ᠦᠰᠦᠭ ᠢᠶᠠᠷ ᠦᠭᠦᠯᠡᠬᠦᠢ᠄ ︽ᠣᠲᠤᠭ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤ ᠬᠢᠷᠢ ᠬᠡᠮ ᠢ ᠨᠤᠲᠠᠯᠠᠬᠤ ᠠᠵᠢᠯ ᠤᠨ ᠬᠡᠷᠡᠭᠵᠢᠭᠦᠯᠬᠦ ᠲᠥᠰᠥᠯ︾ ᠢ ᠲᠣᠭᠲᠠᠭᠠᠭᠰᠠᠨ ᠲᠣᠳᠣᠷᠬᠠᠶᠢᠯᠠᠯᠲᠠ
ᠨᠡᠶᠢᠲᠡᠯᠡᠭᠰᠡᠨ ᠴᠠᠭ᠄
2024/12/31
               ︽ᠣᠲᠤᠭ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ                 ᠪᠦᠷᠢᠯᠳᠦᠭᠦᠨ ᠤ ᠬᠢᠷᠢ ᠬᠡᠮ ᠢ ᠨᠤᠲᠠᠯᠠᠬᠤ ᠠᠵᠢᠯ ᠤᠨ ᠬᠡᠷᠡᠭᠵᠢᠭᠦᠯᠬᠦ ᠲᠥᠰᠥᠯ︾ ᠢ ᠲᠣᠭᠲᠠᠭᠠᠭᠰᠠᠨ ᠲᠣᠳᠣᠷᠬᠠᠶᠢᠯᠠᠯᠲᠠ      ᠡᠳᠦᠭᠡ ︽ᠣᠲᠤᠭ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤ ᠬᠢᠷᠢ ᠬᠡᠮ ᠢ ᠨᠤᠲᠠᠯᠠᠬᠤ ᠠᠵᠢᠯ ᠤᠨ ᠬᠡᠷᠡᠭᠵᠢᠭᠦᠯᠬᠦ ᠲᠥᠰᠥᠯ︾ ᠢ ᠲᠤᠭᠤᠷᠪᠢᠨ ᠲᠣᠭᠲᠠᠭᠠᠭᠰᠠᠨ ᠬᠤᠯᠪᠣᠭᠳᠠᠯ ᠪᠦᠬᠦᠢ ᠶᠠᠪᠤᠳᠠᠯ ᠤᠨ ᠲᠤᠬᠠᠢ ᠳᠣᠣᠷᠠᠬᠢ ᠮᠡᠲᠦ ᠲᠣᠳᠣᠷᠬᠠᠶᠢᠯᠠᠯᠲᠠ ᠬᠢᠶ᠎ᠠ᠄       ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠠᠬᠢᠭᠤᠯᠬᠤ ᠲᠤᠬᠠᠢ ᠲᠥᠷᠥ ᠶᠢᠨ ᠪᠣᠳᠣᠯᠭ᠎ᠠ ᠶᠢᠨ ᠵᠣᠷᠢᠭ ᠰᠠᠨᠠᠭ᠎ᠠ ᠶᠢ ᠰᠠᠶᠢᠲᠤᠷ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠤᠰᠢᠭᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤ ᠬᠢᠷᠢ ᠬᠡᠮ ᠢ ᠨᠤᠲᠠᠯᠠᠬᠤ ᠱᠠᠲᠤᠨ ᠤ ᠠᠵᠢᠯ ᠤᠨ ᠱᠠᠲᠤᠴᠢ ᠴᠢᠨᠠᠷᠲᠠᠢ ᠦᠷ᠎ᠡ ᠪᠦᠲᠦᠭᠡᠯ ᠢ ᠦᠷᠭᠦᠯᠵᠢᠯᠡᠨ ᠳ᠋ᠦᠩᠨᠡᠨ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠨᠠᠭᠰᠢᠳᠠ ᠳᠦᠷᠢᠮᠵᠢᠭᠦᠯᠦᠨ ᠲᠡᠭᠦᠯᠳᠡᠷᠵᠢᠭᠦᠯᠵᠦ᠂ ᠪᠦᠬᠦ ᠬᠤᠰᠢᠭᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤ ᠬᠢᠷᠢ ᠬᠡᠮ ᠢ ᠨᠤᠲᠠᠯᠠᠬᠤ ᠶᠠᠪᠤᠳᠠᠯ ᠢ ᠪᠣᠳᠠᠲᠠᠶᠢᠵᠢᠭᠤᠯᠵᠤ ᠨᠠᠷᠢᠯᠢᠭᠵᠢᠭᠤᠯᠤᠨ᠂ ᠬᠤᠰᠢᠭᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠤ ᠬᠢᠷᠢ ᠬᠡᠮ ᠢ ᠨᠤᠲᠠᠯᠠᠨ ᠲᠣᠭᠲᠠᠭᠠᠭᠰᠠᠨ ᠵᠠᠭᠠᠭ ᠱᠤᠭᠤᠮ ᠲᠣᠳᠣᠷᠬᠠᠢ ᠦᠭᠡᠢ ᠵᠢᠴᠢ ᠮᠠᠭᠠᠳᠯᠠᠬᠤ ᠪᠠᠷᠢᠮᠵᠢᠶ᠎ᠠ ᠨᠢᠭᠡᠳᠦᠯ ᠦᠭᠡᠢ ᠵᠡᠷᠭᠡ ᠠᠰᠠᠭᠤᠳᠠᠯ ᠢ ᠰᠢᠢᠳᠪᠦᠷᠢᠯᠡᠵᠦ᠂ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠵᠢᠴᠢ ᠲᠡᠭᠦᠨ ᠤ ᠪᠦᠷᠢᠯᠳᠦᠭᠦᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤ ᠬᠢᠷᠢ ᠬᠡᠮ ᠤᠨ ᠵᠠᠭᠠᠭ ᠱᠤᠭᠤᠮ ᠢ ᠲᠣᠳᠣᠷᠬᠠᠶᠢᠯᠠᠵᠤ᠂ ᠲᠡᠳᠡᠨ ᠳᠤ ᠣᠷᠳᠣ ᠬᠤᠭᠤᠴᠠᠭᠠᠨ ᠤ ᠪᠠᠲᠤᠯᠠᠭ᠎ᠠ ᠲᠠᠢ ᠡᠷᠬᠡ ᠮᠡᠳᠡᠯ ᠣᠯᠭᠤᠨ᠂ ᠬᠠᠤᠯᠢ ᠶᠣᠰᠣᠨ ᠤ ᠡᠷᠬᠡ ᠠᠰᠢᠭ ᠢ ᠨᠢ ᠪᠠᠶᠢᠩᠭᠤ ᠬᠠᠮᠠᠭᠠᠯᠠᠵᠤ᠂ ᠲᠠᠷᠢᠶᠠᠯᠠᠩ ᠮᠠᠯ ᠠᠵᠤ ᠠᠬᠤᠢ᠂ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠬᠥᠭᠵᠢᠯᠲᠡ ᠪᠠ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠠᠬᠢᠭᠤᠯᠬᠤ ᠶᠢᠨ ᠲᠥᠯᠥᠭᠡ᠂ ᠮᠠᠨ ᠤ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤ ᠬᠢᠷᠢ ᠬᠡᠮ ᠢ ᠨᠤᠲᠠᠯᠠᠬᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠣᠰ ᠲᠥᠰᠥᠯ ᠢ ᠲᠣᠭᠲᠠᠭᠠᠪᠠ᠃       ᠨᠢᠭᠡ᠂ ᠶᠡᠷᠦᠩᠬᠡᠢ ᠱᠠᠭᠠᠷᠳᠠᠯᠭ᠎ᠠ       ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠭᠤᠰᠢᠯᠠᠭᠤᠯᠵᠤ ᠨᠠᠶᠢᠳᠠᠪᠤᠷᠢᠵᠢᠭᠤᠯᠤᠨ᠂ ︽ᠬᠥᠮᠥᠨ ᠢᠶᠠᠷ ᠦᠨᠳᠦᠰᠦ ᠪᠣᠯᠭᠠᠬᠤ︾᠂ ︽ᠠᠷᠠᠳ ᠲᠦᠮᠡᠨ ᠢᠶᠠᠷ ᠭᠤᠣᠯ ᠪᠣᠯᠭᠠᠬᠤ︾ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤ ᠬᠢᠷᠢ ᠬᠡᠮ ᠢ ᠨᠤᠲᠠᠯᠠᠬᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠵᠢᠴᠢ ᠲᠣᠭᠲᠠᠭᠠᠭᠰᠠᠨ ᠤᠭ ᠵᠣᠷᠢᠯᠲᠠ ᠶᠢ ᠣᠨᠣᠪᠴᠢᠲᠠᠶ ᠡᠵᠡᠮᠰᠢᠵᠦ ᠨᠠᠶᠢᠳᠠᠪᠤᠷᠢᠵᠢᠭᠤᠯᠤᠨ᠂ ︽ᠲᠣᠰ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤ ᠬᠠᠮᠲᠤ ᠶᠢᠨ ᠥᠮᠴᠢᠯᠡᠯ ᠤᠨ ᠭᠠᠵᠠᠷ ᠰᠢᠷᠣᠢ ᠵᠡᠷᠭᠡ ᠡᠳ᠋ ᠬᠥᠷᠥᠩᠭᠡ ᠪᠠᠷ ᠣᠷᠣᠰᠢᠨ ᠲᠣᠭᠲᠠᠨᠢᠬᠤ ᠶᠢᠨ ᠦᠨᠳᠦᠰᠦᠨ ᠪᠠᠲᠤᠯᠠᠭ᠎ᠠ ᠪᠣᠯᠭᠠᠬᠤ︾ ᠪᠠᠷ ᠭᠤᠣᠯ ᠨᠥᠬᠦᠴᠡᠯ ᠪᠣᠯᠭᠠᠵᠤ᠂ ᠪᠦᠷᠢᠯᠳᠦᠭᠦᠨ ᠤ ᠬᠢᠷᠢ ᠬᠡᠮ ᠢ ᠨᠠᠷᠢᠯᠢᠭ ᠣᠨᠣᠪᠴᠢᠲᠠᠢ ᠪᠠᠷ ᠨᠤᠲᠠᠯᠠᠨ ᠲᠣᠭᠲᠠᠭᠠᠨ᠎ᠠ᠂ ᠪᠦᠷᠢᠯᠳᠦᠭᠦᠨ ᠤ ᠬᠢᠷᠢ ᠬᠡᠮ ᠢ ᠨᠤᠲᠠᠯᠠᠨ ᠲᠣᠭᠲᠠᠭᠠᠬᠤ ᠶᠣᠰᠣᠲᠠᠢ ᠬᠥᠮᠥᠰ ᠢ ᠪᠦᠬᠦᠨ ᠢ ᠨᠤᠲᠠᠯᠠᠨ ᠲᠣᠭᠲᠠᠭᠠᠵᠤ᠂ ᠪᠦᠷᠢᠯᠳᠦᠭᠦᠨ ᠤ ᠬᠢᠷᠢ ᠬᠡᠮ ᠢ ᠨᠤᠲᠠᠯᠠᠨ ᠲᠣᠭᠲᠠᠭᠠᠬᠤ ᠠᠵᠢᠯ ᠳᠠᠬᠢ ᠠᠷᠠᠳ ᠣᠯᠠᠨ ᠤ ᠦᠨᠳᠦᠰᠦᠨ ᠡᠷᠬᠡ ᠠᠰᠢᠭ ᠢ ᠡᠷᠡᠰ ᠬᠠᠮᠠᠭᠠᠯᠠᠨ᠎ᠠ᠃       ᠬᠤᠶᠠᠷ᠂ ᠲᠥᠰᠥᠯ ᠲᠣᠭᠲᠠᠭᠠᠬᠤ ᠶᠢᠨ ᠴᠢᠬᠤᠯᠠ ᠴᠢᠨᠠᠷ       ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠥᠪᠡᠷᠲᠡᠭᠡᠨ ᠵᠠᠰᠠᠬᠤ ᠶᠢᠨ ᠮᠥᠨ ᠴᠢᠨᠠᠷ ᠪᠣᠯ ᠮᠠᠯᠴᠢᠨ ᠲᠠᠷᠢᠶᠠᠴᠢᠳ ᠬᠠᠤᠯᠢ ᠴᠠᠭᠠᠵᠠ ᠬᠠᠤᠯᠢ ᠲᠣᠭᠲᠠᠭᠠᠯ ᠪᠠ ᠤᠯᠤᠰ ᠤᠨ ᠲᠥᠷᠥ ᠶᠢᠨ ᠪᠣᠳᠣᠯᠭ᠎ᠠ ᠶᠢᠨ ᠲᠣᠭᠲᠠᠭᠠᠭᠰᠠᠨ ᠬᠡᠪᠴᠢᠶᠡᠨ ᠳᠣᠲᠣᠷ᠎ᠠ ᠥᠪᠡᠷ ᠤᠨ ᠶᠠᠪᠤᠳᠠᠯ ᠢᠶᠠᠨ ᠬᠠᠤᠯᠢ ᠶᠣᠰᠣᠭᠠᠷ ᠭᠦᠢᠴᠡᠳᠬᠡᠬᠦ ᠶᠠᠪᠤᠳᠠᠯ ᠪᠣᠯᠣᠨ᠎ᠠ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠪᠣᠯ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠥᠪᠡᠷ ᠢ ᠪᠠᠨ ᠬᠠᠮᠢᠶᠠᠷᠴᠤ᠂ ᠥᠪᠡᠷ ᠤᠨ ᠪᠡᠶ᠎ᠡ ᠳᠡᠭᠡᠨ ᠦᠢᠯᠡᠴᠢᠯᠡᠬᠦ ᠣᠯᠠᠨ ᠲᠦᠮᠡᠨᠴᠢ ᠴᠢᠨᠠᠷᠲᠠᠢ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠪᠣᠯᠣᠨ᠎ᠠ᠃ ᠮᠠᠯᠴᠢᠨ ᠲᠠᠷᠢᠶᠠᠴᠢᠨ ᠥᠪᠡᠷᠲᠡᠭᠡᠨ ᠵᠠᠰᠠᠬᠤ ᠡᠷᠬᠡ ᠪᠠᠨ ᠬᠡᠷᠡᠭᠵᠢᠭᠦᠯᠬᠦ ᠳᠡᠭᠡᠨ ᠬᠠᠤᠯᠢ ᠴᠠᠭᠠᠵᠠ ᠬᠠᠤᠯᠢ ᠲᠣᠭᠲᠠᠭᠠᠯ ᠪᠠ ᠤᠯᠤᠰ ᠤᠨ ᠲᠥᠷᠥ ᠶᠢᠨ ᠪᠣᠳᠣᠯᠭ᠎ᠠ ᠶᠢᠨ ᠲᠣᠭᠲᠠᠭᠠᠯ ᠲᠠᠢ ᠬᠠᠷᠰᠢᠯᠳᠤᠭᠤᠯᠵᠤ ᠪᠣᠯᠬᠤ ᠦᠭᠡᠢ᠂ ᠨᠠᠩ ᠴᠤ ᠬᠠᠤᠯᠢ ᠴᠠᠭᠠᠵᠠ ᠬᠠᠤᠯᠢ ᠲᠣᠭᠲᠠᠭᠠᠯ ᠪᠠ ᠤᠯᠤᠰ ᠤᠨ ᠲᠥᠷᠥ ᠶᠢᠨ ᠪᠣᠳᠣᠯᠭ᠎ᠠ ᠶᠢᠨ ᠲᠣᠭᠲᠠᠭᠠᠯ ᠠᠴᠠ ᠵᠥᠷᠢᠴᠡᠵᠦ ᠪᠣᠯᠬᠤ ᠦᠭᠡᠢ᠂ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠭᠳᠠᠬᠤ᠂ ᠠᠵᠢᠯᠯᠠᠬᠤ ᠵᠢᠴᠢ ᠲᠡᠭᠦᠨ ᠤ ᠪᠦᠷᠢᠯᠳᠦᠭᠦᠨ ᠤ ᠬᠢᠷᠢ ᠬᠡᠮ ᠢ ᠨᠤᠲᠠᠯᠠᠬᠤ ᠵᠡᠷᠭᠡ ᠲᠠᠯ᠎ᠠ ᠪᠠᠷ ᠴᠥᠮ ᠳᠡᠭᠡᠷᠡᠬᠢ ᠵᠠᠷᠴᠢᠮ ᠢ ᠪᠠᠷᠢᠮᠲᠠᠯᠠᠨ᠎ᠠ᠃ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠲᠥᠷᠥ ᠶᠢᠨ ᠪᠣᠳᠣᠯᠭ᠎ᠠ ᠳᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤ ᠬᠡᠷᠡᠭᠵᠢᠭᠦᠯᠵᠦ ᠪᠣᠯᠬᠤ ᠨᠠᠷᠢᠨ ᠲᠣᠭᠲᠠᠭᠠᠯ ᠢ ᠬᠠᠷᠠᠬᠠᠨ ᠲᠣᠭᠲᠠᠭᠠᠭᠰᠠᠨ ᠦᠭᠡᠢ ᠮᠥᠷᠲᠡᠭᠡᠨ ᠪᠦᠷᠢᠯᠳᠦᠭᠦᠨ ᠤ ᠪᠡᠶ᠎ᠡ ᠶᠢᠨ ᠭᠠᠷᠤᠯ ᠤᠨ ᠨᠤᠲᠠᠯᠠᠯᠲᠠ ᠶᠢᠨ ᠪᠠᠶᠢᠳᠠᠯ ᠪᠤᠳᠤᠯᠢᠶᠠᠨᠲᠠᠢ ᠪᠠᠶᠢᠳᠠᠯ ᠳᠣᠣᠷ᠎ᠠ᠂ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢᠨ ᠥᠷᠲᠡᠭ ᠤᠨ ᠬᠠᠨᠳᠤᠰᠢ ᠶᠢ ᠨᠠᠶᠢᠳᠠᠪᠤᠷᠢᠵᠢᠭᠤᠯᠵᠤ ᠴᠢᠳᠠᠬᠤ ᠦᠭᠡᠢ ᠪᠠᠶᠢᠬᠤ ᠪᠠ ᠥᠪᠡᠷᠲᠡᠭᠡᠨ ᠵᠠᠰᠠᠬᠤ ᠡᠷᠬᠡ ᠶᠢ ᠳᠤᠷ᠎ᠠ ᠪᠠᠷ ᠢᠶᠠᠨ ᠬᠡᠷᠡᠭᠯᠡᠬᠦ ᠶᠢ ᠰᠡᠷᠭᠡᠶᠢᠯᠡᠬᠦ ᠶᠢᠨ ᠬᠠᠮᠲᠤ᠂ ᠬᠠᠤᠯᠢ ᠪᠠᠷ ᠵᠠᠰᠠᠬᠤ ᠵᠠᠷᠴᠢᠮ ᠳᠣᠣᠷᠠᠬᠢ ᠲᠠᠰᠤᠯᠤᠨ ᠲᠣᠭᠲᠠᠭᠠᠯᠲᠠ ᠶᠢ ᠵᠢᠷᠤᠮᠵᠢᠭᠤᠯᠬᠤ ︵ᠬᠠᠤᠯᠢ ᠴᠠᠭᠠᠵᠠ ᠶᠢᠨ ᠨᠤᠲᠠᠯᠠᠯᠲᠠ︶ ᠪᠣᠯᠣᠨ ᠥᠪᠡᠷᠲᠡᠭᠡᠨ ᠵᠠᠰᠠᠬᠤ ᠳᠦᠷᠢᠮ ᠤᠨ ᠳᠣᠣᠷᠠᠬᠢ ᠦᠢᠯᠡ ᠠᠵᠢᠯᠯᠠᠭ᠎ᠠ ᠶᠢ ᠵᠢᠷᠤᠮᠵᠢᠭᠤᠯᠬᠤ ︵ᠥᠪᠡᠷᠲᠡᠭᠡᠨ ᠵᠠᠰᠠᠬᠤ ᠨᠤᠲᠠᠯᠠᠯᠲᠠ︶ ᠢ ᠬᠠᠷᠢᠯᠴᠠᠨ ᠤᠶᠠᠯᠳᠤᠭᠤᠯᠬᠤ ᠮᠥᠷᠲᠡᠭᠡᠨ ᠬᠠᠤᠯᠢ ᠴᠠᠭᠠᠵᠠ ᠪᠠᠷ ᠠᠯᠪᠠᠳᠠᠬᠤ ᠬᠢᠭᠡᠳ ᠪᠦᠷᠢᠯᠳᠦᠭᠦᠨ ᠤ ᠥᠪᠡᠷᠲᠡᠭᠡᠨ ᠵᠠᠰᠠᠬᠤ ᠶᠢᠨ ᠦᠢᠯᠡᠳᠦᠯ ᠢ ᠡᠩ ᠤᠨ ᠪᠠᠷᠢᠮᠵᠢᠶ᠎ᠠ ᠪᠠ ᠣᠨᠴᠠᠭᠠᠶ ᠪᠠᠶᠢᠳᠠᠯ ᠤᠨ ᠳᠤᠤᠷ᠎ᠠ ᠬᠤᠣᠰᠯᠠᠭᠤᠯᠬᠤ ᠶᠢᠨ ᠵᠡᠷᠭᠡᠪᠡᠷ ᠵᠥᠪ ᠢᠶᠠᠷ ᠪᠠᠳᠠᠷᠠᠭᠤᠯᠬᠤ ᠴᠢᠬᠤᠯᠠᠲᠠᠢ ᠪᠠᠶᠢᠬᠤ ᠵᠡᠷᠭᠡ ᠪᠤᠰᠤᠳᠴᠢ ᠱᠠᠭᠠᠷᠳᠠᠯᠭ᠎ᠠ ᠳᠤᠷᠠᠳᠪᠠ᠃ ᠣᠳᠣᠬᠠᠨ ᠳᠤ᠂ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤ ᠬᠢᠷᠢ ᠬᠡᠮ ᠢ ᠣᠯᠬᠤ ᠠᠯᠳᠠᠬᠤ ᠪᠠ ᠪᠦᠬᠦᠨ ᠢ ᠥᠭᠬᠦ ᠳᠤ ᠲᠣᠬᠢᠷᠠᠬᠤ ᠦᠭᠡᠢ ᠵᠡᠷᠭᠡ ᠪᠠᠶᠢᠳᠠᠯ ᠢ ᠮᠠᠯᠴᠢᠨ ᠲᠠᠷᠢᠶᠠᠴᠢᠨ ᠥᠪᠡᠷᠲᠡᠭᠡᠨ ᠵᠠᠰᠠᠵᠤ ᠵᠥᠪᠯᠡᠨ ᠲᠣᠭᠲᠠᠭᠠᠳᠠᠭ᠃ ᠪᠥᠬᠦ ᠬᠤᠰᠢᠭᠤᠨ ᠤ ᠴᠢᠨᠠᠷᠲᠠᠢ ᠨᠢᠭᠡᠳᠦᠯᠲᠡᠢ ᠵᠢᠷᠤᠮᠵᠢᠯ ᠤᠨ ᠳᠣᠣᠷ᠎ᠠ᠂ ᠬᠤᠰᠢᠭᠤ ᠱᠠᠲᠤᠨ ᠤ ᠲᠤᠬᠠᠶᠢᠯᠠᠭᠰᠠᠨ ᠠᠵᠢᠯ ᠤᠨ ᠭᠤᠣᠯᠯᠠᠨ ᠬᠠᠮᠢᠶᠠᠷᠬᠤ ᠪᠠᠶᠢᠭᠤᠯᠭ᠎ᠠ ᠠᠴᠠ ᠨᠢᠭᠡᠳᠦᠯᠲᠡᠢ ᠵᠢᠷᠤᠮᠵᠢᠯ ᠤᠨ ᠱᠠᠭᠠᠷᠳᠠᠯᠭ᠎ᠠ ᠶᠣᠰᠣᠭᠠᠷ ᠬᠢᠨᠠᠨ ᠵᠢᠯᠤᠭᠤᠳᠴᠤ᠂ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠶᠢᠨ ᠢᠶᠠᠨ ᠬᠤᠪᠢᠶᠠᠷᠢᠯᠠᠯ ᠶᠣᠰᠣᠭᠠᠷ ᠪᠣᠳᠠᠲᠠᠢ ᠬᠠᠷᠢᠭᠤᠴᠠᠬᠤ ᠶᠢᠨ ᠬᠠᠮᠲᠤ᠂ ᠨᠢᠭᠡᠳᠦᠯᠲᠡᠢ ᠵᠢᠷᠤᠮᠵᠢᠯ ᠤᠨ ᠪᠠᠷᠢᠮᠵᠢᠶ᠎ᠠ ᠪᠠᠷ ᠬᠢᠨᠠᠨ ᠬᠠᠮᠢᠶᠠᠷᠴᠤ᠂ ᠭᠠᠴᠠᠭ᠎ᠠ ᠲᠣᠰᠬᠤᠨ ᠤ ᠨᠢᠭᠡᠳᠦᠯᠲᠡᠢ ᠱᠠᠭᠠᠷᠳᠠᠯᠭ᠎ᠠ ᠶᠣᠰᠣᠭᠠᠷ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠳᠦᠷᠢᠮ ᠢ ᠲᠣᠭᠲᠠᠭᠠᠨ ᠲᠡᠭᠦᠯᠳᠡᠷᠵᠢᠭᠦᠯᠬᠦ ᠶᠢ ᠬᠠᠪᠰᠤᠷᠤᠨ ᠵᠢᠯᠤᠭᠤᠳᠬᠤ ᠴᠢᠬᠤᠯᠠᠲᠠᠢ ᠪᠠᠶᠢᠨ᠎ᠠ᠃       ᠣᠳᠣᠬᠠᠨ ᠳᠤ᠂ ᠪᠥᠬᠦ ᠬᠤᠰᠢᠭᠤᠨ ᠤ ᠨᠢᠭᠡᠨᠲᠡ ᠬᠡᠷᠡᠭᠵᠢᠭᠦᠯᠦᠭᠰᠡᠨ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤ ᠬᠢᠷᠢ ᠬᠡᠮ ᠢ ᠨᠤᠲᠠᠯᠠᠬᠤ ᠱᠠᠲᠤᠴᠢ ᠴᠢᠨᠠᠷᠲᠠᠢ ᠠᠵᠢᠯ ᠳᠤ ᠬᠠᠮᠢᠶ᠎ᠠ ᠪᠦᠬᠦᠢ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠰᠠᠶᠢᠨ ᠪᠣᠳᠠᠲᠠᠶᠢᠵᠢᠭᠤᠯᠤᠭᠰᠠᠨ ᠦᠭᠡᠢ᠂ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠳᠦᠷᠢᠮ ᠳᠤ ᠲᠣᠭᠲᠠᠭᠠᠭᠰᠠᠨ ᠪᠦᠷᠢᠯᠳᠦᠭᠦᠨ ᠤ ᠬᠢᠷᠢ ᠬᠡᠮ ᠢ ᠨᠤᠲᠠᠯᠠᠬᠤ ᠲᠥᠰᠥᠯ ᠨᠢ ᠪᠦᠷᠢᠨ ᠭᠦᠢᠴᠡᠳ ᠪᠤᠰᠤ᠂ ᠵᠥᠪᠬᠡᠨ ᠡᠷᠦᠭᠡ ᠠᠮᠠ ᠶᠢᠨ ᠲᠠᠩᠰᠠ ᠶᠢᠨ ᠬᠠᠷᠢᠴᠠᠭ᠎ᠠ ᠪᠠᠷ ᠴᠤᠷ ᠤᠨ ᠭᠠᠭᠴᠠ ᠨᠥᠬᠦᠴᠡᠯ ᠪᠣᠯᠭᠠᠬᠤ ᠵᠡᠷᠭᠡ ᠳᠥᠭᠦᠮ ᠪᠦᠳᠦᠭᠦᠯᠢᠭ ᠠᠷᠭ᠎ᠠ ᠮᠠᠶ᠋ᠢᠭ ᠢᠶᠠᠷ ᠪᠦᠷᠢᠯᠳᠦᠭᠦᠨ ᠤ ᠬᠢᠷᠢ ᠬᠡᠮ ᠢ ᠨᠤᠲᠠᠯᠠᠵᠤ᠂ ᠤᠯᠤᠰ ᠤᠨ ᠬᠠᠤᠯᠢ ᠲᠣᠭᠲᠠᠭᠠᠯ ᠲᠦᠷᠦ ᠶᠢᠨ ᠪᠣᠳᠣᠯᠭ᠎ᠠ ᠶᠢᠨ ᠲᠣᠭᠲᠠᠭᠠᠯ ᠢ ᠨᠢᠭᠡᠳᠦᠯᠲᠡᠢ ᠪᠥᠭᠡᠳ ᠣᠨᠣᠪᠴᠢᠲᠠᠶ ᠬᠡᠷᠡᠭᠵᠢᠭᠦᠯᠬᠦ ᠶᠢ ᠨᠥᠯᠥᠭᠡᠯᠡᠨ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠤᠭᠰᠠᠨ ᠵᠡᠷᠭᠡ ᠠᠰᠠᠭᠤᠳᠠᠯ ᠣᠷᠣᠰᠢᠵᠤ ᠪᠠᠶᠢᠨ᠎ᠠ᠃       ᠪᠥᠬᠦ ᠬᠤᠰᠢᠭᠤᠨ ᠤ ᠨᠢᠭᠡᠨᠲᠡ ᠬᠡᠷᠡᠭᠵᠢᠭᠦᠯᠦᠭᠰᠡᠨ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤ ᠬᠢᠷᠢ ᠬᠡᠮ ᠢ ᠨᠤᠲᠠᠯᠠᠬᠤ ᠱᠠᠲᠤᠴᠢ ᠴᠢᠨᠠᠷᠲᠠᠢ ᠠᠵᠢᠯ ᠤᠨ ᠦᠷ᠎ᠡ ᠪᠦᠲᠦᠭᠡᠯ ᠢ ᠪᠠᠲᠤᠳᠬᠠᠨ ᠥᠷᠭᠡᠳᠬᠡᠬᠦ ᠶᠢᠨ ᠬᠠᠮᠲᠤ ᠦᠷᠭᠦᠯᠵᠢᠯᠡᠨ ᠨᠢᠭᠡᠳᠦᠯᠲᠡᠢ ᠪᠠᠷᠢᠮᠵᠢᠶ᠎ᠠ ᠪᠠᠷ ᠪᠦᠷᠢᠯᠳᠦᠭᠦᠨ ᠤ ᠬᠢᠷᠢ ᠬᠡᠮ ᠢ ᠣᠨᠣᠪᠴᠢᠲᠠᠶ ᠨᠤᠲᠠᠯᠠᠭᠰᠠᠨ ᠦᠭᠡᠢ ᠵᠡᠷᠭᠡ ᠠᠰᠠᠭᠤᠳᠠᠯ ᠢ ᠴᠠᠭ ᠲᠤᠬᠠᠢ ᠳᠤᠨᠢ ᠵᠠᠯᠠᠷᠠᠭᠤᠯᠤᠨ᠂ ᠮᠠᠯᠴᠢᠨ ᠲᠠᠷᠢᠶᠠᠴᠢᠳ ᠤᠨ ᠡᠷᠦᠬᠡ ᠪᠠᠷ ᠢᠶᠠᠨ ᠡᠳ᠋ᠯᠡᠬᠦ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ᠂ ᠣᠷᠣᠨ ᠰᠠᠭᠤᠴᠠ ᠶᠢᠨ ᠰᠠᠭᠤᠷᠢ ᠭᠠᠵᠠᠷ ᠢ ᠬᠡᠷᠡᠭᠯᠡᠬᠦ ᠡᠷᠬᠡ᠂ ᠬᠠᠮᠲᠤ ᠶᠢᠨ ᠠᠰᠢᠭ ᠣᠷᠣᠯᠭ᠎ᠠ ᠶᠢ ᠬᠤᠪᠢᠶᠠᠷᠢᠯᠠᠬᠤ ᠡᠷᠬᠡ᠂ ᠢᠯᠠᠩᠭᠤᠶ᠎ᠠ ᠲᠠᠷᠢᠶᠠᠯᠠᠩ ᠮᠠᠯ ᠠᠵᠤ ᠠᠬᠤᠢ ᠠᠴᠠ ᠰᠢᠯᠵᠢᠭᠰᠡᠨ ᠬᠥᠮᠥᠨ ᠠᠮᠠ ᠶᠢᠨ ᠡᠷᠦᠬᠡ ᠪᠠᠷ ᠢᠶᠠᠨ ᠡᠳ᠋ᠯᠡᠬᠦ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ᠂ ᠣᠷᠣᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ ᠪᠣᠯᠣᠨ ᠡᠯ᠎ᠡ ᠵᠦᠢᠯ ᠤᠨ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ᠂ ᠤᠤᠯ ᠤᠨ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤ ᠪᠡᠶ᠎ᠡ ᠶᠢᠨ ᠭᠠᠷᠤᠯ ᠪᠣᠯᠣᠨ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠲᠣᠳᠣᠷᠬᠠᠶᠢᠯᠠᠭᠰᠠᠨ ᠡᠷᠬᠡ ᠡᠭᠦᠷᠭᠡ ᠶᠢ ᠦᠨᠡᠨᠬᠦ ᠬᠠᠤᠯᠢ ᠶᠣᠰᠣᠭᠠᠷ ᠪᠠᠲᠤᠯᠠᠵᠤ᠂ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠲᠣᠭᠲᠠᠭᠤᠨ ᠪᠠᠶᠢᠳᠠᠯ ᠢ ᠪᠠᠲᠤᠳᠬᠠᠨ᠂ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠨᠡᠶᠢᠭᠡᠮ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠤᠰᠠᠳᠡ᠂ ᠲᠤᠰ ᠲᠥᠰᠥᠯ ᠢ ᠲᠣᠭᠲᠠᠭᠠᠬᠤ ᠴᠢᠬᠤᠯᠠᠲᠠᠢ ᠪᠠᠶᠢᠨ᠎ᠠ᠃       ᠭᠤᠷᠪᠠ᠂ ᠲᠣᠭᠲᠠᠭᠠᠭᠰᠠᠨ ᠶᠠᠪᠤᠴᠠ       ᠱᠠᠭᠠᠷᠳᠠᠯᠭ᠎ᠠ ᠶᠣᠰᠣᠭᠠᠷ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠨᠢ ᠪᠥᠬᠦ ᠬᠤᠰᠢᠭᠤᠨ ᠤ ᠨᠢᠭᠡᠨᠲᠡ ᠬᠡᠷᠡᠭᠵᠢᠭᠦᠯᠦᠭᠰᠡᠨ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤ ᠬᠢᠷᠢ ᠬᠡᠮ ᠢ ᠨᠤᠲᠠᠯᠠᠬᠤ ᠱᠠᠲᠤ ᠦᠶ᠎ᠡ ᠶᠢᠨ ᠴᠢᠨᠠᠷᠲᠠᠢ ᠠᠵᠢᠯ ᠤᠨ ᠳᠤᠮᠳᠠ ᠣᠷᠣᠰᠢᠵᠤ ᠪᠠᠶᠢᠭ᠎ᠠ ᠳᠡᠭᠡᠷ᠎ᠡ ᠳᠤᠷᠠᠳᠤᠭᠰᠠᠨ ᠠᠰᠠᠭᠤᠳᠠᠯ ᠳᠤ ᠰᠠᠭᠤᠷᠢᠯᠠᠨ᠂ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢ ᠲᠣᠬᠢᠷᠠᠭᠤᠯᠤᠨ ᠲᠣᠰ ᠲᠥᠰᠥᠯ ᠢ ᠨᠠᠶᠢᠷᠠᠭᠤᠯᠤᠨ ᠵᠣᠬᠢᠶᠠᠬᠤ ᠠᠵᠢᠯ ᠢ ᠶᠠᠪᠤᠭᠳᠠᠭᠤᠯᠪᠠ᠃ ᠲᠤᠭᠤᠷᠪᠢᠨ ᠪᠢᠴᠢᠬᠦ ᠶᠠᠪᠤᠴᠠ ᠳᠤ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠬᠠᠮᠢᠶ᠎ᠠ ᠪᠦᠬᠦᠢ ᠲᠣᠭᠲᠠᠭᠠᠯ ᠢᠶᠠᠷ ᠯᠠᠪᠯᠠᠯᠲᠠ ᠪᠣᠯᠭᠠᠵᠤ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠳᠣᠲᠣᠭᠠᠳᠤ ᠳᠠᠭᠠᠨ ᠶᠠᠷᠢᠯᠴᠠᠭᠰᠠᠨ ᠤ ᠳᠠᠷᠠᠭ᠎ᠠ ᠠᠩᠬᠠᠨ ᠤ ᠡᠬᠡ ᠨᠣᠣᠷᠠᠭ ᠢ ᠨᠠᠶᠢᠷᠠᠭᠤᠯᠪᠠ᠃ ᠵᠠᠰᠠᠭ ᠤᠨ ᠣᠷᠳᠣᠨ ᠤ ᠬᠠᠤᠯᠢ ᠳᠦᠷᠢᠮ ᠤᠨ ᠠᠯᠪᠠᠨ ᠭᠡᠷ ᠠᠴᠠ ᠬᠢᠨᠠᠨ ᠬᠠᠷᠭᠤᠭᠤᠯᠤᠭᠰᠠᠨ ᠰᠠᠨᠠᠯ ᠭᠠᠷᠭᠠᠨ᠂ ᠬᠤᠰᠢᠭᠤᠨ ᠤ ᠡᠯ᠎ᠡ ᠴᠢᠳᠠᠪᠬᠢᠲᠤ ᠪᠠᠶᠢᠭᠤᠯᠭ᠎ᠠ᠂ ᠰᠤᠮᠤ ᠪᠠᠯᠭᠠᠰᠤ ᠶᠢᠨ ᠰᠠᠨᠠᠯ ᠢ ᠬᠤᠷᠢᠶᠠᠭᠰᠠᠨ ᠪᠥᠭᠡᠳ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠤ ᠰᠦᠯᠵᠢᠶ᠎ᠡ ᠪᠠᠷ ᠳᠠᠮᠵᠢᠭᠤᠯᠤᠨ ᠨᠡᠶᠢᠭᠡᠮ ᠠᠴᠠ ᠰᠠᠨᠠᠯ ᠬᠤᠷᠢᠶᠠᠪᠠ᠃       ᠳᠥᠷᠪᠡ᠂ ᠲᠣᠭᠲᠠᠭᠠᠭᠰᠠᠨ ᠦᠨᠳᠦᠰᠦᠯᠡᠯ       ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠲᠠᠶᠢᠴᠤᠳ ᠤᠨ ᠡᠷᠬᠡ ᠠᠰᠢᠭ ᠢ ᠪᠠᠲᠤᠯᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠰᠬᠤᠨ ᠤ ᠠᠷᠠᠳ ᠤᠨ ᠵᠥᠪᠯᠡᠯ ᠤᠨ ᠵᠣᠬᠢᠶᠠᠨ ᠪᠠᠶᠢᠭᠤᠯᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠠᠤᠯᠢ︾ ᠵᠢᠴᠢ ᠪᠤᠰᠤᠳ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢᠶᠠᠷ ᠭᠤᠤᠯ ᠦᠨᠳᠦᠰᠦᠯᠡᠯ ᠪᠣᠯᠭᠠᠵᠤ᠂ ︽ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ︵ᠲᠥᠷᠥ ᠲᠠᠷᠬᠠᠭᠠᠭᠰᠠᠨ ﹇2016﹈ 37 ᠳ᠋ᠤᠭᠠᠷ ᠲᠣᠭᠠᠲᠤ︶︾᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠠᠨᠠᠯ︾ ︵ᠥᠪᠥᠷ ᠨᠠᠮ ᠲᠠᠷᠬᠠᠭᠠᠭᠰᠠᠨ ﹇2018﹈ 8 ᠳ᠋ᠤᠭᠠᠷ ᠲᠣᠭᠠᠲᠤ︶᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠤᠨ ᠲᠥᠰᠥᠯ︾ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ ᠠᠬᠤᠢ ᠬᠠᠤᠯᠢ ᠲᠠᠷᠬᠠᠭᠠᠭᠰᠠᠨ ﹇2018﹈ 90 ᠳ᠋ᠦ᠋ᠭᠡᠷ ᠲᠣᠭᠠᠲᠤ︶᠂ ︽ᠬᠠᠮᠲᠤ ᠶᠢᠨ ᠡᠳ᠋ ᠬᠥᠷᠥᠩᠭᠡ ᠶᠢ ᠪᠦᠷᠢᠳᠬᠡᠨ ᠬᠠᠷᠭᠤᠭᠤᠯᠬᠤ ᠪᠠ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤ ᠪᠡᠶ᠎ᠡ ᠶᠢᠨ ᠭᠠᠷᠤᠯ ᠢ ᠨᠤᠲᠠᠯᠠᠬᠤ ᠠᠵᠢᠯ ᠢ ᠲᠦᠷᠭᠡᠳᠬᠡᠨ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ ᠠᠬᠤᠢ ᠬᠠᠤᠯᠢ ᠲᠠᠷᠬᠠᠭᠠᠭᠰᠠᠨ ﹇2019﹈ 80 ᠳ᠋ᠤᠭᠠᠷ ᠲᠣᠭᠠᠲᠤ︶ ᠤᠨ ᠬᠤᠯᠪᠣᠭᠳᠠᠯ ᠪᠦᠬᠦᠢ ᠵᠣᠷᠢᠭ ᠰᠠᠨᠠᠭ᠎ᠠ ᠶᠢ ᠦᠨᠳᠦᠰᠦᠯᠡᠨ᠂ ︽ᠳᠣᠲᠣᠭᠠᠳᠤ ᠶᠢ ᠬᠠᠮᠠᠭᠠᠯᠠᠬᠤ ᠶᠠᠮᠤᠨ ᠤ ︿ᠵᠢᠵᠢᠭ ᠬᠤᠲᠠ ᠪᠠᠯᠭᠠᠰᠤ ᠶᠢᠨ ᠡᠷᠦᠬᠡ ᠠᠮᠠ ᠶᠢᠨ ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠪᠠ ᠬᠥᠳᠡᠭᠡ ᠲᠣᠰᠬᠤᠨ ᠤ ᠡᠷᠦᠬᠡ ᠠᠮᠠ ᠶᠢᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠬᠦ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠬᠠᠷᠢᠭᠤᠯᠲᠠ﹀ ᠶᠢ ᠳᠠᠷᠤᠮᠠᠯᠯᠠᠨ ᠲᠠᠷᠬᠠᠭᠠᠬᠤ ᠮᠡᠳᠡᠭᠳᠡᠯ︾ ︵ᠳᠣᠲᠣᠭᠠᠳᠤ ᠨᠡᠶᠢᠳᠡᠮ ᠦᠰᠦᠭ  ﹇1997﹈ 56 ᠳ᠋ᠤᠭᠠᠷ ᠲᠣᠭᠠᠲᠤ︶︾᠂ ︽ᠵᠢᠵᠢᠭ ᠬᠤᠲᠠ ᠪᠠᠯᠭᠠᠰᠤ ᠶᠢᠨ ᠡᠷᠦᠬᠡ ᠠᠮᠠ ᠶᠢᠨ ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠠᠬᠢᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠡᠷᠡᠭᠵᠢᠭᠦᠯᠬᠦ ᠰᠠᠨᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠤᠬᠤᠯᠠᠪᠤᠷᠢᠯᠠᠨ ᠲᠠᠷᠬᠠᠭᠠᠬᠤ ᠮᠡᠳᠡᠭᠳᠡᠯ ︵ᠥᠪᠥᠷ ᠵᠠᠰᠠᠭ ᠦᠰᠦᠭ  ﹇2000﹈ 100 ᠳ᠋ᠤᠭᠠᠷ ᠲᠣᠭᠠᠲᠤ︶︾᠂ ︽ᠡᠷᠦᠬᠡ ᠠᠮᠠ ᠶᠢᠨ ᠬᠠᠷᠢᠶ᠎ᠠ ᠶᠢᠨ ᠳᠦᠷᠢᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ ︵ᠲᠥᠷᠥ ᠲᠠᠷᠬᠠᠭᠠᠭᠰᠠᠨ ﹇2014﹈ 25 ᠳ᠋ᠤᠭᠠᠷ ᠲᠣᠭᠠᠲᠤ︶᠂ ︽ᠡᠷᠦᠬᠡ ᠠᠮᠠ ᠶᠢᠨ ᠬᠠᠷᠢᠶ᠎ᠠ ᠶᠢᠨ ᠳᠦᠷᠢᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠲᠠᠷᠬᠠᠭᠠᠭᠰᠠᠨ ﹇2015﹈ 104 ᠳ᠋ᠦ᠋ᠭᠡᠷ ᠲᠣᠭᠠᠲᠤ︶᠂ ︽ᠡᠷᠦᠬᠡ ᠠᠮᠠ ᠶᠢᠨ ᠬᠠᠷᠢᠶ᠎ᠠ ᠶᠢᠨ ᠳᠦᠷᠢᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠠᠬᠢᠭᠤᠯᠬᠤ ᠲᠤᠬᠠᠢ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠣᠷᠳᠣᠰ ᠵᠠᠰᠠᠭ ᠲᠠᠷᠬᠠᠭᠠᠭᠰᠠᠨ ﹇2015﹈ 223 ᠳ᠋ᠤᠭᠠᠷ ᠲᠣᠭᠠᠲᠤ︶ ᠵᠡᠷᠭᠡ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠵᠢᠴᠢ ᠪᠤᠰᠤᠳ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠢᠶᠠᠷ ᠦᠨᠳᠦᠰᠦᠯᠡᠯ ᠪᠣᠯᠭᠠᠪᠠ᠃      ᠲᠠᠪᠤ᠂ ᠪᠢᠴᠢᠭ ᠮᠠᠲ᠋ᠧᠷᠢᠶᠠᠯ ᠢ ᠬᠡᠷᠡᠭᠵᠢᠭᠦᠯᠬᠦ ᠡᠳᠦᠷ ᠬᠤᠭᠤᠴᠠᠭ᠎ᠠ       ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ