ᠤᠯᠠᠭᠠᠨᠪᠠᠯᠭᠠᠰᠤ ᠰᠣᠶᠣᠯ ᠤᠨ ᠦᠨᠡᠲᠦ ᠪᠣᠳᠠᠰ ᠢ ᠰᠠᠬᠢᠨ ᠬᠠᠮᠠᠭᠠᠯᠠᠵᠤ  ᠪᠣᠯᠪᠠᠰᠤᠨ ᠤ ᠢᠷᠡᠭᠡᠳᠦᠢ ᠶᠢ ᠬᠠᠮᠲᠤ ᠪᠠᠷ ᠴᠣᠭᠴᠠᠯᠠᠨ᠎ᠠ
ᠨᠡᠶᠢᠲᠡᠯᠡᠭᠰᠡᠨ ᠴᠠᠭ᠄
2024/12/6
      ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠪᠣᠯ ᠤᠯᠤᠰ ᠤᠨ ᠰᠣᠶᠣᠯ ᠤᠨ ᠵᠥᠭᠡᠯᠡᠨ ᠪᠣᠳᠠᠲᠤ ᠬᠦᠴᠦᠨ ᠢ ᠳᠡᠭᠡᠭᠰᠢᠯᠡᠭᠦᠯᠬᠦ ᠶᠢᠨ ᠨᠢᠭᠡ ᠬᠡᠰᠡᠭ ᠪᠣᠯᠣᠨ᠎ᠠ᠂ ᠲᠡᠦᠬᠡ ᠶᠢᠨ ᠳᠤᠷᠠᠰᠬᠠᠯᠲᠤ ᠵᠦᠢᠯᠡᠰ ᠪᠣᠯ ᠲᠡᠦᠬᠡ ᠶᠢᠨ ᠳᠤᠷᠠᠰᠬᠠᠯᠲᠤ ᠵᠦᠢᠯᠡᠰ ᠢ ᠪᠦᠲᠦᠮᠵᠢᠲᠡᠢ ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ ᠪᠠ ᠬᠥᠭᠵᠢᠭᠦᠯᠬᠦ ᠶᠢᠨ ᠤᠷᠢᠲᠠᠯ ᠪᠣᠯᠬᠤ ᠶᠢ ᠵᠥᠪ ᠢᠶᠠᠷ ᠲᠠᠨᠢᠬᠤ ᠶᠢᠨ ᠲᠤᠰᠠᠳᠠ᠂ 12 ᠳ᠋ᠤᠭᠠᠷ ᠰᠠᠷ᠎ᠠ ᠶᠢᠨ 4 ᠤ ᠡᠳᠦᠷ᠂ ᠤᠯᠠᠭᠠᠨᠪᠠᠯᠭᠠᠰᠤ 2024 ᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠵᠢᠴᠢ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠤᠯᠢ︾ ᠶᠢ ᠤᠬᠠᠭᠤᠯᠤᠨ ᠲᠠᠶᠢᠯᠪᠤᠷᠢᠯᠠᠬᠤ ᠬᠤᠷᠠᠯ ᠬᠤᠷᠠᠯᠳᠤᠭᠤᠯᠵᠤ᠂ ᠪᠦᠬᠦ ᠪᠠᠯᠭᠠᠰᠤᠨ ᠤ ᠺᠠᠳ᠋ᠷ ᠵᠢᠴᠢ ᠨᠡᠶᠢᠭᠡᠮ ᠲᠣᠭᠤᠷᠢᠭ ᠤᠨ ᠠᠵᠢᠯᠲᠠᠳ ᠬᠤᠷᠠᠯ ᠳᠤ ᠣᠷᠣᠯᠴᠠᠪᠠ᠃      ᠲᠡᠦᠬᠡ ᠶᠢᠨ ᠳᠤᠷᠠᠰᠬᠠᠯᠲᠤ ᠵᠦᠢᠯᠡᠰ ᠪᠣᠯ ᠨᠢᠭᠡ ᠤᠯᠤᠰ᠂ ᠨᠢᠭᠡ ᠦᠨᠳᠦᠰᠦᠲᠡᠨ ᠤ ᠲᠡᠦᠬᠡ ᠶᠢᠨ ᠭᠡᠷᠡᠴᠢ ᠮᠥᠨ᠂ ᠡᠪᠦᠭᠡ ᠳᠡᠭᠡᠳᠦᠰ ᠠᠴᠠ ᠪᠢᠳᠡᠨ ᠳᠤ ᠦᠯᠡᠳᠡᠭᠡᠵᠦ ᠥᠭᠭᠦᠭᠰᠡᠨ ᠡᠷᠬᠢᠮ ᠨᠠᠨᠳᠢᠨ ᠥᠪ ᠬᠥᠷᠥᠩᠭᠡ ᠮᠥᠨ᠃ ᠲᠡᠳᠡᠭᠡᠷ ᠨᠢ ᠣᠳᠣᠨ ᠮᠡᠴᠢᠳ ᠰᠢᠭ ᠢᠶᠠᠷ ᠳᠤᠮᠳᠠᠳᠤ ᠶᠢᠨ ᠪᠣᠯᠪᠠᠰᠤᠨ ᠢ ᠠᠴᠢᠶᠠᠯᠠᠵᠤ᠂ ᠮᠠᠨ ᠤ ᠰᠣᠶᠣᠯ ᠤᠨ ᠢᠲᠡᠭᠡᠯ ᠤᠨ ᠵᠠᠮ ᠢ ᠭᠡᠷᠡᠯᠲᠦᠭᠦᠯᠦᠭᠰᠡᠨ ᠶᠤᠮ᠃ ᠤᠯᠠᠭᠠᠨᠪᠠᠯᠭᠠᠰᠤ ᠨᠢ ᠡᠯᠪᠡᠭ ᠪᠠᠶᠠᠯᠢᠭ ᠲᠡᠦᠬᠡ ᠰᠣᠶᠣᠯ ᠤᠨ ᠥᠪ ᠲᠠᠢ ᠭᠠᠵᠠᠷ ᠣᠷᠣᠨ ᠪᠣᠯᠤᠭᠰᠠᠨ ᠤ ᠬᠤᠪᠢ ᠳᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠦᠨᠳᠦ ᠡᠭᠦᠷᠭᠡ ᠶᠢ ᠡᠭᠦᠷᠭᠡᠯᠡᠵᠦ᠂ ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠤᠯᠢ︾ ᠶᠢ ᠭᠦᠨᠵᠡᠭᠡᠢ ᠲᠠᠶᠢᠯᠪᠤᠷᠢᠯᠠᠬᠤ ᠶᠢᠨ ᠬᠠᠮᠲᠤ ᠲᠣᠭᠤᠰᠢᠯᠠᠭᠤᠯᠬᠤ ᠪᠠᠷ ᠳᠠᠮᠵᠢᠭᠤᠯᠵᠤ᠂ ᠬᠤᠷᠠᠯ ᠳᠤ ᠣᠷᠣᠯᠴᠠᠭᠰᠠᠳ ᠲᠤ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠣᠶᠢᠯᠠᠭᠠᠭᠤᠯᠵᠤ᠂ ᠬᠠᠤᠯᠢ ᠶᠢ ᠮᠡᠳᠡᠬᠦ᠂ ᠬᠠᠤᠯᠢ ᠶᠢ ᠣᠶᠢᠯᠠᠭᠠᠬᠤ᠂ ᠬᠠᠤᠯᠢ ᠶᠢ ᠰᠠᠬᠢᠬᠤ ᠶᠢ ᠪᠡᠶᠡᠯᠡᠭᠦᠯᠪᠡ᠃      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠬᠠᠤᠯᠢ︾ ᠪᠣᠯ ᠪᠢᠳᠠᠨ ᠤ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠠᠵᠢᠯ ᠤᠨ ᠬᠠᠤᠯᠢ ᠴᠠᠭᠠᠵᠠ ᠶᠢᠨ ᠰᠠᠭᠤᠷᠢ ᠮᠥᠨ᠂ ᠲᠡᠷᠡ ᠨᠢ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠬᠦᠷᠢᠶ᠎ᠡ ᠬᠡᠪᠴᠢᠶ᠎ᠡ ᠶᠢ ᠲᠣᠳᠣᠷᠬᠠᠶᠢᠯᠠᠵᠤ᠂ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠦᠨᠳᠦᠰᠦᠨ ᠵᠠᠷᠴᠢᠮ ᠪᠠ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠲᠣᠭᠲᠠᠭᠠᠨ᠂ ᠪᠢᠳᠡᠨ ᠳᠤ ᠬᠦᠴᠦᠷᠬᠡᠭ ᠶᠡᠭᠡ ᠬᠠᠤᠯᠢ ᠴᠠᠭᠠᠵᠠ ᠶᠢᠨ ᠵᠡᠪᠰᠡᠭ ᠢ ᠬᠠᠩᠭᠠᠵᠠᠢ᠃ ᠪᠦᠬᠦ ᠪᠠᠯᠭᠠᠰᠤ ᠪᠠᠷ ᠢᠶᠠᠨ ᠡᠨᠡᠬᠦ ᠬᠠᠤᠯᠢ ᠶᠢ ᠰᠤᠷᠤᠯᠴᠠᠬᠤ ᠶᠢ ᠭᠦᠨᠵᠡᠭᠡᠢ ᠲᠠᠶᠢᠯᠪᠤᠷᠢᠯᠠᠵᠤ᠂ ᠡᠳᠡᠭᠡᠷ ᠲᠠᠬᠢᠨ ᠡᠭᠦᠰᠦᠰᠢ ᠦᠭᠡᠢ ᠰᠣᠶᠣᠯ ᠤᠨ ᠦᠨᠡᠲᠦ ᠡᠷᠳᠡᠨᠢ ᠶᠢ ᠬᠠᠮᠲᠤᠪᠠᠷ ᠰᠠᠬᠢᠨ ᠬᠠᠮᠠᠭᠠᠯᠠᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ᠃      ᠡᠭᠦᠨ ᠤ ᠬᠠᠮᠲᠤ᠂ ᠮᠠᠨ ᠤ ᠪᠠᠯᠭᠠᠰᠤ ᠰᠡᠷᠡᠮᠵᠢᠯᠡᠭᠦᠯᠬᠦ ᠬᠥᠮᠦᠵᠢᠯ ᠢᠶᠠᠷ ᠳᠡᠮᠵᠢᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠴᠢᠬᠤᠯᠠ ᠴᠢᠨᠠᠷ ᠵᠢᠴᠢ ᠲᠡᠦᠬᠡ ᠶᠢᠨ ᠳᠤᠷᠠᠰᠬᠠᠯᠲᠤ ᠵᠦᠢᠯᠡᠰ ᠢ ᠡᠪᠳᠡᠭᠰᠡᠨ ᠬᠦᠨᠳᠦ ᠨᠣᠴᠢᠲᠠᠢ ᠦᠷ᠎ᠡ ᠳ᠋ᠦᠩ ᠢ ᠣᠯᠠᠨ ᠳᠤ ᠲᠠᠨᠢᠯᠴᠠᠭᠤᠯᠪᠠ᠃ ᠲᠡᠦᠬᠡ ᠶᠢᠨ ᠳᠤᠷᠠᠰᠬᠠᠯᠲᠤ ᠵᠦᠢᠯᠡᠰ ᠡᠪᠳᠡᠭᠳᠡᠬᠦ ᠳᠤ ᠬᠦᠷᠪᠡᠯ ᠲᠡᠭᠦᠨ ᠤ ᠲᠡᠦᠬᠡ ᠶᠢᠨ ᠦᠨ᠎ᠡ ᠥᠷᠲᠡᠭ᠂ ᠤᠷᠠᠯᠢᠭ ᠤᠨ ᠦᠨ᠎ᠡ ᠥᠷᠲᠡᠭ ᠪᠠ ᠰᠢᠨᠵᠢᠯᠡᠬᠦ ᠤᠬᠠᠭᠠᠨ ᠤ ᠦᠨ᠎ᠡ ᠥᠷᠲᠡᠭ ᠢ ᠰᠡᠷᠭᠦᠭᠡᠬᠦ ᠠᠷᠭ᠎ᠠ ᠦᠭᠡᠢ ᠪᠣᠯᠬᠤᠷ ᠪᠢᠳᠡ ᠡᠷᠬᠡᠪᠰᠢ ᠢᠮᠠᠭᠲᠠ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠂ ᠰᠠᠶᠢᠲᠤᠷ ᠰᠠᠬᠢᠨ ᠬᠠᠮᠠᠭᠠᠯᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠪᠠᠶᠢᠬᠤ ᠶᠢ ᠦᠨᠡᠨᠬᠦ ᠪᠠᠲᠤᠯᠠᠪᠠ᠃      ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢ ᠲᠤᠰᠬᠠᠢ ᠮᠡᠷᠭᠡᠵᠢᠯ ᠤᠨ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠣᠯᠬᠤ ᠪᠠᠷ ᠪᠠᠷᠠᠬᠤ ᠦᠭᠡᠢ ᠨᠡᠩ ᠴᠤ ᠪᠦᠬᠦ ᠨᠡᠶᠢᠭᠡᠮ ᠨᠡᠶᠢᠲᠡ ᠶᠢᠨ ᠬᠠᠷᠢᠭᠤᠴᠠᠯᠭ᠎ᠠ ᠪᠣᠯᠬᠤ ᠶᠤᠮ᠃ ᠪᠢᠳᠡ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠨ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ᠂ ᠨᠡᠶᠢᠭᠡᠮ ᠨᠡᠶᠢᠲᠡ ᠪᠠᠷ ᠢᠶᠠᠨ ᠣᠷᠣᠯᠴᠠᠭᠰᠠᠨ᠂ ᠤᠯᠠᠨ ᠨᠡᠶᠢᠲᠡ ᠪᠠᠷ ᠢᠶᠠᠨ ᠳᠡᠮᠵᠢᠭᠰᠡᠨ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠨ᠎ᠠ᠃ ᠳᠠᠷᠠᠭᠠᠴᠢ ᠶᠢᠨ ᠠᠯᠬᠤᠮ ᠳᠤ᠂ ᠤᠯᠠᠭᠠᠨᠪᠠᠯᠭᠠᠰᠤ ᠶᠢᠨ ᠬᠢᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠵᠣᠬᠢᠰᠲᠠᠢ ᠠᠰᠢᠭᠯᠠᠬᠤ ᠶᠢ ᠠᠬᠢᠭᠤᠯᠤᠨ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠭᠰᠠᠨ ᠦᠷ᠎ᠡ ᠪᠦᠲᠦᠭᠡᠯ ᠢ ᠠᠷᠠᠳ ᠤᠯᠠᠨ ᠳᠤ ᠨᠡᠩ ᠤᠯᠠᠨ ᠬᠦᠷᠲᠡᠭᠡᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠤᠯᠠᠭᠠᠨᠪᠠᠯᠭᠠᠰᠤ ᠶᠢᠨ ᠬᠦᠴᠦᠨ ᠢᠶᠠᠨ ᠡᠷᠭᠦᠨ᠎ᠡ︕ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ