2023 ᠣᠨ ᠳᠤ ᠣᠲᠤᠭ ᠬᠤᠰᠢᠭᠤᠨ ᠤ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠡᠷᠭᠢᠯᠲᠡ ᠲᠣᠭᠲᠠᠭᠤᠨ ᠪᠠᠶᠢᠪᠠ
ᠨᠡᠶᠢᠲᠡᠯᠡᠭᠰᠡᠨ ᠴᠠᠭ᠄
2024/2/1
      2023 ᠣᠨ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ  ᠬᠢ ᠠᠴᠠ 4% ᠪᠠᠷ ᠨᠡᠮᠡᠭᠳᠡᠵᠦ᠂ 1-11 ᠳ᠋ᠦ᠋ᠭᠡᠷ ᠰᠠᠷ᠎ᠠ ᠶᠢᠨ ᠬᠢ ᠠᠴᠠ ᠵᠠᠭᠤᠨ ᠤ 0.5 ᠬᠤᠪᠢ ᠨᠡᠮᠡᠭᠳᠡᠵᠡᠢ᠃ ᠤᠯᠠᠷᠢᠯ ᠢᠶᠠᠷ ᠬᠤᠪᠢᠶᠠᠵᠤ ᠦᠵᠡᠪᠡᠯ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠨᠢ ᠡᠯ᠎ᠡ ᠤᠯᠠᠷᠢᠯ ᠳᠤ ᠲᠣᠰ ᠲᠣᠰ 0.4%᠂ 0.1%᠂ 1.0%᠂ 4% ᠪᠠᠷ ᠨᠡᠮᠡᠭᠳᠡᠵᠦ᠂ ᠳᠥᠷᠪᠡᠨ ᠤᠯᠠᠷᠢᠯ ᠳᠤ ᠴᠥᠮ ᠡᠶᠡᠷᠭᠦ ᠨᠡᠮᠡᠭᠳᠡᠯ ᠢ ᠪᠡᠶᠡᠯᠡᠭᠦᠯᠦᠨ᠂ ᠶᠡᠷᠦᠩᠬᠡᠢ ᠳᠡᠭᠡᠨ ᠰᠠᠶᠢᠵᠢᠷᠠᠬᠤ ᠬᠠᠨᠳᠤᠰᠢ ᠲᠠᠢ ᠪᠠᠶᠢᠪᠠ᠃ ᠳᠣᠣᠷ᠎ᠠ ᠬᠠᠭᠠᠰ ᠵᠢᠯ ᠳᠤ᠂ ᠮᠠᠨ ᠤ ᠬᠤᠰᠢᠭᠤᠨ ᠤ ᠠᠵᠤ ᠦᠢᠯᠡᠳᠪᠦᠷᠢ ᠦᠷᠭᠦᠯᠵᠢᠯᠡᠨ ᠬᠥᠭᠵᠢᠵᠦ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ  ᠳᠡᠭᠡᠭᠰᠢᠯᠡᠨ᠂ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠢ 3 ᠰᠠᠷ᠎ᠠ ᠳᠠᠷᠠᠭᠠᠯᠠᠨ ᠪᠥᠬᠦ ᠬᠤᠲᠠ ᠳᠤ ᠭᠤᠷᠪᠠᠳᠤᠭᠠᠷ ᠲᠤ ᠵᠢᠭᠰᠠᠭᠠᠭᠳᠠᠵᠠᠢ᠃
图片1.png
      ᠠᠵᠢᠯ ᠲᠦᠷᠦᠯ ᠬᠤᠪᠢᠶᠠᠭᠰᠠᠨ ᠦᠢᠯᠡᠳᠬᠦᠨ ᠤ ᠦᠷᠲᠡᠭ ᠤᠨ ᠨᠡᠮᠡᠭᠳᠡᠯ ᠤᠨ ᠬᠤᠷᠳᠤᠴᠠ ᠦᠷᠭᠦᠯᠵᠢᠯᠡᠨ ᠪᠠᠭᠠᠰᠪᠠ᠃ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ 18 ᠠᠵᠢᠯ ᠲᠥᠷᠥᠯ ᠤᠨ ᠶᠡᠭᠡ ᠲᠥᠷᠥᠯ ᠳᠤ᠂ 3 ᠤᠯᠠᠷᠢᠯ ᠲᠠᠢ ᠬᠠᠷᠢᠴᠠᠭᠤᠯᠪᠠᠯ᠂ ᠲᠡᠮᠦᠷᠯᠢᠭ ᠪᠤᠰᠤ ᠠᠭᠤᠷᠬᠠᠢ ᠶᠢᠨ ᠬᠦᠳᠡᠷ ᠰᠢᠯᠢᠬᠦ ᠦᠢᠯᠡᠰ᠂ ᠲᠡᠮᠦᠷᠯᠢᠭ ᠦᠢᠯᠡᠳᠬᠦᠨ ᠤ ᠦᠢᠯᠡᠰ᠂ ᠭᠤᠮ ᠪᠠ ᠰᠦᠯᠢᠶᠥᠦ ᠦᠢᠯᠡᠳᠬᠦᠨ ᠤ ᠦᠢᠯᠡᠰ᠂ ᠴᠠᠬᠢᠯᠭᠠᠨ ᠬᠦᠴᠦ᠂ ᠢᠯᠴᠢ ᠬᠠᠩᠭᠠᠯᠭ᠎ᠠ ᠶᠢᠨ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ᠂ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠮᠥᠨ ᠬᠦ ᠡᠶᠡᠷᠡᠬᠦ ᠨᠡᠮᠡᠭᠳᠡᠯ ᠢᠶᠠᠨ ᠪᠠᠲᠤᠯᠠᠪᠠ︔ ᠨᠡᠬᠡᠮᠡᠯ ᠤᠨ ᠦᠢᠯᠡᠰ ᠤᠨ ᠦᠢᠯᠡᠳᠬᠦᠨ ᠤ ᠦᠷᠲᠡᠭ ᠤᠨ ᠨᠡᠮᠡᠭᠳᠡᠯ ᠤᠨ ᠬᠤᠷᠳᠤᠴᠠ ᠰᠥᠭᠡᠷᠭᠦ ᠪᠠᠶᠢᠭᠰᠠᠨ ᠠᠴᠠ ᠡᠶᠡᠷᠡᠬᠦ ᠪᠣᠯᠪᠠ᠃ ᠡᠭᠦᠨ ᠠᠴᠠ ᠭᠠᠳᠠᠨ᠎ᠠ ᠪᠠᠰᠠ ᠨᠡᠭᠦᠷᠡᠰᠦ ᠮᠠᠯᠲᠠᠬᠤ ᠪᠠ ᠤᠬᠢᠶᠠᠵᠤ ᠰᠢᠯᠢᠬᠦ ᠦᠢᠯᠡᠰ᠂ ᠬᠠᠷ᠎ᠠ ᠲᠡᠮᠦᠷᠯᠢᠭ ᠢ ᠪᠣᠯᠪᠠᠰᠤᠷᠠᠭᠤᠯᠬᠤ ᠪᠠ ᠬᠠᠪᠲᠠᠭᠠᠶᠢᠷᠠᠭᠤᠯᠤᠨ ᠪᠣᠯᠪᠠᠰᠤᠷᠠᠭᠤᠯᠬᠤ ᠦᠢᠯᠡᠰ᠂ ᠬᠢᠮᠢ ᠶᠢᠨ ᠰᠢᠷᠬᠡᠭ ᠦᠢᠯᠡᠳᠬᠦ ᠦᠢᠯᠡᠰ᠂ ᠰᠢᠲᠠᠮᠠᠬᠠᠢ ᠬᠡᠢ ᠶᠢᠨ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ᠂ ᠬᠠᠶᠠᠭᠳᠠᠮᠠᠯ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠦᠢᠯᠡᠰ᠂ ᠪᠤᠰᠤᠳ ᠠᠭᠤᠷᠬᠠᠢ ᠮᠠᠯᠲᠠᠬᠤ ᠦᠢᠯᠡᠰ᠂ ᠬᠢᠮᠢ ᠶᠢᠨ ᠲᠦᠭᠦᠬᠡᠢ ᠮᠠᠲ᠋ᠧᠷᠢᠶᠠᠯ ᠪᠠ ᠬᠢᠮᠢ ᠶᠢᠨ ᠪᠦᠲᠦᠭᠡᠭᠳᠡᠬᠦᠨ ᠦᠢᠯᠡᠳᠬᠦ ᠦᠢᠯᠡᠰ᠂ ᠲᠡᠮᠦᠷᠯᠢᠭ ᠪᠤᠰᠤ ᠡᠷᠦᠳᠡᠰᠦ ᠶᠢᠨ ᠦᠢᠯᠡᠳᠬᠦᠨ ᠤ ᠦᠢᠯᠡᠰ ᠵᠡᠷᠭᠡ 8 ᠠᠵᠢᠯ ᠲᠦᠷᠦᠯ ᠤᠨ ᠪᠠᠭᠤᠷᠠᠯᠲᠠ ᠶᠢᠨ ᠬᠡᠮᠵᠢᠶ᠎ᠡ ᠴᠥᠮ ᠠᠳᠠᠯᠢ ᠪᠤᠰᠤ ᠬᠡᠮᠵᠢᠶ᠎ᠡ ᠪᠠᠷ ᠪᠠᠭᠠᠰᠴᠠᠢ᠃      ᠭᠠᠷᠤᠯᠲᠠ ᠶᠢᠨ ᠨᠡᠮᠡᠭᠳᠡᠯ ᠤᠨ ᠬᠡᠮᠵᠢᠶ᠎ᠡ ᠠᠷᠪᠠᠨ ᠤ ᠲᠤᠯᠤᠭᠠᠨ ᠬᠤᠪᠢ ᠶᠢ ᠳᠠᠪᠠᠵᠠᠢ᠃ 18 ᠵᠦᠢᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠳᠣᠲᠣᠷᠠᠬᠢ 13 ᠵᠦᠢᠯ ᠤᠨ ᠦᠢᠯᠡᠳᠬᠦᠨ ᠨᠢ ᠠᠳᠠᠯᠢ ᠬᠤᠭᠤᠴᠠᠭᠠᠨ ᠤ ᠬᠢ ᠠᠴᠠ ᠨᠡᠮᠡᠭᠳᠡᠵᠦ᠂ ᠨᠡᠮᠡᠭᠳᠡᠯ ᠤᠨ ᠬᠡᠪᠴᠢᠶ᠎ᠡ ᠨᠢ 72.2% ᠬᠦᠷᠪᠡ᠃ ᠡᠭᠦᠨ ᠳᠤ᠂ ᠤᠬᠢᠶᠠᠭᠰᠠᠨ ᠨᠠᠷᠢᠯᠢᠭ ᠨᠡᠭᠦᠷᠡᠰᠦ 1940.2 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.0% ᠪᠠᠷ ᠨᠡᠮᠡᠭᠳᠡᠪᠡ︔ ᠬᠡᠦᠷᠡᠰᠦ 997.6 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.3% ᠪᠠᠷ ᠨᠡᠮᠡᠭᠳᠡᠪᠡ︔ ᠴᠠᠬᠢᠯᠭᠠᠨ ᠭᠠᠷᠭᠠᠭᠰᠠᠨ ᠬᠡᠮᠵᠢᠶ᠎ᠡ 352.8 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.6 ᠨᠡᠮᠡᠭᠳᠡᠵᠡᠢ︔ ᠮᠧᠲ᠋ᠢᠯ ᠠᠯᠺᠣᠣᠯ 22.5 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 65.3% ᠪᠠᠷ ᠨᠡᠮᠡᠭᠳᠡᠪᠡ︔ ᠱᠦᠢᠨᠢ 272.3 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2% ᠢᠶᠠᠷ ᠨᠡᠮᠡᠭᠳᠡᠪᠡ︔ ᠴᠠᠬᠢᠯᠠᠭᠤᠷ ᠴᠢᠯᠠᠭᠤ 415.3 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.3% ᠪᠠᠷ ᠨᠡᠮᠡᠭᠳᠡᠪᠡ︔ ᠴᠡᠪᠡᠷ ᠪᠧᠨ᠋ᠽᠧᠨ 13.2 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 26.4% ᠪᠠᠷ ᠨᠡᠮᠡᠭᠳᠡᠪᠡ︔ ᠢᠳᠡᠮᠡᠬᠡᠢ ᠬᠤᠵᠢᠷ 117.8 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.8% ᠪᠠᠷ ᠨᠡᠮᠡᠭᠳᠡᠪᠡ︔ ᠴᠠᠬᠢᠭᠤᠷᠲᠤ ᠲᠡᠮᠦᠷ 146.5 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.9% ᠪᠠᠷ ᠨᠡᠮᠡᠭᠳᠡᠪᠡ︔ PVC165.8 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.2% ᠢᠶᠠᠷ ᠨᠡᠮᠡᠭᠳᠡᠪᠡ︔ ᠴᠠᠬᠢᠭᠤᠷ ᠮᠠᠩᠭᠠᠨ 14.4 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 70.9% ᠪᠠᠷ ᠨᠡᠮᠡᠭᠳᠡᠪᠡ᠃ ᠢᠯᠠᠩᠭᠤᠶ᠎ᠠ ᠴᠠᠬᠢᠭᠤᠷ ᠮᠠᠩᠭᠠᠨ᠂ ᠮᠧᠲ᠋ᠢᠯ ᠠᠯᠺᠣᠣᠯ᠂  ᠰᠤᠷᠮᠤ ᠦᠭᠡᠢ ᠨᠣᠣᠯᠣᠭᠤᠷ ᠵᠡᠷᠭᠡ ᠭᠤᠷᠪᠠᠨ ᠵᠦᠢᠯ ᠤᠨ ᠦᠢᠯᠡᠳᠬᠦᠨ ᠤ ᠭᠠᠷᠤᠯᠲᠠ ᠶᠢᠨ ᠨᠡᠮᠡᠭᠳᠡᠯ ᠤᠨ ᠬᠤᠷᠳᠤᠴᠠ ᠲᠦᠷᠭᠡᠰᠪᠡ᠃   
ᠢᠷᠡᠯᠲᠡ᠄ ᠣᠲᠤᠭ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ