ᠤᠯᠠᠭᠠᠨᠪᠠᠯᠭᠠᠰᠤ ᠶᠢᠨ ᠺᠠᠩ ᠨᠢᠩ ᠨᠡᠶᠢᠭᠡᠮ ᠲᠣᠭᠤᠷᠢᠭ ︽ᠰᠣᠶᠣᠯ︾ ᠢᠶᠠᠷ ᠬᠦᠴᠦᠨ ᠨᠡᠮᠡᠷᠢᠯᠡᠬᠦ ᠶᠢ ᠪᠠᠷᠢᠮᠲᠠᠯᠠᠨ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠭᠤᠯᠬᠤᠨ ᠢ ᠦᠷᠭᠦᠯᠵᠢᠯᠡᠨ ᠪᠠᠶᠠᠯᠢᠭᠵᠢᠭᠤᠯᠤᠨ ᠥᠷᠭᠡᠳᠬᠡᠵᠦ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠴᠣᠭᠴᠠᠯᠠᠨ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠪᠠᠷ ︽ | ᠰᠢᠨ᠎ᠡ ᠵᠢᠯ ᠢᠶᠠᠨ ᠪᠠᠶᠠᠷᠯᠠᠨ ᠤᠭᠲᠤᠵᠤ᠂ ᠦᠨᠳᠦᠰᠦᠲᠡᠨ ᠤ ᠪᠦᠯᠬᠦᠮᠳᠡᠯ ᠢ ᠨᠢᠭᠲᠠᠷᠠᠭᠤᠯᠬᠤ︾ ᠰᠢᠨ᠎ᠡ ᠵᠢᠯ ᠢᠶᠠᠨ ᠪᠡᠯᠭᠡᠯᠡᠬᠦ ᠠᠵᠢᠯᠯᠠᠭ᠎ᠠ ᠶᠢ ᠨᠠᠷᠢᠨ ᠨᠢᠮᠪᠠᠢ ᠵᠣᠬᠢᠶᠠᠨ | ᠪᠠᠶᠢᠭᠤᠯᠤᠨ ᠥᠷᠨᠢᠭᠦᠯᠵᠦ᠂ ᠣᠯᠠᠨ ᠢᠶᠠᠷ ᠢᠶᠠᠨ ᠨᠢᠭᠡ ᠲᠠᠩᠬᠢᠮ ᠳᠤ ᠴᠤᠭᠯᠠᠷᠠᠨ᠂ ᠰᠢᠨ᠎ᠡ ᠵᠢᠯ ᠢᠶᠠᠨ ᠬᠠᠮᠲᠤᠪᠠᠷ ᠤᠭᠲᠤᠪᠠ᠃ | ᠲᠣᠰ ᠤᠳᠠᠭᠠᠨ ᠤ ᠠᠵᠢᠯᠯᠠᠭ᠎ᠠ ᠶᠢ ᠤᠷᠠᠨ ᠰᠠᠶᠢᠬᠠᠨ ᠤ ᠲᠣᠭᠯᠠᠯᠲᠠ ᠵᠢᠴᠢ ᠪᠠᠩᠰᠢ ᠪᠠᠷᠢᠬᠤ ᠤᠷᠤᠯᠳᠤᠭᠠᠨ ᠭᠡᠵᠦ ᠬᠤᠪᠢᠶᠠᠨ ᠶᠠᠪᠤᠭᠳᠠᠭᠤᠯᠵᠤ᠂ ᠲᠣᠭᠯᠠᠯᠲᠠ | ᠨᠢ ᠳ᠋ᠠᠴᠢᠨ ᠤ ᠨᠡᠶᠢᠭᠡᠮᠯᠢᠭ ᠤᠨ ᠢᠷᠠᠭᠤ ᠰᠠᠶᠢᠬᠠᠨ ᠬᠥᠭ ᠠᠶᠠᠰ ᠤᠨ ᠳᠤᠮᠳᠠ ᠬᠥᠰᠢᠭᠡ ᠪᠠᠨ ᠰᠡᠬᠦᠪᠡ᠃ ᠵᠠᠯᠭᠠᠭᠠᠳ᠂ ᠨᠢᠭᠡ ᠭᠠᠷᠠᠭ ᠤᠨ ᠤᠷᠲᠤ ᠶᠢᠨ ᠳᠠᠭᠤᠤ ᠶᠢᠨ | ᠪᠣᠯᠪᠠᠰᠤᠷᠠᠯ ᠬᠦᠷᠲᠡᠭᠰᠡᠨ ᠺᠠᠩ ᠨᠢᠩ ᠨᠡᠶᠢᠭᠡᠮ ᠲᠣᠭᠤᠷᠢᠭ ᠤᠨ ᠰᠤᠷᠤᠯᠭᠠᠲᠠᠳ ᠬᠠᠷᠢᠭᠤ ᠮᠡᠳᠡᠭᠦᠯᠦᠯᠲᠡ ᠬᠢᠵᠦ᠂ ᠤᠶᠠᠩᠭ᠎ᠠ ᠶᠢᠨ ᠮᠠᠩᠯᠠᠢ ᠤᠷᠲᠤ ᠶᠢᠨ ᠳᠠᠭᠤᠤ ᠪᠠᠨ | ᠬᠠᠩᠭᠢᠨᠠᠭᠤᠯᠤᠨ᠂ ᠲᠠᠯ᠎ᠠ ᠨᠤᠲᠤᠭ ᠤᠨ ᠬᠥᠪᠡᠭᠦᠳ ᠥᠬᠢᠳ ᠤᠨ ᠠᠭᠤᠳᠠᠮ ᠪᠠᠭᠲᠠᠭᠠᠮᠵᠢ᠂ ᠣᠮᠤᠭ ᠵᠣᠷᠢᠭ ᠢ ᠢᠯᠡᠷᠡᠭᠦᠯᠦᠭᠰᠡᠨ ᠪᠠᠶᠢᠨ᠎ᠠ᠃ ᠵᠧᠩ ᠡᠾᠧ ᠶᠤᠸᠠᠨ | ᠨᠡᠶᠢᠭᠡᠮ ᠲᠣᠭᠤᠷᠢᠭ ︽2025 ᠣᠨ ᠠᠵᠠ ᠬᠡᠶᠢᠮᠣᠷᠢ ᠲᠠᠢ︾ ᠬᠡᠮᠡᠬᠦ ᠪᠦᠵᠢᠭ ᠪᠣᠯᠣᠨ ︽ᠬᠤᠣᠰ ᠠᠭᠤᠯᠠ︾ ᠬᠡᠮᠡᠬᠦ ᠡᠷᠡᠭᠲᠡᠢ ᠡᠮᠡᠭᠲᠡᠢ ᠶᠢᠨ ᠬᠤᠣᠰᠯᠠᠯ | ᠳᠠᠭᠤᠤ ᠶᠢᠨ ᠲᠣᠭᠯᠠᠯᠲᠠ ᠭᠠᠷᠭᠠᠵᠤ᠂ ᠣᠯᠠᠨ ᠤ ᠬᠦᠷᠢᠶᠡᠯᠡᠯ ᠢ ᠣᠯᠪᠠ᠃ ᠤᠯᠤᠰ ᠤᠨ ᠨᠢᠭᠡᠳᠦᠭᠡᠷ ᠳᠡᠰ ᠤᠨ ᠲᠣᠭᠯᠠᠭᠴᠢ ᠨᠠᠪᠴᠢᠨᠬᠤᠸᠠᠷ ᠪᠠᠭᠰᠢ ᠪᠣᠯᠣᠨ | ᠰᠤᠷᠤᠭᠴᠢᠳ ︽ᠵᠢᠭᠠᠬᠠᠨ ᠰᠢᠷᠭ᠎ᠠ︾ ᠶᠢ ᠳᠠᠭᠤᠯᠠᠨ᠂ ᠲᠣᠭᠯᠠᠯᠲᠠ ᠶᠢ ᠣᠷᠭᠢᠯ ᠳᠤᠨᠢ ᠬᠦᠷᠭᠡᠵᠡᠢ᠃ ᠡᠭᠦᠨ ᠠᠴᠠ ᠭᠠᠳᠠᠨ᠎ᠠ᠂ ᠲᠤᠬᠠᠢ ᠶᠢᠨ ᠲᠠᠯᠠᠪᠠᠢ ᠳᠠᠬᠢ | ᠰᠠᠭᠤᠭᠠᠯᠢ ᠠᠷᠠᠳ ︽ᠭᠤᠷᠪᠠᠨ ᠰᠠᠬᠢᠯᠭ᠎ᠠ ᠨᠠᠢᠮᠠᠨ ᠠᠩᠬᠠᠷᠤᠯ︾᠂ ︽ᠨᠡᠷᠡᠬᠦᠢ ᠨᠢᠳᠤᠷᠭ᠎ᠠ︾᠂ ︽ᠰᠢᠨ᠎ᠡ ᠴᠠᠭ ᠦᠶ᠎ᠡ ᠳᠤ ᠲᠠᠪᠰᠢᠨ ᠣᠷᠣᠶ᠎ᠠ︾ ᠭᠡᠬᠦ ᠮᠡᠲᠤ ᠶᠢᠨ | ᠲᠣᠭᠯᠠᠯᠲᠠ ᠭᠠᠷᠭᠠᠵᠤ᠂ ᠣᠯᠠᠨ ᠤ ᠤᠤᠬᠠᠶᠢᠯᠠᠯ ᠢ ᠣᠯᠪᠠ᠃ | ᠪᠠᠩᠰᠢ ᠪᠠᠷᠢᠬᠤ ᠤᠷᠤᠯᠳᠤᠭᠠᠨ ᠤ ᠲᠤᠬᠠᠢ ᠶᠢᠨ ᠲᠠᠯᠠᠪᠤᠷ ᠲᠤ ᠪᠠᠩᠰᠢ ᠪᠠᠷᠢᠬᠤ ᠵᠦᠢᠯ ᠢ ᠰᠢᠷᠡᠭᠡ ᠳᠦᠭᠦᠷᠡᠩ ᠣᠪᠣᠭᠠᠯᠠᠵᠤ᠂ ᠤᠯᠠᠨ ᠢᠶᠠᠷ ᠢᠶᠠᠨ ᠬᠠᠮᠵᠢᠯᠴᠠᠨ | ᠶᠠᠭᠠᠷᠠᠯᠲᠠᠢ ᠪᠠᠶᠢᠯ᠎ᠠ᠃ ᠠᠮᠲᠠ ᠰᠢᠮ᠎ᠡ ᠨᠢ ᠲᠣᠬᠢᠷᠠᠭᠰᠠᠨ ᠮᠢᠬᠠᠨ ᠠᠴᠠ ᠠᠩᠭᠢᠯᠤᠮ᠎ᠠ ᠥᠨᠥᠷ ᠬᠠᠩᠬᠤᠯᠤᠨ᠎ᠠ︔ ᠵᠤᠵᠠᠭᠠᠨ ᠨᠢᠮᠭᠡᠨ ᠨᠢ ᠲᠠᠭᠠᠷᠠᠭᠰᠠᠨ ᠭᠤᠯᠢᠷ ᠠᠴᠠ | ᠠᠵᠢᠯᠴᠢ ᠰᠢᠨᠵᠢ ᠲᠣᠳᠤᠷᠠᠨ᠎ᠠ︔ ᠶᠠᠩᠵᠤ ᠬᠡᠯᠪᠡᠷᠢ ᠨᠢ ᠣᠯᠠᠨ ᠪᠠᠩᠰᠢ ᠠᠴᠠ ᠣᠶᠣᠨ ᠤᠬᠠᠭᠠᠨ ᠢᠯᠡᠷᠡᠨ᠎ᠡ᠃ | ᠠᠵᠢᠯᠯᠠᠭ᠎ᠠ ᠶᠢᠨ ᠲᠡᠭᠦᠰᠬᠡᠯ ᠳᠤ ᠨᠡᠶᠢᠭᠡᠮ ᠲᠣᠭᠤᠷᠢᠭ ᠤᠨ ᠠᠵᠢᠯᠲᠠᠨ ᠪᠣᠯᠣᠨ ᠰᠠᠶᠢᠨ ᠳᠤᠷᠠᠴᠤᠳ ᠥᠨᠳᠥᠷ ᠨᠠᠰᠤᠲᠠᠨ ᠵᠢᠴᠢ ᠬᠦᠴᠢᠷᠳᠡᠯᠲᠡᠢ ᠤᠯᠠᠨ | ᠲᠦᠮᠡᠨ ᠳᠤ ᠪᠠᠩᠰᠢ ᠵᠢᠴᠢ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ᠃ ᠠᠶᠢᠯ ᠳᠤ ᠣᠷᠣᠬᠤ ᠪᠦᠷᠢ ᠠᠵᠢᠯᠲᠠᠳ ᠮᠠᠨᠢ ᠨᠠᠰᠤᠲᠠᠨ ᠤ ᠪᠡᠶ᠎ᠡ ᠮᠠᠬᠠᠪᠤᠳ ᠪᠠ | ᠠᠮᠢᠳᠤᠷᠠᠯ ᠤᠨ ᠪᠠᠶᠢᠳᠠᠯ ᠢ ᠨᠢ ᠲᠣᠳᠣᠨᠤᠴᠢᠯᠠᠨ ᠠᠰᠠᠭᠤᠨ᠎ᠠ᠃ ᠲᠣᠰ ᠤᠳᠠᠭᠠᠨ ᠤ ᠰᠢᠨ᠎ᠡ ᠵᠢᠯ ᠢ ᠪᠡᠯᠭᠡᠯᠡᠬᠦ ᠠᠵᠢᠯᠯᠠᠭ᠎ᠠ ᠨᠢ ᠰᠠᠭᠤᠭᠠᠯᠢ ᠠᠷᠠᠳ ᠲᠤ ᠤᠯᠠᠮᠵᠢᠯᠠᠯᠲᠤ | ᠪᠠᠶᠠᠷ ᠤᠨ ᠡᠳᠦᠷ ᠤᠨ ᠪᠠᠶᠠᠷ ᠬᠥᠷ ᠢ ᠡᠳ᠋ᠯᠡᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠭᠰᠠᠨ ᠢᠶᠠᠷ ᠪᠠᠷᠠᠬᠤ ᠦᠭᠡᠢ | ᠬᠥᠷᠰᠢ ᠵᠡᠷᠭᠡᠯᠡᠳᠡᠭᠡ ᠶᠢᠨ ᠬᠠᠶᠢᠷ᠎ᠠ ᠰᠡᠳᠬᠢᠯᠭᠡ ᠶᠢ ᠴᠦ ᠵᠤᠵᠠᠭᠠᠳᠬᠠᠵᠤ᠂ ᠬᠠᠯᠠᠭᠤᠨ ᠳᠤᠯᠠᠭᠠᠨ ᠵᠣᠯ ᠵᠢᠷᠭᠠᠯ ᠢ ᠨᠡᠶᠢᠭᠡᠮ ᠲᠣᠭᠤᠷᠢᠭ ᠤᠨ ᠬᠥᠮᠥᠨ ᠨᠢᠭᠡᠪᠦᠷᠢ ᠳᠤ | ᠳᠠᠮᠵᠢᠭᠤᠯᠤᠭᠰᠠᠨ ᠪᠠᠶᠢᠨ᠎ᠠ᠃ ᠰᠢᠨ᠎ᠡ ᠨᠢᠭᠡᠨ ᠵᠢᠯ ᠳᠤ᠂ ᠺᠠᠩ ᠨᠢᠩ ᠨᠡᠶᠢᠭᠡᠮ ᠲᠣᠭᠤᠷᠢᠭ ᠤᠨ ᠪᠦᠬᠦ ᠠᠵᠢᠯᠲᠠᠳ ᠰᠠᠭᠤᠭᠠᠯᠢ ᠠᠷᠠᠳ ᠲᠠᠢ ᠭᠠᠷ ᠭᠠᠷ ᠢᠶᠠᠨ | ᠬᠤᠯᠪᠣᠨ ᠬᠠᠮᠲᠤᠪᠠᠷ ᠤᠷᠤᠭᠰᠢᠯᠠᠵᠤ᠂ ᠨᠡᠩ ᠵᠣᠯ ᠵᠢᠷᠭᠠᠯᠲᠤ ᠠᠮᠢᠳᠤᠷᠠᠯ ᠢ ᠬᠠᠮᠲᠤᠪᠠᠷ ᠴᠣᠭᠴᠠᠯᠠᠬᠤ ᠨᠢ ᠯᠠᠪᠲᠠᠢ᠃ | | | | |