ᠤᠯᠠᠭᠠᠨ ᠪᠤᠶᠢᠯᠠᠰᠤ ︵ᠬᠦᠢᠯᠡᠰᠦ︶
ᠨᠡᠶᠢᠲᠡᠯᠡᠭᠰᠡᠨ ᠴᠠᠭ᠄
2024/2/23
      ᠴᠠᠩᠬᠤᠢ ᠶᠢᠨ ᠢᠵᠠᠭᠤᠷ᠂ ᠬᠦᠢᠯᠡᠰᠦ ᠶᠢᠨ ᠲᠥᠷᠥᠯ᠃ ᠪᠣᠲᠠ ᠮᠣᠳᠣ᠂ 4 — 5 ᠳ᠋ᠤᠭᠠᠷ ᠰᠠᠷ᠎ᠠ ᠳᠤ ᠴᠡᠴᠡᠭᠯᠡᠵᠦ᠂ 8 ᠳ᠋ᠤᠭᠠᠷ ᠰᠠᠷ᠎ᠠ ᠳᠤ ᠵᠢᠮᠢᠰ ᠰᠠᠭᠤᠨ᠎ᠠ᠃      ᠭᠠᠩᠰᠠᠭ ᠪᠣᠲᠠ ᠮᠣᠳᠣ᠃ ᠠᠷᠪᠠᠰ ᠤᠨ ᠠᠭᠤᠯᠠ᠂ ᠤᠯᠠᠭᠠᠨᠪᠠᠯᠭᠠᠰᠤ᠂ ᠲᠣᠯᠢ ᠵᠡᠷᠭᠡ ᠭᠠᠵᠠᠷ ᠲᠤ ᠤᠷᠭᠤᠳᠠᠭ᠃      ᠭᠠᠩᠳᠠᠩᠭᠤᠢ ᠪᠠ ᠬᠠᠭᠠᠰ ᠭᠠᠩᠳᠠᠩᠭᠤᠢ ᠣᠷᠣᠨ ᠤ ᠬᠤᠲᠠ ᠪᠠᠯᠭᠠᠰᠤᠨ ᠤ ᠨᠣᠭᠤᠭᠠᠷᠠᠭᠤᠯᠤᠯᠲᠠ ᠬᠢᠬᠦ ᠦᠵᠡᠮᠵᠢ ᠶᠢᠨ ᠮᠣᠳᠣᠨ ᠤ ᠲᠥᠷᠥᠯ ᠪᠣᠯᠭᠠᠵᠤ ᠪᠣᠯᠣᠨ᠎ᠠ᠃ ᠵᠥᠭᠡᠯᠡᠨ ᠨᠠᠪᠴᠢ ᠨᠠᠮᠠᠭ᠎ᠠ ᠶᠢ ᠨᠢ ᠬᠤᠨᠢ ᠢᠮᠠᠭ᠎ᠠ ᠢᠳᠡᠬᠦ ᠳᠤᠷᠠᠲᠠᠢ᠃ ᠲᠡᠶᠢᠮᠦ ᠪᠣᠯᠬᠤᠷ ᠬᠦᠨᠳᠦ ᠰᠦᠷᠡᠬᠡᠢ ᠡᠪᠳᠡᠯᠭᠡ ᠳᠤ ᠤᠴᠠᠷᠠᠵᠤ᠂ ᠲᠠᠷᠬᠠᠯᠲᠠ ᠶᠢᠨ ᠬᠡᠪᠴᠢᠶ᠎ᠡ ᠨᠢ ᠡᠳᠦᠷ ᠢᠷᠡᠬᠦᠶ᠎ᠡ ᠪᠠᠭᠠᠰᠴᠤ᠂ ᠳᠠᠷᠤᠶᠢᠬᠠᠨ ᠬᠠᠮᠠᠭᠠᠯᠠᠬᠤ ᠬᠡᠷᠡᠭᠲᠡᠢ ᠪᠣᠯᠵᠠᠢ᠃ ᠨᠢᠭᠡᠨᠲᠡ ᠤᠯᠤᠰ ᠤᠨ ᠭᠤᠷᠪᠠᠳᠤᠭᠠᠷ ᠲᠡᠰ ᠤᠨ ᠭᠤᠣᠯᠳᠠᠯᠭ᠎ᠠ ᠲᠠᠢ ᠬᠠᠮᠠᠭᠠᠯᠠᠬᠤ ᠤᠷᠭᠤᠮᠠᠯ ᠢᠶᠠᠷ ᠲᠣᠭᠲᠠᠭᠠᠵᠠᠢ᠃ ᠴᠥᠮ᠎ᠡ ᠪᠠᠷ ᠨᠢ ︽ᠬᠦᠷᠡᠩ ᠤᠯᠠᠭᠠᠨ᠎ᠠ ᠶᠢᠨ ᠴᠥᠮ᠎ᠡ︾ ᠶᠢ ᠣᠷᠣᠯᠠᠭᠤᠯᠤᠨ ᠡᠮ ᠳᠤ ᠣᠷᠣᠭᠤᠯᠵᠤ ᠪᠣᠯᠣᠨ᠎ᠠ᠃ ᠴᠥᠮ᠎ᠡ ᠶᠢᠨ ᠲᠣᠰᠣᠨ ᠤ ᠠᠭᠤᠯᠤᠭᠳᠠᠴᠠ ᠨᠢ ᠥᠨᠳᠥᠷ᠂ ᠢᠳᠡᠵᠦ ᠪᠣᠯᠬᠤ ᠪᠥᠭᠡᠳ ᠠᠵᠦ ᠦᠢᠯᠡᠳᠪᠦᠷᠢ ᠳᠤ ᠴᠤ ᠬᠡᠷᠡᠭᠯᠡᠵᠦ ᠪᠣᠯᠣᠨ᠎ᠠ᠃                        ︽ᠤᠲᠤᠭ ᠤᠨ ᠠᠮᠢᠳᠤ ᠪᠤᠳᠠᠰ ᠤᠨ ᠡᠬᠢ ᠪᠠᠶᠠᠯᠢᠭ︾  ᠪᠠᠭᠠᠲᠤᠷ ᠨᠠᠶᠢᠷᠠᠭᠤᠯᠤᠨ ᠵᠤᠬᠢᠶᠠᠪᠠ
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ