ᠭᠤᠸ ᠬᠤᠸᠠᠢ ᠵᠢᠩ ᠮᠸᠡᠭ ᠰᠢ ᠠᠵᠤ ᠦᠢᠯᠡᠰ ᠤᠨ ᠬᠦᠷᠢᠶᠡᠯᠡᠩ ᠳᠤ ᠭᠦᠨᠵᠡᠭᠡᠶᠢᠷᠡᠨ ᠠᠵᠤ ᠠᠬᠤᠢ ᠶᠢᠨ ᠡᠷᠭᠢᠯᠲᠡ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠠᠶᠢᠴᠠᠭᠠᠨ ᠰᠤᠳᠤᠯᠤᠭᠰᠠᠨ ᠪᠥᠭᠡᠳ ᠠᠶᠤᠯᠭᠦᠢ ᠦᠢᠯᠡᠳᠪᠦᠷᠢᠯᠡᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2024/2/18
      2 ᠳ᠋ᠤᠭᠠᠷ ᠰᠠᠷ᠎ᠠ ᠶᠢᠨ 17 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠮᠧᠩ ᠰᠢ ᠠᠵᠤ ᠦᠢᠯᠡᠰ ᠤᠨ ᠬᠦᠷᠢᠶᠡᠯᠡᠩ ᠳᠤ ᠭᠦᠨᠵᠡᠭᠡᠶᠢᠷᠡᠨ ᠠᠵᠤ ᠠᠬᠤᠢ ᠶᠢᠨ ᠠᠵᠢᠯᠯᠠᠭ᠎ᠠ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠠᠶᠢᠴᠠᠭᠠᠨ ᠰᠤᠳᠤᠯᠤᠭᠰᠠᠨ ᠪᠥᠭᠡᠳ ᠠᠶᠤᠯᠭᠦᠢ ᠦᠢᠯᠡᠳᠪᠦᠷᠢᠯᠡᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠪᠠ᠃ ᠤᠳᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠦ᠋ ᠶᠦᠩ ᠨᠢᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠵᠢᠶᠦ᠋ᠨ ᠵᠧᠩ ᠪᠦᠯᠦᠭᠯᠡᠯ ᠳᠤ ᠬᠦᠷᠴᠦ᠂ ᠭᠤᠸ ᠬᠤᠸᠠᠢ ᠵᠢᠩ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠵᠤ ᠠᠬᠤᠶᠢᠯᠠᠯ ᠤᠨ ᠡᠷᠭᠢᠯᠲᠡ᠂ ᠣᠳᠣᠬᠠᠨ ᠤ ᠵᠠᠬ᠎ᠠ ᠳᠡᠯᠭᠡᠭᠦᠷ ᠤᠨ ᠦᠨ᠎ᠡ ᠬᠠᠩᠰᠢ ᠪᠣᠯᠣᠨ ᠪᠥᠬᠦ ᠵᠢᠯ ᠤᠨ ᠦᠢᠯᠡᠳᠪᠦᠷᠢᠯᠡᠯ ᠤᠨ ᠬᠠᠷᠠᠯᠲᠠ ᠵᠡᠷᠭᠡ ᠪᠠᠶᠢᠳᠠᠯ ᠢ ᠨᠠᠷᠢᠨ ᠠᠰᠠᠭᠤᠵᠤ᠂ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ ᠬᠡᠯᠡᠬᠦ ᠳᠡᠭᠡᠨ᠂ ᠠᠵᠤ ᠠᠬᠤᠶᠢᠯᠠᠯ ᠬᠥᠭᠵᠢᠪᠡᠯ ᠠᠵᠤ ᠦᠢᠯᠡᠳᠪᠦᠷᠢ ᠬᠥᠭᠵᠢᠵᠦ᠂ ᠠᠵᠤ ᠦᠢᠯᠡᠳᠪᠦᠷᠢ ᠬᠥᠭᠵᠢᠪᠡᠯ ᠠᠵᠤ ᠠᠬᠤᠢ ᠬᠦᠴᠦᠷᠬᠡᠭᠵᠢᠨ᠎ᠡ᠃ ︽ᠵᠢᠯ ᠤᠨ ᠡᠬᠢᠨ ᠳᠤ ᠠᠵᠢᠯ ᠡᠬᠢᠯᠡᠭᠦᠯᠵᠦ᠂ ᠪᠣᠳᠠᠲᠠᠢ ᠠᠵᠢᠯᠯᠠᠬᠤ︾ ᠣᠪᠣᠷ ᠢᠶᠠᠷ ᠡᠷᠲᠡ ᠠᠴᠠ ᠠᠳᠬᠤᠨ ᠲᠦᠷᠭᠡᠨ ᠬᠢᠵᠦ᠂ ᠶᠡᠬᠡᠪᠡᠷ ᠠᠳᠬᠤᠨ ᠶᠡᠬᠡᠪᠡᠷ ᠬᠢᠵᠦ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ᠃ ᠬᠤᠷᠢᠭ᠎ᠠ ᠴᠡᠭᠡᠷ ᠤᠨ ᠰᠡᠳᠬᠢᠬᠦᠢ ᠶᠢ ᠪᠠᠷᠢᠮᠲᠠᠯᠠᠵᠤ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠨ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠤᠷᠢᠭ᠎ᠠ ᠴᠡᠭᠡᠷ ᠢ ᠡᠷᠡᠰ ᠰᠠᠬᠢᠨ᠂ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠳᠤ ᠠᠮᠤᠷ ᠲᠦᠪᠰᠢᠨ ᠲᠣᠭᠲᠠᠭᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠪᠡ᠃      ᠰᠢᠨ ᠵᠦᠩ ᠵᠢᠶᠠ ᠺᠣᠮᠫᠠᠨᠢ ᠳᠤ ᠬᠦᠷᠴᠦ᠂ ᠭᠤᠤ ᠬᠤᠸᠠᠢ ᠵᠢᠩ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠵᠢᠴᠢ ᠠᠶᠤᠯᠭᠦᠢ ᠦᠢᠯᠡᠳᠪᠦᠷᠢᠯᠡᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ᠠᠵᠤ ᠠᠬᠤᠶᠢᠯᠠᠯ ᠤᠨ ᠬᠥᠭᠵᠢᠯᠲᠡ ᠳᠤ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠵᠤ᠂ ᠨᠠᠩ ᠡᠷᠴᠢᠮᠲᠡᠢ᠂ ᠨᠠᠩ ᠠᠰᠢᠭᠲᠠᠢ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ᠂ ᠨᠠᠩ ᠰᠢᠯᠢᠳᠡᠭ ᠦᠢᠯᠡᠴᠢᠯᠡᠭᠡ ᠪᠠᠷ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠳᠤ ᠬᠦᠴᠦᠨ ᠨᠡᠮᠡᠷᠢᠯᠡᠬᠦ ᠬᠡᠷᠡᠭᠲᠡᠢ᠃ ᠬᠥᠭᠵᠢᠯᠲᠡ ᠪᠣᠯᠣᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠤᠨ᠂ ᠠᠶᠤᠯᠭᠦᠢ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢᠨ ᠳᠠᠯᠳᠠ ᠭᠡᠮ ᠢ ᠶᠡᠬᠡᠪᠡᠷ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠯᠠᠪᠳᠠᠭᠤᠨ ᠥᠷᠨᠢᠭᠦᠯᠵᠦ᠂ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠭᠠᠷᠬᠤ ᠶᠢ ᠪᠦᠬᠦ ᠲᠠᠯ᠎ᠠ ᠪᠠᠷ ᠰᠡᠷᠭᠡᠶᠢᠯᠡᠵᠦ ᠬᠤᠷᠢᠭᠯᠠᠨ᠂ ᠣᠷᠣᠨ ᠪᠦᠰᠡ ᠶᠢᠨ ᠮᠥᠨ ᠴᠢᠨᠠᠷ ᠤᠨ ᠠᠮᠤᠷ ᠲᠦᠪᠰᠢᠨ ᠢ ᠪᠠᠲᠤᠯᠠᠬᠤ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠪᠡ᠃      ᠱᠤᠸᠠᠩ ᠰᠢᠨ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ ᠵᠢᠩ ᠨᠸᠡᠭ ᠱᠤᠸᠠᠩ ᠰᠢᠨ ᠺᠣᠮᠫᠠᠨᠢ ᠳᠤ ᠬᠦᠷᠴᠦ᠂ ᠭᠤᠤ ᠬᠤᠸᠠᠢ ᠵᠢᠩ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ᠂ ᠲᠦᠷᠦᠯ ᠵᠦᠢᠯ ᠢ ᠲᠥᠯᠥᠪᠵᠢᠭᠦᠯᠬᠦ ᠪᠦᠲᠦᠭᠡᠨ ᠪᠠᠶᠢᠭᠤᠯᠬᠤ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠠᠵᠤ ᠠᠬᠤᠶᠢᠯᠠᠯ ᠢ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠬᠥᠭᠵᠢᠯᠲᠡ ᠶᠢᠨ ᠠᠵᠠ ᠲᠣᠬᠢᠶᠠᠯ ᠢ ᠠᠮᠵᠢᠨ᠂ ᠠᠵᠤ ᠠᠬᠤᠶᠢᠯᠠᠯ ᠤᠨ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠥᠷᠭᠡᠳᠬᠡᠯ᠂ ᠮᠡᠷᠭᠡᠵᠢᠯ ᠤᠨ ᠰᠢᠨ᠎ᠡ ᠡᠭᠦᠳᠦᠯᠲᠡ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠠᠵᠢᠯ ᠲᠦᠷᠦᠯ ᠤᠨ ᠥᠷᠢᠰᠦᠯᠳᠦᠭᠡᠨ ᠤ ᠳᠠᠪᠠᠭᠤᠯᠢᠭ ᠢᠶᠠᠨ ᠴᠢᠩᠭᠠᠳᠬᠠᠨ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠨᠡᠩ ᠤᠯᠠᠨ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠬᠤ ᠬᠡᠷᠡᠭᠲᠡᠢ ᠭᠡᠵᠦ ᠵᠣᠷᠢᠭᠵᠢᠭᠤᠯᠪᠠ᠃ ᠡᠭᠦᠨ ᠤ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠳᠤ ᠦᠢᠯᠡᠴᠢᠯᠡᠬᠦ ᠪᠠᠨ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠳᠤ ᠠᠰᠢᠭ ᠬᠦᠷᠲᠡᠭᠡᠵᠦ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠢᠮᠪᠠᠢ ᠨᠠᠶᠢᠳᠠᠪᠤᠷᠢᠵᠢᠭᠤᠯᠤᠨ᠂ ᠪᠣᠳᠠᠲᠤ ᠠᠵᠢᠯᠯᠠᠭ᠎ᠠ ᠪᠠᠷ ᠢᠶᠠᠨ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠱᠠᠭᠠᠷᠳᠠᠪᠠ᠃      ᠮᠧᠶ ᠯᠢ ᠵᠢᠶᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠳᠤ ᠬᠦᠷᠴᠦ᠂ ᠭᠤᠤ ᠬᠤᠸᠠᠢ ᠵᠢᠩ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠴᠠ ᠠᠵᠤ ᠠᠬᠤᠶᠢᠯᠠᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠬᠦᠭᠡᠷᠦᠮᠵᠢ ᠶᠢᠨ ᠠᠵᠢᠯᠯᠠᠭ᠎ᠠ᠂ ᠠᠮᠤᠷ ᠲᠦᠪᠰᠢᠨ ᠤ ᠳᠠᠯᠳᠠ ᠭᠡᠮ ᠢ ᠪᠠᠶᠢᠴᠠᠭᠠᠵᠤ ᠴᠡᠭᠴᠡᠯᠡᠨ ᠵᠠᠰᠠᠭᠰᠠᠨ ᠪᠠᠶᠢᠳᠠᠯ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠵᠡᠷᠭᠡ ᠶᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ᠠᠮᠢ ᠠᠬᠤᠢ ᠶᠢ ᠤᠷᠢᠳᠠᠪᠠᠷ ᠪᠣᠳᠣᠯᠬᠢᠯᠠᠵᠤ᠂ ᠪᠣᠬᠢᠷᠲᠤᠯ ᠦᠭᠡᠢ ᠪᠠᠷ ᠬᠥᠭᠵᠢᠭᠦᠯᠬᠦ ᠣᠶᠢᠯᠠᠭᠠᠭᠳᠠᠬᠤᠨ ᠢ ᠪᠠᠲᠤ ᠪᠦᠷᠢᠯᠳᠦᠭᠦᠯᠵᠦ᠂ ᠡᠯ᠎ᠡ ᠵᠦᠢᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠦᠨ᠂ ᠦᠢᠯᠡᠳᠪᠦᠷᠢᠯᠡᠯ ᠤᠨ ᠤᠷ᠎ᠠ ᠮᠡᠷᠭᠡᠵᠢᠯ ᠤᠨ ᠲᠦᠪᠰᠢᠨ ᠢᠶᠠᠨ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ᠃ ᠬᠠᠮᠢᠶ᠎ᠠ ᠪᠦᠬᠦᠢ ᠬᠢᠨᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠴᠢᠩᠭᠠᠳᠬᠠᠨ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠢ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠡᠷᠲᠡᠬᠡᠨ ᠠᠰᠢᠭᠯᠠᠯᠲᠠ ᠳᠤ ᠣᠷᠣᠭᠤᠯᠤᠨ ᠡᠷᠲᠡᠬᠡᠨ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ ᠭᠡᠪᠡ᠃ 
ᠢᠷᠡᠯᠲᠡ᠄ ᠣᠲᠤᠭ ᠨᠡᠶᠢᠲᠡᠯᠡᠯ