1-11 ᠳ᠋ᠦ᠋ᠭᠡᠷ ᠰᠠᠷ᠎ᠠ ᠳᠤ ᠣᠲᠤᠭ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠲᠤᠭ᠎ᠠ ᠦᠷᠭᠦᠯᠵᠢᠯᠡᠨ ᠨᠡᠮᠡᠭᠳᠡᠪᠡ
ᠨᠡᠶᠢᠲᠡᠯᠡᠭᠰᠡᠨ ᠴᠠᠭ᠄
2024/2/1
      2023 ᠣᠨ ᠤ 1-11 ᠳ᠋ᠦ᠋ᠭᠡᠷ ᠰᠠᠷ᠎ᠠ ᠳᠤ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠲᠤᠭ᠎ᠠ 31.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.2% ᠢᠶᠠᠷ ᠨᠡᠮᠡᠭᠳᠡᠪᠡ᠂ ᠡᠭᠦᠨ ᠳᠤ᠂ ᠪᠥᠬᠦ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠪᠣᠷᠣᠯᠠᠭᠤᠯᠤᠭᠰᠠᠨ ᠲᠤᠭ᠎ᠠ 3.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 21.6% ᠪᠠᠷ ᠨᠡᠮᠡᠭᠳᠡᠪᠡ᠃      ᠨᠢᠭᠡ᠂ ᠦᠨᠳᠦᠰᠦᠨ ᠠᠷᠠᠳ ᠤᠨ ᠠᠮᠢᠳᠤᠷᠠᠯ ᠤᠨ ᠲᠥᠷᠥᠯ      1-11 ᠳ᠋ᠦ᠋ᠭᠡᠷ ᠰᠠᠷ᠎ᠠ ᠳᠤ᠂ ᠪᠥᠬᠦ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠠᠮᠤ ᠪᠤᠳᠠᠭ᠎ᠠ ᠲᠤᠰᠤ᠂ ᠢᠳᠡᠭᠡᠨ ᠤ ᠵᠦᠢᠯ ᠠᠳᠠᠯᠢ ᠬᠤᠭᠤᠴᠠᠭᠠᠨ ᠤ ᠬᠢ ᠠᠴᠠ 27.7% ᠪᠠᠷ ᠨᠡᠮᠡᠭᠳᠡᠪᠡ᠂ ᠡᠭᠦᠨ ᠳᠤ ᠬᠠᠳᠠᠭᠠᠭᠰᠠᠨ ᠵᠢᠮᠢᠰ ᠤᠨ ᠲᠥᠷᠥᠯ ᠤᠨ ᠲᠠᠸᠠᠷ ᠤᠨ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 88.8% ᠪᠠᠷ ᠨᠡᠮᠡᠭᠳᠡᠵᠦ᠂ ᠮᠢᠬ᠎ᠠ ᠵᠢᠭᠦᠷᠲᠡᠨ ᠥᠨᠳᠡᠭᠡ ᠶᠢᠨ ᠲᠥᠷᠥᠯ ᠤᠨ ᠲᠠᠸᠠᠷ ᠤᠨ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 60.9% ᠪᠠᠷ ᠨᠡᠮᠡᠭᠳᠡᠨ᠂ ᠢᠳᠡᠰᠢᠨ ᠨᠣᠭᠤᠭ᠎ᠠ ᠶᠢᠨ ᠲᠥᠷᠥᠯ ᠤᠨ ᠲᠠᠸᠠᠷ ᠤᠨ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 35.7% ᠪᠠᠷ ᠨᠡᠮᠡᠭᠳᠡᠵᠦ᠂ ᠠᠷᠢᠬᠢ ᠲᠠᠮᠠᠬᠢᠨ ᠤ ᠲᠥᠷᠥᠯ ᠤᠨ ᠲᠠᠸᠠᠷ ᠤᠨ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 30.3% ᠪᠠᠷ ᠨᠡᠮᠡᠭᠳᠡᠵᠡᠢ᠃ ᠬᠤᠪᠴᠠᠰᠤ ᠬᠤᠨᠠᠷ ᠱᠠᠬᠠᠢ ᠮᠠᠯᠠᠭᠠᠢ ᠶᠢᠨ ᠲᠥᠷᠥᠯ ᠤᠨ ᠲᠠᠸᠠᠷ ᠤᠨ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 19.7% ᠪᠠᠷ ᠨᠡᠮᠡᠭᠳᠡᠵᠦ᠂ ᠪᠥᠬᠦ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠡᠸᠦ᠋ᠷᠦᠫᠡ ᠡᠮ ᠤᠨ ᠲᠥᠷᠥᠯ ᠤᠨ ᠲᠠᠸᠠᠷ ᠤᠨ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 46.8% ᠪᠠᠷ ᠨᠡᠮᠡᠭᠳᠡᠵᠡᠢ᠃      ᠬᠤᠶᠠᠷ᠂ ᠲᠡᠰ ᠳᠡᠪᠰᠢᠬᠦ ᠲᠦᠷᠦᠯ ᠤᠨ ᠬᠡᠷᠡᠭᠯᠡᠭᠡ      ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠴᠢᠳᠠᠪᠤᠷᠢ ᠶᠢᠨ ᠲᠠᠰᠤᠷᠠᠯᠲᠠ ᠦᠭᠡᠢ ᠳᠡᠭᠡᠭᠰᠢᠯᠡᠬᠦ ᠪᠠ ᠴᠢᠨᠠᠷ ᠴᠢᠨᠰᠠᠭ᠎ᠠ ᠲᠠᠢ ᠠᠮᠢᠳᠤᠷᠠᠯ ᠬᠢᠭᠡᠳ ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠣᠶᠢᠯᠠᠭᠠᠭᠳᠠᠬᠤᠨ ᠤ ᠡᠳᠦᠷ ᠢᠷᠡᠬᠦᠶ᠎ᠡ ᠨᠡᠮᠡᠭᠳᠡᠬᠦ ᠶᠢ ᠳᠠᠭᠠᠯᠳᠤᠨ᠂ ᠣᠲᠤᠭ ᠬᠤᠰᠢᠭᠤᠨ ᠤ ᠰᠠᠭᠤᠭᠠᠯᠢ ᠠᠷᠠᠳ ᠤᠨ ᠲᠠᠰ ᠳᠡᠪᠰᠢᠬᠦ ᠲᠥᠷᠥᠯ ᠪᠠ ᠪᠣᠬᠢᠷᠲᠤᠯ ᠦᠭᠡᠢ ᠲᠠᠸᠠᠷ ᠤᠨ ᠬᠡᠷᠡᠭᠯᠡᠭᠡᠨ ᠤ ᠬᠡᠷᠡᠭᠴᠡᠭᠡ ᠴᠦ ᠲᠠᠰᠤᠷᠠᠯᠲᠠ ᠦᠭᠡᠢ ᠢᠯᠡᠷᠬᠡᠢ ᠪᠣᠯᠪᠠ᠃ 1-11 ᠳ᠋ᠦ᠋ᠭᠡᠷ ᠰᠠᠷ᠎ᠠ ᠳᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠪᠣᠷᠣᠯᠠᠭᠤᠯᠭ᠎ᠠ ᠦᠷᠭᠦᠯᠵᠢᠯᠡᠨ ᠲᠦᠷᠭᠡᠨ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 96.8% ᠪᠠᠷ ᠨᠡᠮᠡᠭᠳᠡᠵᠡᠢ᠃      ᠭᠤᠷᠪᠠ᠂ ᠬᠤᠨᠤᠭ ᠤᠨ ᠭᠠᠵᠠᠷ ᠢᠳᠡᠭᠡᠨ ᠤᠮᠳᠠᠭᠠᠨ      ᠬᠡᠷᠡᠭᠯᠡᠭᠡ ᠶᠢ ᠠᠬᠢᠭᠤᠯᠬᠤ ᠠᠯᠢ ᠣᠯᠠᠨ ᠲᠥᠷᠥ ᠶᠢᠨ ᠪᠣᠳᠣᠯᠭ᠎ᠠ ᠶᠢᠨ ᠦᠢᠯᠡᠳᠦᠯ ᠳᠣᠣᠷ᠎ᠠ᠂ ᠰᠠᠭᠤᠭᠠᠯᠢ ᠠᠷᠠᠳ ᠤᠨ ᠬᠡᠷᠡᠭᠯᠡᠭᠡ ᠶᠢᠨ ᠳᠠᠯᠳᠠ ᠬᠦᠴᠦᠨ ᠲᠠᠰᠤᠷᠠᠯᠲᠠ ᠦᠭᠡᠢ ᠴᠢᠩᠭᠠᠷᠠᠵᠤ᠂  ᠦᠢᠯᠡᠴᠢᠯᠡᠭᠡ ᠬᠡᠷᠡᠭᠯᠡᠭᠡᠨ ᠤ ᠵᠠᠬ᠎ᠠ ᠳᠡᠯᠭᠡᠭᠦᠷ ᠦᠷᠭᠦᠯᠵᠢᠯᠡᠨ ᠰᠡᠷᠭᠦᠵᠦ ᠰᠠᠶᠢᠵᠢᠷᠠᠪᠠ᠃ 1-11 ᠳ᠋ᠦ᠋ᠭᠡᠷ ᠰᠠᠷ᠎ᠠ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠤᠨᠤᠭ ᠤᠨ ᠦᠢᠯᠡᠰ ᠠᠳᠠᠯᠢ ᠬᠤᠭᠤᠴᠠᠭᠠᠨ ᠤ ᠬᠢ ᠠᠴᠠ 54.8% ᠪᠠᠷ ᠨᠡᠮᠡᠭᠳᠡᠵᠦ᠂ ᠢᠳᠡᠭᠡᠨ ᠤᠮᠳᠠᠭᠠᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 23% ᠪᠠᠷ ᠨᠡᠮᠡᠭᠳᠡᠵᠡᠢ᠃ 
ᠢᠷᠡᠯᠲᠡ᠄ ᠣᠲᠤᠭ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ