ᠬᠤᠷᠳᠤᠨ ᠬᠠᠷ᠎ᠠ ᠶᠢᠨ ᠢᠵᠠᠭᠤᠷ᠂ ᠬᠤᠷᠳᠤᠨ ᠬᠠᠷ᠎ᠠ ᠶᠢᠨ ᠲᠥᠷᠥᠯ᠃ ᠪᠣᠭᠤᠨᠢᠬᠠᠨ ᠵᠢᠵᠢᠭ ᠪᠣᠳᠠ ᠮᠣᠳᠣ᠂ 6 — 9 ᠳ᠋ᠦ᠋ᠭᠡᠷ ᠰᠠᠷ᠎ᠠ ᠳᠤ ᠴᠡᠴᠡᠭᠯᠡᠵᠦ᠂ 7 — | 10 ᠳ᠋ᠤᠭᠠᠷ ᠰᠠᠷ᠎ᠠ ᠳᠤ ᠦᠷᠡᠯᠡᠨ᠎ᠡ᠃ | ᠣᠨᠴᠠ ᠭᠠᠩᠰᠠᠭ ᠤᠷᠭᠤᠮᠠᠯ ᠪᠣᠯᠣᠨ᠎ᠠ᠃ ᠠᠷᠪᠠᠰ ᠤᠨ ᠠᠭᠤᠯᠠᠨ ᠳᠤ ᠤᠷᠭᠤᠳᠠᠭ᠃ | ᠬᠤᠷᠳᠤᠨ ᠬᠠᠷ᠎ᠠ ᠪᠣᠯ ᠡᠷᠲᠡᠨ ᠤ ᠭᠠᠵᠠᠷ ᠤᠨ ᠳᠤᠮᠳᠠᠳᠤ ᠲᠠᠩᠭᠢᠰ ᠤᠨ ᠤᠷᠭᠤᠮᠠᠯ ᠤᠨ ᠣᠷᠣᠨ ᠰᠢᠰᠲ᠋ᠧᠮ ᠤᠨ ᠬᠤᠶᠢᠴᠢ ᠦᠶ᠎ᠡ ᠮᠥᠨ᠂ ᠲᠡᠷᠡᠴᠢᠯᠡᠨ ᠤᠷᠲᠤ | ᠬᠤᠭᠤᠴᠠᠭᠠᠨ ᠤ ᠪᠠᠶᠢᠭᠠᠯᠢ ᠶᠢᠨ ᠰᠢᠯᠢᠯᠲᠡ ᠶᠢᠨ ᠶᠠᠪᠤᠴᠠ ᠳᠤ ᠪᠦᠷᠢᠯᠳᠦᠭᠰᠡᠨ ᠠᠽᠢᠶ᠎ᠠ ᠲᠢᠪ ᠤᠨ ᠳᠤᠮᠳᠠᠳᠤ ᠬᠡᠰᠡᠭ ᠤᠨ ᠴᠥᠯ ᠳᠤ ᠣᠨᠴᠠ ᠪᠠᠶᠢᠳᠠᠭ ᠲᠦᠷᠰᠦ | ᠮᠥᠨ᠂ ᠮᠠᠨ ᠤ ᠤᠯᠤᠰ ᠲᠤ ᠡᠶᠢᠮᠦ ᠨᠢᠭᠡᠯᠬᠡᠨ ᠲᠦᠷᠰᠦ ᠪᠣᠢ᠂ ᠬᠤᠷᠳᠤᠨ ᠬᠠᠷ᠎ᠠ ᠶᠢᠨ ᠬᠦᠢ ᠨᠢ ᠨᠢᠭᠡ ᠵᠦᠢᠯ ᠤᠨ ᠡᠷᠲᠡᠨ ᠤ ᠦᠯᠡᠳᠡᠭᠳᠡᠯ ᠤᠷᠭᠤᠮᠠᠯ ᠤᠨ ᠬᠤᠴᠢᠯᠭ᠎ᠠ | ᠪᠣᠯᠣᠭᠰᠠᠨ ᠤ ᠬᠤᠪᠢ ᠳᠤ ᠮᠠᠨ ᠤ ᠤᠯᠤᠰ ᠤᠨ ᠲᠠᠴᠢᠷ ᠴᠥᠯ ᠤᠨ ᠤᠷᠭᠤᠮᠠᠯ ᠤᠨ ᠣᠷᠣᠨ ᠰᠢᠰᠲ᠋ᠧᠮ ᠤᠨ ᠡᠭᠦᠰᠦᠯ ᠵᠢᠴᠢ ᠭᠠᠵᠠᠷ ᠤᠨ ᠳᠤᠮᠳᠠᠳᠤ ᠲᠠᠩᠭᠢᠰ ᠤᠨ | ᠣᠷᠣᠨ ᠰᠢᠰᠲ᠋ᠧᠮ ᠯᠦᠭᠡ ᠶᠢᠨ ᠬᠠᠷᠢᠴᠠᠭ᠎ᠠ ᠬᠤᠯᠪᠣᠭ᠎ᠠ ᠶᠢ ᠰᠤᠳᠤᠯᠬᠤ ᠵᠡᠷᠭᠡ ᠲᠠᠯ᠎ᠠ ᠪᠠᠷ ᠴᠢᠬᠤᠯᠠ ᠰᠢᠨᠵᠢᠯᠡᠬᠦ ᠤᠬᠠᠭᠠᠨ ᠤ ᠰᠤᠳᠤᠯᠭᠠᠨ ᠤ ᠦᠨ᠎ᠡ ᠴᠡᠨ᠎ᠡ ᠲᠠᠢ | ᠶᠤᠮ᠃ ᠢᠯᠠᠩᠭᠤᠶ᠎ᠠ ᠣᠷᠳᠣᠰ ᠤᠨ ᠥᠨᠳᠦᠷᠯᠢᠭ ᠤᠨ ᠤᠷᠠᠨ ᠳᠦᠰᠢ ᠣᠷᠴᠢᠮ ᠳᠤ ᠪᠦᠷᠢᠯᠳᠦᠭᠰᠡᠨ ᠬᠤᠷᠳᠤᠨ ᠬᠠᠷ᠎ᠠ ᠪᠠᠷ ᠭᠤᠣᠯᠯᠠᠬᠤ ᠲᠦᠷᠰᠦ ᠪᠣᠯᠭᠠᠭᠰᠠᠨ | ᠲᠠᠴᠢᠷ ᠴᠥᠯ ᠤᠨ ᠬᠦᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠦᠨ᠎ᠡ ᠴᠡᠨ᠎ᠡ ᠨᠢ ᠲᠤᠩ ᠴᠢᠬᠤᠯᠠ ᠶᠤᠮ᠃ | ᠬᠤᠷᠳᠤᠨ ᠬᠠᠷ᠎ᠠ ᠶᠢᠨ ᠭᠠᠵᠠᠷ ᠳᠡᠭᠡᠷᠡᠬᠢ ᠬᠡᠰᠡᠭ ᠨᠢ ᠤᠯᠠᠭᠠᠨ ᠥᠩᠭᠡ ᠲᠠᠢ᠂ ᠤᠯᠠᠭᠠᠨ ᠪᠤᠳᠤᠭ ᠬᠢᠵᠦ ᠪᠣᠯᠣᠨ᠎ᠠ᠃ ᠬᠤᠨᠢ᠂ ᠢᠮᠠᠭ᠎ᠠ ᠬᠠᠪᠤᠷ᠂ ᠵᠤᠨ | ᠵᠥᠭᠡᠯᠡᠨ ᠮᠥᠴᠢᠷ ᠨᠠᠪᠴᠢ ᠪᠣᠯᠣᠨ ᠴᠡᠴᠡᠭ ᠢ ᠨᠢ ᠢᠳᠡᠳᠡᠭ᠃ ᠦᠷᠭᠦᠯᠵᠢᠯᠡᠭᠰᠡᠨ ᠭᠠᠨᠭ᠌ ᠬᠠᠭᠰᠠᠷᠠᠭᠠᠨ ᠪᠣᠯᠣᠨ ᠲᠡᠭᠦᠨ ᠤ ᠲᠠᠷᠬᠠᠯᠲᠠ ᠶᠢᠨ ᠣᠷᠣᠨ ᠪᠦᠰᠡ | ᠳᠣᠲᠣᠷ᠎ᠠ ᠠᠵᠦ ᠦᠢᠯᠡᠳᠪᠦᠷᠢ ᠦᠳᠲᠡᠷ ᠲᠦᠷᠭᠡᠨ ᠬᠥᠭᠵᠢᠭᠰᠡᠨ᠂ ᠠᠵᠦ ᠦᠢᠯᠡᠳᠪᠦᠷᠢ ᠭᠠᠵᠠᠷ ᠡᠵᠡᠯᠡᠭᠰᠡᠨ ᠪᠠ ᠠᠭᠠᠷ ᠰᠦᠷᠡᠬᠡᠢ ᠪᠣᠬᠢᠷᠲᠤᠭᠰᠠᠨ ᠵᠡᠷᠭᠡ | ᠰᠢᠯᠲᠠᠭᠠᠨ ᠨᠢ ᠬᠤᠷᠳᠤᠨ ᠬᠠᠷ᠎ᠠ ᠳᠤ ᠲᠤᠩ ᠬᠦᠨᠳᠦ ᠨᠣᠴᠢᠲᠠᠢ ᠰᠦᠷᠳᠡᠭᠦᠯᠦᠯ ᠪᠣᠯᠵᠦ᠂ ᠲᠠᠷᠬᠠᠯᠲᠠ ᠶᠢᠨ ᠬᠡᠪᠴᠢᠶ᠎ᠡ ᠨᠢ ᠡᠳᠦᠷ ᠢᠷᠡᠬᠦᠶ᠎ᠡ ᠪᠠᠭᠠᠰᠴᠤ᠂ ᠲᠤᠭ᠎ᠠ | ᠬᠡᠮᠵᠢᠶ᠎ᠡ ᠨᠢ ᠢᠳᠡᠭ ᠢᠳᠡᠭ ᠢᠶᠠᠷ ᠴᠥᠭᠡᠷᠡᠨ᠂ ᠤᠰᠠᠳᠬᠤ ᠰᠢᠬᠠᠭᠰᠠᠨ ᠪᠠᠶᠢᠳᠠᠯ ᠲᠠᠢ ᠪᠠᠶᠢᠵᠦ᠂ ᠨᠢᠭᠡᠨᠲᠡ ᠤᠯᠤᠰ ᠤᠨ ᠬᠤᠶᠠᠳᠤᠭᠠᠷ ᠲᠡᠰ ᠤᠨ ᠭᠤᠣᠯᠳᠠᠯᠭ᠎ᠠ ᠲᠠᠢ | ᠬᠠᠮᠠᠭᠠᠯᠠᠬᠤ ᠤᠷᠭᠤᠮᠠᠯ ᠢᠶᠠᠷ ᠲᠣᠭᠲᠠᠭᠠᠭᠳᠠᠵᠠᠢ᠃ | | ︽ᠤᠲᠤᠭ ᠤᠨ ᠠᠮᠢᠳᠤ ᠪᠤᠳᠠᠰ ᠤᠨ ᠡᠬᠢ ᠪᠠᠶᠠᠯᠢᠭ︾ ᠪᠠᠭᠠᠲᠤᠷ ᠨᠠᠶᠢᠷᠠᠭᠤᠯᠤᠨ ᠵᠤᠬᠢᠶᠠᠪᠠ | | | |