ᠭᠤᠤ ᠬᠤᠸᠠᠢ ᠵᠢᠩ ᠴᠢ ᠫᠠᠨ ᠵᠢᠩ ᠠᠵᠤ ᠦᠢᠯᠡᠰ ᠤᠨ ᠬᠦᠷᠢᠶᠡᠯᠡᠩ ᠤᠨ ᠬᠡᠰᠡᠭ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/12/6
      12 ᠳ᠋ᠤᠭᠠᠷ ᠰᠠᠷ᠎ᠠ ᠶᠢᠨ 4 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠭᠤᠸ ᠬᠤᠸᠠᠢ ᠵᠢᠩ ᠣᠲᠤᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠴᠢ ᠫᠠᠨ ᠵᠢᠩ ᠠᠵᠤ ᠦᠢᠯᠡᠰ ᠤᠨ ᠬᠦᠷᠢᠶᠡᠯᠡᠩ ᠤᠨ ᠬᠡᠰᠡᠭ ᠳᠤᠮᠳᠠ ᠵᠢᠵᠢᠭ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠠᠵᠤ ᠠᠬᠤᠶᠢᠯᠠᠯ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠲᠤᠬᠠᠢ ᠶᠢᠨ ᠲᠠᠯᠠᠪᠤᠷ ᠲᠤ ᠵᠣᠬᠢᠴᠠᠭᠤᠯᠤᠨ ᠰᠢᠢᠳᠪᠦᠷᠢᠯᠡᠪᠡ᠃      ᠭᠤᠤ ᠬᠤᠸᠠᠢ ᠵᠢᠩ ᠤᠷᠢᠳ ᠬᠤᠵᠢᠳ ᠳ᠋ᠧ ᠺᠧ ᠰᠾᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠣᠮᠫᠠᠨᠢ᠂ ᠬᠠᠠ ᠪᠦᠸᠧ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠣᠮᠫᠠᠨᠢ᠂ ᠲᠦᠩ ᠬᠤᠢ ᠲᠢᠶᠠᠨ ᠺᠧ ᠬᠡᠢ ᠪᠡᠶᠡᠲᠦ ᠶᠢᠨ ᠺᠣᠮᠫᠠᠨᠢ ᠪᠣᠯᠣᠨ ᠪᠠᠢ ᠱᠦᠨ ᠲᠦᠩ ᠮᠠᠰᠢᠨ ᠲᠥᠬᠦᠭᠡᠷᠦᠮᠵᠢ ᠦᠢᠯᠡᠳᠬᠦ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠨ᠂ ᠠᠵᠤ ᠠᠬᠤᠶᠢᠯᠠᠯ ᠤᠨ ᠡᠵᠡᠩᠨᠡᠯᠲᠡ᠂ ᠪᠦᠲᠦᠭᠡᠭᠳᠡᠬᠦᠨ ᠤ ᠰᠤᠳᠤᠯᠤᠨ ᠨᠡᠭᠡᠭᠡᠯᠲᠡ᠂ ᠠᠵᠤ ᠦᠢᠯᠡᠰ ᠤᠨ ᠬᠡᠯᠬᠢᠶ᠎ᠡ ᠶᠢᠨ ᠤᠷᠲᠤᠳᠬᠠᠯ᠂ ᠵᠠᠬᠢᠶᠠᠯᠠᠭ᠎ᠠ ᠶᠢᠨ ᠬᠡᠷᠡᠭᠴᠡᠭᠡ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠳᠤ ᠲᠤᠯᠭᠠᠷᠠᠭᠰᠠᠨ ᠬᠦᠴᠢᠷᠳᠡᠯ ᠪᠣᠯᠣᠨ ᠠᠰᠠᠭᠤᠳᠠᠯ ᠢ ᠬᠠᠯᠠᠮᠵᠢᠯᠠᠵᠤ ᠠᠰᠠᠭᠤᠨ᠂ ᠠᠵᠤ ᠠᠬᠤᠶᠢᠯᠠᠯ ᠤᠨ ᠬᠦᠴᠢᠷᠳᠡᠯ ᠢ ᠢᠳᠡᠪᠬᠢᠲᠡᠢ ᠰᠢᠢᠳᠪᠦᠷᠢᠯᠡᠵᠦ ᠥᠭᠪᠡ᠃ ᠠᠵᠤ ᠠᠬᠤᠶᠢᠯᠠᠯ ᠢ ᠡᠷᠴᠢ ᠵᠣᠷᠢᠭ ᠢᠶᠠᠨ ᠬᠥᠪᠴᠢᠯᠡᠨ᠂ ᠬᠦᠴᠢᠷ ᠢ ᠰᠥᠷᠦᠨ ᠤᠷᠤᠭᠰᠢᠯᠠᠵᠤ᠂ ᠳᠡᠭᠡᠳᠦ ᠳᠣᠣᠷᠠᠳᠤ ᠤᠷᠤᠰᠬᠠᠯ ᠤᠨ ᠠᠵᠤ ᠦᠢᠯᠡᠰ ᠤᠨ ᠰᠦᠷᠦᠭᠵᠢᠯ ᠢ ᠲᠥᠪᠯᠡᠷᠡᠭᠦᠯᠬᠦ᠂ ᠠᠵᠤ ᠦᠢᠯᠡᠰ ᠤᠨ ᠬᠦᠷᠢᠶ᠎ᠡ ᠬᠡᠪᠴᠢᠶ᠎ᠡ ᠶᠢ ᠪᠠᠶᠢᠭᠤᠯᠤᠨ ᠬᠡᠯᠬᠢᠶ᠎ᠡ ᠶᠢ ᠴᠢᠩᠭᠠᠳᠬᠠᠬᠤ ᠳᠤ ᠢᠳᠡᠪᠬᠢᠲᠡᠢ ᠦᠢᠯᠡᠳᠦᠯ ᠪᠠᠳᠠᠷᠠᠭᠤᠯᠤᠨ᠂ ᠣᠲᠤᠭ ᠬᠤᠰᠢᠭᠤᠨ ᠤ ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ ᠪᠠᠶᠢᠭᠤᠯᠬᠤ᠂ ᠣᠷᠣᠨ ᠪᠦᠰᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠣᠷᠢᠭᠵᠢᠭᠤᠯᠪᠠ᠃      ᠭᠤᠸ ᠬᠤᠸᠠᠢ ᠵᠢᠩ ᠬᠡᠯᠡᠬᠦ ᠳᠡᠭᠡᠨ᠂ ᠣᠲᠤᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠪᠣᠯ ᠮᠠᠨ ᠤ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠭᠤᠣᠯ ᠰᠠᠭᠤᠷᠢᠨ ᠭᠠᠵᠠᠷ ᠮᠥᠨ᠃ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠵᠢᠴᠢ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠤ ᠠᠬᠤᠢ ᠶᠢ ᠪᠦᠬᠦ ᠬᠦᠴᠦᠨ ᠢᠶᠠᠷ ᠢᠶᠠᠨ ᠬᠥᠭᠵᠢᠭᠦᠯᠬᠦ ᠶᠢ ᠲᠡᠷᠢᠭᠦᠨ ᠴᠢᠬᠤᠯᠠ ᠡᠭᠦᠷᠭᠡ ᠪᠠᠨ ᠪᠣᠯᠭᠠᠨ᠂ ᠠᠵᠤ ᠠᠬᠤᠶᠢᠯᠠᠯ ᠤᠨ ᠭᠦᠨᠵᠡᠭᠡᠢ ᠦᠢᠯᠡᠴᠢᠯᠡᠭᠡ ᠶᠢ ᠦᠷᠭᠦᠯᠵᠢᠯᠡᠨ ᠰᠠᠶᠢᠲᠤᠷ ᠬᠢᠵᠦ᠂ ᠠᠵᠤ ᠦᠢᠯᠡᠳᠪᠦᠷᠢ ᠶᠢᠨ ᠲᠣᠭᠲᠠᠭᠤᠨ ᠨᠡᠮᠡᠭᠳᠡᠯ ᠢ ᠴᠢᠩᠭ᠎ᠠ ᠠᠳᠬᠤᠨ᠂ ᠬᠦᠴᠦᠲᠡᠢ ᠠᠷᠭ᠎ᠠ ᠬᠡᠮᠵᠢᠶ᠎ᠡ ᠪᠠᠷ ᠢᠲᠡᠭᠡᠯ ᠵᠣᠷᠢᠭ ᠢᠶᠠᠨ ᠪᠠᠲᠤᠳᠬᠠᠵᠤ᠂ ᠵᠢᠱᠢᠯᠲᠡ ᠶᠢ ᠲᠣᠭᠲᠠᠪᠤᠷᠢᠵᠢᠭᠤᠯᠤᠨ᠂ ᠬᠥᠭᠵᠢᠯᠲᠡ ᠶᠢ ᠳᠡᠮᠵᠢᠵᠦ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠠᠵᠤ ᠠᠬᠤᠶᠢᠯᠠᠯ ᠢ ᠳᠡᠮᠵᠢᠬᠦ ᠪᠠ ᠦᠢᠯᠡᠴᠢᠯᠡᠬᠦ ᠶᠢ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠂ ᠠᠵᠤ ᠠᠬᠤᠶᠢᠯᠠᠯ ᠳᠤ ᠪᠠᠶᠢᠩᠭᠤ ᠦᠢᠯᠡᠴᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠢᠲᠡᠭᠡᠯ ᠵᠣᠷᠢᠭ ᠢ ᠬᠥᠪᠴᠢᠯᠡᠨ᠂ ᠠᠮᠢᠵᠢᠷᠠᠯ ᠤᠨ ᠬᠦᠴᠦᠨ ᠢ ᠨᠢ ᠬᠥᠭᠵᠢᠭᠡᠬᠦ ᠬᠡᠷᠡᠭᠲᠡᠢ᠃ ᠪᠠᠶᠢᠴᠠᠭᠠᠨ ᠰᠤᠳᠤᠯᠤᠯᠲᠠ ᠶᠢ ᠦᠨᠡᠨᠬᠦ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠰᠠᠨᠠᠭᠠᠴᠢᠯᠠᠭ᠎ᠠ ᠠᠴᠠ ᠪᠠᠨ ᠪᠠᠶᠢᠴᠠᠭᠠᠵᠤ ᠣᠶᠢᠯᠠᠭᠠᠨ᠂ ᠠᠵᠤ ᠠᠬᠤᠶᠢᠯᠠᠯ ᠤᠨ ᠰᠠᠨᠠᠭᠠᠰᠢᠷᠠᠵᠤ ᠪᠠᠶᠢᠭ᠎ᠠ ᠠᠰᠠᠭᠤᠳᠠᠯ ᠢ ᠣᠶᠢᠯᠠᠭᠠᠵᠤ᠂ ᠠᠵᠤ ᠠᠬᠤᠶᠢᠯᠠᠯ ᠤᠨ ᠣᠳᠣᠬᠠᠨ ᠤ ᠪᠠᠴᠢᠮ ᠲᠤᠯᠭᠠᠮ᠎ᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠪᠠᠷ ᠪᠠᠷᠠᠬᠤ ᠦᠭᠡᠢ ᠪᠠᠰᠠ ᠠᠵᠤ ᠠᠬᠤᠶᠢᠯᠠᠯ ᠤᠨ ᠠᠯᠤᠰ ᠬᠡᠳᠤ ᠶᠢᠨ ᠬᠥᠭᠵᠢᠯᠲᠡ ᠳᠤ ᠢᠯᠡᠭᠦᠬᠡᠨ ᠠᠷᠭ᠎ᠠ ᠤᠬᠠᠭᠠᠨ ᠰᠦᠪᠡᠭᠴᠢᠯᠡᠨ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ᠂ ᠰᠠᠨᠠᠭᠤᠯᠭ᠎ᠠ ᠶᠢ ᠨᠡᠩ ᠬᠠᠨᠳᠤᠯᠭᠠᠲᠤ ᠴᠢᠨᠠᠷᠲᠠᠢ᠂ ᠨᠡᠩ ᠣᠨᠣᠪᠴᠢᠲᠠᠢ ᠪᠦᠲᠦᠮᠵᠢᠲᠡᠢ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠬᠡᠷᠡᠭᠲᠡᠢ᠃ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠢ ᠬᠠᠪᠰᠤᠷᠤᠨ ᠵᠠᠬᠢᠶᠠᠯᠠᠭ᠎ᠠ ᠶᠢᠨ ᠬᠠᠭᠤᠳᠠᠰᠤ ᠡᠷᠢᠵᠦ᠂ ᠠᠵᠤ ᠠᠬᠤᠶᠢᠯᠠᠯ ᠤᠨ ᠪᠦᠲᠦᠭᠡᠭᠳᠡᠬᠦᠨ ᠤ ᠲᠡᠭᠡᠭᠡᠪᠦᠷᠢ᠂ ᠪᠣᠷᠤᠯᠠᠭᠤᠯᠭ᠎ᠠ ᠵᠡᠷᠭᠡ ᠠᠰᠠᠭᠤᠳᠠᠯ ᠢ ᠰᠢᠢᠳᠪᠦᠷᠢᠯᠡᠨ᠂ ᠠᠵᠤ ᠦᠢᠯᠡᠰ ᠤᠨ ᠦᠢᠯᠡᠳᠬᠦᠨ ᠤ ᠦᠷᠳᠡᠭ ᠪᠣᠯᠣᠨ ᠨᠡᠮᠡᠭᠳᠡᠯ ᠦᠷᠳᠡᠭ ᠤᠨ ᠶᠡᠬᠡᠪᠡᠷ ᠳᠡᠭᠡᠭᠰᠢᠯᠡᠭᠦᠯᠬᠦ ᠶᠢ ᠳᠠᠶᠢᠴᠢᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠠᠳᠬᠤᠵᠤ᠂ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ᠂ ᠠᠶᠤᠯ ᠲᠦᠭᠰᠢᠭᠦᠷᠢ ᠶᠢᠨ ᠳᠠᠯᠳᠠ ᠬᠡᠮ ᠢ ᠨᠠᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠨᠠᠷᠢᠨ ᠪᠣᠳᠠᠲᠠᠢ ᠠᠳᠬᠤᠵᠤ᠂ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠵᠦ ᠬᠤᠷᠢᠭᠯᠠᠨ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ ᠭᠡᠪᠡ᠃      ᠤᠳᠤᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠦ᠋ ᠶᠦᠩ ᠨᠢᠩ ᠣᠷᠣᠯᠴᠠᠪᠠ᠃  
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ