ᠭᠤᠣ ᠬᠤᠸᠠᠢ ᠵᠢᠩ ᠬᠦᠷᠢᠶᠡᠯᠡᠩ ᠲᠣᠭᠤᠷᠢᠭ ᠤᠨ ᠬᠡᠰᠡᠭ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠳᠠᠯ ᠢ ᠣᠶᠢᠯᠠᠭᠠᠵᠤ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠪᠡ
ᠨᠡᠶᠢᠲᠡᠯᠡᠭᠰᠡᠨ ᠴᠠᠭ᠄
2024/12/5
      12 ᠳ᠋ᠤᠭᠠᠷ ᠰᠠᠷ᠎ᠠ ᠶᠢᠨ 3 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠭᠤᠸ ᠬᠤᠸᠠᠢ ᠵᠢᠩ ᠣᠲᠤᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠮᠧᠩ ᠰᠢ ᠠᠵᠤ ᠦᠢᠯᠡᠰ ᠤᠨ ᠬᠦᠷᠢᠶᠡᠯᠡᠩ ᠤᠨ ᠬᠡᠰᠡᠭ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠳᠠᠯ ᠢ ᠣᠶᠢᠯᠠᠭᠠᠵᠤ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠨ᠂ ᠠᠵᠤ ᠠᠬᠤᠶᠢᠯᠠᠯ ᠤᠨ ︽ᠪᠠᠴᠢᠮ ᠲᠤᠯᠭᠠᠮ᠎ᠠ ᠬᠦᠴᠢᠷ︾ ᠠᠰᠠᠭᠤᠳᠠᠯ ᠢ ᠨᠢᠭᠤᠷᠲᠠᠨ ᠰᠣᠨᠣᠰᠴᠤ᠂ ᠲᠤᠬᠠᠢ ᠶᠢᠨ ᠲᠠᠯᠠᠪᠤᠷ ᠲᠤ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠳᠤ ᠬᠠᠷᠢᠭᠤ ᠥᠭᠬᠦ ᠶᠢᠨ ᠬᠠᠮᠲᠤ ᠰᠢᠢᠳᠪᠦᠷᠢᠯᠡᠬᠦ ᠠᠷᠭ᠎ᠠ ᠶᠢ ᠨᠢᠭᠡᠳ ᠨᠢᠭᠡ ᠪᠠᠷ ᠰᠤᠳᠤᠯᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠢ ᠨᠡᠮᠡᠭᠳᠡᠭᠦᠯᠪᠡ᠃      ᠭᠤᠤ ᠬᠤᠸᠠᠢ ᠵᠢᠩ ᠱᠤᠸᠠᠩ ᠰᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠨ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠵᠢᠴᠢ ᠵᠣᠬᠢᠴᠠᠭᠤᠯᠤᠨ ᠰᠢᠢᠳᠪᠦᠷᠢᠯᠡᠬᠦ ᠴᠢᠬᠤᠯᠠᠲᠠᠢ ᠬᠦᠴᠢᠷ ᠠᠰᠠᠭᠤᠳᠠᠯ ᠢ ᠨᠠᠷᠢᠨ ᠣᠶᠢᠯᠠᠭᠠᠵᠤ᠂ ᠬᠤᠯᠪᠣᠭᠳᠠᠯ ᠪᠦᠬᠦᠢ ᠤᠴᠢᠷ ᠶᠠᠪᠤᠳᠠᠯ ᠤᠨ ᠲᠤᠬᠠᠢ ᠲᠣᠳᠣᠷᠬᠠᠢ ᠬᠠᠷᠢᠭᠤᠯᠲᠠ ᠥᠭᠴᠡᠢ᠃ ᠭᠤᠤ ᠬᠤᠸᠠᠢ ᠵᠢᠩ ᠬᠡᠯᠡᠬᠦ ᠳᠡᠭᠡᠨ᠂ ᠠᠵᠤ ᠠᠬᠤᠶᠢᠯᠠᠯ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠲᠤᠯᠭᠠᠭᠤᠷᠢᠯᠠᠯ ᠮᠥᠨ᠃ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠵᠢᠴᠢ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠲᠦᠷᠦ ᠶᠢᠨ ᠪᠣᠳᠣᠯᠭ᠎ᠠ ᠶᠢ ᠣᠨᠣᠪᠴᠢᠲᠠᠢ ᠬᠡᠷᠡᠭᠵᠢᠭᠦᠯᠦᠨ᠂ ᠠᠵᠤ ᠠᠬᠤᠶᠢᠯᠠᠯ ᠤᠨ ᠴᠢᠳᠠᠪᠤᠷᠢᠲᠠᠨ᠂ ᠪᠡᠯᠡ ᠮᠥᠩᠭᠦ᠂ ᠵᠠᠬ᠎ᠠ ᠳᠡᠯᠭᠡᠭᠦᠷ ᠤᠨ ᠥᠷᠭᠡᠳᠬᠡᠯ ᠵᠡᠷᠭᠡ ᠲᠠᠯ᠎ᠠ ᠶᠢᠨ ᠪᠣᠳᠠᠲᠠᠢ ᠬᠡᠷᠡᠭᠴᠡᠭᠡ ᠶᠢᠨ ᠲᠣᠭᠤᠷᠢᠨ ᠳᠤ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠨ᠂ ︽ᠪᠦᠬᠦ ᠲᠠᠯ᠎ᠠ ᠶᠢ ᠬᠠᠮᠤᠷᠤᠭᠰᠠᠨ ᠠᠰᠠᠭᠤᠳᠠᠯ ᠢ ᠴᠤᠭᠯᠠᠭᠤᠯᠬᠤ᠂ ᠪᠦᠬᠦ ᠦᠶᠡᠯᠡᠯ ᠤᠨ ᠬᠤᠭᠤᠴᠠᠭ᠎ᠠ ᠪᠠᠷ ᠠᠵᠤ ᠠᠬᠤᠶᠢᠯᠠᠯ ᠳᠤ ᠦᠢᠯᠡᠴᠢᠯᠡᠬᠦ᠂ ᠪᠦᠬᠦ ᠬᠦᠴᠦᠨ ᠢᠶᠠᠷ ᠢᠶᠠᠨ ᠭᠤᠮᠣᠳᠠᠯ ᠱᠠᠭᠠᠷᠳᠠᠯᠭ᠎ᠠ ᠶᠢ ᠭᠦᠢᠴᠡᠳᠬᠡᠬᠦ︾ ᠶᠢ ᠪᠣᠳᠠᠲᠠᠢ ᠠᠬᠢᠭᠤᠯᠵᠤ᠂ ︽ᠶᠠᠪᠤᠳᠠᠯ ᠪᠦᠬᠦᠨ ᠳᠤ ᠬᠠᠷᠢᠭᠤ ᠥᠭᠴᠦ᠂ ᠶᠠᠪᠤᠳᠠᠯ ᠪᠦᠬᠦᠨ ᠢ ᠨᠠᠶᠢᠳᠠᠪᠤᠷᠢᠵᠢᠭᠤᠯᠬᠤ︾ ᠶᠢ ᠪᠠᠲᠤᠯᠠᠬᠤ ᠬᠡᠷᠡᠭᠲᠡᠢ᠃ ᠡᠯ᠎ᠡ ᠵᠦᠢᠯ ᠤᠨ ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠠᠮᠢᠳᠤᠯᠢᠭ ᠢᠶᠠᠷ ᠭᠦᠢᠴᠡᠳ ᠰᠠᠶᠢᠲᠤᠷ ᠬᠡᠷᠡᠭᠯᠡᠵᠦ᠂ ᠳᠡᠭᠡᠭᠰᠢ ᠬᠠᠷᠢᠭᠤ ᠮᠡᠳᠡᠭᠦᠯᠬᠦ ᠪᠠᠷ ᠢᠳᠡᠪᠬᠢᠲᠡᠢ ᠴᠢᠷᠮᠠᠶᠢᠨ᠂ ᠠᠵᠤ ᠠᠬᠤᠶᠢᠯᠠᠯ ᠤᠨ ᠡᠬᠢ ᠪᠠᠶᠠᠯᠢᠭ ᠢ ᠨᠢᠭᠡᠳᠬᠡᠬᠦ᠂ ᠥᠪᠡᠷ ᠤᠨ ᠦᠷᠳᠡᠭ ᠢ ᠪᠠᠭᠤᠷᠠᠭᠤᠯᠬᠤ᠂ ᠦᠷ᠎ᠡ ᠠᠰᠢᠭ ᠢ ᠳᠡᠭᠡᠭᠰᠢᠯᠡᠭᠦᠯᠬᠦ᠂ ᠵᠠᠬ᠎ᠠ ᠳᠡᠯᠭᠡᠭᠦᠷ ᠢ ᠨᠡᠭᠡᠭᠡᠬᠦ ᠳᠤ ᠪᠦᠬᠦ ᠬᠦᠴᠦᠨ ᠢᠶᠠᠷ ᠢᠶᠠᠨ ᠬᠠᠮᠵᠢᠬᠤ ᠬᠡᠷᠡᠭᠲᠡᠢ᠃ ᠡᠯ᠎ᠡ ᠠᠵᠤ ᠠᠬᠤᠶᠢᠯᠠᠯ ᠢᠲᠡᠭᠡᠯ ᠵᠣᠷᠢᠭ ᠢᠶᠠᠨ ᠪᠠᠲᠤᠳᠬᠠᠵᠤ᠂ ᠬᠥᠭᠵᠢᠯᠲᠡ ᠶᠢᠨ ᠠᠵᠠ ᠲᠣᠬᠢᠶᠠᠯ ᠢ ᠵᠠᠪᠳᠤᠨ᠂ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠲᠦᠷᠭᠡᠳᠬᠡᠵᠦ᠂ ᠭᠤᠣᠯᠯᠠᠬᠤ ᠥᠷᠢᠰᠦᠯᠳᠦᠬᠦ ᠬᠦᠴᠦᠨ ᠢᠶᠠᠨ ᠴᠢᠩᠭᠠᠷᠠᠭᠤᠯᠤᠨ᠂ ᠦᠷᠭᠦᠯᠵᠢᠯᠡᠨ ᠡᠷᠡᠭᠦᠯ ᠪᠥᠭᠡᠳ ᠲᠣᠭᠲᠠᠭᠤᠨ ᠢᠶᠠᠷ ᠬᠥᠭᠵᠢᠬᠦ ᠶᠢ ᠪᠡᠶᠡᠯᠡᠭᠦᠯᠬᠦ ᠬᠡᠷᠡᠭᠲᠡᠢ ᠭᠡᠪᠡ᠃      ᠭᠤᠸ ᠬᠤᠸᠠᠢ ᠵᠢᠩ ᠮᠧᠶ ᠯᠢ ᠵᠢᠶᠠᠨ᠂ ᠳ᠋ᠧ ᠱᠧᠩ᠂ ᠬᠤᠸᠠ ᠸᠧᠢ ᠵᠡᠷᠭᠡ ᠠᠵᠤ ᠠᠬᠤᠶᠢᠯᠠᠯ ᠳᠤ ᠬᠦᠷᠴᠦ᠂ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠰᠡᠷᠭᠦᠭᠡᠬᠦ᠂ ᠲᠣᠨᠤᠭ ᠲᠥᠬᠦᠭᠡᠷᠦᠮᠵᠢ ᠪᠠᠨ ᠲᠠᠰ ᠳᠡᠪᠰᠢᠭᠦᠯᠦᠨ ᠥᠭᠡᠷᠡᠴᠢᠯᠡᠬᠦ ᠵᠢᠴᠢ ᠡᠵᠡᠩᠨᠡᠯᠲᠡ ᠬᠥᠭᠵᠢᠯᠲᠡ ᠳᠤ ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠢ ᠬᠠᠯᠠᠮᠵᠢᠯᠠᠨ ᠠᠰᠠᠭᠤᠵᠤ᠂ ᠠᠵᠤ ᠠᠬᠤᠶᠢᠯᠠᠯ ᠢ ᠠᠮᠤᠷ ᠲᠦᠪᠰᠢᠨ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠨᠠᠭᠠᠲᠤ ᠵᠠᠬ᠎ᠠ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠵᠠᠬᠢᠪᠠ᠃ ᠲᠡᠷᠡ ᠬᠡᠯᠡᠬᠦ ᠳᠡᠭᠡᠨ᠂ ᠡᠨᠡ ᠵᠢᠯ ᠤᠨ ᠠᠵᠢᠯ ᠨᠢᠭᠡᠨᠲᠡ ᠡᠴᠦᠰ ᠤᠨ ᠰᠢᠪᠲᠤᠯᠤᠯᠲᠠ ᠬᠢᠵᠦ ᠳᠠᠭᠤᠰᠬᠤ ᠱᠠᠲᠤᠨ ᠳᠠᠭᠠᠨ ᠣᠷᠣᠭᠠᠳ ᠪᠠᠶᠢᠨ᠎ᠠ᠂ ᠴᠠᠭ ᠪᠠᠴᠢᠮ᠂ ᠡᠭᠦᠷᠭᠡ ᠬᠦᠨᠳᠦ᠂ ᠠᠵᠤ ᠠᠬᠤᠶᠢᠯᠠᠯ ᠤᠨ ᠬᠦᠴᠢᠷᠳᠡᠯ ᠢ ᠲᠦᠷᠭᠡᠨ ᠰᠢᠢᠳᠪᠦᠷᠢᠯᠡᠬᠦ ᠴᠢᠬᠤᠯᠠᠲᠠᠢ ᠪᠠᠶᠢᠨ᠎ᠠ᠃ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠵᠢᠴᠢ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠶᠢ ᠰᠠᠨᠠᠭᠠᠴᠢᠯᠠᠭ᠎ᠠ ᠠᠴᠠ ᠪᠠᠨ ᠣᠶᠢᠯᠠᠭᠠᠨ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠨᠠᠶᠢᠳᠠᠪᠤᠷᠢᠵᠢᠭᠤᠯᠤᠯᠲᠠ ᠶᠢ ᠨᠢᠭᠡᠳ ᠨᠢᠭᠡ ᠪᠠᠷ ᠰᠠᠶᠢᠲᠤᠷ ᠠᠳᠬᠤᠵᠤ᠂ ᠠᠵᠤ ᠠᠬᠤᠶᠢᠯᠠᠯ ᠪᠣᠯᠣᠨ ᠲᠦᠷᠦᠯ ᠵᠦᠢᠯ ᠳᠤ ᠨᠡᠩ ᠪᠦᠲᠦᠮᠵᠢᠲᠡᠢ ᠪᠠᠷ ᠰᠠᠶᠢᠲᠤᠷ ᠦᠢᠯᠡᠴᠢᠯᠡᠨ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠲᠤᠬᠠᠢ ᠶᠢᠨ ᠲᠠᠯᠠᠪᠠᠶ ᠳᠤ ᠠᠵᠢᠯᠯᠠᠬᠤ᠂ ᠱᠠᠭᠠᠷᠳᠠᠨ ᠰᠢᠢᠳᠪᠦᠷᠢᠯᠡᠭᠦᠯᠬᠦ ᠪᠠ ᠰᠢᠯᠵᠢᠭᠦᠯᠦᠨ ᠰᠢᠢᠳᠪᠦᠷᠢᠯᠡᠭᠦᠯᠬᠦ᠂ ᠲᠤᠰᠬᠠᠢ ᠰᠡᠳᠦᠪ ᠢᠶᠠᠷ ᠰᠤᠳᠤᠯᠬᠤ ᠵᠡᠷᠭᠡ ᠠᠷᠭ᠎ᠠ ᠮᠠᠶ᠋ᠢᠭ ᠢ ᠰᠠᠶᠢᠲᠤᠷ ᠬᠡᠷᠡᠭᠯᠡᠨ᠂ ᠠᠵᠤ ᠠᠬᠤᠶᠢᠯᠠᠯ ᠤᠨ ᠲᠦᠭᠵᠢᠷᠡᠯ ᠬᠦᠴᠢᠷᠳᠡᠯ ᠢ ᠣᠨᠣᠪᠴᠢᠲᠠᠢ ᠡᠷᠢᠨ ᠭᠠᠷᠭᠠᠵᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠰᠢᠢᠳᠪᠦᠷᠢᠯᠡᠬᠦ ᠡᠭᠦᠷᠭᠡ ᠶᠢᠨ ᠨᠠᠷᠢᠨ ᠳᠠᠩᠰᠠ ᠶᠢ ᠪᠣᠶ ᠪᠣᠯᠭᠠᠵᠤ᠂ ᠨᠢᠭᠡᠳ ᠨᠢᠭᠡ ᠪᠠᠷ ᠴᠢᠨᠠᠷ ᠰᠠᠶᠢᠲᠠᠢ ᠪᠠᠷ ᠲᠣᠭᠲᠠᠭᠰᠠᠨ ᠬᠤᠭᠤᠴᠠᠭᠠᠨ ᠳᠤ ᠰᠢᠢᠳᠪᠦᠷᠢᠯᠡᠵᠦ ᠬᠠᠷᠢᠭᠤ ᠥᠭᠬᠦ ᠬᠡᠷᠡᠭᠲᠡᠢ᠃ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠬᠦ ᠠᠵᠢᠯ ᠤᠨ ᠲᠣᠭᠲᠠᠴᠠ ᠶᠢ ᠪᠠᠶᠢᠭᠤᠯᠵᠤ ᠲᠡᠭᠦᠯᠳᠡᠷᠵᠢᠭᠦᠯᠦᠨ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠶᠢ ᠰᠠᠶᠢᠲᠤᠷ ᠬᠢᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠢᠲᠡᠭᠡᠯ ᠪᠠ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠂ ᠨᠠᠮ ᠤᠨ ᠬᠤᠷᠢᠶ᠎ᠠ᠂ ᠵᠠᠰᠠᠭ ᠤᠨ ᠣᠷᠳᠣᠨ ᠢᠮᠠᠭᠲᠠ ᠠᠵᠦ ᠠᠬᠤᠶᠢᠯᠠᠯ ᠲᠠᠢ ᠪᠤᠳᠤᠯ ᠰᠡᠳᠬᠢᠯ ᠢᠶᠠᠨ ᠨᠢᠭᠡᠳᠬᠡᠵᠦ᠂ ᠬᠠᠮᠲᠤ ᠵᠣᠭᠰᠣᠨ᠂ ᠬᠠᠮᠲᠤ ᠠᠵᠢᠯᠯᠠᠵᠤ ᠪᠠᠶᠢᠬᠤ ᠶᠢ ᠦᠨᠡᠨᠬᠦ ᠮᠡᠳᠡᠷᠡᠭᠦᠯᠬᠦ ᠬᠡᠷᠡᠭᠲᠡᠢ᠃ ᠠᠵᠤ ᠠᠬᠤᠶᠢᠯᠠᠯ ᠤᠳ ᠥᠪᠡᠷ ᠤᠨ ᠪᠦᠲᠦᠭᠡᠭᠳᠡᠬᠦᠨ ᠤ ᠣᠨᠴᠠᠯᠢᠭ ᠪᠠ ᠳᠠᠪᠠᠭᠤᠯᠢᠭ ᠲᠠᠭᠠᠨ ᠰᠠᠭᠤᠷᠢᠯᠠᠨ᠂ ᠵᠠᠬ᠎ᠠ ᠳᠡᠯᠭᠡᠭᠦᠷ ᠤᠨ ᠬᠡᠷᠡᠭᠴᠡᠭᠡ ᠶᠢᠨ ᠬᠤᠪᠢᠷᠠᠯᠲᠠ ᠶᠢ ᠭᠦᠨᠵᠡᠭᠡᠢ ᠵᠠᠳᠠᠯᠵᠤ᠂ ᠪᠦᠯᠬᠦᠮ ᠨᠡᠶᠢᠲᠡ ᠶᠢ ᠬᠠᠮᠢᠶᠠᠷᠬᠤ᠂ ᠳᠣᠲᠣᠭᠠᠳᠤ ᠶᠢᠨ ᠲᠠᠯᠳᠠ ᠬᠦᠴᠦᠨ ᠢ ᠠᠭᠤᠳᠠᠯᠬᠤ᠂ ᠥᠪᠡᠷ ᠤᠨ ᠦᠷᠳᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠠᠰᠢᠭ ᠣᠯᠵᠠᠪᠤᠷᠢ ᠶᠢᠨ ᠲᠦᠪᠰᠢᠨ ᠪᠠ ᠣᠷᠣᠰᠢᠨ ᠲᠣᠭᠲᠠᠨᠢᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ ᠭᠡᠪᠡ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠯᠢᠦ ᠷᠦᠢ᠂ ᠣᠲᠤᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠪᠠᠲᠤᠮᠥ᠋ᠩᠬᠡ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ