | ᠪᠥᠬᠦᠳᠡ ᠬᠤᠷᠠᠯ ᠢᠶᠠᠷ ᠲᠣᠬᠢᠶᠠᠯᠳᠤᠭᠤᠯᠤᠨ᠂ ᠥᠭᠡᠷᠡᠴᠢᠯᠡᠯᠲᠡ ᠪᠠ ᠬᠦᠴᠢᠷᠳᠡᠯ ᠢ ᠴᠢᠩᠭ᠎ᠠ ᠠᠳᠬᠤᠵᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ | ᠰᠢᠢᠳᠪᠦᠷᠢᠯᠡᠬᠦ ︽ᠵᠠᠭᠤᠨ ᠡᠳᠦᠷ ᠤᠨ ᠪᠤᠭᠤᠮᠲᠠ ᠰᠢᠪᠲᠤᠯᠬᠤ︾ ᠠᠵᠢᠯᠯᠠᠭ᠎ᠠ ᠪᠠᠷ ᠮᠢᠩᠭᠠᠨ ᠠᠵᠤ ᠠᠬᠤᠶᠢᠯᠠᠯ ᠲᠦᠮᠡᠨ ᠡᠷᠦᠭᠡ ᠳᠤ ᠬᠦᠷᠴᠦ᠂ ᠦᠢᠯᠡᠳᠪᠦᠷᠢᠯᠡᠯ ᠢᠶᠠᠨ | ᠵᠣᠭᠰᠣᠭᠠᠵᠤ ᠦᠢᠯᠡᠳᠪᠦᠷᠢᠯᠡᠯ ᠢᠶᠠᠨ ᠬᠠᠰᠤᠭᠳᠠᠭᠤᠯᠤᠭᠰᠠᠨ ᠨᠢᠭᠡ ᠪᠦᠯᠦᠭ ᠠᠵᠤ ᠠᠬᠤᠶᠢᠯᠠᠯ ᠢ ᠬᠠᠪᠰᠤᠷᠤᠨ ᠦᠢᠯᠡᠳᠪᠦᠷᠢᠯᠡᠯ ᠢ ᠨᠢ ᠰᠡᠷᠭᠦᠭᠡᠨ᠂ ᠲᠥᠪ | ᠲᠧᠯᠸᠢᠰ ᠤᠨ ︽ᠬᠤᠳᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠰᠢᠨ᠎ᠡ ᠶᠢ ᠡᠭᠦᠳᠬᠦ ᠰᠢᠶᠠᠨ ︵ᠬᠤᠳᠠ︶︾ ᠤ ᠴᠣᠯᠠ ᠶᠢ ᠬᠦᠷᠲᠡᠵᠦ᠂ ᠵᠠᠰᠠᠭ | ᠪᠣᠯᠣᠨ ᠠᠵᠤ ᠠᠬᠤᠶᠢᠯᠠᠯ ᠢ ᠨᠢᠭᠡᠳᠬᠡᠭᠰᠡᠨ ᠣᠷᠴᠢᠨ ᠠᠬᠤᠢ ᠶᠢ ᠨᠡᠩ ᠰᠠᠶᠢᠵᠢᠷᠠᠭᠤᠯᠪᠠ᠃ ᠬᠠᠲᠤᠨ ᠭᠤᠣᠯ ᠤᠨ ᠲᠤᠬᠤᠢ ᠶᠢᠨ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠪᠥᠬᠦ ᠲᠠᠯ᠎ᠠ ᠪᠠᠷ ᠡᠬᠢᠯᠡᠭᠦᠯᠵᠦ᠂ ᠡᠳᠦᠷ ᠪᠦᠷᠢ ᠳᠤᠮᠳᠠᠴᠢ ᠪᠠᠷ ᠲᠦᠮᠡᠨ ᠮᠦ ᠶᠢ ᠳᠠᠪᠠᠭ᠋ᠤ ᠬᠤᠷᠳᠤᠴᠠ ᠪᠠᠷ ᠮᠤᠤᠠᠤᠰᠤ ᠶᠢᠨ ᠡᠯᠡᠰᠦᠷᠬᠡᠭ ᠭᠠᠵᠠᠷ ᠢ | ᠵᠠᠰᠠᠪᠠ᠃ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢ ᠭᠦᠨᠵᠡᠭᠡᠢ ᠠᠬᠢᠭᠤᠯᠵᠤ᠂ ᠴᠢ | ᠫᠠᠨ ᠵᠢᠩ ᠮᠧᠩ ᠰᠢ ᠬᠦᠷᠢᠶᠡᠯᠡᠩ ᠲᠣᠭᠤᠷᠢᠭ ᠤᠨ ᠰᠢᠯᠢᠳᠡᠭ ᠰᠠᠶᠢᠨ ᠡᠳᠦᠷ ᠤᠨ ᠲᠤᠭ᠎ᠠ ᠶᠢ ᠬᠤᠶᠠᠷ ᠵᠢᠯ ᠳᠠᠷᠠᠭᠠᠯᠠᠨ 300 ᠡᠳᠦᠷ ᠠᠴᠠ ᠳᠡᠭᠡᠭᠰᠢ | ᠲᠣᠭᠲᠠᠪᠤᠷᠢᠵᠢᠭᠤᠯᠪᠠ᠃ ᠴᠢᠨᠠᠷ ᠰᠠᠶᠢᠲᠠᠢ ᠥᠨᠳᠥᠷ ᠪᠦᠲᠦᠮᠵᠢᠲᠡᠢ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ᠂ ᠬᠥᠬᠡᠮᠳᠦᠭ ᠨᠣᠭᠤᠭᠠᠨ ᠠᠭᠤᠯᠠ ᠤᠰᠤ ᠲᠠᠢ ᠠᠮᠢ | ᠠᠬᠤᠢ ᠣᠷᠴᠢᠨ ᠲᠣᠭᠤᠷᠢᠨ ︽ᠠᠯᠳᠠᠷᠲᠠᠢ ᠨᠡᠷ᠎ᠡ ᠶᠢᠨ ᠬᠠᠭᠤᠳᠠᠰᠤ︾ ᠪᠣᠯᠵᠤ᠂ ᠴᠢᠨᠠᠷ ᠰᠠᠶᠢᠲᠠᠢ ᠬᠥᠭᠵᠢᠯᠲᠡ ᠶᠢᠨ ︽ᠠᠭᠤᠯᠤᠭᠳᠠᠴᠠ︾ ᠨᠢ ᠨᠡᠩ ᠪᠦᠷᠢᠨ᠂ | ︽ᠪᠣᠬᠢᠷᠲᠤᠯ ᠦᠭᠡᠢ ᠠᠭᠤᠯᠤᠭᠳᠠᠴᠠ︾ ᠨᠢ ᠨᠡᠩ ᠠᠷᠪᠢᠨ᠂ ︽ᠨᠡᠭᠦᠷᠡᠰᠦᠲᠥ᠋ᠷᠥᠭᠴᠢ ᠶᠢᠨ ᠠᠭᠤᠯᠤᠭᠳᠠᠴᠠ︾ ᠨᠢ ᠨᠡᠩ ᠳᠣᠣᠷ᠎ᠠ ᠪᠣᠯᠪᠠ᠃ | ᠡᠨᠡ ᠨᠢᠭᠡ ᠵᠢᠯ ᠳᠤ᠂ ᠪᠢᠳᠡ ᠤᠭ ᠰᠠᠨᠠᠭ᠎ᠠ ᠪᠠᠨ ᠦᠯᠦ ᠮᠠᠷᠲᠠᠵᠤ᠂ ᠠᠷᠠᠳ ᠤᠨ ᠲᠥᠯᠥᠭᠡ ᠭᠡᠬᠦ ᠰᠡᠳᠬᠢᠯ ᠢ ᠪᠠᠲᠤ ᠰᠠᠬᠢᠨ᠂ ᠡᠯᠢᠭᠡᠨ ᠬᠠᠶᠢᠷᠠᠲᠤ | ᠤᠳᠤᠭ ᠤᠨ ᠠᠷᠠᠳ ᠤᠨ ᠠᠮᠢᠳᠤᠷᠠᠯ ᠨᠡᠩ ᠰᠠᠶᠢᠵᠢᠷᠠᠪᠠ᠃ ᠥᠩ ᠰᠢᠮᠡᠯᠢᠭ ᠣᠲᠤᠭ ᠤᠨ ᠬᠦᠷᠦᠰᠦᠨ ᠳᠡᠭᠡᠷ᠎ᠡ ᠥᠨᠢᠷ ᠵᠢᠷᠭᠠᠯᠠᠩᠲᠤ ᠠᠮᠢᠳᠤᠷᠠᠯ ᠢᠶᠠᠨ | ᠴᠣᠭᠴᠠᠯᠠᠨ᠎ᠠ᠃ ᠪᠢᠳᠡ ︽ᠳᠤᠯᠠᠭᠠᠨ ᠢᠨᠵᠧᠨᠧᠷᠢᠩ︾ ᠢ ᠠᠷᠠᠳ ᠤᠨ ᠠᠮᠢᠳᠤᠷᠠᠯ ᠤᠨ ᠲᠡᠷᠢᠭᠦᠨ ᠴᠢᠬᠤᠯᠠ ᠶᠠᠪᠤᠳᠠᠯ ᠪᠣᠯᠭᠠᠵᠤ᠂ ᠨᠠᠰᠤᠲᠠᠨ ᠢ ᠲᠤᠰᠠᠯᠠᠬᠤ | ᠬᠤᠭᠤᠯᠠᠨ ᠭᠡᠷ ᠢ ᠠᠰᠢᠭᠯᠠᠯᠲᠠ ᠳᠤ ᠣᠷᠣᠭᠤᠯᠤᠨ᠂ ᠠᠮᠲᠠᠲᠠᠢ ᠬᠤᠭᠤᠯᠠ ᠪᠤᠳᠠᠭ᠎ᠠ ᠪᠠᠷ ᠨᠠᠰᠤᠲᠠᠶᠢᠴᠤᠳ ᠤᠨ ᠰᠡᠳᠬᠢᠯ ᠢ ᠳᠤᠯᠠᠭᠠᠴᠠᠭᠤᠯᠪᠠ᠃ ᠪᠤᠶᠢᠳᠠ ᠪᠥᠭᠯᠡᠭᠦᠦ | ᠭᠠᠵᠠᠷ ᠣᠷᠣᠨ ᠳᠤ 179 ᠰᠠᠭᠤᠷᠢ ᠴᠢᠮᠡᠭᠡ ᠬᠤᠯᠪᠣᠭᠠᠨ ᠤ ᠰᠠᠭᠤᠷᠢ ᠦᠷᠳᠡᠭᠡ ᠶᠢ ᠪᠠᠶᠢᠭᠤᠯᠵᠤ᠂ ᠲᠦᠭ ᠲᠦᠮᠡᠨ ᠠᠶᠢᠯ ᠡᠷᠦᠬᠡ ᠶᠢ ᠴᠢᠮᠡᠭᠡ ᠬᠤᠯᠪᠣᠭᠠᠨ ᠤ | ᠳᠣᠬᠢᠶ᠎ᠠ ᠲᠠᠢ ᠪᠣᠯᠭᠠᠪᠠ᠃ ᠮᠠᠯᠴᠢᠨ ᠲᠠᠷᠢᠶᠠᠴᠢᠨ ᠤ ᠵᠢᠭᠡᠯᠡᠯᠭᠡ ᠶᠢᠨ ᠬᠦᠦ ᠮᠥᠩᠭᠦ ᠶᠢ 5500 ᠭᠠᠷᠤᠢ ᠲᠦᠮᠡᠨ ᠲᠥᠭᠦᠷᠢᠭ ᠬᠥᠩᠭᠡᠷᠡᠭᠦᠯᠵᠦ᠂ ᠮᠠᠯᠴᠢᠨ | ᠲᠠᠷᠢᠶᠠᠴᠢᠨ ᠤ ᠠᠮᠢᠳᠤᠷᠠᠯ ᠢ ᠨᠡᠩ ᠵᠢᠷᠭᠠᠯᠲᠠᠢ ᠪᠣᠯᠭᠠᠪᠠ᠃ ᠣᠲᠤᠭ ᠤᠨ ᠰᠤᠷᠤᠭᠴᠢᠳ ᠮᠠᠨᠢ ᠠᠯᠢ ᠣᠯᠠᠨ ᠪᠦᠲᠦᠮᠵᠢ ᠭᠠᠷᠭᠠᠵᠤ᠂ ᠶᠡᠭᠡ ᠳᠡᠭᠡᠳᠦ | ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠪᠠᠷ ᠶᠡᠭᠡ ᠳᠡᠭᠡᠳᠤ ᠰᠤᠷᠭᠠᠭᠤᠯᠢ ᠶᠢᠨ ᠵᠢᠩᠬᠢᠨᠢ ᠠᠩᠭᠢ ᠳᠤ ᠣᠷᠣᠭᠰᠠᠨ ᠨᠣᠷᠮ᠎ᠠ ᠤᠳᠠᠭ᠎ᠠ ᠳᠠᠷᠠᠭᠠᠯᠠᠨ ᠰᠢᠨ᠎ᠡ | ᠲᠡᠮᠳᠡᠭᠯᠡᠯ ᠢ ᠡᠭᠦᠳᠦᠨ᠂ ᠨᠠᠩ ᠣᠯᠠᠨ ᠭᠡᠷ ᠤᠨ ᠠᠬᠠᠮᠠᠳ ᠤᠨ ᠭᠡᠷ ᠤᠨ ᠢᠶᠠᠨ ᠡᠭᠦᠳᠡᠨ ᠳᠤ ᠰᠢᠯᠢᠳᠡᠭ ᠰᠤᠷᠭᠠᠨ ᠬᠥᠮᠥᠵᠢᠯ ᠬᠦᠷᠲᠡᠭᠦᠯᠵᠦ᠂ ᠥᠰᠬᠡᠨ | ᠬᠥᠮᠥᠵᠢᠭᠦᠯᠬᠦ ᠳᠤ ᠰᠡᠳᠬᠢᠯ ᠠᠮᠤᠷ ᠪᠣᠯᠭᠠᠪᠠ᠃ ᠡᠮ ᠡᠮᠨᠡᠯᠭᠡ ᠶᠢᠨ ᠬᠤᠯᠪᠣᠭᠠᠲᠤ ᠴᠣᠭᠴᠠ᠂ ᠡᠮ ᠡᠮᠨᠡᠯᠭᠡ ᠶᠢᠨ ᠬᠠᠮᠲᠤ ᠶᠢᠨ ᠴᠣᠭᠴᠠ ᠶᠢᠨ ᠲᠤᠰᠬᠠᠢ | ᠮᠡᠷᠭᠡᠵᠢᠯᠲᠡᠨ ᠭᠠᠷᠠᠭ ᠪᠦᠷᠢ ᠳᠣᠷᠣᠭᠰᠢ ᠪᠠᠭᠤᠵᠤ ᠡᠪᠡᠳᠴᠢᠨ ᠣᠨᠣᠰᠢᠯᠠᠨ᠂ ᠤᠯᠠᠨ ᠲᠦᠮᠡᠨ ᠤ ᠡᠪᠡᠳᠴᠢᠨ ᠦᠵᠡᠭᠦᠯᠬᠦ ᠳᠤ ᠳᠦᠭᠦᠮ ᠪᠣᠯᠭᠠᠪᠠ᠃ | ᠡᠯᠢᠭᠡᠨ ᠬᠠᠶᠢᠷᠠᠲᠤ ᠤᠲᠤᠭ ᠮᠠᠨᠢ ᠲᠠ ᠪᠦᠬᠦᠨ ᠤ ᠪᠠᠨ ᠴᠢᠷᠮᠠᠶᠢᠯᠭ᠎ᠠ ᠪᠠᠷ ᠨᠡᠩ ᠰᠠᠶᠢᠬᠠᠨ ᠪᠣᠯᠪᠠ᠃ ᠡᠮᠦᠨ᠎ᠡ ᠹᠷᠣᠨᠲ ᠲᠤ ᠭᠠᠪᠰᠢᠭᠠᠶᠢᠯᠠᠵᠤ ᠶᠠᠪᠤᠭ᠎ᠠ | ᠨᠠᠮ ᠤᠨ ᠭᠡᠰᠢᠭᠦᠨ ᠺᠠᠳ᠋ᠷᠴᠤᠳ ᠭᠡᠰᠡᠨ ᠦᠭᠡᠢ᠂ ᠥᠷᠯᠥᠭᠡ ᠦᠳᠡᠰᠢ ᠦᠭᠡᠢ ᠲᠡᠮᠡᠴᠡᠵᠦ ᠶᠠᠪᠤᠭ᠎ᠠ ᠡᠷᠡᠭᠦᠯ ᠬᠠᠮᠠᠭᠠᠯᠠᠯ ᠤᠨ ᠠᠵᠢᠯᠴᠢᠨ᠂ ᠲᠦᠷᠭᠡᠨ ᠬᠦᠷᠭᠡᠯᠲᠡ ᠶᠢᠨ | ᠠᠵᠢᠯᠴᠢᠨ ᠭᠡᠰᠡᠨ ᠦᠭᠡᠢ᠂ ᠲᠡᠳᠡᠨ ᠤ ᠰᠢᠷᠭᠠᠭᠤ ᠴᠢᠷᠮᠠᠶᠢᠯᠭ᠎ᠠ ᠨᠢᠳᠦᠨ ᠳᠤ ᠲᠤᠳᠤᠷᠠᠵᠤ ᠵᠢᠷᠦᠬᠡᠨ ᠳᠤ ᠰᠡᠶᠢᠯᠦᠭᠳᠡᠨᠡ᠃ ᠣᠲᠤᠭᠴᠤᠳ ᠬᠦᠴᠢᠷ ᠠᠴᠠ ᠰᠦᠷᠳᠡᠬᠦ | ᠦᠭᠡᠢ᠂ ᠨᠤᠭᠤᠷᠠᠯ ᠠᠴᠠ ᠡᠮᠢᠶᠡᠬᠦ ᠦᠭᠡᠢ ᠪᠠᠷ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠭᠦᠢᠴᠡᠳᠬᠡᠨ᠎ᠡ᠃ ᠣᠷᠭᠢᠯᠤᠮ᠎ᠠ ᠬᠠᠯᠠᠭᠤᠨ ᠰᠡᠳᠬᠢᠯᠭᠡ ᠪᠠᠷ ᠤᠲᠤᠭ ᠤᠨ | ᠬᠤᠪᠢᠷᠠᠯᠲᠠ ᠬᠥᠭᠵᠢᠯᠲᠡ ᠳᠤ ᠬᠠᠷᠠᠮ ᠦᠭᠡᠢ ᠵᠢᠳᠬᠦᠭᠰᠡᠨ ᠲᠠ ᠪᠦᠬᠦᠨ ᠳᠡᠭᠡᠨ ᠬᠦᠨᠳᠦᠳᠬᠡᠯ ᠢᠶᠠᠨ ᠳᠡᠪᠰᠢᠭᠦᠯᠦᠶ᠎ᠡ︕ | ᠮᠤᠷᠤᠯᠵᠠᠨ ᠤᠷᠤᠰᠬᠤ ᠭᠤᠣᠯ ᠮᠥᠷᠡᠨ᠂ ᠮᠠᠷᠠᠶᠢᠨ ᠴᠢᠷᠮᠠᠶᠢᠬᠤ ᠡᠷᠴᠢ ᠵᠣᠷᠢᠭ᠃ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠦᠪᠵᠢᠭᠦᠯᠭᠡ ᠶᠢᠨ ᠲᠡᠭᠦᠰᠬᠡᠯ ᠤᠨ ᠵᠢᠯ ᠮᠥᠨ᠂ ᠬᠦᠰᠡᠯ ᠢᠶᠠᠨ ᠡᠪᠦᠷᠯᠡᠵᠦ ᠦᠢᠯᠡᠰ ᠪᠦᠲᠦᠭᠡᠬᠦ ᠨᠢᠭᠡ ᠵᠢᠯ ᠮᠥᠨ᠂ ᠮᠥᠨᠴᠦ ᠬᠦᠴᠢᠷ ᠪᠡᠷᠬᠡ ᠶᠢ ᠢᠯᠠᠨ ᠳᠠᠪᠠᠵᠤ | ᠭᠡᠷᠡᠯ ᠰᠠᠴᠤᠷᠠᠩᠭᠤᠢ ᠠᠮᠵᠢᠯᠲᠠ ᠡᠭᠦᠳᠬᠦ ᠨᠢᠭᠡ ᠵᠢᠯ ᠮᠥᠨ᠃ ᠪᠢᠳᠡ ᠲᠡᠷᠢᠭᠦᠨ ᠤ ᠬᠢ ᠲᠠᠢ ᠬᠠᠷᠢᠴᠠᠭᠤᠯᠬᠤ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠵᠤ᠂ | ᠬᠦᠨᠳᠦ ᠳᠠᠷᠤᠭᠠᠰᠤ ᠬᠦᠴᠢᠷ ᠪᠡᠷᠬᠡ ᠶᠢ ᠲᠤᠭᠤᠯᠤᠨ᠂ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠠᠷᠠᠳ ᠲᠤ ᠠᠰᠢᠭ ᠬᠦᠷᠲᠡᠭᠡᠬᠦ ᠪᠠᠷ ᠴᠢᠷᠮᠠᠶᠢᠨ᠂ ᠵᠣᠪᠠᠭᠤᠷᠢ | ᠵᠦᠳᠡᠭᠦᠷᠢ ᠠᠴᠠ ᠠᠶᠤᠬᠤ ᠦᠭᠡᠢ ᠪᠠᠷ ᠡᠯᠢᠭᠡᠨ ᠬᠠᠶᠢᠷᠠᠲᠤ ᠤᠳᠤᠭ ᠢᠶᠠᠨ ᠪᠡᠯᠡ ᠣᠷᠣᠭᠤᠯᠵᠤ ᠦᠢᠯᠡᠰ ᠪᠦᠲᠦᠭᠡᠬᠦ ᠠᠰᠢᠳᠡ ᠶᠢᠨ ᠣᠷᠣᠨ᠂ ᠰᠢᠨ᠎ᠡ ᠶᠢ ᠡᠭᠦᠳᠴᠦ | ᠦᠢᠯᠡᠰ ᠪᠦᠲᠦᠭᠡᠬᠦ ᠡᠷᠳᠡᠨᠢ ᠶᠢᠨ ᠣᠷᠣᠨ᠂ ᠠᠮᠤᠷ ᠵᠢᠮᠤᠷ ᠠᠵᠤ ᠲᠦᠷᠦᠭᠦ ᠵᠢᠷᠭᠠᠯ ᠤᠨ ᠣᠷᠣᠨ ᠪᠣᠯᠭᠠᠨ ᠪᠦᠲᠦᠭᠡᠨ ᠪᠠᠶᠢᠭᠤᠯᠵᠤ᠂ ᠰᠢᠷᠭᠠᠭᠤ ᠬᠥᠳᠡᠯᠮᠦᠷᠢᠯᠡᠨ | ᠰᠢᠨ᠎ᠡ ᠶᠢ ᠡᠭᠦᠳᠴᠦ ᠪᠦᠬᠦᠢ ᠲᠠ ᠪᠦᠬᠦᠨ ᠳᠤ ᠠᠵᠠ ᠵᠠᠪᠰᠢᠶᠠᠨ ᠣᠯᠭᠤᠨ᠂ ᠨᠡᠩ ᠶᠡᠭᠡ ᠠᠮᠵᠢᠯᠲᠠ ᠪᠦᠲᠦᠮᠵᠢ ᠣᠯᠬᠤ ᠶᠢ ᠲᠠᠨᠢ ᠬᠦᠰᠡᠶ᠎ᠡ᠃ | ᠠᠭᠤᠤ ᠶᠡᠭᠡ ᠡᠬᠡ ᠤᠯᠤᠰ ᠤᠨ ᠴᠡᠴᠡᠭᠯᠡᠨ ᠬᠥᠭᠵᠢᠵᠦ ᠤᠯᠤᠰ ᠠᠷᠠᠳ ᠤᠨ ᠬᠦᠴᠦᠷᠬᠡᠭᠵᠢᠨ ᠴᠢᠨᠡᠭᠡᠯᠢᠭᠵᠢᠬᠦ ᠶᠢ ᠵᠥᠩᠨᠡᠨ ᠪᠡᠯᠭᠡᠳᠡᠶ᠎ᠡ︕ | ᠪᠥᠬᠦ ᠬᠤᠰᠢᠭᠤᠨ ᠤ ᠠᠷᠠᠳ ᠲᠦᠮᠡᠨ ᠤ ᠰᠢᠨ᠎ᠡ ᠵᠢᠯ ᠳᠡᠭᠡᠨ ᠠᠮᠤᠷ ᠠᠮᠤᠭᠤᠯᠠᠩ ᠪᠠᠶᠠᠷ ᠬᠦᠷ ᠲᠠᠢ ᠪᠠᠶᠢᠬᠤ ᠶᠢ ᠢᠷᠦᠭᠡᠨ ᠵᠦᠩᠨᠡᠶ᠎ᠡ︕ | ᠥᠩ ᠰᠢᠮᠡᠯᠢᠭ ᠣᠲᠤᠭ ᠤᠨ ᠬᠥᠷᠥᠰᠥᠨ ᠳᠤ ᠠᠵᠢᠯᠯᠠᠵᠤ ᠠᠮᠢᠳᠤᠷᠠᠵᠤ ᠪᠠᠶᠢᠭ᠎ᠠ ᠲᠠ ᠪᠦᠬᠦᠨ ᠤ ᠪᠠᠨ ᠰᠠᠶᠢᠨ ᠰᠠᠶᠢᠬᠠᠨ ᠢ ᠬᠦᠰᠡᠨ ᠵᠦᠩᠨᠡᠶ᠎ᠡ︕ | | |