ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠴᠠᠭᠠᠨ ᠰᠠᠷ᠎ᠠ ᠠᠴᠠ ᠡᠮᠦᠨ᠎ᠡ ᠠᠬᠠᠮᠠᠳ ᠺᠠᠳ᠋ᠷᠴᠤᠳ ᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2024/2/5
      2 ᠳ᠋ᠤᠭᠠᠷ ᠰᠠᠷ᠎ᠠ ᠶᠢᠨ 4 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠤ᠋ ᡁᠢ ᠰᠢᠶᠦ᠋ᠡᠭ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠯᠢ ᠷᠦᠢ ᠮᠢᠨ᠂ ᠬᠤᠰᠢᠭᠤ ᠤᠯᠤᠰ ᠲᠥᠷᠥ ᠶᠢᠨ  ᠵᠥᠪᠯᠡᠯᠭᠡᠨ ᠤ ᠲᠡᠷᠢᠭᠦᠯᠡᠭᠴᠢ ᠰᠠᠷᠠᠨᠲᠤᠶᠠᠭ᠎ᠠ ᠵᠡᠷᠭᠡ ᠳᠥᠷᠪᠡᠨ ᠶᠡᠭᠡ ᠪᠠᠭ ᠤᠨ ᠤᠳᠤᠷᠢᠳᠤᠯᠭ᠎ᠠ ᠬᠡᠰᠡᠭ ᠠᠬᠠᠮᠠᠳ ᠺᠠᠳ᠋ᠷᠴᠤᠳ ᠢ ᠪᠣᠯᠭᠤᠭᠠᠨ ᠲᠣᠬᠤᠨᠢᠭᠤᠯᠵᠤ᠂ ᠲᠡᠳᠡᠨ ᠤ ᠣᠲᠤᠭ ᠬᠤᠰᠢᠭᠤᠨ ᠤ ᠠᠵᠤ ᠠᠬᠤᠢ ᠨᠡᠶᠢᠭᠡᠮ ᠤᠨ ᠬᠦᠢᠭᠵᠢᠯᠲᠠ ᠳᠤ ᠰᠠᠶᠢᠨ ᠰᠠᠭᠤᠷᠢ ᠲᠠᠯᠪᠢᠵᠤ᠂ ᠴᠢᠬᠤᠯᠠ ᠬᠤᠪᠢ ᠨᠡᠮᠡᠷᠢ ᠦᠵᠡᠭᠦᠯᠦᠭᠰᠡᠨ ᠳᠤ ᠲᠠᠯᠠᠷᠬᠠᠬᠤ ᠶᠢᠨ ᠬᠠᠮᠲᠤ ᠴᠠᠭᠠᠨ ᠰᠠᠷ᠎ᠠ ᠶᠢᠨ ᠢᠷᠦᠭᠡᠯ ᠵᠦᠩᠨᠡᠯ ᠢᠶᠠᠨ ᠳᠡᠪᠰᠢᠭᠦᠯᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠯᠢᠦ ᠷᠦᠢ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠮᠠ ᠽᠢ ᠳ᠋ᠦᠩ ᠲᠣᠬᠤᠨᠢᠭᠤᠯᠭ᠎ᠠ ᠳᠤ ᠣᠷᠣᠯᠴᠠᠪᠠ᠃      ᠭᠤᠤ ᠬᠤᠸᠠᠢ ᠵᠢᠩ ᠨᠠᠷ ᠤᠷᠢᠳ ᠬᠤᠵᠢᠳ ᠠᠬᠠᠮᠠᠳ ᠺᠠᠳ᠋ᠷ ᠸᠠᠩ ᠣᠷᠭᠢᠯ᠂ ᠮᠠ ᠮᠢᠩ ᠶᠤᠸᠠᠢ᠂ ᠲᠤᠯᠭᠠᠭᠤᠷᠢ ᠶᠢᠨ ᠭᠡᠷ ᠲᠤ ᠬᠦᠷᠴᠦ᠂ ᠠᠬᠠᠮᠠᠳ ᠺᠠᠳ᠋ᠷᠴᠤᠳ ᠯᠤᠭ᠎ᠠ ᠵᠣᠭᠤᠭᠳᠠᠨ᠂  ᠲᠡᠳᠡᠨ ᠤ ᠪᠡᠶ᠎ᠡ ᠮᠠᠬᠠᠪᠤᠳ ᠪᠣᠯᠣᠨ ᠠᠮᠢᠳᠤᠷᠠᠯ ᠢ ᠬᠠᠯᠠᠮᠵᠢᠯᠠᠨ ᠠᠰᠠᠭᠤᠵᠤ᠂ ᠥᠩᠭᠡᠷᠡᠭᠰᠡᠨ ᠢᠶᠠᠨ ᠡᠷᠭᠢᠴᠡᠭᠦᠯᠦᠨ᠂ ᠣᠶᠢᠷ᠎ᠠ ᠶᠢᠨ ᠪᠠᠶᠢᠳᠠᠯ ᠢ ᠶᠠᠷᠢᠯᠴᠠᠵᠤ᠂ ᠬᠥᠭᠵᠢᠯᠲᠡ ᠶᠢᠨ ᠲᠤᠬᠠᠢ ᠰᠠᠨᠠᠯ ᠢᠶᠠᠨ ᠰᠣᠯᠢᠯᠴᠠᠨ᠂ ᠠᠬᠠᠮᠠᠳ ᠺᠠᠳ᠋ᠷᠴᠤᠳ ᠤᠨ ᠤᠲᠤᠭ ᠬᠤᠰᠢᠭᠤᠨ ᠤ ᠪᠦᠲᠦᠭᠡᠨ ᠪᠠᠶᠢᠭᠤᠯᠤᠯᠲᠠ ᠬᠥᠭᠵᠢᠯᠲᠡ ᠶᠢᠨ ᠲᠤᠬᠠᠢ ᠰᠠᠨᠠᠯ ᠰᠠᠨᠠᠭᠤᠯᠭ᠎ᠠ ᠶᠢ ᠬᠢᠨᠠᠮᠠᠭᠠᠢ ᠰᠣᠨᠣᠰᠪᠠ᠃ᠭᠤᠸ ᠬᠤᠸᠠᠢ ᠵᠢᠩ ᠬᠡᠯᠡᠭᠰᠡᠨ ᠨᠢ᠂ ᠥᠩᠭᠡᠷᠡᠭᠰᠡᠨ ᠨᠢᠭᠡ ᠵᠢᠯ ᠪᠣᠯ ᠣᠲᠤᠭ ᠬᠤᠰᠢᠭᠤᠨ ᠤ ᠡᠯ᠎ᠡ ᠵᠦᠢᠯ ᠤᠨ ᠠᠵᠢᠯ ᠰᠠᠶᠢᠨ ᠠᠮᠵᠢᠯᠲᠠ ᠣᠯᠣᠭᠰᠠᠨ ᠨᠢᠭᠡ ᠵᠢᠯ ᠮᠥᠨ᠃ ᠠᠮᠵᠢᠯᠲᠠ ᠪᠦᠲᠦᠮᠵᠢ ᠨᠢ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠠᠴᠠ ᠰᠠᠯᠵᠦ ᠴᠢᠳᠠᠬᠤ ᠦᠭᠡᠢ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠤ ᠰᠢᠷᠭᠠᠭᠤ ᠴᠢᠷᠮᠠᠶᠢᠯᠭ᠎ᠠ ᠠᠴᠠ ᠰᠠᠯᠵᠦ ᠴᠢᠳᠠᠬᠤ ᠦᠭᠡᠢ᠂ ᠨᠠᠩ ᠴᠤ ᠠᠬᠠᠮᠠᠳ ᠤᠳᠤᠷᠢᠳᠤᠯᠭ᠎ᠠ᠂ ᠠᠬᠠᠮᠠᠳ ᠨᠥᠬᠦᠳ ᠤᠨ ᠲᠠᠯᠪᠢᠭᠰᠠᠨ ᠰᠠᠶᠢᠨ ᠰᠠᠭᠤᠷᠢ ᠪᠠ ᠬᠦᠴᠦᠲᠡᠢ ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ᠃ ᠰᠢᠨ᠎ᠡ ᠨᠢᠭᠡ ᠵᠢᠯ ᠳᠤ᠂ ᠪᠢᠳᠡ ᠬᠠᠷᠠᠯᠲᠠ ᠡᠭᠦᠷᠭᠡ ᠪᠠᠨ ᠲᠣᠭᠲᠠᠭᠠᠨ᠂ ᠡᠷᠡᠮᠡᠬᠡᠶᠢᠯᠡᠨ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠳᠤᠭ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ ᠠᠬᠠᠮᠠᠳ ᠨᠥᠬᠦᠳ ᠪᠡᠶ᠎ᠡ ᠪᠠᠨ ᠰᠠᠶᠢᠲᠤᠷ ᠬᠠᠮᠠᠭᠠᠯᠠᠬᠤ ᠶᠢᠨ ᠬᠠᠮᠲᠤ ᠦᠷᠭᠦᠯᠵᠢᠯᠡᠨ ᠤᠯᠤᠰ ᠲᠥᠷᠥ ᠶᠢᠨ ᠳᠠᠪᠠᠭᠤᠯᠢᠭ᠂ ᠲᠤᠷᠰᠢᠯᠭ᠎ᠠ ᠶᠢᠨ ᠳᠠᠪᠠᠭᠤᠯᠢᠭ᠂ ᠨᠡᠷ᠎ᠡ ᠬᠦᠨᠳᠦ ᠶᠢᠨ ᠳᠠᠪᠠᠭᠤᠯᠢᠭ ᠢᠶᠠᠨ ᠢᠳᠡᠪᠬᠢᠲᠡᠢ ᠪᠠᠳᠠᠷᠠᠭᠤᠯᠵᠤ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠳᠤ ᠡᠷᠬᠢᠮ ᠨᠠᠨᠳᠢᠨ ᠰᠠᠨᠠᠯ ᠢᠶᠠᠨ ᠢᠯᠡᠭᠦᠬᠡᠨ ᠳᠤᠷᠠᠳᠬᠤ ᠶᠢ ᠬᠦᠰᠡᠵᠦ ᠪᠠᠶᠢᠨ᠎ᠠ ᠭᠡᠵᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠷᠭᠦᠯᠵᠢ ᠡᠷᠭᠢᠵᠦ ᠦᠵᠡᠨ᠂ ᠦᠢᠯᠡᠴᠢᠯᠡᠭᠡ ᠪᠠᠲᠤᠯᠠᠭ᠎ᠠ ᠶᠢᠨ ᠡᠯ᠎ᠡ ᠲᠥᠷᠥᠯ ᠤᠨ ᠠᠵᠢᠯ ᠢ ᠨᠠᠷᠢᠨ ᠨᠢᠮᠪᠠᠢ ᠰᠠᠶᠢᠲᠤᠷ ᠬᠢᠵᠦ᠂  ᠠᠬᠮᠭᠳ ᠺᠠᠳ᠋ᠷᠴᠤᠳ ᠢ ᠤᠯᠤᠰ ᠲᠦᠷᠦ ᠶᠢᠨ ᠲᠠᠯ᠎ᠠ ᠪᠠᠷ ᠢᠷᠠᠭᠤ ᠠᠯᠳᠠᠷᠲᠣ ᠲᠥᠷᠥᠭᠳᠡᠯ ᠲᠠᠢ᠂ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ ᠬᠠᠷᠢᠶᠠᠯᠠᠭᠳᠠᠬᠤ ᠲᠥᠷᠥᠭᠳᠡᠯ ᠲᠠᠢ᠂ ᠠᠮᠢᠳᠤᠷᠠᠯ ᠤᠨ ᠲᠠᠯ᠎ᠠ ᠪᠠᠷ ᠵᠣᠯ ᠵᠢᠷᠭᠠᠯᠲᠤ ᠲᠥᠷᠥᠭᠳᠡᠯ ᠲᠠᠢ ᠪᠣᠯᠭᠠᠬᠤ ᠬᠡᠷᠡᠭᠲᠡᠢ ᠭᠡᠪᠡ᠃      ᠠᠬᠠᠮᠠᠳ ᠺᠠᠳ᠋ᠷᠴᠤᠳ ᠥᠩᠭᠡᠷᠡᠭᠰᠡᠨ ᠨᠢᠭᠡ ᠵᠢᠯ ᠤᠨ ᠣᠲᠤᠭ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠠᠯ᠎ᠠ ᠪᠠᠷ ᠣᠯᠣᠭᠰᠠᠨ ᠠᠮᠵᠢᠯᠲᠠ ᠶᠢ ᠳᠡᠭᠡᠳᠦ ᠬᠡᠮᠵᠢᠶ᠎ᠡ ᠪᠠᠷ ᠦᠨᠡᠯᠡᠪᠡ᠃ ᠲᠠᠳᠠ᠂ ᠬᠤᠰᠢᠭᠤ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠠᠵᠢᠯ ᠢᠶᠠᠨ ᠥᠷᠨᠢᠭᠦᠯᠬᠦ ᠶᠢ ᠦᠷᠭᠦᠯᠵᠢᠯᠡᠨ ᠪᠥᠬᠦ ᠬᠦᠴᠦᠨ ᠢᠶᠠᠷ ᠢᠶᠠᠨ ᠳᠡᠮᠵᠢᠵᠦ᠂ ᠬᠤᠰᠢᠭᠤ ᠨᠠᠮ ᠤᠨ ᠬᠤᠷᠢᠶᠠᠨ ᠤ ᠵᠥᠪ ᠣᠨᠣᠪᠴᠢᠲᠠᠶ ᠤᠳᠤᠷᠢᠳᠤᠯᠭ᠎ᠠ ᠵᠢᠴᠢ ᠪᠥᠬᠦ ᠬᠤᠰᠢᠭᠤᠨ ᠤ ᠺᠠᠳ᠋ᠷ ᠣᠯᠠᠨ ᠲᠦᠮᠡᠨ ᠤ ᠬᠠᠮᠲᠤ ᠶᠢᠨ ᠴᠢᠷᠮᠠᠶᠢᠯᠭ᠎ᠠ ᠳᠣᠣᠷ᠎ᠠ᠂ ᠣᠳᠣᠬᠢᠴᠢᠯᠠᠭᠰᠠᠨ ᠡᠯᠢᠭᠡᠨ ᠬᠠᠶᠢᠷᠠᠲᠤ ᠣᠲᠤᠭ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ ᠠᠬᠢᠴᠠ ᠪᠠ ᠨᠠᠩ ᠶᠡᠭᠡ ᠦᠷ᠎ᠡ ᠪᠦᠲᠦᠮᠵᠢ ᠣᠯᠬᠤ ᠶᠢ ᠯᠠᠪᠲᠠᠢ ᠠᠬᠢᠭᠤᠯᠵᠤ ᠴᠢᠳᠠᠨ᠎ᠠ ᠭᠡᠵᠦ ᠢᠯᠡᠷᠬᠡᠶᠢᠯᠡᠵᠡᠭᠡᠪᠡ᠃ 
ᠢᠷᠡᠯᠲᠡ᠄ ᠣᠲᠤᠭ ᠨᠡᠶᠢᠲᠡᠯᠡᠯ