ᠤᠳᠤ
ᠨᠡᠶᠢᠲᠡᠯᠡᠭᠰᠡᠨ ᠴᠠᠭ᠄
2024/12/5
ᠲᠤᠰᠢᠶᠠᠯ᠄      ᠬᠤᠰᠢᠭᠤ ᠳᠡᠳ᠋ ᠳᠠᠷᠤᠭ᠎ᠠ ᠠᠵᠢᠯ ᠤᠨ ᠬᠤᠪᠢᠶᠠᠷᠢᠯᠠᠯ᠄       ᠬᠤᠰᠢᠭᠤ ᠳᠠᠷᠤᠭ᠎ᠠ ᠶᠢ ᠬᠠᠪᠰᠤᠷᠤᠨ ᠠᠷᠠᠳ ᠤᠨ ᠶᠠᠪᠤᠳᠠᠯ᠂ ᠠᠵᠢᠯᠲᠠᠨ ᠤ ᠶᠠᠪᠤᠳᠠᠯ ᠬᠥᠳᠡᠯᠮᠦᠷᠢ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ︵ᠵᠠᠰᠠᠭ ᠤᠨ ᠶᠠᠪᠤᠳᠠᠯ ᠢ ᠢᠯᠡ ᠪᠣᠯᠭᠠᠬᠤ︶᠂ ᠲᠤᠮᠤ ᠳ᠋ᠠᠶᠢᠲ᠋ᠠ ᠶᠢᠨ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ︔  ᠠᠷᠠᠳ ᠤᠨ ᠶᠠᠪᠤᠳᠠᠯ ᠤᠨ ᠲᠣᠪᠴᠢᠶ᠎ᠠ ︵ᠠᠷᠠᠳ ᠤᠨ ᠶᠠᠪᠤᠳᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ/ᠨᠡᠶᠢᠭᠡᠮ ᠤᠨ ᠠᠪᠤᠷᠠᠨ ᠲᠤᠰᠠᠯᠠᠯᠲᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ︶᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︵ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ᠂ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ︶᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ︵ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ︶᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ︶᠂ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠮᠤ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ︵ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ/ᠲᠣᠮᠣ ᠳ᠋ᠠᠶᠢᠲ᠋ᠠ ᠶᠢᠨ ᠲᠥᠪ/ᠠᠵᠤ ᠠᠬᠤᠶᠢᠯᠠᠯ ᠤᠨ ᠬᠥᠭᠵᠢᠭᠦᠯᠦᠯᠲᠡ ᠶᠢᠨ ᠦᠢᠯᠡᠴᠢᠯᠡᠭᠡᠨ ᠤ ᠲᠥᠪ ᠢ ᠬᠤᠪᠢᠶᠠᠨ ᠬᠠᠮᠢᠶᠠᠷᠤᠨ᠎ᠠ︔ ᠪᠠᠶᠢᠭᠤᠯᠤᠮᠵᠢ ᠣᠷᠣᠨ ᠲᠣᠭᠠᠨ ᠤ ᠬᠤᠷᠢᠶ᠎ᠠ ᠶᠢᠨ ᠠᠯᠪᠠᠨ ᠭᠡᠷ᠂ ᠨᠠᠪᠴᠢᠨ ᠲᠠᠮᠠᠬᠢ ᠲᠤᠰᠬᠠᠢ ᠪᠣᠷᠣᠯᠠᠭᠤᠯᠬᠤ ᠲᠣᠪᠴᠢᠶ᠎ᠠ ᠲᠠᠢ ᠬᠠᠷᠢᠯᠴᠠᠨ᠎ᠠ᠃ ᠲᠣᠪᠴᠢ ᠨᠠᠮᠲᠠᠷ᠄       ᠤᠳᠤ᠂ ᠡᠷᠡᠭᠲᠡᠢ᠂ ᠮᠣᠩᠭᠤᠯ ᠦᠨᠳᠦᠰᠦᠲᠡᠨ᠂ 1978 ᠣᠨ ᠤ 9 ᠳ᠋ᠦ᠋ᠭᠡᠷ ᠰᠠᠷ᠎ᠠ ᠳᠤ ᠲᠦᠷᠦᠵᠠᠢ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠨᠠᠮ ᠪᠦᠯᠦᠭ ᠤᠨ ᠪᠤᠰᠤ ᠬᠥᠮᠥᠨ᠃       ᠤᠳᠤ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ᠃
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ