ᠲᠤᠰᠢᠶᠠᠯ᠄ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ | ᠠᠵᠢᠯ ᠤᠨ ᠬᠤᠪᠢᠶᠠᠷᠢᠯᠠᠯ᠄ | ᠭᠤᠸ ᠬᠤᠸᠠᠢ ᠵᠢᠩ ᠨᠥᠬᠦᠷ ᠢ ᠬᠠᠮᠵᠢᠨ ᠬᠤᠰᠢᠭᠤᠨ ᠤ ᠨᠠᠮ ᠤᠨ ᠬᠤᠷᠢᠶᠠᠨ ᠤ ᠡᠳᠦᠷ ᠲᠤᠲᠤᠮ ᠤᠨ ᠠᠵᠢᠯ ᠢ ᠵᠣᠬᠢᠴᠠᠭᠤᠯᠬᠤ ᠶᠢ ᠬᠠᠷᠢᠭᠤᠴᠠᠵᠤ᠂ | ᠤᠯᠤᠰ ᠤᠨ ᠠᠮᠤᠷ ᠲᠦᠪᠰᠢᠨ᠂ ᠲᠥᠷᠥ ᠶᠢᠨ ᠪᠣᠳᠣᠯᠭ᠎ᠠ ᠶᠢᠨ ᠰᠤᠳᠤᠯᠭᠠᠨ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠨᠢᠭᠤᠴᠠ ᠶᠢ ᠬᠠᠮᠠᠭᠠᠯᠠᠬᠤ ᠴᠢᠬᠤᠯᠠ | ᠨᠢᠭᠤᠴᠠ᠂ ᠲᠠᠩᠰᠠ ᠡᠪᠬᠡᠮᠡᠯ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠪᠠᠲᠤᠯᠠᠭ᠎ᠠ ᠪᠠ ᠮᠡᠳᠡᠭᠡ ᠵᠠᠩᠭᠢ ᠶᠢᠨ ᠠᠵᠢᠯ ᠢ ᠬᠠᠷᠢᠭᠤᠴᠠᠨ᠎ᠠ︔ ᠬᠤᠰᠢᠭᠤᠨ ᠤ | ᠨᠠᠮ ᠤᠨ ᠬᠤᠷᠢᠶᠠᠨ ᠤ ᠠᠯᠪᠠᠨ ᠭᠡᠷ ᠤᠨ ᠪᠥᠬᠦ ᠲᠠᠯ᠎ᠠ ᠶᠢᠨ ᠠᠵᠢᠯ ᠢ ᠡᠷᠭᠢᠯᠡᠨ᠎ᠡ︔ ᠬᠤᠰᠢᠭᠤᠨ ᠤ ᠨᠠᠮ ᠤᠨ ᠬᠤᠷᠢᠶ᠎ᠠ ᠶᠢᠨ ᠨᠢᠭᠤᠴᠠ ᠶᠢ ᠬᠠᠮᠠᠭᠠᠯᠠᠬᠤ ᠴᠢᠬᠤᠯᠠ | ᠨᠢᠭᠤᠴᠠ ᠶᠢᠨ ᠲᠣᠪᠴᠢᠶ᠎ᠠ᠂ ᠬᠤᠰᠢᠭᠤᠨ ᠤ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠰᠠᠩ᠂ ᠬᠤᠰᠢᠭᠤᠨ ᠤ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ | ᠲᠥᠪ ᠢ ᠬᠤᠪᠢᠶᠠᠨ ᠬᠠᠮᠢᠶᠠᠷᠤᠨ᠎ᠠ︔ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠭᠡᠷ᠂ | ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ᠂ ᠣᠲᠤᠭ ᠤᠨ ᠠᠵᠤ ᠠᠬᠤᠢ ᠶᠢᠨ | ᠨᠡᠭᠡᠭᠡᠯᠲᠡ ᠶᠢᠨ ᠲᠣᠭᠤᠷᠢᠭ ᠤᠨ ᠨᠠᠮ ᠵᠠᠰᠠᠭ ᠤᠨ ᠠᠯᠪᠠᠨ ᠭᠡᠷ ᠢ ᠨᠢᠭᠡᠳᠦᠯᠲᠡᠢ ᠲᠥᠯᠥᠪᠯᠡᠨ ᠵᠢᠯᠣᠭᠤᠳᠤᠨ᠎ᠠ᠃ | ᠲᠣᠪᠴᠢ ᠨᠠᠮᠲᠠᠷ᠄ | ᠯᠢᠦ ᠷᠦᠢ᠂ ᠡᠷᠡᠭᠲᠡᠢ᠂ ᠬᠢᠲᠠᠳ ᠦᠨᠳᠦᠰᠦᠲᠡᠨ᠂ 1985 ᠣᠨ ᠤ 4 ᠳ᠋ᠦ᠋ᠭᠡᠷ ᠰᠠᠷ᠎ᠠ ᠳᠤ ᠲᠦᠷᠦᠵᠠᠢ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠃ | ᠤᠳᠤ ᠣᠲᠤᠭ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ᠃ |