ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠵᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠪᠠᠷ ᠴᠢ ᠫᠠᠨ ᠵᠢᠩ ᠪᠠᠯᠭᠠᠰᠤ ︽ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠪᠠᠷ ᠭᠠᠪᠰᠢᠭᠠᠶᠢᠯᠠᠨ ᠠᠵᠢᠯᠯᠠᠬᠤ︾ ᠤᠰᠤ ᠰᠦᠷᠴᠢᠬᠦ ᠰᠢᠨ᠎ᠡ ᠡᠨᠧᠷᠭᠢ ᠶᠢᠨ ᠲᠡᠷᠭᠡ ᠶᠢ ᠲᠠᠷᠬᠠᠭᠠᠬᠤ ᠶᠣᠰᠣᠯᠠᠯ ᠬᠢᠪᠡ
ᠨᠡᠶᠢᠲᠡᠯᠡᠭᠰᠡᠨ ᠴᠠᠭ᠄
2024/12/6
      ᠭᠠᠴᠠᠭ᠎ᠠ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠦᠨᠡᠨᠬᠦ ᠰᠠᠶᠢᠵᠢᠷᠠᠭᠤᠯᠵᠤ᠂ ᠭᠡᠨᠡᠳᠲᠡ ᠶᠢᠨ ᠪᠠᠴᠢᠮ ᠬᠡᠷᠡᠭ ᠢ ᠪᠦᠲᠦᠮᠵᠢᠲᠡᠶ ᠠᠷᠭᠠᠴᠠᠭᠠᠬᠤ ᠶᠢᠨ ᠲᠤᠰᠠᠳᠠ᠂ ᠴᠢ ᠫᠠᠨ ᠵᠢᠩ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ 12 ᠤᠰᠤ ᠰᠦᠷᠴᠢᠬᠦ ᠰᠢᠨ᠎ᠡ ᠡᠨᠧᠷᠭᠢ ᠶᠢᠨ ᠲᠡᠷᠭᠡ ᠬᠤᠳᠠᠯᠳᠤᠨ ᠠᠪᠴᠤ᠂ 10 ᠭᠠᠴᠠᠭ᠎ᠠ ᠲᠣᠰᠬᠤᠨ ᠪᠠ 2 ᠮᠠᠯᠵᠢᠬᠤ ᠲᠠᠷᠢᠶᠠᠯᠠᠬᠤ ᠨᠡᠶᠢᠭᠡᠮ ᠲᠣᠭᠤᠷᠢᠭ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠳᠤ ᠬᠡᠷᠡᠭᠯᠡᠭᠦᠯᠬᠦ ᠪᠠᠷ ᠪᠠᠶᠢᠨ᠎ᠠ᠃ 12 ᠳ᠋ᠤᠭᠠᠷ ᠰᠠᠷ᠎ᠠ ᠶᠢᠨ 3 ᠤ ᠡᠳᠦᠷ᠂ ᠴᠢ ᠫᠠᠨ ᠵᠢᠩ ᠪᠠᠯᠭᠠᠰᠤᠨ ᠤ ︽ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠪᠠᠷ ᠭᠠᠪᠰᠢᠭᠠᠶᠢᠯᠠᠨ ᠠᠵᠢᠯᠯᠠᠬᠤ︾ ᠤᠰᠤ ᠰᠦᠷᠴᠢᠬᠦ ᠰᠢᠨ᠎ᠡ ᠡᠨᠧᠷᠭᠢ ᠶᠢᠨ ᠲᠡᠷᠭᠡ ᠲᠠᠷᠬᠠᠭᠠᠬᠤ ᠶᠣᠰᠣᠯᠠᠯ ᠢ ᠱᠧᠨ ᠵᠢᠩ ᠲᠣᠰᠬᠤᠨ ᠳᠤ ᠶᠠᠪᠤᠭᠳᠠᠭᠤᠯᠵᠤ᠂ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ᠂ ᠪᠠᠯᠭᠠᠰᠤᠨ ᠤ ᠨᠠᠮ ᠤᠨ ᠭᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ ᠤᠨ ᠡᠷᠬᠢᠯᠡᠭᠴᠢ᠂ ᠣᠲᠤᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠭᠡᠰᠢᠭᠦᠨ ᠭᠤᠸ ᠫᠧᠩ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠨ᠂ ᠡᠯ᠎ᠡ ᠭᠠᠴᠠᠭ᠎ᠠ ᠲᠣᠰᠬᠤᠨ ᠤ ᠨᠠᠮ ᠤᠨ ᠬᠤᠷᠢᠶ᠎ᠠ ᠶᠢᠨ ᠱᠦᠵᠢ ᠶᠣᠰᠣᠯᠠᠯ ᠳᠤ ᠣᠷᠣᠯᠴᠠᠵᠤ᠂ ᠪᠠᠯᠭᠠᠰᠤᠨ ᠤ ᠨᠠᠮ ᠤᠨ ᠬᠤᠷᠢᠶ᠎ᠠ ᠶᠢᠨ ᠭᠡᠰᠢᠭᠦᠨ᠂ ᠪᠠᠯᠭᠠᠰᠤᠨ ᠳᠡᠳ᠋ ᠳᠠᠷᠤᠭ᠎ᠠ ᠸᠠᠩ ᠵᠢᠶᠦ᠋ᠨ ᠶᠣᠰᠣᠯᠠᠯ ᠢ ᠡᠷᠭᠢᠯᠡᠪᠡ᠃      ᠶᠣᠰᠣᠯᠠᠯ ᠤᠨ ᠲᠤᠬᠠᠢ ᠶᠢᠨ ᠲᠠᠯᠠᠪᠠᠢ ᠳᠤ᠂ 12 ᠤᠰᠤ ᠰᠦᠷᠴᠢᠬᠦ ᠰᠢᠨ᠎ᠡ ᠡᠨᠧᠷᠭᠢ ᠶᠢᠨ ᠲᠡᠷᠭᠡ ᠶᠢ ᠲᠡᠷᠢ ᠲᠡᠭᠰᠢ ᠪᠠᠶᠢᠷᠢᠯᠠᠭᠤᠯᠤᠨ ᠲᠠᠯᠪᠢᠵᠤ᠂ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠭᠤᠤ ᠫᠸᠡᠭ ᠲᠤᠬᠠᠢ ᠶᠢᠨ ᠲᠠᠯᠠᠪᠠᠢ ᠳᠤ ᠲᠤᠷᠰᠢᠨ ᠬᠡᠷᠡᠭᠯᠡᠭᠰᠡᠨ ᠪᠥᠭᠡᠳ ᠤᠰᠤ ᠰᠦᠷᠴᠢᠬᠦ ᠲᠡᠷᠭᠡ ᠶᠢᠨ ᠲᠦᠯᠬᠢᠭᠦᠷ ᠢ ᠡᠯ᠎ᠡ ᠭᠠᠴᠠᠭ᠎ᠠ ᠲᠣᠰᠬᠤᠨ ᠤ ᠬᠠᠷᠢᠭᠤᠴᠠᠯᠭᠠᠲᠠᠨ ᠳᠤ ᠭᠠᠷᠳᠠᠭᠤᠯᠪᠠ᠃ ᠣᠶᠢᠯᠠᠭᠠᠭᠰᠠᠨ ᠢᠶᠠᠷ᠂ ᠲᠣᠰ ᠤᠰᠤ ᠰᠦᠷᠴᠢᠬᠦ ᠲᠡᠷᠭᠡ ᠶᠢ ᠬᠡᠷᠡᠭᠯᠡᠬᠦ ᠳᠤ ᠲᠥᠬᠦᠮ ᠪᠠᠶᠢᠵᠤ᠂ ᠵᠠᠮ ᠳᠡᠭᠡᠷ᠎ᠡ ᠤᠰᠤ ᠰᠦᠷᠴᠢᠬᠦ᠂ ᠡᠪᠡᠰᠦ ᠮᠣᠳᠣ ᠤᠰᠤᠯᠠᠬᠤ᠂ ᠲᠠᠷᠢᠮᠠᠯ ᠤᠨ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠳᠤ ᠬᠡᠷᠡᠭᠯᠡᠵᠦ ᠪᠣᠯᠬᠤ ᠪᠠᠷ ᠪᠠᠷᠠᠬᠤ ᠦᠭᠡᠢ ᠪᠠᠰᠠ ᠭᠠᠯ ᠤᠨᠲᠠᠷᠠᠭᠠᠬᠤ ᠲᠡᠷᠭᠡ ᠪᠣᠯᠭᠠᠵᠤ ᠪᠠᠭ᠎ᠠ ᠬᠡᠪᠴᠢᠶᠡᠨ ᠤ ᠭᠠᠯ ᠢ ᠤᠨᠲᠠᠷᠠᠭᠠᠵᠤ ᠪᠣᠯᠣᠨ᠎ᠠ᠃      ᠡᠭᠦᠨ ᠤ ᠬᠠᠮᠲᠤ᠂ ᠭᠠᠴᠠᠭ᠎ᠠ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠪᠡᠷᠰᠢᠭᠦᠯᠬᠦ᠂ ᠨᠣᠭᠤᠭᠠᠷᠠᠭᠤᠯᠬᠤ᠂ ᠭᠡᠷᠡᠯᠳᠦᠬᠦᠯᠬᠦ᠂ ᠭᠤᠶᠣᠵᠢᠭᠤᠯᠬᠤ ᠶᠢ ᠠᠬᠢᠭᠤᠯᠬᠤ ᠪᠠᠷ ᠴᠢ ᠫᠠᠨ ᠵᠢᠩ ᠪᠠᠯᠭᠠᠰᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠠᠴᠠ ︽ᠦᠵᠡᠰᠬᠦᠯᠡᠩᠲᠦ ᠰᠠᠶᠢᠬᠠᠨ ᠭᠡᠷ ᠬᠦᠷᠢᠶ᠎ᠡ︾ ᠶᠢᠨ ᠪᠠᠷᠢᠮᠵᠢᠶᠠᠲᠤ ᠡᠷᠦᠬᠡ ᠶᠢ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠥᠷᠨᠢᠭᠦᠯᠵᠦ᠂ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠭᠤᠤ ᠫᠸᠡᠭ ︽ᠦᠵᠡᠰᠬᠦᠯᠡᠩᠲᠦ ᠰᠠᠶᠢᠬᠠᠨ ᠭᠡᠷ ᠬᠦᠷᠢᠶ᠎ᠡ︾ ᠶᠢᠨ ᠪᠠᠷᠢᠮᠵᠢᠶᠠᠲᠤ ᠡᠷᠦᠬᠡ ᠳᠤ ᠱᠠᠩᠨᠠᠯ ᠤᠨ ᠪᠣᠳᠠᠰ ᠥᠭᠭᠦᠨ᠂ ᠪᠦᠬᠦ ᠠᠷᠠᠳ ᠢᠶᠠᠷ ᠢᠶᠠᠨ ᠣᠷᠣᠯᠴᠠᠭᠰᠠᠨ᠂ ᠲᠡᠷᠢᠭᠦᠨ ᠤ ᠬᠢ ᠶᠢ ᠬᠥᠬᠢᠭᠦᠯᠦᠨ ᠰᠠᠶᠢᠰᠢᠶᠠᠭᠰᠠᠨ᠂ ᠱᠠᠭᠠᠷᠳᠠᠨ ᠵᠣᠷᠢᠭᠵᠢᠭᠤᠯᠤᠭᠰᠠᠨ᠂ ᠪᠦᠬᠦ ᠲᠠᠯ᠎ᠠ ᠪᠠᠷ ᠠᠬᠢᠭᠤᠯᠤᠭᠰᠠᠨ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠵᠤ᠂ ᠪᠦᠬᠦ ᠪᠠᠯᠭᠠᠰᠤᠨ ᠤ ᠮᠠᠯᠵᠢᠬᠤ ᠲᠠᠷᠢᠶᠠᠯᠠᠬᠤ ᠣᠷᠣᠨ ᠤ ᠳᠦᠷᠰᠦ ᠪᠠᠶᠢᠳᠠᠯ ᠢ ᠴᠣ ᠰᠢᠨ᠎ᠡ ᠪᠣᠯᠭᠠᠭᠰᠠᠨ ᠪᠠᠶᠢᠨ᠎ᠠ᠃      ᠭᠤᠸ ᠫᠧᠩ᠂ ᠣᠶᠢᠷ᠎ᠠ ᠶᠢᠨ ᠵᠢᠯ ᠠᠴᠠ ᠨᠠᠭᠠᠰᠢ᠂ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠭᠠᠴᠠᠭ᠎ᠠ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠨ᠂ ᠡᠬᠢ ᠪᠠᠶᠠᠯᠢᠭ ᠢ ᠲᠥᠪᠯᠡᠷᠡᠭᠦᠯᠵᠦ᠂ ᠪᠡᠯᠡ ᠮᠥᠩᠭᠦᠨ ᠤ ᠣᠷᠣᠭᠤᠯᠤᠯᠲᠠ ᠪᠠᠨ ᠨᠡᠮᠡᠭᠳᠡᠭᠦᠯᠦᠨ᠂ ᠨᠢᠭᠡᠳᠦᠯᠲᠡᠢ ᠲᠥᠯᠥᠪᠯᠡᠨ ᠵᠣᠬᠢᠴᠠᠭᠤᠯᠤᠨ ᠠᠬᠢᠭᠤᠯᠵᠤ᠂ ᠪᠥᠬᠦ ᠪᠠᠯᠭᠠᠰᠤᠨ ᠤ ᠮᠠᠯᠵᠢᠬᠤ ᠲᠠᠷᠢᠶᠠᠯᠠᠬᠤ ᠣᠷᠣᠨ ᠤ ᠣᠷᠴᠢᠨ ᠲᠣᠭᠤᠷᠢᠨ ᠤ ᠳᠦᠷᠰᠦ ᠪᠠᠶᠢᠳᠠᠯ ᠢ ᠢᠯᠡᠳᠲᠡ ᠰᠠᠶᠢᠵᠢᠷᠠᠭᠤᠯᠤᠨ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠠᠬᠢᠭᠤᠯᠬᠤ ᠬᠡᠷᠡᠭᠲᠡᠢ᠃ ᠬᠥᠮᠥᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠢᠮᠠᠭᠲᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢᠨ ᠴᠢᠬᠤᠯᠠ ᠠᠭᠤᠯᠭ᠎ᠠ ᠪᠣᠯᠭᠠᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠪᠠ ᠤᠷᠳᠤ ᠬᠤᠭᠤᠴᠠᠭ᠎ᠠ ᠪᠠᠷ ᠠᠷᠢᠭᠤᠨ ᠴᠡᠪᠡᠷ ᠢ ᠪᠠᠲᠤᠯᠠᠬᠤ ᠶᠢ ᠤᠶᠠᠯᠳᠤᠭᠤᠯᠤᠨ᠂ ᠭᠠᠴᠠᠭ᠎ᠠ ᠲᠣᠰᠬᠤᠨ ᠤ ᠪᠠᠶᠢᠳᠠᠯ ᠳᠤᠨᠢ ᠲᠣᠬᠢᠷᠠᠭᠤᠯᠵᠤ᠂ ᠳᠦᠷᠦᠯ ᠬᠤᠪᠢᠶᠠᠨ ᠳᠦᠷᠦ ᠶᠢᠨ ᠪᠣᠳᠣᠯᠭ᠎ᠠ ᠬᠡᠷᠡᠭᠵᠢᠭᠦᠯᠵᠦ᠂ ᠪᠦᠬᠦ ᠲᠠᠯ᠎ᠠ ᠪᠠᠷ ᠠᠬᠢᠭᠤᠯᠤᠨ᠂ ᠪᠦᠬᠦ ᠪᠠᠯᠭᠠᠰᠤ ᠶᠢᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠬᠤ ᠬᠡᠷᠡᠭᠲᠡᠢ᠃ ᠪᠠᠷᠢᠮᠵᠢᠶ᠎ᠠ ᠲᠠᠢ ᠬᠠᠷᠭᠤᠭᠤᠯᠤᠨ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠠᠪᠴᠦ᠂ ᠭᠠᠴᠠᠭ᠎ᠠ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠡᠷᠴᠢᠮ ᠢ ᠲᠠᠰᠤᠷᠠᠯᠲᠠ ᠦᠭᠡᠢ ᠴᠢᠩᠭᠠᠷᠠᠭᠤᠯᠤᠨ᠂ ᠴᠡᠪᠡᠷ ᠴᠡᠮᠴᠡᠭᠡᠷ ᠪᠠᠶᠢᠬᠤ ᠶᠢ ᠪᠠᠲᠤᠯᠠᠭᠰᠠᠨ ᠰᠠᠭᠤᠷᠢᠨ ᠳᠡᠭᠡᠷ᠎ᠡ ᠳᠠᠬᠢᠨ ᠬᠦᠴᠦᠯᠡᠵᠦ᠂ ᠳᠠᠬᠢᠨ ᠠᠬᠢᠭᠤᠯᠬᠤ ᠬᠡᠷᠡᠭᠲᠡᠢ᠃ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠥᠬᠦᠭᠡᠷᠦᠮᠵᠢ ᠶᠢᠨ ᠡᠳᠦᠷ ᠲᠤᠲᠤᠮ ᠤᠨ ᠠᠷᠠᠴᠢᠯᠠᠨ ᠬᠠᠮᠠᠭᠠᠯᠠᠯᠲᠠ ᠶᠢ ᠴᠢᠩᠭᠠᠳᠬᠠᠨ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠥᠬᠦᠭᠡᠷᠦᠮᠵᠢ ᠶᠢ ᠦᠨᠡᠨᠬᠦ ᠰᠠᠶᠢᠲᠤᠷ ᠬᠡᠷᠡᠭᠯᠡᠨ ᠬᠠᠮᠢᠶᠠᠷᠴᠤ᠂ ᠮᠠᠰᠢᠨ ᠲᠡᠷᠭᠡᠨ ᠤ ᠬᠡᠪ ᠤᠨ ᠶᠣᠰᠣᠭᠠᠷ ᠠᠵᠢᠯᠯᠠᠬᠤ ᠶᠢ ᠪᠠᠲᠤᠯᠠᠨ᠂ ᠦᠢᠯᠡᠳᠦᠯ ᠢ ᠨᠢ ᠭᠦᠢᠴᠡᠳ ᠪᠠᠳᠠᠷᠠᠭᠤᠯᠬᠤ ᠬᠡᠷᠡᠭᠲᠡᠢ᠃ ᠤᠯᠠᠨ ᠵᠦᠢᠯ ᠤᠨ ᠬᠡᠯᠪᠡᠷᠢ ᠪᠠᠷ ᠤᠬᠠᠭᠤᠯᠭ᠎ᠠ ᠬᠢᠵᠦ᠂ ᠤᠯᠠᠨ ᠲᠦᠮᠡᠨ ᠢ ᠥᠷᠭᠡᠨ ᠢᠶᠠᠷ ᠲᠠᠶᠢᠴᠢᠯᠠᠨ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤᠪᠠᠷ ᠪᠦᠲᠦᠭᠡᠨ ᠪᠠᠶᠢᠭᠤᠯᠬᠤ ᠪᠣᠳᠠᠲᠤ ᠠᠵᠢᠯᠯᠠᠭ᠎ᠠ ᠳᠤ ᠤᠬᠠᠮᠰᠠᠷ ᠠᠴᠠ ᠪᠠᠨ ᠣᠷᠣᠯᠴᠠᠭᠤᠯᠤᠨ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ︽ᠣᠷᠣᠯᠴᠠᠭᠴᠢ︾ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃   
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ