12 ᠳ᠋ᠤᠭᠠᠷ ᠰᠠᠷ᠎ᠠ ᠶᠢᠨ 4 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠭᠤᠸ ᠬᠤᠸᠠᠢ | ᠵᠢᠩ ᠣᠲᠤᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠴᠢ ᠫᠠᠨ ᠵᠢᠩ ᠠᠵᠤ ᠦᠢᠯᠡᠰ ᠤᠨ ᠬᠦᠷᠢᠶᠡᠯᠡᠩ ᠤᠨ | ᠬᠡᠰᠡᠭ ᠳᠤᠮᠳᠠ ᠵᠢᠵᠢᠭ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠠᠵᠤ ᠠᠬᠤᠶᠢᠯᠠᠯ ᠳᠤ ᠲᠤᠯᠭᠠᠷᠠᠭᠰᠠᠨ ᠬᠦᠴᠢᠷᠳᠡᠯ ᠪᠠ | ᠠᠰᠠᠭᠤᠳᠠᠯ ᠢ ᠲᠤᠬᠠᠢ ᠶᠢᠨ ᠲᠠᠯᠠᠪᠤᠷ ᠲᠤ ᠵᠣᠬᠢᠴᠠᠭᠤᠯᠤᠨ ᠰᠢᠢᠳᠪᠦᠷᠢᠯᠡᠪᠡ᠃ | | | | | | ᠭᠤᠤ ᠬᠤᠸᠠᠢ ᠵᠢᠩ ᠤᠷᠢᠳ ᠬᠤᠵᠢᠳ ᠳ᠋ᠧ ᠺᠧ ᠰᠾᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠣᠮᠫᠠᠨᠢ᠂ ᠬᠠᠠ ᠪᠦᠸᠧ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠺᠣᠮᠫᠠᠨᠢ᠂ ᠲᠦᠩ ᠬᠤᠢ ᠲᠢᠶᠠᠨ ᠺᠧ ᠬᠡᠢ ᠪᠡᠶᠡᠲᠦ ᠶᠢᠨ ᠺᠣᠮᠫᠠᠨᠢ ᠪᠣᠯᠣᠨ ᠪᠠᠢ ᠱᠦᠨ ᠲᠦᠩ ᠮᠠᠰᠢᠨ ᠲᠥᠬᠦᠭᠡᠷᠦᠮᠵᠢ ᠦᠢᠯᠡᠳᠬᠦ | ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠨ᠂ ᠠᠵᠤ ᠠᠬᠤᠶᠢᠯᠠᠯ ᠤᠨ ᠡᠵᠡᠩᠨᠡᠯᠲᠡ᠂ | ᠪᠦᠲᠦᠭᠡᠭᠳᠡᠬᠦᠨ ᠤ ᠰᠤᠳᠤᠯᠤᠨ ᠨᠡᠭᠡᠭᠡᠯᠲᠡ᠂ ᠠᠵᠤ ᠦᠢᠯᠡᠰ ᠤᠨ ᠬᠡᠯᠬᠢᠶ᠎ᠡ ᠶᠢᠨ ᠤᠷᠲᠤᠳᠬᠠᠯ᠂ ᠵᠠᠬᠢᠶᠠᠯᠠᠭ᠎ᠠ ᠶᠢᠨ ᠬᠡᠷᠡᠭᠴᠡᠭᠡ ᠵᠡᠷᠭᠡ ᠪᠠᠶᠢᠳᠠᠯ ᠢ ᠨᠠᠷᠢᠨ | ᠣᠶᠢᠯᠠᠭᠠᠵᠤ᠂ ᠠᠵᠤ ᠠᠬᠤᠶᠢᠯᠠᠯ ᠳᠤ ᠲᠤᠯᠭᠠᠷᠠᠭᠰᠠᠨ ᠬᠦᠴᠢᠷᠳᠡᠯ ᠪᠣᠯᠣᠨ ᠠᠰᠠᠭᠤᠳᠠᠯ ᠢ ᠬᠠᠯᠠᠮᠵᠢᠯᠠᠵᠤ ᠠᠰᠠᠭᠤᠨ᠂ ᠠᠵᠤ ᠠᠬᠤᠶᠢᠯᠠᠯ ᠤᠨ ᠬᠦᠴᠢᠷᠳᠡᠯ ᠢ | ᠢᠳᠡᠪᠬᠢᠲᠡᠢ ᠰᠢᠢᠳᠪᠦᠷᠢᠯᠡᠵᠦ ᠥᠭᠪᠡ᠃ ᠠᠵᠤ ᠠᠬᠤᠶᠢᠯᠠᠯ ᠢ ᠡᠷᠴᠢ ᠵᠣᠷᠢᠭ ᠢᠶᠠᠨ ᠬᠥᠪᠴᠢᠯᠡᠨ᠂ ᠬᠦᠴᠢᠷ ᠢ ᠰᠥᠷᠦᠨ ᠤᠷᠤᠭᠰᠢᠯᠠᠵᠤ᠂ ᠳᠡᠭᠡᠳᠦ ᠳᠣᠣᠷᠠᠳᠤ | ᠤᠷᠤᠰᠬᠠᠯ ᠤᠨ ᠠᠵᠤ ᠦᠢᠯᠡᠰ ᠤᠨ ᠰᠦᠷᠦᠭᠵᠢᠯ ᠢ ᠲᠥᠪᠯᠡᠷᠡᠭᠦᠯᠬᠦ᠂ ᠠᠵᠤ ᠦᠢᠯᠡᠰ ᠤᠨ ᠬᠦᠷᠢᠶ᠎ᠡ ᠬᠡᠪᠴᠢᠶ᠎ᠡ ᠶᠢ ᠪᠠᠶᠢᠭᠤᠯᠤᠨ ᠬᠡᠯᠬᠢᠶ᠎ᠡ ᠶᠢ ᠴᠢᠩᠭᠠᠳᠬᠠᠬᠤ ᠳᠤ | ᠢᠳᠡᠪᠬᠢᠲᠡᠢ ᠦᠢᠯᠡᠳᠦᠯ ᠪᠠᠳᠠᠷᠠᠭᠤᠯᠤᠨ᠂ ᠣᠲᠤᠭ ᠬᠤᠰᠢᠭᠤᠨ ᠤ ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ ᠪᠠᠶᠢᠭᠤᠯᠬᠤ᠂ ᠣᠷᠣᠨ ᠪᠦᠰᠡ ᠶᠢᠨ | ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠣᠷᠢᠭᠵᠢᠭᠤᠯᠪᠠ᠃ | ᠭᠤᠸ ᠬᠤᠸᠠᠢ ᠵᠢᠩ ᠬᠡᠯᠡᠬᠦ ᠳᠡᠭᠡᠨ᠂ ᠣᠲᠤᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠪᠣᠯ ᠮᠠᠨ ᠤ | ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠭᠤᠣᠯ ᠰᠠᠭᠤᠷᠢᠨ ᠭᠠᠵᠠᠷ ᠮᠥᠨ᠃ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠵᠢᠴᠢ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠤ ᠠᠬᠤᠢ ᠶᠢ ᠪᠦᠬᠦ ᠬᠦᠴᠦᠨ ᠢᠶᠠᠷ ᠢᠶᠠᠨ ᠬᠥᠭᠵᠢᠭᠦᠯᠬᠦ ᠶᠢ ᠲᠡᠷᠢᠭᠦᠨ ᠴᠢᠬᠤᠯᠠ ᠡᠭᠦᠷᠭᠡ ᠪᠠᠨ ᠪᠣᠯᠭᠠᠨ᠂ | ᠠᠵᠤ ᠠᠬᠤᠶᠢᠯᠠᠯ ᠤᠨ ᠭᠦᠨᠵᠡᠭᠡᠢ ᠦᠢᠯᠡᠴᠢᠯᠡᠭᠡ ᠶᠢ ᠦᠷᠭᠦᠯᠵᠢᠯᠡᠨ ᠰᠠᠶᠢᠲᠤᠷ ᠬᠢᠵᠦ᠂ ᠠᠵᠤ ᠦᠢᠯᠡᠳᠪᠦᠷᠢ ᠶᠢᠨ ᠲᠣᠭᠲᠠᠭᠤᠨ ᠨᠡᠮᠡᠭᠳᠡᠯ ᠢ ᠴᠢᠩᠭ᠎ᠠ ᠠᠳᠬᠤᠨ᠂ | ᠬᠦᠴᠦᠲᠡᠢ ᠠᠷᠭ᠎ᠠ ᠬᠡᠮᠵᠢᠶ᠎ᠡ ᠪᠠᠷ ᠢᠲᠡᠭᠡᠯ ᠵᠣᠷᠢᠭ ᠢᠶᠠᠨ ᠪᠠᠲᠤᠳᠬᠠᠵᠤ᠂ ᠵᠢᠱᠢᠯᠲᠡ ᠶᠢ ᠲᠣᠭᠲᠠᠪᠤᠷᠢᠵᠢᠭᠤᠯᠤᠨ᠂ ᠬᠥᠭᠵᠢᠯᠲᠡ ᠶᠢ ᠳᠡᠮᠵᠢᠵᠦ᠂ ᠠᠵᠤ ᠠᠬᠤᠢ ᠶᠢᠨ | ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠠᠵᠤ ᠠᠬᠤᠶᠢᠯᠠᠯ ᠢ | ᠳᠡᠮᠵᠢᠬᠦ ᠪᠠ ᠦᠢᠯᠡᠴᠢᠯᠡᠬᠦ ᠶᠢ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠰᠢᠢᠳᠪᠦᠷᠢᠯᠡᠬᠦ ᠡᠷᠴᠢᠮ ᠢᠶᠠᠨ | ᠴᠢᠩᠭᠠᠷᠠᠭᠤᠯᠤᠨ᠂ ᠠᠵᠤ ᠠᠬᠤᠶᠢᠯᠠᠯ ᠳᠤ ᠪᠠᠶᠢᠩᠭᠤ ᠦᠢᠯᠡᠴᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠢᠲᠡᠭᠡᠯ ᠵᠣᠷᠢᠭ ᠢ ᠬᠥᠪᠴᠢᠯᠡᠨ᠂ | ᠠᠮᠢᠵᠢᠷᠠᠯ ᠤᠨ ᠬᠦᠴᠦᠨ ᠢ ᠨᠢ ᠬᠥᠭᠵᠢᠭᠡᠬᠦ ᠬᠡᠷᠡᠭᠲᠡᠢ᠃ ᠪᠠᠶᠢᠴᠠᠭᠠᠨ ᠰᠤᠳᠤᠯᠤᠯᠲᠠ ᠶᠢ ᠦᠨᠡᠨᠬᠦ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠬᠡᠷᠡᠭᠴᠡᠭᠡ | ᠱᠠᠭᠠᠷᠳᠠᠯᠭ᠎ᠠ ᠶᠢ ᠰᠠᠨᠠᠭᠠᠴᠢᠯᠠᠭ᠎ᠠ ᠠᠴᠠ ᠪᠠᠨ ᠪᠠᠶᠢᠴᠠᠭᠠᠵᠤ ᠣᠶᠢᠯᠠᠭᠠᠨ᠂ ᠠᠵᠤ ᠠᠬᠤᠶᠢᠯᠠᠯ ᠤᠨ ᠰᠠᠨᠠᠭᠠᠰᠢᠷᠠᠵᠤ ᠪᠠᠶᠢᠭ᠎ᠠ ᠠᠰᠠᠭᠤᠳᠠᠯ ᠢ ᠣᠶᠢᠯᠠᠭᠠᠵᠤ᠂ ᠠᠵᠤ | ᠠᠬᠤᠶᠢᠯᠠᠯ ᠤᠨ ᠣᠳᠣᠬᠠᠨ ᠤ ᠪᠠᠴᠢᠮ ᠲᠤᠯᠭᠠᠮ᠎ᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠪᠠᠷ ᠪᠠᠷᠠᠬᠤ ᠦᠭᠡᠢ ᠪᠠᠰᠠ ᠠᠵᠤ ᠠᠬᠤᠶᠢᠯᠠᠯ ᠤᠨ ᠠᠯᠤᠰ | ᠬᠡᠳᠤ ᠶᠢᠨ ᠬᠥᠭᠵᠢᠯᠲᠡ ᠳᠤ ᠢᠯᠡᠭᠦᠬᠡᠨ ᠠᠷᠭ᠎ᠠ ᠤᠬᠠᠭᠠᠨ ᠰᠦᠪᠡᠭᠴᠢᠯᠡᠨ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ᠂ ᠰᠠᠨᠠᠭᠤᠯᠭ᠎ᠠ ᠶᠢ ᠨᠡᠩ ᠬᠠᠨᠳᠤᠯᠭᠠᠲᠤ | ᠴᠢᠨᠠᠷᠲᠠᠢ᠂ ᠨᠡᠩ ᠣᠨᠣᠪᠴᠢᠲᠠᠢ ᠪᠦᠲᠦᠮᠵᠢᠲᠡᠢ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠬᠡᠷᠡᠭᠲᠡᠢ᠃ ᠠᠷᠭ᠎ᠠ ᠪᠦᠬᠦᠨ ᠢ ᠰᠦᠪᠡᠭᠴᠢᠯᠡᠨ | ᠠᠵᠤ ᠠᠬᠤᠶᠢᠯᠠᠯ ᠢ ᠬᠠᠪᠰᠤᠷᠤᠨ ᠵᠠᠬᠢᠶᠠᠯᠠᠭ᠎ᠠ ᠶᠢᠨ ᠬᠠᠭᠤᠳᠠᠰᠤ ᠡᠷᠢᠵᠦ᠂ ᠠᠵᠤ ᠠᠬᠤᠶᠢᠯᠠᠯ ᠤᠨ ᠪᠦᠲᠦᠭᠡᠭᠳᠡᠬᠦᠨ ᠤ ᠲᠡᠭᠡᠭᠡᠪᠦᠷᠢ᠂ ᠪᠣᠷᠤᠯᠠᠭᠤᠯᠭ᠎ᠠ ᠵᠡᠷᠭᠡ | ᠠᠰᠠᠭᠤᠳᠠᠯ ᠢ ᠰᠢᠢᠳᠪᠦᠷᠢᠯᠡᠨ᠂ ᠠᠵᠤ ᠦᠢᠯᠡᠰ ᠤᠨ ᠦᠢᠯᠡᠳᠬᠦᠨ ᠤ ᠦᠷᠳᠡᠭ ᠪᠣᠯᠣᠨ ᠨᠡᠮᠡᠭᠳᠡᠯ ᠦᠷᠳᠡᠭ ᠤᠨ ᠶᠡᠬᠡᠪᠡᠷ ᠳᠡᠭᠡᠭᠰᠢᠯᠡᠭᠦᠯᠬᠦ ᠶᠢ ᠳᠠᠶᠢᠴᠢᠯᠠᠬᠤ ᠬᠡᠷᠡᠭᠲᠡᠢ᠃ | ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠠᠳᠬᠤᠵᠤ᠂ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ᠂ | ᠠᠶᠤᠯ ᠲᠦᠭᠰᠢᠭᠦᠷᠢ ᠶᠢᠨ ᠳᠠᠯᠳᠠ ᠬᠡᠮ ᠢ ᠨᠠᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠨᠠᠷᠢᠨ ᠪᠣᠳᠠᠲᠠᠢ ᠠᠳᠬᠤᠵᠤ᠂ ᠡᠯ᠎ᠡ ᠲᠦᠷᠦᠯ ᠤᠨ ᠠᠮᠤᠷ | ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠵᠦ ᠬᠤᠷᠢᠭᠯᠠᠨ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ | ᠪᠠᠲᠤᠯᠠᠬᠤ ᠬᠡᠷᠡᠭᠲᠡᠢ ᠭᠡᠪᠡ᠃ | ᠤᠳᠤᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠦ᠋ | ᠶᠦᠩ ᠨᠢᠩ ᠣᠷᠣᠯᠴᠠᠪᠠ᠃ | | |