1-11 ᠳ᠋ᠦ᠋ᠭᠡᠷ ᠰᠠᠷ᠎ᠠ ᠳᠤ ᠣᠲᠤᠭ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠲᠣᠭᠲᠠᠭᠤᠨ ᠢᠶᠠᠷ ᠬᠥᠭᠵᠢᠪᠡ
ᠨᠡᠶᠢᠲᠡᠯᠡᠭᠰᠡᠨ ᠴᠠᠭ᠄
2024/2/1
      1-11 ᠳ᠋ᠦ᠋ᠭᠡᠷ ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ 29 ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ 31.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.7% ᠪᠠᠷ ᠨᠡᠮᠡᠭᠳᠡᠨ᠂ 1-10 ᠳ᠋ᠤᠭᠠᠷ ᠰᠠᠷ᠎ᠠ ᠶᠢᠨ ᠬᠢ ᠠᠴᠠ ᠵᠠᠭᠤᠨ ᠤ 0.4 ᠬᠤᠪᠢ ᠨᠡᠮᠡᠭᠳᠡᠵᠦ᠂ ᠲᠣᠭᠲᠠᠭᠤᠨ ᠢᠶᠠᠷ ᠨᠡᠮᠡᠭᠳᠡᠬᠦ ᠬᠠᠨᠳᠤᠰᠢ ᠪᠠᠨ ᠪᠠᠲᠤᠯᠠᠨ᠂ 9 ᠬᠤᠰᠢᠭᠤ ᠲᠣᠭᠤᠷᠢᠭ ᠳᠣᠲᠣᠷ᠎ᠠ ᠪᠠᠨ ᠳᠥᠷᠪᠡᠳᠦᠭᠡᠷ ᠲᠤ ᠵᠢᠭᠰᠠᠭᠠᠭᠳᠠᠵᠠᠢ᠃      ᠨᠢᠭᠡ᠂ ᠦᠢᠯᠡᠳᠪᠦᠷᠢᠯᠡᠯ ᠤᠨ ᠬᠠᠮᠢᠶ᠎ᠠ ᠪᠦᠬᠦᠢ ᠦᠢᠯᠡᠴᠢᠯᠡᠭᠡᠨ ᠤ ᠦᠢᠯᠡᠰ ᠤᠨ ᠲᠤᠯᠭᠠᠭᠤᠷᠢᠯᠠᠬᠤ ᠦᠢᠯᠡᠳᠦᠯ ᠢᠯᠡᠷᠬᠡᠢ ᠪᠣᠯᠪᠠ      ᠦᠢᠯᠡᠳᠪᠦᠷᠢᠯᠡᠯ ᠤᠨ ᠬᠠᠮᠢᠶ᠎ᠠ ᠪᠦᠬᠦᠢ ᠦᠢᠯᠡᠴᠢᠯᠡᠭᠡᠨ ᠤ ᠦᠢᠯᠡᠰ ᠤᠨ ᠬᠡᠪᠴᠢᠶᠡᠵᠢᠯ ᠠᠴᠠ ᠳᠡᠭᠡᠭᠰᠢᠬᠢ ᠪᠥᠬᠦ ᠦᠢᠯᠡᠴᠢᠯᠡᠭᠡᠨ ᠤ ᠦᠢᠯᠡᠰ ᠲᠠᠬᠢ ᠡᠵᠡᠯᠡᠬᠦ ᠬᠤᠪᠢ ᠶᠢᠨ ᠵᠢᠩ ᠨᠢ 9 ᠬᠤᠪᠢ ᠶᠢ ᠳᠠᠪᠠᠵᠤ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠲᠤ ᠦᠵᠡᠭᠦᠯᠬᠦ ᠲᠤᠯᠭᠠᠭᠤᠷᠢᠯᠠᠬᠤ ᠦᠢᠯᠡᠳᠦᠯ ᠨᠢ ᠢᠯᠡᠷᠬᠡᠢ ᠪᠠᠶᠢᠪᠠ᠂ ᠡᠭᠦᠨ ᠳᠤ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠯᠲᠡ ᠨᠥᠭᠡᠴᠡᠯᠡᠯᠲᠡ ᠪᠠ ᠰᠢᠤᠳᠠᠨ ᠤ ᠦᠢᠯᠡᠰ ᠦᠷᠭᠦᠯᠵᠢᠯᠡᠨ ᠬᠦᠴᠦᠯᠡᠵᠦ᠂ ᠡᠵᠡᠩᠨᠡᠯᠲᠡ ᠶᠢᠨ ᠣᠷᠣᠯᠭ᠎ᠠ ᠶᠢ 29 ᠳ᠋ᠦᠩᠰᠢᠭᠤᠷ ᠲᠥᠭᠦᠷᠢᠭ ᠪᠡᠶᠡᠯᠡᠭᠦᠯᠦᠨ᠂ ᠠᠳᠠᠯᠢ ᠬᠤᠭᠤᠴᠠᠭᠠᠨ ᠤ ᠬᠢ ᠠᠴᠠ 2.8% ᠪᠠᠷ ᠨᠡᠮᠡᠭᠳᠡᠵᠦ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠲᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 70.6% ᠬᠦᠷᠦᠨ᠂  ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠢ ᠵᠠᠭᠤᠨ ᠤ 2.5 ᠬᠤᠪᠢ ᠪᠠᠷ ᠨᠡᠮᠡᠭᠳᠡᠭᠦᠯᠪᠡ︔ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ 0.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 95.3% ᠪᠠᠷ ᠨᠡᠮᠡᠭᠳᠡᠪᠡ᠃      ᠬᠤᠶᠠᠷ᠂ ᠠᠵᠤ ᠠᠬᠤᠶᠢᠯᠠᠯ ᠤᠨ ᠡᠵᠡᠩᠨᠡᠯᠲᠡ ᠶᠢᠨ ᠦᠷ᠎ᠡ ᠠᠰᠢᠭ ᠲᠠᠰᠤᠷᠠᠯᠲᠠ ᠦᠭᠡᠢ ᠳᠡᠭᠡᠭᠰᠢᠯᠡᠪᠡ      1-11 ᠳ᠋ᠦ᠋ᠭᠡᠷ ᠰᠠᠷ᠎ᠠ ᠳᠤ᠂ ᠪᠥᠬᠦ ᠬᠤᠰᠢᠭᠤᠨ ᠤ 29 ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ 2.8 ᠳ᠋ᠦᠩᠰᠢᠭᠤᠷ ᠲᠥᠭᠦᠷᠢᠭ ᠤᠨ ᠠᠰᠢᠭ ᠬᠤᠨᠵᠢᠪᠤᠷᠢ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 24.6% ᠪᠠᠷ ᠨᠡᠮᠡᠭᠳᠡᠵᠡᠢ᠂ ᠡᠭᠦᠨ ᠳᠤ ᠠᠵᠤ ᠠᠬᠤᠶᠢᠯᠠᠯ ᠤᠨ ᠡᠵᠡᠩᠨᠡᠯᠲᠡ ᠶᠢᠨ ᠠᠰᠢᠭ ᠬᠤᠨᠵᠢᠪᠤᠷᠢ ᠶᠢᠨ ᠨᠣᠷᠮ᠎ᠠ 10.5% ᠬᠦᠷᠴᠦ᠂ ᠨᠢᠳᠤᠨᠤᠨ ᠤ ᠬᠢ ᠲᠠᠢ ᠬᠠᠷᠢᠴᠠᠭᠤᠯᠪᠠᠯ ᠵᠠᠭᠤᠨ ᠤ 1.9 ᠬᠤᠪᠢ ᠳᠡᠭᠡᠭᠰᠢᠯᠡᠵᠡᠢ᠃ ᠪᠥᠬᠦ ᠬᠤᠰᠢᠭᠤᠨ ᠳᠤ ᠬᠤᠯᠪᠣᠭᠳᠠᠭᠰᠠᠨ 4 ᠦᠢᠯᠡᠴᠢᠯᠡᠭᠡᠨ ᠤ ᠦᠢᠯᠡᠰ ᠤᠨ ᠠᠵᠢᠯ ᠲᠥᠷᠥᠯ ᠪᠦᠬᠦᠨ ᠢᠶᠠᠷ ᠢᠶᠠᠨ ᠠᠰᠢᠭ ᠣᠯᠵᠠᠪᠤᠷᠢ ᠣᠯᠵᠤ᠂ ᠲᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠠᠰᠢᠭ ᠬᠤᠨᠵᠢᠪᠤᠷᠢ ᠶᠢᠨ ᠨᠡᠮᠡᠭᠳᠡᠯ ᠤᠨ ᠬᠤᠷᠳᠤᠴᠠ ᠪᠠᠭᠤᠷᠠᠭᠰᠠᠨ ᠠᠴᠠ ᠭᠠᠳᠠᠨ᠎ᠠ᠂ ᠪᠤᠰᠤᠳ ᠭᠤᠷᠪᠠᠨ ᠠᠵᠢᠯ ᠲᠥᠷᠥᠯ ᠤᠨ ᠠᠰᠢᠭ ᠬᠤᠨᠵᠢᠪᠤᠷᠢ ᠨᠢ ᠨᠡᠮᠡᠭᠳᠡᠪᠡ᠃      ᠭᠤᠷᠪᠠ᠂ ᠠᠵᠢᠯᠲᠠᠨ ᠤ ᠴᠠᠯᠢᠩ ᠬᠥᠯᠥᠰᠦ ᠲᠠᠰᠤᠷᠠᠯᠲᠠ ᠦᠭᠡᠢ ᠳᠡᠭᠡᠭᠰᠢᠯᠡᠪᠡ      1-11 ᠳ᠋ᠦ᠋ᠭᠡᠷ ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠲᠤᠰᠢᠶᠠᠬᠤ ᠶᠣᠰᠣᠲᠠᠢ ᠠᠵᠢᠯᠲᠠᠨ ᠠᠵᠢᠯᠴᠢᠨ ᠤ ᠴᠠᠯᠢᠩ 2.1 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 10.62% ᠢᠶᠠᠷ ᠨᠡᠮᠡᠭᠳᠡᠪᠡ᠂ ᠡᠭᠦᠨ ᠳᠤ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠨᠡᠮᠡᠭᠳᠡᠯ ᠬᠠᠮᠤᠭ ᠤᠨ ᠲᠦᠷᠭᠡᠨ ᠪᠠᠶᠢᠪᠠ᠃ ᠠᠵᠢᠯ ᠣᠯᠭᠤᠭᠰᠠᠨ ᠬᠥᠮᠥᠨ ᠤ ᠲᠤᠭ᠎ᠠ ᠪᠠᠷ ᠬᠠᠮᠤᠭ ᠤᠨ ᠣᠯᠠᠨ ᠠᠵᠢᠯ ᠲᠥᠷᠥᠯ ᠨᠢ ᠲᠣᠰ ᠲᠣᠰ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ᠂ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠯᠲᠡ ᠨᠦᠭᠡᠴᠡᠯᠡᠯᠳᠡ ᠪᠠ ᠰᠢᠤᠳᠠᠨ ᠤ ᠦᠢᠯᠡᠰ ᠪᠠᠶᠢᠵᠤ᠂ 76.6% ᠶᠢ ᠡᠵᠡᠯᠡᠪᠡ᠃ 
ᠢᠷᠡᠯᠲᠡ᠄ ᠣᠲᠤᠭ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ