ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠳᠥᠷᠪᠡᠳᠦᠭᠡᠷ ᠪᠥᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/2/1
      2 ᠳ᠋ᠤᠭᠠᠷ ᠰᠠᠷ᠎ᠠ ᠶᠢᠨ 1 ᠤ ᠡᠳᠦᠷ᠂ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠳᠥᠷᠪᠡᠳᠦᠭᠡᠷ ᠪᠥᠬᠦᠳᠡ ᠬᠤᠷᠠᠯ ᠤᠯᠠᠭᠠᠨᠪᠠᠯᠭᠠᠰᠤ ᠳᠤ ᠬᠤᠷᠠᠯᠳᠤᠪᠠ᠃ ᠬᠤᠰᠢᠭᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠤ᠂ ᠰᠤ᠋ ᡁᠢ ᠰᠢᠶᠦ᠋ᠡᠭ᠂ ᠯᠢ ᠷᠦᠢ ᠮᠢᠨ᠂ ᠰᠠᠷᠠᠨᠲᠤᠶᠠᠭ᠎ᠠ ᠵᠡᠷᠭᠡ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠬᠤᠷᠠᠯ ᠳᠤ ᠣᠷᠣᠯᠴᠠᠵᠠᠢ᠃      ᠭᠤᠣ ᠬᠤᠸᠠᠢ ᠵᠢᠩ ᠬᠡᠯᠡᠬᠦ ᠳᠡᠭᠡᠨ᠂ ᠥᠩᠭᠡᠷᠡᠭᠰᠡᠨ ᠨᠢᠭᠡ ᠵᠢᠯ ᠳᠤ᠂ ᠪᠦᠬᠦ ᠬᠤᠰᠢᠭᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠭᠤᠶᠢᠪᠢᠰᠢ ᠦᠭᠡᠢ ᠲᠣᠣᠱᠯᠠᠭᠤᠯᠤᠨ᠂ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠤᠨ᠂ ᠢᠯᠵᠢᠷᠡᠯ ᠢ ᠡᠰᠡᠷᠭᠦᠴᠡᠬᠦ ᠲᠡᠮᠡᠴᠡᠯ ᠢᠯᠠᠯᠲᠠ ᠣᠯᠣᠭᠰᠠᠨ ᠪᠥᠭᠡᠳ ᠪᠦᠬᠦ ᠲᠠᠯ᠎ᠠ ᠪᠠᠷ ᠪᠠᠬᠢᠵᠢᠵᠦ᠂ ᠠᠵᠢᠯ ᠬᠢᠵᠦ ᠦᠢᠯᠡᠰ ᠪᠣᠰᠬᠠᠬᠤ ᠢᠳᠡᠪᠬᠢ ᠬᠦᠴᠦᠨ ᠢ ᠴᠢᠨᠠᠭᠰᠢᠳᠠ ᠨᠢᠭᠲᠠᠷᠠᠭᠤᠯᠤᠨ᠂ ᠠᠵᠤ ᠠᠬᠤᠢ ᠨᠡᠶᠢᠭᠡᠮ ᠤᠨ ᠲᠣᠭᠲᠠᠭᠤᠨ ᠡᠷᠡᠭᠦᠯ ᠬᠥᠭᠵᠢᠯᠲᠡ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠵᠠᠢ᠃      ᠭᠤᠣ ᠬᠤᠸᠠᠢ ᠵᠢᠩ ᠴᠢᠬᠤᠯᠠᠴᠢᠯᠠᠬᠤ ᠳᠠᠭᠠᠨ᠂ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠤ ᠪᠠᠨ ᠬᠤᠪᠢᠰᠬᠠᠯ ᠬᠢᠬᠦ ᠲᠤᠬᠠᠢ ᠪᠠᠶᠢᠯᠳᠤᠬᠤ ᠪᠣᠳᠣᠯᠭ᠎ᠠ ᠶᠢᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠨᠠᠶᠢᠳᠠᠪᠤᠷᠢᠵᠢᠭᠤᠯᠤᠨ᠂ ᠡᠭᠦᠷᠢᠳᠡ ᠤᠷᠤᠭᠰᠢᠯᠠᠬᠤ ᠬᠠᠳᠠᠨ ᠵᠣᠷᠢᠭ ᠪᠠ ᠪᠠᠷᠢᠮᠲᠠᠯᠠᠯ ᠢ ᠢᠮᠠᠭᠲᠠ ᠪᠠᠷᠢᠮᠲᠠᠯᠠᠵᠤ᠂ ᠣᠨᠣᠪᠴᠢᠲᠠᠢ ᠬᠦᠴᠦᠯᠡᠨ᠂ ᠪᠦᠬᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠬᠤ ᠨᠠᠮ ᠢ ᠵᠠᠰᠠᠬᠤ ᠡᠯ᠎ᠡ ᠵᠦᠢᠯ ᠤᠨ ᠠᠵᠢᠯ ᠢ ᠦᠷᠭᠦᠯᠵᠢᠯᠡᠨ ᠬᠦᠴᠦᠯᠡᠨ ᠠᠬᠢᠭᠤᠯᠬᠤ ᠬᠡᠷᠡᠭᠲᠡᠢ᠃ ᠬᠤᠰᠢᠭᠤᠨ ᠤ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠡᠷᠦᠩᠬᠡᠢ ᠪᠠᠶᠢᠳᠠᠯ ᠢ ᠰᠡᠷᠭᠡᠭ ᠢᠶᠠᠷ ᠲᠠᠨᠢᠵᠤ᠂ ᠬᠢᠨᠠᠯᠲᠠ ᠲᠠᠯᠪᠢᠬᠤ ᠳᠤ ᠵᠥᠪ ᠢᠶᠠᠷ ᠬᠠᠨᠳᠤᠨ᠂ ᠠᠷᠠᠳᠴᠢᠯᠠᠯ ᠲᠥᠪᠯᠡᠷᠡᠯ ᠤᠨ ᠳᠦᠷᠢᠮ ᠢ ᠲᠤᠤᠱᠯᠠᠭᠤᠯᠤᠨ ᠬᠡᠷᠡᠭᠵᠢᠭᠦᠯᠵᠦ᠂ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠡᠭᠦᠷᠢᠳᠡ ᠤᠷᠤᠭᠰᠢᠯᠠᠬᠤ ᠡᠷᠡᠰ ᠪᠠᠲᠤ ᠪᠠᠷᠢᠮᠲᠠᠯᠠᠯ ᠢ ᠪᠠᠷᠢᠮᠲᠠᠯᠠᠬᠤ ᠬᠡᠷᠡᠭᠲᠡᠢ᠃ ᠢᠯᠵᠢᠷᠡᠯ ᠢ ᠵᠠᠯᠬᠠᠭᠠᠨ ᠰᠢᠢᠳᠬᠡᠬᠦ ᠰᠦᠷ ᠬᠦᠴᠦᠨ ᠢ ᠦᠷᠭᠦᠯᠵᠢᠯᠡᠨ ᠪᠠᠲᠤᠯᠠᠵᠤ᠂ ᠢᠯᠵᠢᠷᠡᠬᠦ ᠵᠣᠷᠢᠭ ᠦᠭᠡᠢ ᠲᠠᠯ᠎ᠠ ᠪᠠᠷ ᠴᠢᠩᠭ᠎ᠠ ᠴᠣᠬᠢᠯᠲᠠ ᠥᠭᠴᠦ ᠵᠠᠯᠬᠠᠭᠠᠨ᠂ ᠢᠯᠵᠢᠷᠡᠬᠦ ᠳᠣᠬᠢᠶᠠᠯ ᠦᠭᠡᠢ ᠲᠠᠯ᠎ᠠ ᠪᠠᠷ ᠳᠦᠷᠢᠮ ᠢ ᠭᠦᠨᠵᠡᠭᠡᠶᠢᠷᠡᠭᠦᠯᠦᠨ᠂ ᠢᠯᠵᠢᠷᠡᠬᠦ ᠰᠠᠨᠠᠭ᠎ᠠ ᠦᠭᠡᠢ ᠲᠠᠯ᠎ᠠ ᠪᠠᠷ ᠠᠷᠢᠭᠤᠨ ᠴᠢᠭᠡᠴᠢ ᠶᠢ ᠡᠷᠬᠢᠮᠯᠡᠬᠦ ᠰᠣᠶᠣᠯ ᠤᠨ ᠬᠦᠴᠦᠨ ᠢ ᠪᠦᠷᠢᠯᠳᠦᠭᠦᠯᠵᠦ᠂ ᠢᠯᠵᠢᠷᠡᠬᠦ ᠵᠣᠷᠢᠭ ᠦᠭᠡᠢ᠂ ᠢᠯᠵᠢᠷᠡᠬᠦ ᠲᠣᠬᠢᠶᠠᠯ ᠦᠭᠡᠢ᠂ ᠢᠯᠵᠢᠷᠡᠬᠦ ᠰᠠᠨᠠᠭ᠎ᠠ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ᠃ ᠨᠡᠩ ᠥᠨᠳᠥᠷ ᠪᠠᠷᠢᠮᠵᠢᠶ᠎ᠠ ᠨᠡᠩ ᠴᠢᠩᠭ᠎ᠠ ᠱᠠᠭᠠᠷᠳᠠᠯᠭ᠎ᠠ ᠪᠠᠷ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ︽ᠳᠠᠯᠳᠠᠭᠤᠷ ᠬᠤᠤᠪᠢᠯᠳᠤᠯ︾ ᠢ ᠡᠷᠡᠰ ᠰᠡᠷᠭᠡᠶᠢᠯᠡᠵᠦ ᠵᠠᠰᠠᠨ᠂ ᠨᠠᠮ ᠪᠣᠯᠣᠨ ᠠᠷᠠᠳ ᠲᠦᠮᠡᠨ ᠠᠴᠠ ᠣᠯᠭᠤᠭᠰᠠᠨ ᠡᠷᠬᠡ ᠶᠢ ᠳᠤᠷ᠎ᠠ ᠪᠠᠷ ᠢᠶᠠᠨ ᠥᠯᠥ ᠬᠡᠷᠡᠭᠯᠡᠬᠦ᠂ ᠮᠠᠭᠤ ᠶᠢ ᠵᠠᠯᠬᠠᠭᠠᠨ ᠰᠠᠶᠢᠨ ᠢ ᠪᠠᠳᠠᠷᠠᠭᠤᠯᠬᠤ ᠬᠤᠷᠴᠠ ᠰᠡᠯᠡᠮ᠎ᠡ ᠶᠢ ᠡᠭᠦᠷᠢᠳᠡ ᠪᠠᠯᠠᠷᠠᠰᠢ ᠦᠭᠡᠢ ᠪᠠᠶᠢᠯᠭᠠᠬᠤ ᠶᠢ ᠪᠠᠲᠤᠯᠠᠬᠤ ᠬᠡᠷᠡᠭᠲᠡᠢ ᠭᠡᠪᠡ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᡁᠢ ᠵᠢᠶᠦ᠋ᠨ ᠬᠤᠷᠠᠯ ᠡᠷᠭᠢᠯᠡᠵᠦ᠂ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ︽ᠥᠪᠡᠷ ᠤᠨ ᠪᠡᠶ᠎ᠡ ᠳᠤ ᠪᠠᠨ ᠲᠤᠶᠢᠯᠪᠤᠷᠢᠲᠠᠢ ᠬᠤᠪᠢᠰᠬᠠᠯ ᠬᠢᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠡᠯᠢᠭᠡᠨ ᠬᠠᠶᠢᠷᠠᠲᠤ ᠣᠲᠤᠭ ᠢᠶᠠᠨ ᠪᠦᠲᠦᠭᠡᠨ ᠪᠠᠶᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠶ᠎ᠠ︾ ᠭᠡᠬᠦ ᠰᠡᠳᠦᠪ ᠢᠶᠠᠷ ᠠᠵᠢᠯ ᠤᠨ ᠮᠡᠳᠡᠭᠦᠯᠦᠯᠲᠡ ᠬᠢᠪᠡ᠃      ᠬᠤᠷᠠᠯ ᠢ ᠸᠢᠳᠢᠤ᠋ ᠬᠤᠷᠠᠯ ᠤᠨ ᠬᠡᠯᠪᠡᠷᠢ ᠪᠠᠷ ᠶᠠᠪᠤᠭᠳᠠᠭᠤᠯᠵᠤ᠂ ᠤᠳᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠂ ᠡᠯ᠎ᠡ ᠰᠤᠮᠤ ᠪᠠᠯᠭᠠᠰᠤᠨ ᠳᠤ ᠬᠤᠪᠢᠶᠠᠷᠢ ᠬᠤᠷᠠᠯ ᠤᠨ ᠲᠠᠯᠠᠪᠠᠢ ᠭᠠᠷᠭᠠᠪᠠ᠃      ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ︽ᠴᠡᠭᠡᠷᠯᠡᠯ︾ ᠭᠡᠮᠡᠬᠦ ᠰᠡᠷᠡᠮᠵᠢᠯᠡᠭᠦᠯᠦᠯ ᠬᠥᠮᠦᠵᠢᠯ ᠤᠨ ᠺᠢᠨᠣ᠋ ᠦᠵᠡᠪᠡ᠃ 
ᠢᠷᠡᠯᠲᠡ᠄ ᠣᠲᠤᠭ ᠨᠡᠶᠢᠲᠡᠯᠡᠯ