12 ᠳ᠋ᠤᠭᠠᠷ ᠰᠠᠷ᠎ᠠ ᠶᠢᠨ 3 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠣ᠋ ᡁᠢ | ᠰᠢᠶᠦ᠋ᠡᠭ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠥᠬᠦᠳᠡ ᠬᠤᠷᠠᠯ ︵ᠥᠷᠭᠡᠳᠬᠡᠭᠰᠡᠨ︶ ᠵᠢᠴᠢ ᠨᠠᠮ ᠤᠨ ᠰᠤᠷᠲᠠᠯ ᠴᠢᠭᠡᠴᠢ ᠵᠠᠰᠠᠭ ᠤᠨ | ᠪᠠᠶᠢᠭᠤᠯᠤᠯᠲᠠ ᠶᠢᠨ ᠠᠵᠢᠯ ᠪᠠ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠢ ᠡᠷᠭᠢᠯᠡᠨ | ᠬᠤᠷᠠᠯᠳᠤᠭᠤᠯᠪᠠ᠃ | | | | | | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ ᠴᠢᠬᠤᠯᠠ ᠥᠭᠦᠯᠡᠯᠲᠡ᠂ ︽ᠨᠠᠮ ᠤᠨ ᠬᠤᠷᠢᠶ᠎ᠠ ︵ | ᠨᠠᠮ ᠤᠨ ᠤᠳᠤᠷᠢᠳᠬᠤ ᠳᠤᠭᠤᠶᠢᠯᠠᠩ︶ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ | ᠲᠣᠭᠲᠠᠭᠠᠯ︾ ᠪᠣᠯᠣᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ | ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ ᠲᠣᠭᠤᠰᠢᠯᠠᠭᠤᠯᠤᠨ᠂ ᠨᠠᠮ ᠨᠢ ᠨᠠᠮ ᠢᠶᠠᠨ ᠬᠠᠮᠢᠶᠠᠷᠬᠤ᠂ | ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠪᠠᠷᠢᠮᠲᠠᠯᠠᠵᠤ᠂ ︽ᠬᠤᠶᠠᠷ ᠢ ᠲᠣᠭᠲᠠᠭᠠᠬᠤ︾ ᠶᠢ ᠦᠨᠡᠨᠴᠢ ᠪᠠᠷ ᠬᠦᠷᠢᠶᠡᠯᠡᠨ᠂ ︽ᠬᠤᠶᠠᠷ ᠢ ᠬᠠᠮᠠᠭᠠᠯᠠᠬᠤ︾ ᠶᠢ | ᠡᠷᠡᠰ ᠪᠡᠶᠡᠯᠡᠭᠦᠯᠬᠦ ᠤᠯᠤᠰ ᠲᠥᠷᠥ ᠶᠢᠨ ᠥᠨᠳᠥᠷᠴᠡ ᠠᠴᠠ ᠨᠠᠮ ᠤᠨ ᠲᠥᠪ ᠬᠤᠷᠢᠶᠠᠨ ᠤ ᠮᠠᠭᠤ ᠶᠢ ᠠᠷᠢᠯᠭᠠᠵᠤ ᠰᠠᠶᠢᠨ ᠢ ᠮᠠᠨᠳᠤᠭᠤᠯᠬᠤ᠂ ᠲᠥᠪ ᠰᠤᠷᠲᠠᠯ ᠢ | ᠳᠡᠮᠵᠢᠵᠦ ᠭᠠᠵᠢᠭᠤ ᠪᠤᠷᠤᠭᠤ ᠶᠢ ᠠᠷᠢᠯᠭᠠᠬᠤ ᠡᠷᠡᠰ ᠬᠠᠲᠠᠭᠤ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠡᠴᠦᠰ ᠲᠤᠨᠢ ᠲᠤᠯᠲᠠᠯ᠎ᠠ ᠴᠢᠩᠭ᠎ᠠ ᠠᠳᠬᠤᠬᠤ | ᠢᠲᠡᠭᠡᠯ ᠵᠣᠷᠢᠭ ᠢᠶᠠᠨ ᠪᠠᠲᠤᠳᠬᠠᠨ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ ᠪᠠ ᠤᠯᠤᠰ ᠲᠦᠷᠦ ᠶᠢᠨ | ᠬᠡᠷᠡᠭᠵᠢᠭᠦᠯᠬᠦ ᠬᠦᠴᠦᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠡᠷᠡᠰ ᠪᠠᠷᠢᠮᠲᠠᠯᠠᠨ᠂ ᠥᠪᠡᠷ ᠤᠨ ᠪᠡᠶ᠎ᠡ ᠳᠡᠭᠡᠨ | ᠲᠤᠶᠢᠯᠪᠤᠷᠢᠲᠠᠢ ᠬᠤᠪᠢᠰᠬᠠᠯ ᠬᠢᠬᠦ ᠵᠣᠷᠢᠭ ᠰᠠᠨᠠᠭ᠎ᠠ ᠪᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ | ᠭᠡᠵᠦ ᠴᠢᠬᠤᠯᠠᠴᠢᠯᠠᠪᠠ᠃ | ᠬᠤᠷᠠᠯ ᠠᠴᠠ ᠬᠡᠰᠡᠭ ᠭᠠᠵᠠᠷ ᠣᠷᠣᠨ ᠤ ᠡᠪᠳᠡᠭᠳᠡᠭᠰᠡᠨ ᠲᠡᠦᠬᠡ ᠶᠢᠨ ᠳᠤᠷᠠᠰᠬᠠᠯᠲᠤ ᠵᠦᠢᠯᠡᠰ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠤᠯᠢ ᠪᠠᠷ | ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠡᠯᠡᠵᠦ᠂ ᠪᠥᠬᠦ ᠬᠤᠰᠢᠭᠤᠨ ᠤ | ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠤᠨ᠂ ᠲᠠᠷᠠᠭᠠᠴᠢ ᠶᠢᠨ ᠠᠯᠬᠤᠮ ᠤᠨ ᠠᠵᠢᠯ ᠢ | ᠪᠠᠶᠢᠷᠢᠯᠠᠭᠤᠯᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ ᠲᠣᠭᠤᠰᠢᠯᠠᠭᠤᠯᠤᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ | ᠬᠠᠮᠠᠭᠠᠯᠠᠯᠲᠠ ᠶᠢᠨ ᠠᠵᠢᠯ ᠤᠨ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ ᠬᠡᠷᠡᠭ ᠢᠶᠠᠷ ᠲᠣᠯᠢ ᠪᠣᠯᠭᠠᠨ᠂ ᠬᠡᠷᠡᠭ ᠢᠶᠠᠷ ᠥᠭᠡᠷᠡᠴᠢᠯᠡᠯᠲᠡ ᠶᠢ | ᠠᠬᠢᠭᠤᠯᠵᠤ᠂ ᠰᠡᠷᠡᠮᠵᠢᠯᠡᠭᠦᠯᠬᠦ ᠬᠥᠮᠦᠵᠢᠯ ᠢ ᠥᠷᠨᠢᠭᠦᠯᠬᠦ ᠪᠠᠷ ᠲᠣᠬᠢᠶᠠᠯ ᠪᠣᠯᠭᠠᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠳᠤ | ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠪᠥᠬᠦ ᠲᠠᠯ᠎ᠠ ᠪᠠᠷ ᠣᠶᠢᠯᠠᠭᠠᠵᠤ᠂ ᠭᠦᠨᠵᠡᠭᠡᠢ ᠠᠭᠤᠳᠠᠯᠵᠤ ᠲᠤᠶᠢᠯᠪᠤᠷᠢᠲᠠᠢ ᠪᠠᠶᠢᠴᠠᠭᠠᠨ᠂ ᠤᠷᠢᠳᠠᠪᠠᠷ ᠬᠢᠨᠠᠨ | ᠪᠠᠶᠢᠴᠠᠭᠠᠬᠤ ᠪᠠ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠬᠠᠮᠢᠶ᠎ᠠ ᠪᠦᠬᠦᠢ ᠬᠠᠮᠠᠭᠠᠯᠠᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ | ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠣᠭᠤᠷᠢᠨ ᠪᠠᠶᠢᠴᠠᠭᠠᠯᠲᠠ ᠪᠠ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠪᠠᠶᠢᠩᠭᠤ | ᠥᠷᠨᠢᠭᠦᠯᠵᠦ᠂ ᠪᠥᠬᠦ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ︽ᠲᠦᠷᠦᠯ ᠵᠦᠢᠯ ᠢᠶᠠᠷ ᠭᠤᠣᠯ ᠪᠣᠯᠭᠠᠬᠤ︾ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ | ᠲᠥᠯᠥᠪᠯᠡᠭᠡ ᠲᠣᠭᠲᠠᠭᠠᠬᠤ᠂ ᠤᠳᠤᠷᠢᠳᠤᠯᠭ᠎ᠠ ᠬᠤᠯᠪᠣᠭᠠᠯᠠᠨ ᠳᠠᠭᠠᠭᠠᠴᠢᠯᠠᠬᠤ ᠵᠡᠷᠭᠡ ᠠᠵᠢᠯ ᠤᠨ ᠲᠣᠭᠲᠠᠴᠠ ᠶᠢ ᠰᠠᠶᠢᠲᠤᠷ ᠠᠰᠢᠭᠯᠠᠨ᠂ ᠪᠦᠬᠦ ᠬᠡᠯᠬᠢᠶ᠎ᠡ ᠪᠠᠷ | ᠠᠬᠢᠭᠤᠯᠵᠤ᠂ ᠪᠦᠬᠦ ᠬᠦᠴᠦᠨ ᠵᠦᠢᠯ ᠢᠶᠠᠷ ᠪᠠᠲᠤᠯᠠᠨ᠂ ᠪᠦᠬᠦ ᠦᠶᠡᠯᠡᠯ ᠢᠶᠠᠷ ᠦᠢᠯᠡᠴᠢᠯᠡᠵᠦ᠂ ᠤᠳᠤ ᠶᠢᠨ ᠪᠠᠶᠢᠭ᠎ᠠ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ︔ ᠤᠯᠤᠰ ᠤᠨ | ᠴᠢᠬᠤᠯᠠ ᠶᠡᠭᠡ ᠲᠦᠷᠦ ᠶᠢᠨ ᠪᠣᠳᠣᠯᠭ᠎ᠠ ᠶᠢᠨ ᠠᠰᠢᠭ ᠣᠯᠵᠠᠪᠤᠷᠢ ᠪᠠ ᠠᠵᠤ ᠦᠢᠯᠡᠰ ᠤᠨ ᠪᠦᠲᠦᠴᠡ ᠶᠢ ᠲᠡᠰ ᠳᠡᠪᠰᠢᠭᠦᠯᠬᠦ ᠤᠳᠤᠷᠢᠳᠤᠮᠵᠢ ᠲᠠᠢ ᠨᠢᠭᠲᠠ | ᠤᠶᠠᠯᠳᠤᠭᠤᠯᠵᠤ᠂ ᠤᠷᠳᠤ ᠬᠤᠭᠤᠴᠠᠭᠠᠨ ᠤ ᠤᠯᠤᠰ ᠤᠨ ᠵᠢᠭᠡᠯᠡᠯᠭᠡ ᠵᠡᠷᠭᠡ ᠲᠦᠷᠦ ᠶᠢᠨ ᠪᠣᠳᠣᠯᠭ᠎ᠠ ᠶᠢᠨ ᠠᠰᠢᠭ ᠣᠯᠵᠠᠪᠤᠷᠢ ᠶᠢ ᠨᠢᠭᠡᠳᠦᠯᠲᠡᠢ ᠲᠥᠯᠥᠪᠯᠡᠨ | ᠰᠠᠶᠢᠲᠤᠷ ᠬᠡᠷᠡᠭᠯᠡᠵᠦ᠂ ᠳᠡᠭᠡᠳᠦ ᠱᠠᠲᠤ ᠯᠤᠭ᠎ᠠ ᠬᠠᠷᠢᠯᠴᠠᠵᠤ ᠨᠡᠪᠲᠡᠷᠡᠯᠴᠡᠬᠦ ᠡᠷᠴᠢᠮ ᠢᠶᠠᠨ ᠴᠢᠩᠭᠠᠷᠠᠭᠤᠯᠤᠨ᠂ ᠣᠳᠣᠬᠢ ᠪᠠᠶᠢᠳᠠᠯ ᠳᠤ ᠠᠰᠢᠭᠲᠠᠢ᠂ ᠤᠷᠳᠤ | ᠬᠤᠭᠤᠴᠠᠭ᠎ᠠ ᠪᠠᠷ ᠠᠰᠢᠭ ᠬᠦᠷᠲᠡᠭᠡᠬᠦ ᠨᠢᠭᠡ ᠪᠦᠯᠦᠭ ᠴᠢᠬᠤᠯᠠ ᠶᠡᠭᠡ ᠲᠥᠷᠥᠯ ᠵᠦᠢᠯ ᠢ ᠨᠠᠷᠢᠨ ᠨᠢᠮᠪᠠᠢ ᠲᠥᠯᠥᠪᠯᠡᠵᠦ ᠭᠤᠶᠤᠴᠢᠯᠠᠨ ᠮᠡᠳᠡᠭᠦᠯᠬᠦ ᠬᠡᠷᠡᠭᠲᠡᠢ᠃ | ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠪᠥᠬᠦ ᠬᠤᠰᠢᠭᠤᠨ ᠤ ︽ | ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠶᠢ ᠲᠤᠰᠬᠠᠢ ᠬᠠᠷᠠᠯᠲᠠᠲᠤ ᠬᠢᠨᠠᠨ ᠰᠢᠯᠭᠠᠷᠠᠭᠤᠯᠬᠤ ᠭᠦᠢᠴᠡᠳᠬᠡᠯ ᠲᠤᠭ᠎ᠠ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ︽ | ᠵᠢᠷᠭᠤᠭᠠᠨ ᠢᠨᠵᠧᠨᠧᠷᠢᠩ︾ ᠪᠣᠯᠣᠨ ᠬᠤᠲᠠ ᠶᠢᠨ ᠨᠠᠮ ᠤᠨ ᠬᠤᠷᠢᠶ᠎ᠠ ᠶᠢᠨ ︽ᠭᠤᠷᠪᠠᠨ ᠳᠥᠷᠪᠡ︾ ᠶᠢᠨ ᠠᠵᠢᠯ ᠤᠨ ᠡᠭᠦᠷᠭᠡ ᠲᠠᠢ ᠤᠶᠠᠯᠳᠤᠭᠤᠯᠤᠨ᠂ ᠠᠬᠢᠴᠠ ᠶᠢ | ᠲᠣᠩᠭᠤᠷᠠᠭᠤᠯᠤᠨ ᠲᠣᠬᠢᠷᠠᠭᠤᠯᠵᠤ᠂ ᠪᠣᠭᠤᠮᠲᠠ ᠰᠢᠪᠲᠤᠯᠤᠨ᠂ ᠬᠠᠷᠠᠯᠲᠠ ᠪᠠᠨ ᠭᠤᠶᠢᠪᠢᠰᠢ ᠦᠭᠡᠢ ᠪᠠᠷᠢᠮᠲᠠᠯᠠᠵᠤ᠂ ᠰᠡᠳᠬᠢᠯ ᠰᠠᠨᠠᠭ᠎ᠠ ᠪᠠᠨ ᠲᠥᠪᠯᠡᠷᠡᠭᠦᠯᠦᠨ | ᠬᠥᠭᠵᠢᠯᠲᠡ ᠶᠢ ᠠᠳᠬᠤᠨ᠂ ᠪᠥᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠣᠨ ᠤ ᠡᠭᠦᠷᠭᠡ ᠪᠠᠨ ᠪᠥᠬᠦ ᠲᠠᠯ᠎ᠠ ᠪᠠᠷ ᠪᠡᠶᠡᠯᠡᠭᠦᠯᠦᠨ᠂ ᠢᠷᠡᠬᠦ | ᠵᠢᠯ ᠤᠨ ᠠᠵᠢᠯ ᠤᠨ ᠤᠷᠤᠭᠰᠢᠲᠠᠢ ᠡᠬᠢᠯᠡᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | ᠯᠢ ᡁᠢ ᠪᠢᠶᠣᠣ᠂ ᠭᠦᠸᠧ ᠵᠣᠣ ᠬᠤᠶ᠂ ᠨᠠᠰᠤᠨᠳᠡᠯᠭᠡᠷ᠂ ᠯᠢᠦ ᠰᠢᠨ᠂ ᠸᠠᠩ ᠹᠦ᠋ ᠯᠦᠩ᠂ ᠭᠤᠸ ᡁᠢ ᠵᠢᠴᠢ ᠡᠯ᠎ᠡ ᠰᠤᠮᠤ ᠪᠠᠯᠭᠠᠰᠤ᠂ ᠬᠤᠰᠢᠭᠤᠨ ᠤ | ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠣᠷᠣᠯᠴᠠᠪᠠ᠃ | | | | |