ᠡᠳᠡᠭᠡᠷ ᠥᠲᠥᠨ ᠨᠣᠯᠤᠤᠷ ᠬᠤᠪᠴᠠᠰᠤ ᠨᠢ ᠬᠢᠷᠢ ᠲᠡᠩᠴᠡᠬᠦ ᠦᠭᠡᠢ︕
ᠨᠡᠶᠢᠲᠡᠯᠡᠭᠰᠡᠨ ᠴᠠᠭ᠄
2024/2/26
      ᠣᠶᠢᠷ᠎ᠠ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ 185 ᠪᠦᠯᠦᠭ ᠤᠳᠠᠭᠠᠨ ᠤ ᠥᠲᠥᠨ ᠨᠣᠯᠤᠤᠷ ᠬᠤᠪᠴᠠᠰᠤ ᠬᠤᠨᠠᠷ ᠤᠨ ᠦᠢᠯᠡᠳᠬᠦᠨ ᠤ ᠶᠠᠰᠤ ᠴᠢᠨᠠᠷ ᠤᠨ ᠲᠤᠬᠠᠢ ᠤᠯᠤᠰ ᠠᠴᠠ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠭᠰᠠᠨ ᠳᠤ 26 ᠪᠦᠯᠦᠭ ᠤᠳᠠᠭ᠎ᠠ ᠶᠢᠨ ᠥᠲᠥᠨ ᠨᠣᠯᠤᠤᠷ ᠬᠤᠪᠴᠠᠰᠤ ᠨᠢ ᠬᠢᠷᠢ ᠲᠡᠩᠴᠡᠭᠰᠡᠨ ᠥᠬᠡᠶ ᠭᠡᠵᠦ ᠵᠠᠷᠯᠠᠨ ᠮᠡᠳᠡᠭᠳᠡᠪᠡ᠃ ᠮᠡᠳᠡᠭᠳᠡᠯ ᠢ ᠦᠨᠳᠦᠰᠦᠯᠡᠪᠡᠯ᠂ ᠲᠣᠰ ᠤᠳᠠᠭ᠎ᠠ ᠨᠡᠶᠢᠲᠡ 185 ᠪᠦᠯᠦᠭ ᠤᠳᠠᠭ᠎ᠠ ᠶᠢᠨ ᠦᠢᠯᠡᠳᠬᠦᠨ ᠢ ᠰᠣᠩᠭᠤᠨ ᠪᠠᠶᠢᠴᠠᠭᠠᠬᠰᠠᠨ ᠪᠦᠭᠡᠳ ᠵᠧᠵᠢᠶᠠᠩ᠂ ᠱᠠᠩᠬᠠᠶ᠂ ᠵᠢᠶᠠᠩᠰᠦ ᠵᠡᠷᠭᠡ 6 ᠮᠤᠵᠢ ᠣᠷᠣᠨ ᠤ 178 ᠦᠢᠯᠡᠳᠪᠦᠷᠢᠯᠡᠯ ᠤᠨ ᠨᠢᠭᠡᠴᠡ ᠬᠤᠯᠪᠣᠭᠳᠠᠵᠦ᠂ ᠰᠣᠩᠭᠤᠨ ᠪᠠᠶᠢᠴᠠᠭᠠᠬᠤ ᠪᠠᠷ ᠲᠠᠮᠵᠢᠨ 26 ᠪᠦᠯᠦᠭ ᠤᠳᠠᠭ᠎ᠠ ᠶᠢᠨ ᠦᠢᠯᠡᠳᠬᠦᠨ ᠬᠢᠷᠢ ᠲᠡᠩᠴᠡᠬᠦ ᠥᠬᠡᠶ ᠪᠠᠶᠢᠬᠤ ᠶᠢ ᠣᠯᠵᠤ ᠮᠡᠳᠡᠵᠡᠶ ᠬᠡᠪᠡ᠃ ᠡᠭᠦᠨ ᠳᠤ᠄ ᠨᠢᠭᠡ ᠪᠦᠯᠦᠭ ᠤᠳᠠᠭ᠎ᠠ ᠶᠢᠨ ᠦᠢᠯᠡᠳᠬᠦᠨ ᠨᠢ ᠬᠤᠳᠠᠯ ᠬᠠᠭᠤᠷᠮᠠᠭ ᠦᠢᠯᠡᠳᠬᠦᠨ ᠢᠶᠠᠷ ᠰᠡᠵᠢᠭᠯᠡᠭᠳᠡᠵᠦ᠂ ᠨᠢᠭᠡᠨᠲᠡ ᠬᠠᠷᠢᠶ᠎ᠠ ᠭᠠᠵᠠᠷ ᠤᠨ ᠬᠢᠨᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠲᠤᠰᠢᠶᠠᠨ ᠰᠢᠢᠳᠪᠦᠷᠢᠯᠡᠭᠦᠯᠪᠡ︔ 19 ᠪᠦᠯᠦᠭ ᠤᠳᠠᠭ᠎ᠠ ᠶᠢᠨ ᠦᠢᠯᠡᠳᠬᠦᠨ ᠤ ᠰᠢᠷᠬᠡᠭ ᠤᠨ ᠠᠭᠤᠯᠤᠭᠳᠠᠴᠠ ᠨᠢ ᠬᠢᠷᠢ ᠲᠡᠩᠴᠡᠬᠦ ᠦᠭᠡᠶ᠂ 6 ᠪᠦᠯᠦᠭ ᠤᠳᠠᠭ᠎ᠠ ᠶᠢᠨ ᠦᠢᠯᠡᠳᠬᠦᠨ ᠤ ᠥᠳᠥᠨ ᠨᠣᠯᠤᠤᠷ ᠤᠨ ᠠᠭᠤᠯᠤᠭᠳᠠᠴᠠ ᠨᠢ ᠬᠢᠷᠢ ᠲᠡᠩᠴᠡᠬᠦ ᠦᠭᠡᠶ ᠪᠠᠶᠢᠨ᠎ᠠ᠃ 
ᠢᠷᠡᠯᠲᠡ᠄ ᠠᠷᠠᠳ ᠤᠨ ᠰᠦᠯᠵᠢᠶ᠎ᠡ