ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2024/2/6
ᠬᠤᠰᠢᠭᠤᠨ ᠤ ᠠᠷᠪᠡᠨ ᠨᠠᠢᠮᠠᠳᠤᠭᠠᠷ ᠬᠤᠭᠤᠴᠡᠭᠠᠨ ᠤ ᠠᠷᠡᠳ ᠤᠨ ᠲᠦᠯᠣᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠤᠨ ᠪᠢᠴᠢᠭ ᠮᠡᠲ᠋ᠧᠷᠢᠶᠡᠯ ︵ᠬᠤᠷᠢᠨ ᠭᠤᠷᠪᠠ︶  ᠵᠠᠰᠠᠭ ᠤᠨ ᠣᠷᠳᠣᠨ ᠤ ᠠᠵᠢᠯ ᠤᠨ ᠢᠯᠡᠳᠬᠡᠯ     — 2024 ᠣᠨ ᠤ 1 ᠳ᠋ᠦ᠋ᠭᠡᠷ ᠰᠠᠷ᠎ᠠ ᠶᠢᠨ 26 ᠤ ᠡᠳᠣᠷ ᠣᠳᠤᠭ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ      ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠲᠡᠭᠡᠷ᠎ᠡ       ᠣᠷᠣᠯᠠᠭᠴᠢ ᠬᠤᠰᠢᠭᠤ ᠳᠠᠷᠤᠭ᠎ᠠ     ᠰᠤ᠋ ᡁᠢ ᠰᠢᠶᠦ᠋ᠡᠭᠲᠥᠯᠦᠭᠡᠯᠡᠭᠴᠢᠳ ᠡ᠄      ᠤᠳᠤ ᠪᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠬᠢᠨᠠᠨ ᠵᠥᠪᠯᠡᠬᠦ ᠪᠤᠯᠪᠠᠤ᠂ ᠲᠡᠷᠡᠴᠢᠯᠡᠨ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠬᠡᠰᠢᠭᠦᠳ ᠪᠠ ᠪᠤᠰᠤᠳ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠤᠯᠪᠠᠤ᠃      ᠨᠢᠭᠡ᠂ 2023 ᠣᠨ ᠤ ᠠᠵᠢᠯ ᠤᠨ ᠡᠷᠭᠢᠴᠡᠭᠦᠯᠦᠯ      2023 ᠣᠨ ᠪᠣᠯ ᠤᠳᠤᠭ ᠤᠨ ᠥᠭᠡᠷᠡᠴᠢᠯᠡᠯᠲᠡ ᠬᠥᠭᠵᠢᠯᠲᠡ ᠶᠢᠨ ᠶᠠᠪᠤᠴᠠ ᠳᠠᠬᠢ ᠲᠤᠶᠢᠯ ᠤᠨ ᠬᠦᠴᠢᠷ ᠪᠡᠷᠬᠡᠰᠢᠶᠡᠯ ᠲᠠᠢ᠂ ᠲᠤᠶᠢᠯ ᠤᠨ ᠶᠡᠷᠦ ᠪᠤᠰᠤ ᠶᠢᠨ ᠨᠢᠭᠡ ᠵᠢᠯ ᠪᠣᠯᠣᠨ᠎ᠠ᠂ ᠮᠦᠨᠴᠦ ᠬᠤᠰᠢᠭᠤ ᠳᠠᠶᠠᠭᠠᠷ ᠢᠶᠠᠨ ᠬᠦᠴᠢᠷ ᠢ ᠬᠠᠮᠲᠤ ᠪᠠᠷ ᠲᠤᠭᠤᠯᠵᠤ᠂ ᠰᠢᠷᠭᠠᠭᠤ ᠲᠡᠮᠡᠴᠡᠭᠰᠡᠨ ᠨᠢᠭᠡ ᠵᠢᠯ ᠪᠣᠯᠣᠨ᠎ᠠ᠃ ᠨᠢᠭᠡ ᠵᠢᠯ ᠤᠨ ᠲᠤᠷᠰᠢ᠂ ᠪᠢᠳᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠦᠷᠭᠦᠯᠵᠢᠯᠡᠨ ᠲᠡᠮᠡᠴᠡᠨ᠂ ︽ᠨᠠᠢᠮᠠᠨ ᠵᠢᠱᠢᠶ᠎ᠡ ᠦᠵᠡᠭᠦᠯᠬᠦ︾᠂ ︽ᠲᠠᠪᠤ ᠶᠢ ᠳᠠᠬᠢᠨ ᠲᠠᠰ ᠳᠡᠪᠰᠢᠭᠦᠯᠬᠦ︾ ᠶᠢ ᠯᠠᠪᠳᠠᠭᠤᠨ ᠢᠶᠠᠷ ᠠᠬᠢᠭᠤᠯᠤᠨ᠂ ᠴᠢᠨᠠᠷ ᠰᠠᠶᠢᠲᠠᠢ ᠬᠥᠭᠵᠢᠯᠲᠡ ᠶᠢᠨ ᠯᠠᠪᠳᠠᠭᠤᠨ ᠪᠠᠲᠤᠲᠠᠢ ᠠᠯᠬᠤᠮ ᠢ ᠠᠯᠬᠤᠪᠠ᠃      — — ᠶᠡᠷᠦᠩᠬᠡᠶᠢᠯᠡᠭᠰᠡᠨ ᠪᠣᠳᠠᠲᠤ ᠬᠦᠴᠦᠨ ᠢ ᠴᠢᠩᠭᠠᠷᠠᠭᠤᠯᠵᠤ ᠨᠡᠷᠡᠰ ᠤᠨ ᠵᠢᠭᠰᠠᠭᠠᠯᠲᠠ ᠳᠤ ᠣᠷᠣᠪᠠ᠃ ᠠᠵᠦ ᠠᠬᠤᠢ ᠤᠷᠤᠭᠤᠳᠠᠬᠤ᠂ ᠦᠨ᠎ᠡ ᠬᠠᠩᠰᠢ ᠨᠡᠶᠢᠳᠡᠮ ᠪᠠᠭᠤᠷᠠᠬᠤ ᠵᠡᠷᠭᠡ ᠵᠢᠱᠢᠭᠰᠡᠨ ᠠᠴᠠ ᠭᠠᠳᠠᠭᠤᠷᠬᠢ ᠬᠦᠴᠢᠷᠳᠡᠯ ᠪᠣᠯᠣᠨ ᠥᠷᠢᠰᠦᠯᠳᠦᠭᠡᠨ ᠢ ᠲᠣᠬᠢᠲᠠᠢ ᠠᠷᠭᠠᠴᠠᠭᠠᠨ᠂ ᠠᠵᠤ ᠠᠬᠤᠶᠢᠯᠠᠯ ᠢ ᠳᠡᠮᠵᠢᠵᠦ ᠬᠦᠴᠢᠷᠳᠡᠯ ᠢ ᠨᠢ ᠰᠢᠢᠳᠪᠦᠷᠢᠯᠡᠬᠦ᠂ ᠠᠵᠤ ᠠᠬᠤᠶᠢᠯᠠᠯ ᠢ ᠲᠤᠰᠠᠯᠠᠵᠤ ᠬᠦᠴᠦᠨ ᠨᠡᠮᠡᠷᠢᠯᠡᠬᠦ ᠵᠡᠷᠭᠡ ︽ᠠᠷᠪᠠᠨ ᠵᠦᠢᠯ ᠤᠨ ᠲᠤᠰᠬᠠᠢ ᠠᠵᠢᠯᠯᠠᠭ᠎ᠠ︾ ᠥᠷᠨᠢᠭᠦᠯᠦᠨ ᠦᠷ᠎ᠡ ᠪᠦᠲᠦᠮᠵᠢ ᠭᠠᠷᠭᠠᠵᠤ᠂ ᠭᠠᠶᠢᠯᠢ ᠶᠢ ᠬᠥᠩᠭᠡᠯᠡᠵᠦ ᠵᠠᠷᠤᠳᠠᠯ ᠢ ᠪᠠᠭᠤᠷᠠᠭᠤᠯᠬᠤ᠂ ᠦᠯᠡᠳᠡᠭᠡᠨ ᠰᠠᠭᠤᠯᠭᠠᠵᠤ ᠭᠠᠶᠢᠯᠢ ᠶᠢ ᠪᠤᠴᠠᠭᠠᠬᠤ᠂ ᠪᠡᠯᠡ ᠬᠤᠷᠠᠮᠳᠤᠭᠤᠯᠵᠤ ᠵᠢᠭᠡᠯᠡᠯᠭᠡ ᠲᠠᠯᠪᠢᠬᠤ ᠵᠡᠷᠭᠡ ᠲᠠᠯ᠎ᠠ ᠪᠠᠷ 2 ᠲᠦᠮᠡ ᠭᠠᠷᠤᠢ ᠵᠠᠬ᠎ᠠ ᠳᠡᠯᠭᠡᠭᠦᠷ ᠤᠨ ᠭᠤᠣᠯ ᠴᠣᠭᠴᠠ ᠳᠤ 112 ᠳ᠋ᠦᠩᠰᠢᠭᠤᠷ ᠲᠥᠭᠦᠷᠢᠭ ᠤᠨ  ᠬᠠᠷᠠᠭᠠᠯᠵᠠᠯ ᠦᠵᠡᠭᠦᠯᠦᠨ᠂ ᠠᠵᠦ ᠠᠬᠤᠶᠢᠯᠠᠯ ᠤᠨ 20 ᠳ᠋ᠦᠩᠰᠢᠭᠤᠷ ᠲᠥᠭᠦᠷᠢᠭ ᠢ ᠳᠠᠪᠠᠭᠰᠠᠨ 1041 ᠬᠤᠪᠢ ᠵᠠᠬᠢᠶᠠᠯᠠᠭ᠎ᠠ ᠶᠢ ᠬᠠᠪᠰᠤᠷᠤᠨ ᠪᠡᠶᠡᠯᠡᠭᠦᠯᠵᠦ᠂ 35 ᠠᠵᠦ ᠠᠬᠤᠶᠢᠯᠠᠯ ᠳᠤ ᠵᠢᠵᠢᠭ ᠪᠢᠴᠢᠯ ᠠᠵᠦ ᠠᠬᠤᠶᠢᠯᠠᠯ ᠢ ᠬᠡᠪᠴᠢᠶᠡᠵᠢᠯ ᠠᠵᠦ ᠠᠬᠤᠶᠢᠯᠠᠯ ᠪᠣᠯᠭᠠᠬᠤ᠂ ᠬᠤᠪᠢ ᠶᠢᠨ ᠡᠵᠡᠩᠨᠡᠯᠲᠡ ᠶᠢ ᠠᠵᠦ ᠠᠬᠤᠶᠢᠯᠠᠯ ᠪᠣᠯᠭᠠᠬᠤ᠂ ᠬᠤᠪᠢᠶᠠᠷᠢ ᠺᠣᠮᠫᠠᠨᠢ ᠶᠢ ᠲᠤᠰᠠᠭᠠᠷ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠲᠠᠢ ᠬᠤᠪᠢᠶᠠᠷᠢ ᠺᠣᠮᠫᠠᠨᠢ ᠪᠣᠯᠭᠠᠬᠤ ᠥᠭᠡᠷᠡᠴᠢᠯᠡᠯᠲᠡ ᠬᠢᠪᠡ᠃ ᠪᠥᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 5.5% ᠪᠠᠷ ᠨᠡᠮᠡᠭᠳᠡᠭᠦᠯᠪᠡ︔ ᠬᠡᠪᠴᠢᠶᠡᠵᠢᠯ ᠠᠴᠠ ᠳᠡᠭᠡᠭᠰᠢᠬᠢ ᠠᠵᠦ ᠦᠢᠯᠡᠳᠪᠦᠷᠢ ᠶᠢᠨ ᠨᠡᠮᠡᠭᠳᠡᠯ ᠥᠷᠲᠡᠭ ᠢ 4% ᠪᠠᠷ ᠨᠡᠮᠡᠭᠳᠡᠭᠦᠯᠦᠨ᠂ ᠪᠦᠬᠦ ᠬᠤᠲᠠ ᠶᠢᠨ ᠭᠤᠷᠪᠠᠳᠤᠭᠠᠷ ᠲᠤ ᠵᠢᠭᠰᠠᠭᠠᠭᠳᠠᠪᠠ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠵᠠᠯᠭᠠᠭ᠎ᠠ ᠪᠠᠷ ᠬᠤᠶᠠᠷ ᠵᠢᠯ ᠵᠠᠭᠤᠨ ᠳ᠋ᠦᠩᠰᠢᠭᠤᠷ ᠲᠥᠭᠦᠷᠢᠭ ᠢ ᠳᠠᠪᠠᠪᠠ︔ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 46.05 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠥᠩᠭᠡᠷᠡᠭᠰᠡᠨ ᠤ ᠬᠢ ᠠᠴᠠ ᠪᠠᠨ 2.5% ᠪᠠᠷ ᠨᠡᠮᠡᠭᠳᠡᠭᠦᠯᠪᠡ︔ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠲᠤᠭ᠎ᠠ ᠶᠢ 8.3% ᠪᠠᠷ ᠨᠡᠮᠡᠭᠳᠡᠭᠦᠯᠪᠡ︔ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠤᠰ ᠲᠤᠰ 4.3% ᠪᠠ 7.4% ᠪᠠᠷ ᠨᠡᠮᠡᠭᠳᠡᠭᠦᠯᠪᠡ᠃ ᠶᠡᠷᠦᠩᠬᠡᠶᠢᠯᠡᠭᠰᠡᠨ ᠪᠣᠳᠠᠲᠤ ᠬᠦᠴᠦᠨ ᠪᠦᠬᠦ ᠤᠯᠤᠰ ᠤᠨ ᠵᠠᠭᠤᠨ ᠬᠦᠴᠦᠷᠬᠡᠭ ᠰᠢᠶᠠᠨ ᠤ 91 ᠳ᠋ᠦ᠋ᠭᠡᠷ ᠲᠤ ᠣᠷᠣᠵᠤ᠂ ᠪᠠᠷᠠᠭᠤᠨ ᠣᠷᠣᠨ ᠤ ᠵᠠᠭᠤᠨ ᠬᠦᠴᠦᠷᠬᠡᠭ ᠰᠢᠶᠠᠨ ᠤ 9 ᠳ᠋ᠦ᠋ᠭᠡᠷ ᠲᠤ ᠵᠢᠭᠰᠠᠭᠠᠭᠳᠠᠪᠠ᠃      — — ᠠᠵᠦ ᠦᠢᠯᠡᠰ ᠤᠨ ᠬᠡᠯᠪᠡᠷᠢ ᠶᠢᠨ ᠬᠤᠪᠢᠷᠠᠭᠤᠯᠤᠯᠲᠠ ᠶᠢᠨ ᠬᠤᠷᠳᠤᠴᠠ ᠶᠢ ᠲᠦᠷᠭᠡᠳᠬᠡᠵᠦ ᠦᠷ᠎ᠡ ᠠᠰᠢᠭ ᠢ ᠨᠡᠮᠡᠭᠳᠡᠭᠦᠯᠪᠡ᠃ ᠳ᠋ᠦᠡᠭ ᠿᠢ ᠶᠢᠨ ᠪᠠᠯ ᠴᠢᠯᠠᠭᠤᠨ ᠰᠠᠪᠠ ᠵᠡᠷᠭᠡ 24 ᠳᠡᠭᠡᠳᠦ ᠳᠡᠰ ᠤᠨ ᠦᠢᠯᠡᠳᠬᠦ ᠦᠢᠯᠡᠰ ᠤᠨ ᠲᠥᠷᠥᠯ ᠵᠦᠢᠯ ᠢ ᠬᠡᠷᠡᠭᠵᠢᠭᠦᠯᠦᠨ ᠠᠰᠢᠭᠯᠠᠯᠲᠠ ᠳᠤ ᠣᠷᠣᠭᠤᠯᠵᠤ᠂ ᠣᠷᠳᠣᠰ ᠤᠨ ᠣᠯᠠᠨ ᠡᠨᠧᠷᠭᠢ ᠶᠢ ᠬᠠᠷᠢᠯᠴᠠᠨ ᠨᠥᠬᠦᠪᠦᠷᠢᠯᠡᠭᠦᠯᠬᠦ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷᠲᠤᠯ ᠦᠭᠡᠢ ᠴᠠᠬᠢᠯᠭᠠᠨ ᠬᠠᠩᠭᠠᠯᠭ᠎ᠠ ᠶᠢ ᠥᠪᠥᠷ ᠮᠣᠩᠭᠤᠯ ᠤᠨ ᠠᠩᠬᠠᠳᠠᠭᠴᠢ ᠵᠠᠬ᠎ᠠ ᠳᠡᠯᠭᠡᠭᠦᠷᠴᠢᠯᠡᠭᠰᠡᠨ ᠰᠢᠨ᠎ᠡ ᠡᠨᠧᠷᠭᠢ ᠶᠢᠨ ᠲᠥᠷᠥᠯ ᠵᠦᠢᠯ ᠪᠣᠯᠭᠠᠵᠤ ᠲᠣᠣᠷ ᠨᠡᠶᠢᠯᠡᠭᠦᠯᠦᠨ ᠴᠠᠬᠢᠯᠭᠠᠨ ᠭᠠᠷᠭᠠᠵᠤ᠂ ᠰᠢ ᠶᠢᠨ ᠤ ᠠᠭᠤᠷᠬᠠᠢ ᠶᠢᠨ ᠬᠠᠶᠢᠯᠤᠰᠢ ᠨᠢ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠪᠦᠯᠦᠭ ᠤᠨ ᠦᠢᠯᠡᠳᠬᠦ ᠦᠢᠯᠡᠰ ᠤᠨ ᠲᠠᠩ  ᠵᠦᠢᠯ ᠤᠨ ᠮᠠᠩᠯᠠᠢ ᠳᠤ ᠰᠢᠯᠭᠠᠷᠠᠨ᠂ ᠱᠤᠸᠠᠩ ᠰᠢᠨ ᠤ ᠣᠷᠴᠢᠨ ᠲᠣᠭᠤᠷᠢᠨ ᠤ ᠬᠠᠮᠠᠭᠠᠯᠠᠯᠲᠠ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ ᠢ ᠭᠥᠷᠳᠡᠭᠰᠡᠨ ᠪᠥᠭᠡᠳ ᠤᠯᠤᠰ ᠤᠨ ᠲᠠᠰ ᠤᠨ ᠲᠤᠰᠬᠠᠶᠢᠵᠢᠭᠰᠠᠨ ᠨᠠᠷᠢᠯᠢᠭᠵᠢᠭᠰᠠᠨ ᠣᠨᠴᠠᠯᠢᠭᠵᠢᠭᠰᠠᠨ ᠰᠢᠨ᠎ᠡ ᠶᠢ ᠡᠭᠦᠳᠦᠭᠰᠡᠨ ︽ᠵᠢᠵᠢᠭ ᠠᠪᠤᠷᠭᠤ︾ ᠠᠵᠤ ᠠᠬᠤᠶᠢᠯᠠᠯ ᠤᠨ ᠳᠠᠬᠢᠨ ᠬᠢᠨᠠᠯᠲᠠ ᠶᠢ ᠥᠩᠭᠡᠷᠡᠭᠡᠵᠦ᠂ ᠥᠪᠡᠷᠲᠡᠭᠡᠨ ᠵᠠᠰᠠᠬᠤ ᠣᠷᠣᠨ ᠤ ᠲᠤᠰᠬᠠᠶᠢᠵᠢᠭᠰᠠᠨ ᠨᠠᠷᠢᠯᠢᠭᠵᠢᠭᠰᠠᠨ ᠣᠨᠴᠠᠯᠢᠭᠵᠢᠭᠰᠠᠨ ᠰᠢᠨ᠎ᠡ ᠶᠢ ᠡᠭᠦᠳᠦᠭᠰᠡᠨ ᠠᠵᠤ ᠠᠬᠤᠶᠢᠯᠠᠯ ᠢ ᠰᠢᠨ᠎ᠡ ᠪᠠᠷ 9 ᠨᠡᠮᠡᠭᠳᠡᠭᠦᠯᠦᠨ᠂ ᠠᠵᠤ ᠦᠢᠯᠡᠳᠪᠦᠷᠢ ᠶᠢᠨ ᠪᠣᠳᠠᠲᠤ ᠬᠦᠴᠦᠨ ᠪᠥᠬᠦ ᠤᠯᠤᠰ ᠤᠨ ᠠᠵᠤ ᠦᠢᠯᠡᠳᠪᠦᠷᠢ ᠶᠢᠨ ᠵᠠᠭᠤᠨ ᠬᠦᠴᠦᠷᠬᠡᠭ ᠰᠢᠶᠠᠨ ᠤ 44 ᠳ᠋ᠦ᠋ᠭᠡᠷ ᠲᠤ ᠵᠢᠭᠰᠠᠭᠠᠭᠳᠠᠪᠠ᠃ 6 ᠳ᠋ᠦᠩᠰᠢᠭᠤᠷ ᠲᠥᠭᠦᠷᠢᠭ ᠤᠨ ᠲᠤᠰ ᠱᠠᠲᠤᠨ ᠤ ᠪᠡᠯᠡ ᠮᠥᠩᠭᠦ ᠶᠢ ᠲᠠᠷᠢᠶᠠᠯᠠᠩ ᠮᠠᠯ ᠠᠵᠤ ᠦᠢᠯᠡᠰ ᠲᠤ ᠵᠠᠷᠤᠴᠠᠭᠤᠯᠤᠨ᠂ 22.4 ᠳ᠋ᠦᠩᠰᠢᠭᠤᠷ ᠲᠥᠭᠦᠷᠢᠭ ᠤᠨ ᠵᠠᠬ᠎ᠠ ᠳᠡᠯᠭᠡᠭᠦᠷ ᠤᠨ ᠬᠥᠷᠥᠩᠭᠡ ᠶᠢ 21 ᠣᠳᠣᠬᠢᠴᠢᠯᠠᠭᠰᠠᠨ ᠲᠠᠷᠢᠶᠠᠯᠠᠩ ᠮᠠᠯ ᠠᠵᠦ ᠠᠬᠤᠢ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠳᠤ ᠬᠡᠷᠡᠭᠯᠡᠵᠦ᠂ ᠠᠮᠤ ᠪᠤᠳᠠᠭᠠᠨ ᠤ ᠤᠨᠠᠯᠲᠠ ᠶᠢ 2.6 ᠳ᠋ᠦᠩᠰᠢᠭᠤᠷ ᠵᠢᠩ ᠠᠴᠠ ᠳᠡᠭᠡᠭᠰᠢ ᠬᠡᠮᠵᠢᠶᠡᠨ ᠳᠤ ᠲᠣᠭᠲᠠᠪᠤᠷᠢᠵᠢᠭᠤᠯᠤᠨ᠂ ᠮᠠᠯ ᠤᠨᠤᠭ᠎ᠠ 230 ᠲᠦᠮᠡᠨ ᠲᠣᠯᠣᠭᠠᠢ ᠬᠦᠷᠴᠦ᠂ ᠠᠷᠪᠠᠰ ᠤᠨ ᠨᠤᠤᠯᠤᠭᠤᠷ ᠤᠨ ᠢᠮᠠᠭ᠎ᠠ᠂ ᠣᠲᠤᠭ ᠤᠨ ᠣᠷᠢᠶᠠᠮᠠᠭ ᠵᠠᠮᠠᠭ ᠨᠢ ︽ᠮᠸᠡᠭ︾ ᠦᠰᠦᠭ ᠤᠨ ᠲᠡᠮᠳᠡᠭ ᠢᠶᠠᠷ ᠭᠡᠷᠡᠴᠢᠯᠡᠭᠳᠡᠨ᠂ ᠮᠦ ᡁᠢ ᠶᠤᠸᠠᠨ ᠲᠠᠷᠢᠶᠠᠯᠠᠩ ᠮᠠᠯ ᠠᠵᠤ ᠠᠬᠤᠢ ᠶᠢᠨ ᠺᠣᠮᠫᠠᠨᠢ ᠶᠢ ᠳᠠᠩᠰᠠᠯᠠᠭᠤᠯᠤᠨ ᠠᠵᠢᠯᠯᠠᠭᠤᠯᠵᠤ᠂ 4 ᠣᠷᠢᠶᠠᠮᠠᠭ ᠵᠠᠮᠠᠭ ᠤᠨ ᠠᠵᠤ ᠠᠬᠤᠶᠢᠯᠠᠯ ᠢ ᠡᠮᠬᠢᠯᠡᠵᠦ ᠡᠮᠬᠢᠳᠬᠡᠨ᠂ ᠪᠦᠬᠦ ᠤᠯᠤᠰ ᠤᠨ ᠲᠠᠷᠢᠶᠠᠯᠠᠩ ᠠᠵᠦ ᠠᠬᠤᠢ ᠶᠢᠨ ᠣᠳᠣᠬᠢᠴᠢᠯᠠᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠢ ᠦᠨᠳᠦᠰᠦᠨ ᠳᠡᠭᠡᠨ ᠪᠡᠶᠡᠯᠡᠭᠦᠯᠪᠡ᠃ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠲᠥᠯᠦᠪᠵᠢᠭᠦᠯᠭᠡ ᠶᠢ ᠨᠠᠶᠢᠷᠠᠭᠤᠯᠵᠤ ᠳᠠᠭᠤᠰᠬᠠᠨ᠂ ᠲᠠᠯ᠎ᠠ ᠨᠤᠲᠤᠭ ᠤᠨ ᠵᠢᠭᠤᠯᠴᠢᠯᠠᠯ ᠤᠨ ᠶᠡᠭᠡ ᠪᠠᠭ᠎ᠠ ᠲᠣᠭᠤᠷᠢᠯ ᠵᠠᠮ ᠱᠤᠭᠤᠮ ᠢ ᠦᠨᠳᠦᠰᠦᠨ ᠳᠡᠭᠡᠨ ᠪᠦᠷᠢᠯᠳᠦᠭᠦᠯᠵᠦ᠂ ᠲᠣᠭᠤᠷᠢᠮ ᠤᠨ ᠬᠤᠪᠢᠰᠬᠠᠯᠲᠤ ᠰᠣᠶᠣᠯ ᠤᠨ ᠦᠵᠡᠮᠵᠢ ᠶᠢᠨ ᠣᠷᠣᠨ 3A ᠳᠡᠰ ᠤᠨ ᠦᠵᠡᠮᠵᠢ ᠶᠢᠨ ᠣᠷᠣᠨ ᠢᠶᠠᠷ ᠰᠣᠩᠭᠤᠭᠳᠠᠪᠠ᠃      — — ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠰᠢᠯᠢᠳᠡᠭᠵᠢᠭᠦᠯᠪᠡ᠃ ︽ᠳᠥᠷᠪᠡ ᠪᠠᠷ ᠭᠦᠢᠴᠡᠳᠬᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠂ ︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠬᠦᠷᠢᠶᠡᠯᠡᠩ ᠲᠣᠭᠤᠷᠢᠭ ᠲᠤ ᠬᠠᠩᠭᠠᠬᠤ︾᠂ ︽1+3 ᠦᠨᠳᠦᠰᠦᠨ ᠱᠠᠲᠤᠨ ᠤ ᠶᠡᠷᠦᠩᠬᠡᠶᠢᠯᠡᠨ ᠭᠦᠢᠴᠡᠳᠬᠡᠬᠦ ᠲᠠᠪᠴᠠᠩ︾ ᠵᠡᠷᠭᠡ ᠨᠡᠶᠢᠲᠡᠯᠢᠭ ᠲᠤᠷᠰᠢᠯᠭ᠎ᠠ ᠨᠤᠭᠤᠳ ᠢ ᠪᠥᠬᠦ ᠣᠷᠣᠨ ᠳᠤ ᠳᠡᠯᠭᠡᠷᠡᠭᠦᠯᠦᠨ ᠬᠡᠷᠡᠭᠯᠡᠵᠦ᠂ ︽ᠭᠡᠷᠡᠴᠢ ᠦᠨᠡᠮᠯᠡᠯ ᠤᠨ ᠢᠶᠠᠨ ᠬᠦᠴᠦᠨ ᠲᠠᠢ ᠬᠤᠭᠤᠴᠠᠭ᠎ᠠ ᠶᠢ ᠰᠦᠯᠵᠢᠶᠡᠨ ᠳᠡᠭᠡᠷ᠎ᠡ ᠰᠢᠭᠤᠳ ᠦᠷᠭᠦᠯᠵᠢᠯᠡᠭᠦᠯᠬᠦ︾ ᠦᠢᠯᠡᠴᠢᠯᠡᠭᠡ ᠨᠢ ᠪᠥᠬᠦ ᠤᠯᠤᠰ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠭᠡᠷᠡᠴᠢᠯᠡᠯᠲᠡ ᠶᠢᠨ ᠰᠢᠯᠢᠳᠡᠭ ᠦᠢᠯᠡᠳᠦᠯᠭᠡ ᠶᠢᠨ ᠵᠢᠱᠢᠶ᠎ᠡ ᠪᠣᠯᠪᠠ᠃ 3 ᠪᠠᠷᠢᠮᠵᠢᠶᠠᠲᠤ ᠭᠠᠵᠠᠷ ᠢ ᠰᠢᠯᠵᠢᠭᠦᠯᠦᠨ ᠥᠭᠴᠦ᠂ 13.8 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠲᠠᠢ ᠪᠠᠷᠢᠮᠵᠢᠶᠠᠲᠤ ᠦᠢᠯᠡᠳᠪᠦᠷᠢ ᠶᠢᠨ ᠭᠡᠷ ᠪᠠᠶᠢᠰᠢᠩ ᠪᠠᠷᠢᠨ᠂ ᠣᠷᠣᠨ ᠤ ᠭᠠᠳᠠᠨ᠎ᠠ ᠠᠴᠠ ᠬᠤᠳᠠᠯᠳᠤᠭᠠᠴᠢᠨ ᠤᠷᠢᠵᠦ 82 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠪᠣᠳᠠᠲᠠᠢ ᠨᠠᠶᠢᠳᠠᠪᠤᠷᠢᠵᠢᠭᠤᠯᠪᠠ᠃ 15 ᠳ᠋ᠦᠩᠰᠢᠭᠤᠷ ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠢ ᠪᠠᠭᠤᠯᠭᠠᠵᠤ᠂ ᠬᠡᠪᠴᠢᠶᠡᠵᠢᠯ ᠠᠴᠠ ᠳᠡᠭᠡᠭᠰᠢᠬᠢ ᠰᠤᠳᠤᠯᠤᠨ ᠨᠡᠭᠡᠭᠡᠬᠦ ᠠᠵᠤ ᠠᠬᠤᠶᠢᠯᠠᠯ ᠢ 56 ᠪᠣᠯᠭᠠᠵᠤ ᠨᠡᠮᠡᠭᠳᠡᠭᠦᠯᠦᠨ᠂ ᠮᠡᠷᠭᠡᠵᠢᠯ ᠤᠨ ᠭᠡᠷ᠎ᠡ ᠲᠣᠭᠲᠠᠵᠤ ᠠᠷᠠᠯᠵᠢᠶᠠᠯᠠᠭᠰᠠᠨ ᠵᠣᠭᠤᠰᠤᠨ ᠲᠤᠭ᠎ᠠ 1.8 ᠳ᠋ᠦᠩᠰᠢᠭᠤᠷ ᠲᠥᠭᠦᠷᠢᠭ ᠲᠤ ᠬᠦᠷᠴᠦ᠂ ᠴᠥᠮ ᠪᠥᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠪᠠ᠃ ᠪᠦᠬᠦ ᠳᠡᠯᠡᠬᠡᠢ ᠶᠢᠨ ᠠᠩᠬᠠᠳᠠᠭᠴᠢ ᠴᠠᠬᠢᠯᠤᠭᠤᠷ ᠴᠢᠯᠠᠭᠤ ᠶᠢᠨ ᠠᠷᠭ᠎ᠠ ᠪᠠᠷ ᠪᠥᠭᠡᠭᠡᠨᠡᠷᠡᠯ ᠾᠯᠤᠷᠤ᠋ ᠡᠲ᠋ᠧᠨ ᠢ ᠮᠥᠩᠭᠦᠨ ᠤᠰᠤ ᠦᠭᠡᠶᠢᠵᠢᠬᠦᠯᠦᠨ ᠦᠢᠯᠡᠳᠪᠦᠷᠢᠯᠡᠬᠦ ᠵᠡᠷᠭᠡ ᠮᠡᠷᠭᠡᠵᠢᠯ ᠢ ᠨᠡᠶᠢᠲᠡᠯᠡᠵᠦ᠂ ᠤᠯᠤᠰ ᠤᠨ ᠳᠣᠲᠣᠭᠠᠳᠤ ᠶᠢᠨ ᠠᠩᠬᠠᠳᠠᠭᠴᠢ ᠨᠤᠨᠳᠠᠭ ᠨᠡᠭᠦᠷᠡᠰᠦᠨ ᠤ ᠦᠨᠡᠰᠦ ᠠᠴᠠ ᠢᠰᠦᠯᠳᠦᠭᠰᠡᠨ ᠬᠥᠩᠭᠡᠨᠴᠠᠭᠠᠨ ᠤ ᠢᠰᠦᠯ ᠢ ᠭᠠᠷᠭᠠᠨ ᠠᠪᠬᠤ ᠦᠢᠯᠡᠳᠪᠦᠷᠢᠯᠡᠯ ᠤᠨ ᠱᠤᠭᠤᠮ ᠢ ᠨᠡᠪᠲᠡᠷᠡᠭᠦᠯᠦᠨ᠂ ᠣᠷᠢᠶᠠᠮᠠᠭ ᠵᠠᠮᠠᠭ ᠤᠨ ᠠᠮᠢᠳᠤ ᠪᠣᠳᠠᠰ ᠡᠮ ᠡᠮᠨᠡᠯᠭᠡ ᠶᠢᠨ ᠬᠠᠮᠲᠤᠷᠠᠭᠰᠠᠨ ᠰᠤᠳᠤᠯᠭᠠᠨ ᠤ ᠲᠥᠪ ᠨᠢ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠰᠢᠶᠠᠨ ᠤ ᠱᠠᠲᠤᠨ ᠤ          ︽ᠬᠢᠯᠢ ᠶᠢᠨ ᠭᠠᠳᠠᠨᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ︾ ᠪᠣᠯᠵᠤ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠨᠡᠮᠡᠭᠳᠡᠭᠦᠯᠦᠭᠡᠳ 35 ᠪᠣᠯᠭᠠᠨ᠂ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠥᠪᠡᠷᠲᠡᠭᠡᠨ ᠵᠠᠰᠠᠬᠤ ᠣᠷᠣᠨ ᠤ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠪᠣᠯᠪᠠ᠃ ︽18 ᠵᠤᠷᠪᠤᠰ ᠴᠢᠳᠠᠪᠤᠷᠢᠲᠠᠨ ᠤ ᠲᠥᠷᠥ ᠶᠢᠨ ᠪᠣᠳᠣᠯᠭ᠎ᠠ︾ ᠶᠢ ᠨᠡᠶᠢᠲᠡᠯᠡᠨ ᠠᠮᠵᠢᠯᠲᠠ ᠣᠯᠵᠦ᠂ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠬᠥᠮᠥᠵᠢᠭᠦᠯᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠪᠠ ᠴᠢᠳᠠᠪᠤᠷᠢᠲᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠤᠨ ᠦᠵᠡᠭᠦᠯᠭᠡ ᠶᠢᠨ ᠲᠥᠪ ᠢ ᠪᠠᠶᠢᠭᠤᠯᠵᠤ ᠠᠰᠢᠭᠯᠠᠨ᠂ ᠳᠡᠭᠡᠳᠦ ᠲᠠᠰ ᠳᠠᠪᠬᠤᠷᠭ᠎ᠠ ᠪᠠ ᠲᠤᠯᠭᠠᠮ᠎ᠠ ᠱᠠᠭᠠᠷᠳᠠᠭᠳᠠᠵᠤ ᠪᠦᠬᠦᠢ ᠪᠠᠴᠢᠮ ᠬᠡᠷᠡᠭᠴᠡᠭᠡᠨ ᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠢ 170 ᠣᠷᠣᠭᠤᠯᠤᠨ ᠠᠪᠴᠢᠷᠠᠪᠠ᠃      — — ᠠᠮᠢ ᠠᠬᠤᠢ ᠣᠷᠴᠢᠨ ᠲᠣᠭᠤᠷᠢᠨ ᠢ ᠰᠠᠶᠢᠵᠢᠷᠠᠭᠤᠯᠪᠠ᠃ ᠴᠥᠯᠯᠡᠷᠬᠡᠭᠵᠢᠯ ᠢ ᠶᠡᠷᠦᠩᠬᠡᠶᠢᠯᠡᠨ ᠰᠡᠷᠭᠡᠶᠢᠯᠡᠵᠦ ᠵᠠᠰᠠᠬᠤ ᠬᠠᠲᠤᠨ ᠭᠤᠣᠯ ᠤᠨ ᠲᠣᠬᠤᠢ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠲᠠᠯ᠎ᠠ ᠪᠠᠷ ᠡᠬᠢᠯᠡᠭᠦᠯᠵᠦ᠂ 57 ᠲᠦᠮᠡᠨ ᠮᠦ ᠣᠶ ᠰᠢᠭᠤᠢ ᠨᠤᠲᠤᠭ ᠪᠡᠯᠴᠢᠭᠡᠷ ᠢ ᠰᠡᠷᠭᠦᠭᠡᠬᠦ ᠪᠠ ᠡᠯᠡᠰᠦᠷᠬᠡᠭ ᠭᠠᠵᠠᠷ ᠢ ᠵᠠᠰᠠᠬᠤ ᠡᠭᠦᠷᠭᠡ ᠶᠢ ᠪᠡᠶᠡᠯᠡᠭᠦᠯᠦᠨ᠂ 321 ᠲᠦᠮᠡᠨ ᠮᠧᠲᠷ ᠤᠨ ᠭᠠᠵᠠᠷ ᠢ ᠬᠦᠷᠢᠶᠡᠯᠡᠨ ᠪᠢᠲᠡᠭᠦᠮᠵᠢᠯᠡᠵᠦ᠂ ︽ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ︾ ᠡᠯᠡᠰᠦ ᠵᠠᠰᠠᠬᠤ ᠵᠠᠭᠪᠤᠷ ᠢ ︽ᠣᠶᠢᠵᠢᠭᠤᠯᠬᠤ ᠴᠢᠨᠡᠭᠡᠯᠢᠭᠵᠢᠬᠦᠯᠬᠦ ᠶᠢ ᠬᠠᠮᠲᠤ ᠳᠤᠨᠢ ᠠᠬᠢᠭᠤᠯᠬᠤ︾ ᠶᠢᠨ ᠨᠡᠶᠢᠲᠡᠯᠢᠭ ᠠᠷᠭ᠎ᠠ ᠵᠠᠮ ᠪᠣᠯᠪᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠪᠠᠷ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢᠯᠡᠷᠬᠡᠢ ᠪᠦᠲᠦᠮᠵᠢ ᠣᠯᠵᠦ᠂ ᠴᠢ ᠫᠠᠨ ᠵᠢᠩ ᠤᠨ ᠬᠠᠲᠤᠨ ᠭᠤᠣᠯ ᠤᠨ ᠤᠰᠤ ᠪᠠ ᠨᠡᠭᠦᠷᠡᠰᠦᠨ ᠳᠠᠪᠬᠤᠷᠭ᠎ᠠ ᠶᠢᠨ ᠪᠤᠵᠠᠷ ᠤᠰᠤ ᠶᠢ ᠰᠢᠢᠳᠪᠦᠷᠢᠯᠡᠬᠦ ᠢᠨᠵᠧᠨᠧᠷᠢᠩ ᠢ ᠪᠥᠬᠦ ᠲᠠᠯ᠎ᠠ ᠪᠠᠷ ᠠᠰᠢᠭᠯᠠᠯᠲᠠ ᠳᠤ ᠣᠷᠣᠭᠤᠯᠤᠨ᠂ ᠭᠠᠵᠠᠷ ᠳᠣᠣᠷᠠᠬᠢ ᠤᠰᠤᠨ ᠤ ᠲᠦᠪᠰᠢᠨ ᠳᠤᠮᠳᠠᠴᠢ ᠪᠠᠷ 2.17 ᠮᠧᠲᠷ ᠳᠡᠭᠡᠭᠰᠢᠯᠡᠪᠡ᠃ ᠪᠣᠬᠢᠷᠲᠤᠯ ᠢ ᠰᠡᠷᠭᠡᠶᠢᠯᠡᠨ ᠵᠠᠰᠠᠬᠤ 213 ᠵᠦᠢᠯ ᠤᠨ ᠡᠭᠦᠷᠭᠡ ᠶᠢ ᠪᠦᠲᠦᠮᠵᠢᠲᠡᠢ ᠪᠡᠶᠡᠯᠡᠭᠦᠯᠵᠦ᠂ ᠪᠦᠬᠦ ᠤᠯᠤᠰ ᠤᠨ ︽ᠲᠠᠪᠤᠨ ᠰᠠᠭᠤᠷᠢ︾ ᠬᠠᠮᠵᠢᠯᠴᠠᠨ ᠠᠭᠠᠷ ᠮᠠᠨᠳᠠᠯ ᠤᠨ ᠣᠷᠴᠢᠨ ᠲᠣᠭᠤᠷᠢᠨ ᠢ ᠬᠢᠨᠠᠨ ᠬᠡᠮᠵᠢᠵᠦ ᠬᠠᠮᠢᠶᠠᠷᠬᠤ ᠮᠡᠷᠭᠡᠵᠢᠯ ᠤᠨ ᠰᠤᠳᠤᠯᠤᠨ ᠶᠠᠷᠢᠯᠴᠠᠬᠤ ᠬᠤᠷᠠᠯ ᠢ ᠡᠷᠬᠢᠯᠡᠨ᠂ ᠴᠢ ᠫᠠᠨ ᠵᠢᠩ᠂ ᠮᠸᠡᠭ ᠰᠢ ᠶᠢᠨ ᠠᠭᠠᠷ ᠮᠠᠨᠳᠠᠯ ᠤᠨ ᠶᠠᠰᠤ ᠴᠢᠨᠠᠷ ᠤᠨ ᠰᠢᠯᠢᠳᠡᠭ ᠰᠠᠶᠢᠨ ᠡᠳᠦᠷ ᠤᠨ ᠲᠤᠭ᠎ᠠ ᠲᠤᠰ ᠲᠤᠰ 301 ᠡᠳᠦᠷ ᠪᠠ 286 ᠡᠳᠦᠷ ᠲᠤ ᠬᠦᠷᠪᠡ᠃ 600 ᠲᠦᠮᠡᠨ ᠲᠡᠭᠰᠢ ᠳᠥᠷᠪᠡᠯᠵᠢᠨ ᠮᠧᠲᠷ ᠤᠨ ᠨᠡᠭᠦᠷᠡᠰᠦᠨ ᠤ ᠪᠤᠰᠤ ᠠᠭᠤᠷᠬᠠᠢ ᠶᠢ ᠵᠠᠰᠠᠵᠤ᠂ ᠪᠣᠬᠢᠷᠲᠤᠯ ᠦᠭᠡᠢ ᠠᠭᠤᠷᠬᠠᠢ ᠶᠢ 86 ᠨᠡᠮᠡᠭᠳᠡᠭᠦᠯᠪᠡ᠃ ︽ᠬᠤᠶᠠᠷ ᠢ ᠳᠡᠭᠡᠭᠰᠢᠯᠡᠭᠦᠯᠵᠦ ᠭᠤᠷᠪᠠ ᠶᠢ ᠡᠭᠦᠳᠬᠦ︾ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠭᠰᠡᠨ ᠲᠤᠷᠰᠢᠯᠭ᠎ᠠ ᠶᠢ ᠪᠥᠬᠦ ᠣᠷᠣᠨ ᠳᠤ ᠤᠬᠠᠭᠤᠯᠤᠨ ᠳᠡᠯᠭᠡᠷᠡᠭᠦᠯᠵᠦ᠂ ᠬᠡᠦᠷᠰᠢᠭᠦᠯᠬᠦ ᠠᠵᠢᠯ ᠲᠥᠷᠥᠯ ᠨᠢ ᠬᠡᠤᠷᠡᠰᠤ ᠶᠢ ᠬᠥᠷᠥᠭᠡᠵᠦ ᠤᠨᠲᠠᠷᠠᠭᠠᠬᠤ᠂ ᠬᠡᠲᠦ ᠳᠣᠣᠷ᠎ᠠ ᠭᠠᠳᠠᠭᠰᠢᠯᠠᠭᠤᠯᠬᠤ ᠶᠢ ᠲᠡᠦᠬᠡᠲᠦ ᠴᠢᠨᠠᠷᠲᠠᠢ ᠪᠠᠷ ᠪᠡᠶᠡᠯᠡᠭᠦᠯᠦᠨ᠂ ᠡᠯ᠎ᠡ ᠬᠦᠷᠢᠶᠡᠨ ᠳᠤ 400 ᠲᠦᠮᠡᠨ ᠲᠣᠨ ᠤᠰᠤ ᠠᠷᠪᠢᠯᠠᠵᠤ᠂ 500 ᠲᠦᠮᠡᠨ ᠲᠣᠨ ᠬᠤᠴᠤᠷᠤᠩᠭᠤᠢ ᠦᠢᠯᠡᠳᠪᠦᠷᠢᠯᠡᠯ ᠤᠨ ᠴᠢᠳᠠᠪᠤᠷᠢ ᠶᠢ ᠲᠠᠶᠠᠭᠳᠠᠪᠠ᠃       — — ᠬᠤᠲᠠ ᠬᠥᠳᠡᠭᠡ ᠶᠢᠨ ᠴᠢᠨᠠᠷ ᠲᠡᠰ ᠢ ᠳᠡᠭᠡᠭᠰᠢᠯᠡᠭᠦᠯᠪᠡ᠃ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠱᠠᠲᠤᠴᠢ ᠴᠢᠨᠠᠷᠲᠠᠢ ᠠᠮᠵᠢᠯᠲᠠ ᠣᠯᠵᠦ᠂ ᠬᠤᠲᠠ ᠶᠢᠨ ᠶᠠᠪᠤᠳᠠᠯ ᠤᠨ ᠴᠢᠨᠠᠷ ᠢ ᠳᠡᠭᠡᠭᠰᠢᠯᠡᠭᠦᠯᠬᠦ 67 ᠢᠨᠵᠧᠨᠧᠷᠢᠩ ᠢ ᠬᠡᠷᠡᠭᠵᠢᠭᠦᠯᠦᠨ᠂ 73 ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠵᠤ᠂ 42 ᠲᠦᠮᠡᠨ ᠲᠡᠭᠰᠢ ᠳᠥᠷᠪᠡᠯᠵᠢᠨ ᠮᠧᠲᠷ ᠤᠨ ᠵᠡᠭᠡᠯᠢ ᠭᠤᠳᠤᠮᠵᠢ ᠶᠢ ᠬᠠᠲᠠᠭᠤᠷᠠᠭᠤᠯᠤᠨ᠂ ᠰᠢᠨ᠎ᠡ ᠪᠠᠷ 1.1 ᠲᠦᠮᠡᠨ ᠲᠡᠷᠭᠡ ᠵᠣᠭᠰᠤᠭᠠᠬᠤ ᠪᠠᠶᠢᠷᠢ ᠨᠡᠮᠡᠭᠳᠡᠭᠦᠯᠵᠦ ᠂ 5 ᠪᠢᠴᠢᠯ ᠴᠡᠴᠡᠷᠯᠢᠭ ᠪᠠᠶᠢᠭᠤᠯᠤᠨ᠂ ᠰᠦᠮᠡᠲᠦ ᠵᠠᠮ᠂ ᠤᠯᠠᠭᠠᠨ ᠪᠠᠷᠠᠭᠤᠨ ᠵᠡᠭᠡᠯᠢ ᠵᠡᠷᠭᠡ ᠬᠤᠲᠠ ᠶᠢᠨ ᠶᠠᠪᠤᠳᠠᠯ ᠤᠨ ᠵᠠᠮ ᠢ ᠵᠠᠰᠠᠨ ᠲᠡᠷᠭᠡ ᠨᠡᠪᠲᠡᠷᠡᠭᠦᠯᠵᠦ᠂ ᠤᠮᠪᠠᠯᠲᠠ ᠶᠢᠨ ᠣᠷᠳᠣᠨ ᠵᠢᠴᠢ ᠫᠢᠩᠫᠠᠩ ᠪᠥᠮᠪᠦᠭᠡ ᠥᠳᠥᠨ ᠪᠥᠮᠪᠦᠭᠡ ᠶᠢᠨ ᠣᠷᠳᠣᠨ ᠵᠡᠷᠭᠡ ᠶᠢ ᠬᠡᠷᠡᠭᠯᠡᠯᠲᠡ ᠳᠤ ᠣᠷᠣᠭᠤᠯᠪᠠ᠃ ᠮᠠᠯᠵᠢᠬᠤ ᠲᠠᠷᠢᠶᠠᠯᠠᠬᠤ ᠣᠷᠣᠨ ᠤ ᠤᠰᠤᠨ ᠤ ᠬᠠᠩᠭᠠᠯᠭ᠎ᠠ ᠶᠢ ᠪᠠᠲᠤᠯᠠᠬᠤ ᠵᠡᠷᠭᠡ ᠢᠨᠵᠧᠨᠧᠷᠢᠩ ᠢ ᠬᠡᠷᠡᠭᠵᠢᠭᠦᠯᠦᠨ᠂ 760 ᠡᠷᠦᠬᠡ ᠶᠢᠨ ᠬᠤᠯᠠ ᠠᠴᠠ ᠤᠰᠤ ᠲᠠᠲᠠᠵᠤ ᠬᠡᠷᠡᠭᠯᠡᠬᠦ ᠠᠰᠠᠭᠤᠳᠠᠯ ᠢ ᠰᠢᠢᠳᠪᠦᠷᠢᠯᠡᠪᠡ᠃ ᠠᠩᠬᠠᠳᠠᠭᠴᠢ ︽ᠭᠤᠣᠯ ᠮᠦᠷᠡᠨ ᠢ ᠲᠤᠭᠤᠯᠤᠨ ᠳᠠᠯᠠᠢ ᠲᠠᠩᠬᠢᠰ ᠲᠤ ᠬᠦᠷᠬᠦ︾ ᠵᠠᠮ ᠤᠨ ᠨᠡᠭᠦᠷᠡᠰᠦᠨ ᠤ ᠪᠤᠰᠤ ᠪᠠᠷᠠᠭᠠᠨ ᠤ ᠲᠡᠭᠡᠭᠡᠪᠦᠷᠢ ᠶᠢᠨ ᠡᠭᠡᠯᠵᠢ ᠶᠢᠨ ᠭᠠᠯᠲᠤ ᠲᠡᠷᠭᠡ ᠶᠢ ᠠᠮᠵᠢᠯᠲᠠ ᠲᠠᠢ ᠨᠡᠪᠲᠡᠷᠡᠭᠦᠯᠵᠦ᠂ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠠᠶᠠᠯᠠᠯ ᠢᠶᠠᠨ ᠡᠬᠢᠯᠡᠭᠦᠯᠦᠨ᠂ ᠪᠤᠭᠤᠲᠤ ᠠᠴᠠ ᠢᠷᠭᠠᠢ ᠬᠦᠷᠬᠦ ᠳᠡᠭᠡᠳᠦ ᠬᠤᠷᠳᠤᠴᠠᠲᠤ ᠲᠡᠮᠦᠷ ᠵᠠᠮ ᠵᠠᠰᠠᠬᠤ ᠠᠵᠢᠯ ᠢ ᠡᠮᠬᠢ ᠳᠢᠭᠯᠢᠮ ᠲᠠᠢ ᠪᠠᠷ ᠠᠬᠢᠭᠤᠯᠵᠤ᠂ ᠴᠠᠪ ᠠᠴᠠ ᠲᠣᠤ ᠯᠧ ᠬᠦᠷᠬᠦ ᠵᠡᠷᠭᠡ 27 ᠵᠤᠷᠪᠤᠰ 424 ᠺᠢᠯᠣᠮᠧᠲᠷ ᠤᠨ ᠬᠥᠳᠡᠭᠡ ᠲᠣᠰᠬᠤᠨ ᠤ ᠵᠠᠮ ᠢ ᠰᠢᠨ᠎ᠡ ᠪᠠᠷ ᠵᠠᠰᠠᠬᠤ ᠪᠤᠶᠤ ᠥᠷᠭᠡᠳᠬᠡᠨ ᠵᠠᠰᠠᠵᠤ ᠭᠠᠴᠠᠭ᠎ᠠ ᠲᠣᠰᠬᠤᠨ ᠠᠶᠢᠯ ᠡᠷᠦᠬᠡ ᠳᠤ ᠨᠡᠪᠲᠡᠷᠡᠭᠦᠯᠦᠨ᠂ ᠤᠯᠤᠰ ᠤᠨ ︽ᠲᠦᠷᠪᠡᠨ ᠰᠠᠶᠢᠲᠠᠢ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠰᠢᠶᠠᠨ ᠢᠶᠠᠷ ᠦᠨᠡᠯᠡᠭᠳᠡᠪᠡ᠃ ᠪᠠᠯᠭᠠᠰᠤᠨ ᠲᠣᠭᠤᠷᠢᠭ ᠤᠨ 5G ᠳᠣᠬᠢᠶ᠎ᠠ ᠶᠢ ᠦᠨᠳᠦᠰᠦᠨ ᠳᠡᠭᠡᠨ ᠲᠦᠭᠡᠮᠡᠯᠵᠢᠭᠦᠯᠪᠡ᠃ 58 ᠲᠦᠮᠡᠨ ᠲᠡᠭᠰᠢ ᠳᠥᠷᠪᠡᠯᠵᠢᠨ ᠮᠧᠲᠷ ᠤᠨ ᠪᠠᠶᠢᠰᠢᠩ ᠤᠨ ᠲᠣᠭᠤᠷᠢᠭ ᠲᠤ ᠳᠤᠯᠠᠭᠠᠯᠠᠭ᠎ᠠ ᠬᠠᠩᠭᠠᠬᠤ ᠬᠤᠭᠤᠯᠠᠢ ᠶᠢ ᠰᠢᠨ᠎ᠡ ᠪᠠᠷ ᠳᠡᠪᠢᠰᠴᠦ᠂ ᠤᠯᠠᠭᠠᠨᠪᠠᠯᠭᠠᠰᠤ ᠶᠢᠨ ᠰᠠᠭᠤᠭᠠᠯᠢ ᠠᠷᠠᠳ ᠤᠨ ᠳᠤᠯᠠᠭᠠᠯᠠᠭ᠎ᠠ ᠬᠠᠩᠭᠠᠬᠤ ᠺᠣᠮᠫᠠᠨᠢ ᠶᠢ ᠤᠯᠤᠰ ᠤᠨ ᠥᠮᠴᠢᠯᠡᠯᠲᠦ ᠠᠵᠦ ᠠᠬᠤᠶᠢᠯᠠᠯ ᠳᠤ ᠬᠠᠮᠢᠶᠠᠷᠤᠭᠤᠯᠤᠨ᠂ ᠴᠢ ᠫᠠᠨ ᠵᠢᠩ ᠪᠠᠯᠭᠠᠰᠤᠨ ᠤ ᠳᠤᠯᠠᠭᠠᠯᠠᠭ᠎ᠠ ᠶᠢᠨ ᠢᠷᠡᠯᠲᠡ ᠶᠢ ᠥᠭᠡᠷᠡᠴᠢᠯᠡᠨ ᠰᠣᠯᠢᠬᠤ ᠠᠵᠢᠯ ᠢ ᠪᠡᠶᠡᠯᠡᠭᠦᠯᠪᠡ᠃      — — ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠪᠡ᠃ ᠠᠷᠠᠳ ᠤᠨ ᠠᠮᠢᠳᠤᠷᠠᠯ ᠤᠨ ᠵᠠᠷᠤᠯᠭ᠎ᠠ ᠨᠢ ᠡᠳ᠋ ᠤᠨ ᠵᠠᠰᠠᠭ ᠤᠨ ᠵᠠᠷᠤᠯᠭ᠎ᠠ ᠶᠢᠨ 80% ᠠᠴᠠ ᠳᠡᠭᠡᠭᠰᠢᠬᠢ ᠶᠢ ᠡᠵᠡᠯᠡᠪᠡ᠃ ᠬᠤᠲᠠ ᠪᠠᠯᠭᠠᠰᠤᠨ ᠤ 3662 ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠤᠯᠠᠭᠠᠨᠪᠠᠯᠭᠠᠰᠤ ᠶᠢᠨ ᠰᠤᠯᠠ ᠠᠵᠢᠯᠴᠢᠳ ᠤᠨ ᠵᠠᠬ᠎ᠠ ᠳᠡᠯᠭᠡᠭᠦᠷ ᠢ ᠪᠠᠶᠢᠭᠤᠯᠵᠤ ᠠᠰᠢᠭᠯᠠᠨ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠪᠤᠷᠢ ᠶᠢ ᠨᠢᠭᠡᠳᠦᠯᠲᠡᠢ ᠲᠥᠯᠥᠪᠵᠢᠭᠦᠯᠵᠦ᠂ ᠣᠨᠴᠠ ᠬᠦᠴᠢᠷᠳᠡᠯᠲᠡᠢ ᠬᠦᠮᠦᠰ ᠤᠨ ᠪᠠᠲᠤᠯᠠᠭ᠎ᠠ᠂ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ 10% ᠣᠷᠴᠢᠮ ᠨᠡᠮᠡᠭᠳᠡᠭᠦᠯᠦᠨ᠂ ᠳᠠᠬᠢᠨ ᠶᠠᠳᠠᠭᠤᠷᠠᠬᠤ ᠶᠢ ᠰᠡᠷᠭᠡᠶᠢᠯᠡᠵᠦ ᠬᠢᠨᠠᠨ ᠪᠠᠶᠢᠴᠠᠭᠠᠬᠤ ᠪᠠ ᠲᠥᠪᠯᠡᠷᠡᠭᠦᠯᠦᠨ ᠲᠡᠳᠬᠦᠬᠦ ᠠᠵᠢᠯ ᠢ ᠬᠥᠳᠡᠯᠦᠩᠭᠦᠢ ᠪᠠᠷ ᠥᠷᠨᠢᠭᠦᠯᠵᠦ᠂ 3 ᠲᠦᠮᠡᠨ ᠲᠣᠨ ᠣᠷᠴᠢᠮ ︽ᠳᠤᠯᠠᠭᠠᠯᠠᠭ᠎ᠠ ᠶᠢᠨ ᠨᠡᠭᠦᠷᠡᠰᠦ︾᠂ ︽ᠡᠩ ᠤᠨ ᠦᠨ᠎ᠡ ᠲᠠᠢ ᠨᠡᠭᠦᠷᠡᠰᠦ︾ ᠬᠤᠪᠢᠶᠠᠨ᠂ ᠣᠯᠠᠨ ᠲᠦᠮᠡᠨ ᠤ ᠳᠤᠯᠠᠭᠠᠯᠠᠭ᠎ᠠ ᠶᠢᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ ᠨᠡᠶᠢᠭᠡᠮ ᠤᠨ ᠠᠵᠢᠯ ᠤᠨ ᠲᠣᠭᠲᠠᠯᠴᠠᠭ᠎ᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠨᠠᠰᠤᠲᠠᠶᠢᠴᠤᠳ ᠲᠤ ᠲᠤᠰᠠᠯᠠᠬᠤ ᠬᠤᠭᠤᠯᠠᠨ ᠭᠡᠷ ᠢ 10 ᠪᠠᠶᠢᠭᠤᠯᠵᠤ ᠡᠵᠡᠩᠨᠡᠭᠦᠯᠦᠨ᠂ ᠨᠡᠶᠢᠭᠡᠮ ᠲᠣᠭᠤᠷᠢᠭ ᠤᠨ ᠨᠠᠰᠤᠲᠠᠨ ᠢ ᠠᠰᠠᠷᠠᠬᠤ ᠦᠢᠯᠡᠴᠢᠯᠡᠭᠡᠨ ᠤ ᠥᠷᠲᠡᠭᠡ ᠶᠢ ᠨᠡᠶᠢᠳᠡᠮ ᠪᠠᠶᠢᠭᠤᠯᠤᠭᠰᠠᠨ ᠨᠣᠷᠮ᠎ᠠ 100% ᠳᠤ ᠬᠦᠷᠪᠡ᠃ ᠨᠡᠶᠢᠭᠡᠮ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠵᠦ᠂ ᠠᠷᠵᠠᠢ ᠠᠭᠤᠢ ᠶᠢᠨ ᠬᠠᠨ᠎ᠠ ᠶᠢᠨ ᠵᠢᠷᠤᠭ ᠤᠨ ᠨᠢᠭᠡᠳᠦᠭᠡᠷ ᠬᠤᠭᠤᠴᠠᠭᠠᠨ ᠤ ᠰᠡᠯᠪᠢᠨ ᠵᠠᠰᠠᠯᠲᠠ᠂ ᠸᠠᠩ ᠤᠨ ᠣᠷᠳᠣᠨ ᠤ ᠮᠦᠽᠧᠢ ᠶᠢᠨ ᠦᠵᠡᠭᠦᠯᠭᠡ ᠶᠢ ᠳᠠᠭᠤᠰᠬᠠᠨ᠂ ︽ᠣᠷᠳᠣᠰ ᠨᠠᠶᠢᠷ ᠳᠠᠭᠤᠤ ᠬᠥᠭᠵᠢᠮ ᠤᠨ ᠦᠳᠡᠰᠢᠯᠡᠭᠡ︾ ᠵᠡᠷᠭᠡ ᠲᠣᠮᠣ ᠬᠡᠯᠪᠡᠷᠢ ᠶᠢᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ 200 ᠭᠠᠷᠤᠢ ᠤᠳᠠᠭ᠎ᠠ ᠥᠷᠨᠢᠭᠦᠯᠪᠡ᠃ ᠰᠤᠷᠭᠠᠨ ᠬᠥᠮᠦᠵᠢᠯ ᠤᠨ ᠵᠠᠷᠤᠯᠭ᠎ᠠ 9 ᠳ᠋ᠦᠩᠰᠢᠭᠤᠷ ᠰᠢᠬᠠᠮ ᠲᠥᠭᠦᠷᠢᠭ ᠬᠦᠷᠴᠦ᠂ 6 ᠲᠦᠮᠡᠨ ᠲᠡᠭᠰᠢ ᠳᠥᠷᠪᠡᠯᠵᠢᠨ ᠮᠧᠲᠷ ᠤᠨ ᠰᠤᠷᠭᠠᠭᠤᠯᠢ ᠶᠢᠨ ᠪᠠᠶᠢᠷᠢ ᠶᠢ ᠰᠢᠨ᠎ᠡ ᠪᠠᠷ ᠵᠠᠰᠠᠬᠤ ᠪᠤᠶᠤ ᠥᠷᠭᠡᠳᠬᠡᠵᠦ ᠵᠠᠰᠠᠨ᠂ ᠬᠤᠰᠢᠭᠤᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠬᠢᠭᠡᠳ ᠴᠢᠩᠬᠤᠸᠠ ᠶᠡᠭᠡ ᠰᠤᠷᠭᠠᠭᠤᠯᠢ ᠬᠠᠮᠲᠤᠷᠠᠨ ᠰᠤᠷᠭᠠᠭᠤᠯᠢ ᠡᠷᠭᠢᠯᠡᠵᠦ᠂ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠤᠨ ᠰᠢᠯᠭᠠᠨ ᠪᠠᠶᠢᠴᠠᠭᠠᠯᠲᠠ᠂ ᠠᠩᠬ᠎ᠠ ᠳᠤᠮᠳᠠᠳᠤ ᠶᠢᠨ ᠰᠢᠯᠭᠠᠯᠲᠠ ᠪᠠᠷ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠨᠢᠭᠡᠳᠦᠯᠲᠡᠢ ᠡᠯᠰᠡᠯᠲᠡ ᠳᠤ ᠣᠷᠣᠭᠰᠠᠨ ᠨᠣᠷᠮ᠎ᠠ ᠴᠥᠮ ᠪᠥᠬᠦ ᠬᠤᠲᠠ ᠶᠢᠨ ᠬᠤᠶᠠᠳᠤᠭᠠᠷ ᠲᠤ ᠵᠢᠭᠰᠠᠭᠠᠭᠳᠠᠨ᠂  ︽ᠬᠤᠶᠠᠷ ᠵᠢᠯ ᠳᠤ ᠰᠠᠭᠤᠷᠢ ᠶᠢ ᠪᠠᠲᠤᠳᠬᠠᠬᠤ︾ ᠠᠵᠢᠯ ᠢᠯᠡᠳᠲᠡ ᠠᠮᠵᠢᠯᠲᠠ ᠣᠯᠪᠠ᠃ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠲᠥᠪ ᠤᠨ ᠶᠡᠷᠦᠩᠬᠡᠶᠢᠯᠡᠭᠰᠡᠨ ᠠᠰᠠᠷ ᠢ ᠪᠠᠶᠢᠭᠤᠯᠵᠤ ᠠᠰᠢᠭᠯᠠᠨ᠂ ᠡᠮᠴᠢᠯᠡᠭᠡᠨ ᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠢ 32 ᠣᠷᠣᠭᠤᠯᠤᠨ ᠠᠪᠴᠢᠷᠠᠵᠤ᠂ ᠵᠢᠷᠦᠬᠡ ᠲᠠᠷᠢᠬᠢᠨ ᠤ ᠴᠢᠰᠤᠨ ᠰᠤᠳᠠᠯ ᠢ ᠨᠡᠪᠲᠡᠷᠡᠭᠦᠯᠬᠦ᠂ ᠴᠢᠰᠤ ᠨᠡᠪᠴᠢᠭᠡᠬᠦ ᠵᠡᠷᠭᠡ ᠭᠤᠣᠯᠳᠠᠯᠭ᠎ᠠ ᠲᠠᠢ ᠰᠠᠯᠠᠭ᠎ᠠ ᠲᠠᠰᠤᠭ ᠢ ᠰᠢᠨ᠎ᠡ ᠪᠠᠷ 8 ᠨᠡᠮᠡᠭᠳᠡᠭᠦᠯᠦᠨ᠂ ᠪᠥᠬᠦ ᠣᠷᠣᠨ ᠤ ᠠᠩᠬᠠᠳᠠᠭᠴᠢ ᠬᠤᠰᠢᠭᠤ ᠰᠢᠶᠠᠨ ᠤ ᠱᠠᠲᠤᠨ ᠤ ᠮᠣᠩᠭᠤᠯ ᠡᠮᠨᠡᠯᠭᠡ ᠶᠢᠨ ᠶᠠᠰᠤᠨ ᠤ ᠬᠡᠮᠲᠦᠯ ᠤᠨ            ︽ᠲᠣᠭᠠᠴᠢᠯᠠᠭᠰᠠᠨ ᠠᠨᠠᠭᠠᠬᠤ ᠤᠬᠠᠭᠠᠨ︾ ᠤ ᠰᠢᠨ᠎ᠡ ᠶᠢ ᠡᠭᠦᠳᠬᠦ ᠪᠠ ᠡᠮᠴᠢᠯᠡᠭᠡᠨ ᠤ ᠦᠷ᠎ᠡ ᠪᠦᠲᠦᠭᠡᠯ ᠢ ᠤᠯᠠᠷᠢᠭᠤᠯᠬᠤ ᠲᠥᠪ ᠢ ᠪᠠᠶᠢᠭᠤᠯᠵᠤ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢᠨ ᠳᠠᠬᠢᠨ ᠬᠢᠨᠠᠯᠲᠠ ᠶᠢ ᠠᠮᠵᠢᠯᠲᠠᠲᠠᠢ ᠥᠩᠭᠡᠷᠡᠭᠡᠪᠡ᠃       — — ᠬᠥᠭᠵᠢᠯᠲᠡ ᠶᠢᠨ ᠠᠮᠤᠷ ᠲᠦᠪᠰᠢᠨ ᠢ ᠲᠣᠭᠲᠠᠪᠤᠷᠢᠵᠢᠭᠤᠯᠵᠤ ᠪᠠᠲᠤᠯᠠᠪᠠ᠃ ᠠᠶᠤᠯ ᠦᠭᠡᠢ ᠦᠢᠯᠡᠳᠪᠦᠷᠢᠯᠡᠯ ᠤᠨ ᠲᠤᠰᠬᠠᠢ ᠠᠵᠢᠯᠯᠠᠭ᠎ᠠ ᠶᠢ 13 ᠤᠳᠠᠭ᠎ᠠ ᠥᠷᠨᠢᠭᠦᠯᠵᠦ᠂ ᠶᠡᠷᠦᠩᠬᠡᠢ ᠳᠡᠭᠡᠨ ᠠᠮᠤᠷ ᠲᠦᠪᠰᠢᠨ ᠲᠣᠭᠲᠠᠭᠤᠨ ᠪᠠᠶᠢᠬᠤ ᠶᠢ ᠪᠠᠲᠤᠯᠠᠪᠠ᠃ ︽ᠳ᠋ᠦᠸᠧ ᠳ᠋ᠦᠸᠧ ᠫᠢᠡᠭ︾ ᠤᠨ ᠬᠡᠷᠡᠭᠯᠡᠭᠡ ᠶᠢ ᠨᠡᠩ ᠥᠷᠭᠡᠳᠬᠡᠵᠦ᠂ ︽ᠮᠢᠩᠭᠠᠨ ᠭᠠᠵᠠᠷ ᠤᠨ ᠠᠮᠤᠭᠤᠯᠠᠩ ᠲᠠᠯ᠎ᠠ ᠨᠤᠲᠤᠭ︾ ᠠᠵᠢᠯᠯᠠᠬᠤ ᠠᠷᠭ᠎ᠠ ᠨᠢ ᠪᠦᠬᠦ ᠣᠷᠣᠨ ᠤ ᠰᠢᠨ᠎ᠡ ᠴᠠᠭ ᠦᠶ᠎ᠡ ᠶᠢᠨ ︽ᠹᠸᠡᠭ ᠴᠢᠶᠣᠣ  ᠶᠢᠨ ᠲᠤᠷᠰᠢᠯᠭ᠎ᠠ︾ ᠶᠢᠨ ᠲᠡᠷᠢᠭᠦᠨ ᠤ ᠨᠡᠶᠢᠲᠡᠯᠢᠭ ᠵᠢᠱᠢᠶ᠎ᠡ ᠪᠠᠷ ᠦᠨᠡᠯᠡᠭᠳᠡᠪᠡ᠃ ᠲᠣᠮᠣ ᠬᠡᠯᠪᠡᠷᠢ ᠶᠢᠨ ᠠᠵᠤ ᠠᠬᠤᠶᠢᠯᠠᠯ ᠢ ᠬᠠᠪᠰᠤᠷᠤᠨ ᠥᠷᠢ ᠥᠭᠴᠡᠭᠡᠨ ᠤ ᠬᠢᠮᠤᠷᠠᠯ ᠢ ᠨᠢ ᠪᠦᠲᠦᠮᠵᠢᠲᠡᠶ ᠰᠢᠢᠳᠪᠦᠷᠢᠯᠡᠵᠦ᠂ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠰᠢᠶᠠᠨ ᠢ ᠪᠦᠲᠦᠭᠡᠨ ᠪᠠᠶᠢᠭᠤᠯᠬᠤ ᠲᠤᠷᠰᠢᠯᠲᠠ ᠶᠢᠨ ᠰᠢᠶᠠᠨ ᠢᠶᠠᠷ ᠰᠣᠩᠭᠤᠭᠳᠠᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠥᠬᠦ ᠲᠠᠯ᠎ᠠ ᠪᠠᠷ ᠪᠠᠲᠤ ᠴᠣᠭᠴᠠᠯᠠᠵᠤ᠂ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠬᠤᠲᠠ ᠶᠢᠨ ᠲᠠᠰ ᠤᠨ ᠠᠩᠬᠠᠨ ᠤ ᠰᠢᠯᠭᠠᠷᠠᠭᠤᠯᠤᠯᠲᠠ ᠶᠢ ᠠᠮᠵᠢᠯᠲᠠᠲᠠᠢ ᠥᠩᠭᠡᠷᠡᠭᠡᠪᠡ᠃ ᠠᠮᠤᠷ ᠢ ᠬᠠᠮᠠᠭᠠᠯᠠᠬᠤ ᠬᠡᠷᠡᠭ ᠪᠠ ᠡᠷᠡᠭᠦᠦ ᠶᠢᠨ ᠬᠡᠷᠡᠭ ᠤᠨ ᠲᠤᠭ᠎ᠠ ᠴᠥᠮ ᠴᠥᠭᠡᠷᠡᠵᠦ ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠡᠷᠡᠭ ᠤᠨ ᠲᠤᠭ᠎ᠠ ᠨᠠᠢᠮᠠᠨ ᠬᠤᠪᠢ ᠪᠠᠷ ᠪᠠᠭᠤᠷᠠᠨ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠶᠡᠭᠡ ᠠᠩᠭᠢ ᠪᠥᠬᠦ ᠤᠯᠤᠰ ᠤᠨ ᠠᠩᠬᠠᠳᠠᠭᠴᠢ ᠪᠦᠯᠦᠭ ︽ᠬᠤᠶᠠᠷ ᠣᠳᠣᠨ ᠲᠠᠰ ᠤᠨ ᠪᠥᠬᠦ ᠤᠯᠤᠰ ᠤᠨ ᠵᠠᠯᠠᠭᠤᠴᠤᠳ ᠤᠨ ᠪᠣᠯᠪᠠᠰᠤᠨ ᠨᠡᠷᠡᠮᠵᠢᠲᠦ︾ ᠪᠠᠷ ᠰᠣᠩᠭᠤᠭᠳᠠᠵᠤ᠂ ᠰᠦᠮᠡᠲᠦ ᠲᠣᠮᠢᠯᠠᠭᠰᠠᠨ ᠰᠠᠯᠪᠤᠷᠢ ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠣᠪᠣᠶᠢᠮ᠎ᠠ ᠠᠮᠵᠢᠯᠲᠠ ᠣᠯᠣᠭᠰᠠᠨ ᠬᠠᠮᠲᠤ ᠨᠡᠶᠢᠲᠡ ᠪᠠᠷ ᠦᠨᠡᠯᠡᠭᠳᠡᠪᠡ᠃      ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ᠂ ᠴᠡᠷᠢᠭ ᠤᠨ ᠠᠯᠪᠠ ᠠᠴᠠ ᠬᠠᠯᠠᠭᠳᠠᠭᠰᠠᠳ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠭᠠᠵᠠᠷ ᠬᠥᠳᠡᠯᠦᠯᠲᠡ ᠴᠠᠭ ᠠᠭᠤᠷ᠂ ᠨᠡᠶᠢᠭᠡᠮ ᠤᠨ ᠰᠢᠨᠵᠢᠯᠡᠬᠦ ᠤᠬᠠᠭᠠᠨ᠂ ᠳᠠᠩᠰᠠ ᠡᠪᠬᠡᠮᠡᠯ ᠲᠡᠦᠬᠡ ᠣᠶᠢᠯᠠᠯᠭ᠎ᠠ᠂ ᠭᠠᠳᠠᠭᠠᠳᠤ ᠶᠠᠪᠤᠳᠠᠯ ᠬᠠᠷᠢᠶᠠᠲᠤ ᠨᠠᠷ ᠤᠨ ᠶᠠᠪᠤᠳᠠᠯ ᠵᠡᠷᠭᠡ ᠠᠵᠢᠯ ᠰᠢᠨ᠎ᠡ ᠠᠮᠵᠢᠯᠲᠠ ᠣᠯᠵᠦ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠵᠡᠮᠳᠡᠭᠴᠦᠳ ᠪᠠ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠡᠷᠭᠡ ᠠᠵᠢᠯ ᠰᠢᠨ᠎ᠡ ᠳᠠᠪᠰᠢᠯᠲᠠ ᠲᠠᠢ ᠪᠣᠯᠪᠠ᠃      ᠨᠢᠭᠡ ᠵᠢᠯ ᠤᠨ ᠲᠤᠷᠰᠢ᠂ ᠪᠢᠳᠡ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠵᠤ᠂ ᠰᠢ ᠶᠢᠨ ᠫᠢᠡᠭ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠣᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠪᠠᠲᠤᠲᠠᠢ ᠥᠷᠨᠢᠭᠦᠯᠦᠨ᠂ ︽ᠨᠢᠭᠡᠳᠦᠭᠡᠷ ᠵᠥᠪᠯᠡᠬᠦ ᠰᠡᠳᠦᠪ︾ ᠤᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ ᠤᠯᠠᠮᠵᠢᠯᠠᠯ ᠢ ᠭᠦᠨᠵᠡᠭᠡᠢ ᠦᠢᠯᠡᠳᠦᠯᠭᠡᠵᠢᠭᠦᠯᠦᠨ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ᠂ ᠬᠠᠲᠤᠨ ᠭᠤᠣᠯ ᠤᠨ ᠰᠠᠪᠠ ᠭᠠᠵᠠᠷ ᠤᠨ ᠰᠡᠷᠡᠮᠵᠢᠯᠡᠭᠦᠯᠦᠯ ᠤᠨ ᠹᠢᠯᠢᠮ ᠳᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠦᠬᠦᠨ ᠢ ᠪᠡᠶᠡᠯᠡᠭᠦᠯᠵᠦ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠵᠥᠷᠢᠴᠡᠭᠰᠡᠨ ᠠᠰᠠᠭᠤᠳᠠᠯ ᠢ ᠪᠠᠶᠢᠩᠭᠤ ᠵᠠᠰᠠᠬᠤ ᠠᠵᠢᠯ ᠰᠢᠪᠲᠤᠷᠭᠠᠨ ᠤ ᠱᠠᠲᠤᠨ ᠳᠤ ᠣᠷᠣᠨ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠪᠡ᠃ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠭᠦᠨᠵᠡᠭᠡᠢ ᠠᠬᠢᠭᠤᠯᠵᠤ᠂ ᠵᠠᠰᠠᠭ ᠵᠠᠬᠢᠷᠭᠠᠨ ᠤ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠨᠤᠷᠮ᠎ᠠ ᠶᠢ 100% ᠪᠠᠷ ᠪᠠᠲᠤᠯᠠᠪᠠ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠡᠷᠴᠢᠮᠲᠡᠢ ᠴᠢᠩᠭᠠᠳᠬᠠᠵᠤ᠂ ︽ᠭᠤᠷᠪᠠᠨ ᠣᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠂ ᠠᠯᠪᠠᠨ ᠤ ︽ᠭᠤᠷᠪᠠᠨ ᠵᠠᠷᠤᠳᠠᠯ︾ ᠤᠨ ᠨᠡᠮᠡᠭᠳᠡᠯ ᠢ ᠦᠷᠭᠦᠯᠵᠢᠯᠡᠨ ᠬᠤᠷᠢᠭᠯᠠᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠵᠣᠬᠢᠰᠲᠠᠢ ᠬᠡᠪᠴᠢᠶᠡᠨ ᠳᠣᠲᠣᠷ᠎ᠠ ᠪᠠᠶᠢᠯᠭᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠨ ᠤ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ᠂ ᠵᠠᠰᠠᠭ ᠵᠠᠬᠢᠷᠭᠠᠨ ᠤ ᠬᠢᠨᠠᠨ ᠪᠣᠳᠣᠯᠲᠠ ᠶᠢᠨ ᠬᠢᠨᠠᠯᠲᠠ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ 87 ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ 91 ᠵᠥᠪᠯᠡᠯᠭᠡ ᠶᠢ ᠪᠦᠬᠦᠨ ᠢ ᠰᠢᠢᠳᠪᠦᠷᠢᠯᠡᠵᠦ ᠳᠠᠭᠤᠰᠬᠠᠪᠠ᠃      ᠲᠥᠯᠥᠭᠡᠯᠡᠭᠴᠢᠳ ᠠ᠋᠂ ᠬᠠᠪᠤᠷ ᠲᠠᠷᠢᠪᠠᠰᠤ ᠨᠠᠮᠤᠷ ᠬᠤᠷᠢᠶᠠᠵᠤ᠂ ᠬᠠᠲᠠᠭᠤᠵᠢᠯᠲᠠᠢ ᠴᠢᠷᠮᠠᠶᠢᠪᠠᠰᠤ ᠠᠮᠵᠢᠯᠲᠠ ᠣᠯᠣᠮᠤᠢ᠃ ᠬᠦᠴᠢᠷ ᠪᠡᠷᠬᠡᠰᠢᠶᠡᠯ ᠢ ᠲᠤᠭᠤᠯᠤᠨ ᠣᠯᠣᠭᠰᠠᠨ ᠬᠥᠭᠵᠢᠯᠲᠡ ᠬᠢᠯᠪᠡᠷ ᠪᠤᠰᠤ᠂ ᠬᠦᠨᠳᠦ ᠳᠠᠷᠤᠭᠠᠰᠤ ᠶᠢ ᠳᠠᠭᠠᠭᠠᠵᠤ ᠭᠠᠷᠤᠭᠰᠠᠨ ᠠᠮᠵᠢᠯᠲᠠ ᠡᠷᠬᠢᠮ ᠨᠠᠨᠳᠢᠨ ᠶᠤᠮ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠠᠶᠠᠨ ᠢ ᠵᠠᠮᠴᠢᠯᠠᠵᠤ᠂ ᠰᠡᠳᠬᠢᠯ ᠢ ᠨᠢᠭᠡᠳᠬᠡᠨ ᠰᠦᠭ ᠰᠦᠨᠡᠰᠦ ᠶᠢ ᠱᠤᠭᠤᠵᠦ᠂ ᠪᠢᠳᠠᠨ ᠤ ᠡᠯ᠎ᠡ ᠲᠥᠷᠥᠯ ᠤᠨ ᠦᠢᠯᠡᠰ ᠤᠨ ᠤᠷᠤᠭᠰᠢᠯᠠᠬᠤ ᠴᠢᠭᠯᠡᠯ ᠢ ᠵᠢᠯᠣᠭᠤᠳᠪᠠ︔ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠴᠢᠩᠭ᠎ᠠ ᠤᠳᠤᠷᠢᠳᠴᠤ᠂ ᠲᠣᠳᠣᠨᠤ ᠬᠠᠯᠠᠮᠵᠢᠯᠠᠨ᠂ ᠪᠢᠳᠠᠨ ᠤ ᠲᠡᠷᠢᠭᠦᠨ ᠳᠤ ᠣᠷᠣᠬᠤ ᠪᠠᠷ ᠲᠡᠮᠡᠦᠯᠦᠨ ᠴᠢᠷᠮᠠᠶᠢᠬᠤ ᠢᠲᠡᠭᠡᠯ ᠵᠣᠷᠢᠭ ᠢ ᠬᠥᠪᠴᠢᠯᠡᠪᠡ︔ ᠬᠤᠰᠢᠭᠤᠨ ᠤ ᠨᠠᠮ ᠤᠨ ᠬᠤᠷᠢᠶ᠎ᠠ ᠪᠥᠬᠦ ᠲᠠᠯ᠎ᠠ ᠶᠢ ᠶᠡᠷᠦᠩᠬᠡᠶᠢᠯᠡᠨ ᠵᠠᠬᠢᠷᠴᠤ᠂ ᠡᠯ᠎ᠡ ᠲᠠᠯ᠎ᠠ ᠶᠢᠨ ᠬᠢᠨ ᠢ ᠵᠣᠬᠢᠴᠠᠭᠤᠯᠤᠨ᠂ ᠪᠢᠳᠠᠨ ᠤ ᠰᠡᠳᠬᠢᠯ ᠨᠢᠭᠡᠳᠴᠦ ᠬᠦᠴᠦ ᠪᠠᠨ ᠬᠠᠮᠲᠤᠳᠬᠠᠬᠤ ᠰᠦᠷ ᠬᠦᠴᠦᠨ ᠢ ᠨᠢᠭᠲᠠᠷᠠᠭᠤᠯᠪᠠ︔ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠬᠦᠴᠦᠲᠡᠢ ᠳᠡᠮᠵᠢᠵᠦ᠂ ᠪᠦᠲᠦᠮᠵᠢᠲᠡᠶ ᠬᠢᠨᠠᠯᠲᠠ ᠲᠠᠯᠪᠢᠨ᠂ ᠪᠢᠳᠠᠨ ᠤ ᠡᠷᠡᠮᠡᠬᠡᠶᠢᠯᠡᠨ ᠤᠷᠤᠭᠰᠢᠯᠠᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠦᠷᠢᠯᠳᠦᠭᠦᠯᠪᠡ︔ ᠪᠥᠬᠦ ᠬᠤᠰᠢᠭᠤᠨ ᠤ ᠺᠠᠳ᠋ᠷ ᠣᠯᠠᠨ ᠲᠦᠮᠡᠨ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠰᠡᠳᠬᠢᠯ ᠨᠢᠭᠡᠳᠦᠨ᠂ ᠪᠦᠯᠬᠦᠮᠳᠡᠨ ᠲᠡᠮᠡᠴᠡᠵᠦ᠂ ᠣᠲᠤᠭ ᠤᠨ ᠨᠡᠶᠢᠭᠡᠮ ᠵᠢᠷᠤᠮᠲᠤ ᠣᠳᠣᠬᠢᠴᠢᠯᠠᠯᠲᠠ ᠶᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠬᠠᠭᠤᠳᠠᠰᠤ ᠶᠢ ᠪᠢᠴᠢᠭᠯᠡᠪᠡ᠃ ᠠᠳᠡ᠂ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ᠂ ᠣᠲᠤᠭ ᠤᠨ ᠥᠭᠡᠷᠡᠴᠢᠯᠡᠯᠲᠡ ᠬᠥᠭᠵᠢᠭᠦᠯᠦᠯᠲᠡ ᠳᠤ ᠣᠶᠤᠨ ᠤᠬᠠᠭᠠᠨ ᠬᠦᠴᠦᠨ ᠴᠢᠳᠠᠯ ᠢᠶᠠᠨ ᠡᠷᠭᠦᠭᠰᠡᠨ ᠪᠦᠬᠦ ᠬᠤᠰᠢᠭᠤᠨ ᠤ ᠠᠷᠠᠳ ᠲᠦᠮᠡᠨ ᠪᠣᠯᠣᠨ ᠨᠡᠶᠢᠭᠡᠮ ᠤᠨ ᠡᠯ᠎ᠡ ᠲᠠᠯ᠎ᠠ ᠶᠢᠨ ᠬᠢᠨ ᠳᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕      ᠲᠥᠯᠥᠭᠡᠯᠡᠭᠴᠢᠳ ᠠ᠋︕ ᠬᠦᠷᠦᠯᠴᠡᠬᠦ ᠦᠭᠡᠢ ᠲᠠᠯ᠎ᠠ ᠪᠠᠨ ᠣᠯᠵᠤ ᠬᠠᠷᠠᠨ᠂ ᠬᠦᠴᠦᠯᠡᠨ ᠴᠢᠷᠮᠠᠶᠢᠪᠠᠰᠤ ᠰᠠᠶ᠋ᠢ ᠬᠦᠰᠡᠯ ᠵᠣᠷᠢᠯᠲᠠ ᠪᠠᠨ ᠪᠡᠶᠡᠯᠡᠭᠦᠯᠵᠦ ᠴᠢᠳᠠᠨ᠎ᠠ᠃ ᠣᠲᠤᠭ ᠤᠨ ᠠᠵᠦ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠪᠠᠰᠠ ᠴᠥᠭᠡᠨ ᠪᠤᠰᠤ ᠬᠦᠴᠢᠷᠳᠡᠯ ᠪᠠ ᠥᠷᠢᠰᠦᠯᠳᠦᠭᠡᠨ ᠲᠤᠯᠭᠠᠷᠠᠵᠤ ᠪᠠᠶᠢᠬᠤ ᠶᠢ ᠪᠢᠳᠡ ᠰᠡᠷᠭᠡᠭ ᠢᠶᠠᠷ ᠲᠠᠨᠢᠵᠤ ᠮᠡᠳᠡᠪᠡ᠄ ᠲᠣᠭᠲᠠᠭᠤᠨ ᠢᠶᠠᠷ ᠤᠷᠤᠭᠰᠢᠯᠠᠭᠤᠯᠵᠤ ᠴᠢᠨᠠᠷ ᠢ ᠳᠡᠭᠡᠭᠰᠢᠯᠡᠭᠦᠯᠬᠦ ᠰᠠᠭᠤᠷᠢ ᠬᠠᠷᠠᠬᠠᠨ ᠪᠠᠬᠢᠵᠢᠭᠡᠳᠦᠢ᠂ ᠠᠵᠤ ᠦᠢᠯᠡᠰ ᠤᠨ ᠬᠡᠯᠬᠢᠶ᠎ᠡ ᠬᠢᠭᠡᠳ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠴᠢᠩᠭ᠎ᠠ ᠪᠤᠰᠤ᠂ ᠲᠤᠯᠭᠠᠭᠤᠷᠢᠯᠠᠬᠤ ᠴᠢᠨᠠᠷᠲᠠᠢ ᠲᠣᠮᠣ ᠠᠵᠤ ᠠᠬᠤᠶᠢᠯᠠᠯ ᠲᠣᠮᠣ ᠲᠦᠷᠦᠯ ᠵᠦᠢᠯ ᠲᠣᠮᠣ ᠲᠠᠪᠴᠠᠩ ᠴᠥᠭᠡᠨ᠂ ᠬᠡᠯᠪᠡᠷᠢ ᠪᠠᠨ ᠬᠤᠪᠢᠷᠠᠭᠤᠯᠬᠤ ᠬᠥᠭᠵᠢᠯᠲᠡ ᠶᠢ ᠤᠯᠠᠮ ᠲᠦᠷᠭᠡᠳᠬᠡᠬᠦ ᠴᠢᠬᠤᠯᠠᠲᠠᠢ ᠪᠠᠶᠢᠨ᠎ᠠ︔ ᠬᠤᠲᠠ ᠪᠠᠯᠭᠠᠰᠤ ᠶᠢᠨ ᠴᠢᠨᠠᠷ ᠲᠡᠰ ᠳᠣᠣᠷ᠎ᠠ᠂ ᠣᠯᠠᠨ ᠨᠡᠶᠢᠲᠡ ᠶᠢᠨ ᠦᠢᠯᠡᠴᠢᠯᠡᠭᠡ ᠶᠢᠨ ᠬᠠᠩᠭᠠᠯᠭ᠎ᠠ ᠰᠢᠯᠢᠳᠡᠭ ᠪᠤᠰᠤ᠂ ᠤᠯᠠᠭᠠᠨᠪᠠᠯᠭᠠᠰᠤ ᠶᠢᠨ ᠭᠤᠣᠯ ᠴᠢᠳᠠᠮᠵᠢ ᠪᠠᠭᠤᠷᠠᠢ᠂ ᠴᠢ ᠫᠠᠠ ᠵᠢᠩ ᠪᠠᠯᠭᠠᠰᠤ ᠶᠢᠨ ᠠᠵᠦ ᠦᠢᠯᠡᠰ ᠪᠣᠯᠣᠨ ᠬᠤᠲᠠ ᠶᠢᠨ ᠵᠥᠷᠢᠴᠡᠯ ᠲᠣᠪᠣᠶᠢᠮ᠎ᠠ᠂ ᠬᠤᠲᠠ ᠬᠥᠳᠡᠭᠡ ᠶᠢᠨ ᠠᠭᠤᠰᠤᠯᠴᠠᠯ ᠢ ᠪᠠᠰᠠ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠢ ᠪᠠᠶᠢᠨ᠎ᠠ︔ ᠠᠮᠤᠷ ᠲᠦᠪᠰᠢᠨ ᠤ ᠬᠦᠷᠢᠶᠡᠨ ᠳᠤ ᠮᠥᠨ ᠴᠥᠭᠡᠨ ᠪᠤᠰᠤ ᠠᠶᠤᠯ ᠲᠦᠭᠰᠢᠭᠦᠷᠢ ᠶᠢᠨ ᠳᠠᠯᠳᠠ ᠭᠡᠮ ᠣᠷᠣᠰᠢᠨ᠂ ᠦᠨᠳᠦᠰᠦᠨ ᠱᠠᠲᠤᠨ ᠤ ᠵᠠᠰᠠᠯᠲᠠ ᠳᠤ ᠣᠯᠠᠨ ᠪᠠᠭᠤᠷᠠᠢ ᠭᠤᠭᠴᠤᠭ᠎ᠠ ᠪᠠᠶᠢᠵᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠᠲᠠᠢ᠂ ᠠᠮᠢ ᠠᠬᠤᠢ ᠣᠷᠴᠢᠨ ᠲᠣᠭᠤᠷᠢᠨ ᠤ ᠳᠠᠭᠠᠭᠠᠬᠤ ᠴᠢᠳᠠᠪᠤᠷᠢ ᠳᠣᠣᠷ᠎ᠠ᠂ ᠬᠥᠭᠵᠢᠯᠲᠡ ᠪᠣᠯᠣᠨ ᠠᠮᠤᠷ ᠲᠦᠪᠰᠢᠨ ᠢ ᠪᠠᠰᠠ ᠤᠯᠠᠮ ᠴᠢᠨᠠᠭᠰᠢᠳᠠ ᠨᠢᠭᠡᠳᠦᠯᠲᠡᠢ ᠲᠥᠯᠥᠪᠵᠢᠭᠦᠯᠬᠦ ᠴᠢᠬᠤᠯᠠᠲᠠᠢ ᠪᠠᠶᠢᠨ᠎ᠠ᠃ ᠡᠶᠢᠮᠦ ᠠᠴᠠ ᠪᠢᠳᠡ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠵᠠᠷᠴᠢᠮ ᠢ ᠪᠠᠷᠢᠮᠲᠠᠯᠠᠨ᠂ ᠬᠦᠴᠦᠲᠡᠢ ᠠᠷᠭ᠎ᠠ ᠬᠡᠮᠵᠢᠶ᠎ᠡ ᠠᠪᠴᠤ᠂ ᠨᠠᠷᠢᠨ ᠬᠢᠨᠠᠮᠠᠭᠠᠢ ᠰᠢᠢᠳᠪᠦᠷᠢᠯᠡᠨ᠎ᠡ᠃      ᠬᠤᠶᠠᠷ᠂ 2024 ᠣᠨ ᠤ ᠠᠵᠢᠯ ᠤᠨ ᠲᠣᠬᠢᠷᠠᠭᠤᠯᠭ᠎ᠠ      2024 ᠣᠨ ᠪᠣᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠮᠥᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠃ ᠬᠤᠰᠢᠭᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠤᠳᠠᠭᠠᠨ ᠤ ᠪᠦᠭᠦᠳᠡ ᠬᠤᠷᠠᠯ ᠵᠢᠴᠢ ᠪᠦᠬᠦ ᠬᠤᠰᠢᠭᠤᠨ ᠤ ᠠᠵᠦ ᠠᠬᠤᠢ ᠶᠢᠨ ᠠᠵᠢᠯ ᠤᠨ ᠬᠤᠷᠠᠯ ᠤᠨ ᠲᠣᠬᠢᠷᠠᠭᠤᠯᠭ᠎ᠠ ᠶᠣᠰᠣᠭᠠᠷ᠂ ᠵᠠᠰᠠᠭ ᠤᠨ ᠣᠷᠳᠣᠨ ᠤ ᠠᠵᠢᠯ ᠨᠢ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠵᠤ ᠲᠣᠭᠤᠰᠢᠯᠠᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ ᠪᠦᠬᠦ ᠲᠠᠯ᠎ᠠ ᠪᠠᠷ ᠲᠣᠭᠤᠰᠢᠯᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠨ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ︽ᠭᠤᠷᠪᠠᠨ ᠳᠥᠷᠪᠡ︾ ᠶᠢᠨ ᠠᠵᠢᠯ ᠤᠨ ᠡᠭᠦᠷᠭᠡ ᠳᠤ ᠲᠣᠭᠤᠷᠢᠭᠤᠯᠤᠨ᠂ ᠠᠮᠢ ᠠᠬᠤᠢ ᠶᠢ ᠤᠷᠢᠳᠠᠪᠠᠷ ᠪᠣᠳᠣᠯᠬᠢᠯᠠᠵᠤ᠂ ᠪᠣᠬᠢᠷᠲᠤᠯ ᠦᠭᠡᠢ ᠪᠠᠷ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠯᠠᠪᠳᠠᠭᠤᠨ ᠪᠠᠲᠤᠲᠠᠢ ᠵᠠᠮᠨᠠᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠳᠤᠭ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ︕      ᠥᠨᠥ ᠵᠢᠯ ᠤᠨ ᠠᠵᠦ ᠠᠬᠤᠢ ᠨᠡᠶᠢᠭᠡᠮ ᠤᠨ ᠬᠥᠭᠵᠢᠯᠲᠡ ᠶᠢᠨ ᠵᠢᠱᠢᠭᠰᠡᠨ ᠭᠤᠣᠯ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠣᠷᠴᠢᠮ  ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠠᠵᠦ ᠦᠢᠯᠡᠳᠪᠦᠷᠢ ᠶᠢᠨ ᠨᠡᠮᠡᠭᠳᠡᠯ ᠥᠷᠲᠡᠭ ᠢ 7% ᠠᠴᠠ ᠳᠡᠭᠡᠭᠰᠢ ᠨᠡᠮᠡᠭᠳᠡᠭᠦᠯᠦᠨ᠎ᠡ︔ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢ 20% ᠠᠴᠠ ᠳᠡᠭᠡᠭᠰᠢ ᠨᠡᠮᠡᠭᠳᠡᠭᠦᠯᠦᠨ᠎ᠡ︔ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 2% ᠣᠷᠴᠢᠮ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠲᠤᠭ᠎ᠠ ᠶᠢ 8% ᠣᠷᠴᠢᠮ ᠨᠡᠮᠡᠭᠳᠡᠭᠦᠯᠦᠨ᠎ᠡ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠪᠣᠯᠣᠨ ᠠᠵᠦ ᠠᠬᠤᠢ ᠶᠢᠨ ᠨᠡᠮᠡᠭᠳᠡᠯ ᠢ ᠦᠨᠳᠦᠰᠦᠨ ᠳᠡᠭᠡᠨ ᠠᠯᠬᠤᠮ ᠨᠢᠭᠡᠲᠡᠢ ᠪᠠᠶᠢᠯᠭᠠᠨ᠎ᠠ︔ ᠪᠦᠬᠦ ᠤᠯᠤᠰ ᠤᠨ ᠵᠠᠭᠤᠨ ᠬᠦᠴᠦᠷᠬᠡᠭ ᠰᠢᠶᠠᠠ ᠤ ᠨᠡᠷᠡᠰ ᠤᠨ ᠵᠢᠭᠰᠠᠭᠠᠯᠲᠠ ᠳᠤ ᠤᠷᠤᠭᠰᠢ ᠳᠠᠪᠰᠢᠬᠤ ᠪᠠᠷ ᠴᠢᠷᠮᠠᠶᠢᠨ᠎ᠠ᠃ ᠳᠡᠭᠡᠷᠡᠬᠢ ᠬᠠᠷᠠᠯᠲᠠ ᠶᠢ ᠪᠡᠶᠡᠯᠡᠭᠦᠯᠬᠦ ᠪᠠᠷ ᠳᠣᠣᠷᠠᠬᠢ ᠨᠠᠢᠮᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠃      ︵ᠨᠢᠭᠡ︶ ᠠᠵᠤ ᠦᠢᠯᠡᠳᠪᠦᠷᠢ ᠶᠢᠨ ᠴᠢᠨᠠᠷ ᠢ ᠳᠡᠭᠡᠭᠰᠢᠯᠡᠭᠦᠯᠬᠦ ᠶᠢ ᠲᠣᠪᠣᠶᠢᠯᠭᠠᠵᠤ᠂ ᠬᠥᠭᠵᠢᠯᠲᠡ ᠶᠢᠨ ᠡᠷᠴᠢ ᠬᠦᠴᠦᠨ ᠢ ᠡᠷᠴᠢᠮᠵᠢᠭᠦᠯᠦᠨ ᠴᠢᠩᠭᠠᠷᠠᠭᠤᠯᠤᠨ᠎ᠠ᠃ ᠠᠵᠤ ᠦᠢᠯᠡᠳᠪᠦᠷᠢ ᠶᠢᠨ ᠳᠡᠭᠡᠳᠦ ᠲᠡᠰᠵᠢᠭᠰᠡᠨ᠂ ᠣᠶᠤᠨᠴᠢᠯᠠᠭᠰᠠᠨ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠵᠤ᠂ ᠬᠥᠭᠵᠢᠯᠲᠡ ᠶᠢᠨ ᠬᠡᠯᠪᠡᠷᠢ ᠪᠠᠨ ᠬᠤᠪᠢᠷᠠᠭᠤᠯᠤᠨ᠂ ᠨᠡᠮᠡᠭᠳᠡᠯ ᠤᠨ ᠬᠥᠳᠡᠯᠭᠡᠭᠴᠢ ᠬᠦᠴᠦᠨ ᠢ ᠰᠣᠯᠢᠵᠤ᠂ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃      ᠤᠯᠠᠮᠵᠢᠯᠠᠯᠲᠤ ᠠᠵᠤ ᠦᠢᠯᠡᠰ ᠤᠨ ᠰᠦᠷᠦᠭᠵᠢᠯ ᠤᠨ ᠬᠡᠯᠬᠢᠶ᠎ᠡ ᠶᠢ ᠪᠤᠵᠠᠭᠠᠶᠢᠷᠠᠭᠤᠯᠤᠨ᠎ᠠ᠃ ︽ᠤᠯᠠᠮᠵᠢᠯᠠᠯᠲᠤ ᠠᠵᠤ ᠦᠢᠯᠡᠰ ᠤᠨ ᠲᠤᠭ᠎ᠠ ᠬᠡᠮᠵᠢᠶ᠎ᠡ ᠪᠣᠯᠣᠨ ᠶᠠᠰᠤ ᠴᠢᠨᠠᠷ ᠢ ᠵᠡᠷᠭᠡᠪᠡᠷ ᠳᠡᠭᠡᠭᠰᠢᠯᠡᠭᠦᠯᠬᠦ︾ ᠠᠵᠢᠯᠯᠠᠭ᠎ᠠ ᠶᠢ ᠥᠷᠨᠢᠭᠦᠯᠵᠦ᠂ ᠨᠡᠭᠦᠷᠡᠰᠦ ᠺᠠᠯᠼ ᠴᠠᠬᠢᠭᠤᠷ ᠬᠡᠢ ᠵᠡᠷᠭᠡ ᠡᠬᠢ ᠪᠠᠶᠠᠯᠢᠭ ᠢ ᠲᠤᠬᠠᠢ ᠶᠢᠨ ᠭᠠᠵᠠᠷ ᠲᠤᠨᠢ ᠨᠠᠩ ᠣᠯᠠᠨ ᠤᠯᠠᠷᠢᠭᠤᠯᠤᠨ᠎ᠠ᠃ ᠨᠡᠭᠦᠷᠡᠰᠦ ᠴᠠᠬᠢᠯᠭᠠᠨ ᠤ ᠠᠵᠢᠯ ᠲᠥᠷᠥᠯ ᠢ ᠪᠣᠬᠢᠷᠲᠤᠯ ᠦᠭᠡᠢ ᠥᠨᠳᠥᠷ ᠦᠷ᠎ᠡ ᠠᠰᠢᠭ ᠲᠠᠢ ᠪᠣᠯᠭᠠᠨ ᠤᠯᠠᠷᠢᠭᠤᠯᠵᠤ᠂ ᠦᠢᠯᠡᠳᠬᠦᠨ ᠤ ᠥᠷᠲᠡᠭ ᠢ 700 ᠳ᠋ᠦᠩᠰᠢᠭᠤᠷ ᠲᠥᠭᠦᠷᠢᠭ ᠲᠤ ᠬᠦᠷᠭᠡᠨ᠎ᠡ︔ ᠭᠦᠸᠧ ᠨᠸᠡᠭ ᠮᠧᠩ ᠰᠢ᠂ ᠯᠢ ᠮᠢᠨ ᠵᠡᠷᠭᠡ ᠣᠶᠤᠨᠴᠢᠯᠠᠭᠰᠠᠨ ᠵᠢᠱᠢᠶ᠎ᠡ ᠦᠵᠡᠭᠦᠯᠬᠦ ᠠᠭᠤᠷᠬᠠᠢ ᠶᠢᠨ ᠬᠤᠳᠳᠤᠭ ᠢ ᠪᠠᠶᠢᠭᠤᠯᠵᠤ᠂ ᠲᠡᠷᠢᠭᠦᠨ ᠤ ᠦᠢᠯᠡᠳᠪᠦᠷᠢᠯᠡᠯ ᠤᠨ ᠴᠢᠳᠠᠪᠤᠷᠢ ᠳᠠᠬᠢ ᠨᠡᠭᠦᠷᠡᠰᠦᠨ ᠤ ᠡᠵᠡᠯᠡᠬᠦ ᠬᠠᠷᠢᠴᠠᠯ ᠢ 75% ᠠᠴᠠ ᠳᠠᠪᠠᠭᠤᠯᠤᠨ᠎ᠠ︔ ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ︽ᠭᠤᠷᠪᠠᠨ ᠥᠭᠡᠷᠡᠴᠢᠯᠡᠯᠲᠡ ᠶᠢᠨ ᠬᠤᠯᠪᠤᠭᠠᠯᠠᠨ ᠬᠥᠳᠡᠯᠦᠯᠴᠡᠬᠦ︾ ᠶᠢ ᠭᠦᠨᠵᠡᠭᠡᠢ ᠬᠡᠷᠡᠭᠵᠢᠭᠦᠯᠵᠦ᠂ ᠣᠷᠳᠣᠰ ᠤᠨ ᠱᠤᠸᠠᠩ ᠰᠢᠨ ᠴᠠᠬᠢᠯᠭᠠᠨ ᠬᠦᠴᠦᠨ ᠤ ᠺᠣᠮᠫᠠᠨᠢ ᠳᠤ ᠤᠰᠤ ᠠᠷᠪᠢᠯᠠᠬᠤ ᠵᠢᠴᠢ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠬᠢᠬᠦ᠂ ᠢ ᠵᠧᠩ ᠬᠢᠮᠢ ᠶᠢᠨ ᠠᠵᠤ ᠦᠢᠯᠡᠳᠪᠦᠷᠢ ᠶᠢᠨ ᠠᠨᠲᠷᠠᠼᠧᠨ ᠲᠣᠰᠣ ᠶᠢ ᠨᠠᠷᠢᠯᠢᠭ ᠡᠳ᠋ᠰᠢᠭᠦᠯᠬᠦ ᠵᠢᠴᠢ ᠢᠵᠢ ᠪᠦᠷᠢᠳᠦᠭᠦᠯᠦᠭᠰᠡᠨ ᠦᠯᠡᠳᠡᠪᠦᠷᠢ ᠢᠯᠴᠢ ᠪᠠᠷ ᠴᠠᠬᠢᠯᠭᠠᠨ ᠭᠠᠷᠭᠠᠬᠤ ᠵᠡᠷᠭᠡ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ᠎ᠠ︔ ᠵᠢᠶᠦ᠋ᠨ ᠵᠧᠩ ᠤᠨ 45 ᠲᠦᠮᠡᠨ ᠺᠢᠯᠣᠸᠠᠲ ᠤᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠵᠡᠷᠭᠡ ᠲᠥᠷᠥᠯ ᠵᠦᠢᠯ ᠤᠨ ᠲᠣᠣᠷ ᠨᠡᠶᠢᠯᠡᠭᠦᠯᠦᠨ ᠴᠠᠬᠢᠯᠭᠠᠨ ᠭᠠᠷᠭᠠᠬᠤ ᠶᠢ ᠲᠦᠷᠭᠡᠳᠬᠡᠵᠦ᠂ ᠬᠡᠷᠡᠯ ᠴᠡᠨᠡᠭ ᠢᠶᠠᠷ ᠡᠯᠡᠰᠦ ᠶᠢ ᠵᠠᠰᠠᠬᠤ ᠲᠥᠷᠥᠯ ᠵᠦᠢᠯ ᠢ ᠰᠢᠰᠲ᠋ᠧᠮ ᠲᠠᠢ ᠪᠠᠶᠢᠷᠢᠯᠠᠭᠤᠯᠤᠨ᠂ ᠰᠢᠨ᠎ᠡ ᠡᠨᠧᠷᠭᠢ ᠶᠢ ᠳᠣᠲᠣᠭᠠᠳᠤ ᠳᠠᠭᠠᠨ ᠬᠠᠩᠭᠠᠵᠤ ᠭᠠᠳᠠᠭᠰᠢ ᠬᠦᠷᠭᠡᠬᠦ ᠵᠠᠮ ᠢ ᠨᠠᠪᠲᠠᠷᠡᠭᠦᠯᠵᠦ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ 300 ᠲᠦᠮᠡᠨ ᠺᠢᠯᠣᠸᠠᠲ ᠠᠴᠠ ᠳᠡᠭᠡᠭᠰᠢ ᠬᠦᠷᠭᠡᠨ᠂ ᠪᠣᠬᠢᠷᠲᠤᠯ ᠦᠭᠡᠢ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠡᠵᠡᠯᠡᠬᠦ ᠬᠠᠷᠢᠴᠠᠯ ᠢ ᠳᠡᠭᠡᠭᠰᠢᠯᠡᠭᠦᠯᠦᠭᠡᠳ 40% ᠣᠷᠴᠢᠮ ᠪᠣᠯᠭᠠᠨ᠎ᠠ᠃ ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠥᠷᠥᠯ ᠢ ᠦᠵᠦᠭᠦᠷ ᠦᠢᠯᠡᠳᠬᠡᠯ ᠳᠠᠰᠢ ᠪᠥᠬᠦ ᠲᠠᠯ᠎ᠠ ᠪᠠᠷ ᠬᠤᠪᠢᠷᠠᠭᠤᠯᠵᠤ᠂ ᠦᠢᠯᠡᠳᠬᠦᠨ ᠤ ᠥᠷᠲᠡᠭ ᠢ 600 ᠳ᠋ᠦᠩᠰᠢᠭᠤᠷ ᠲᠥᠭᠦᠷᠢᠭ ᠠᠴᠠ ᠳᠠᠪᠠᠭᠤᠯᠤᠨ᠎ᠠ︔ 2.0 ᠪᠣᠬᠢᠷᠲᠤᠯ ᠦᠭᠡᠢ ᠪᠠᠷ ᠬᠡᠦᠷᠰᠢᠭᠦᠯᠬᠦ ᠠᠵᠢᠯᠯᠠᠭ᠎ᠠ ᠶᠢ ᠡᠬᠢᠯᠡᠭᠦᠯᠵᠦ᠂ ᠭᠤᠷᠪᠠᠨ ᠶᠡᠭᠡ ᠪᠣᠬᠢᠷᠲᠤᠯ ᠦᠭᠡᠢ ᠪᠠᠷ ᠬᠡᠦᠷᠰᠢᠭᠦᠯᠬᠦ ᠠᠵᠤ ᠦᠢᠯᠡᠰ ᠲᠥᠪᠯᠡᠷᠡᠭᠰᠡᠨ ᠣᠷᠣᠨ ᠢ ᠨᠡᠶᠢᠯᠡᠭᠦᠯᠦᠨ᠂ ᠭᠦᠸᠧ ᠨᠸᠡᠭ ᠮᠸᠡᠭ ᠰᠢ ᠶᠢᠨ PGA᠂ ᠱᠧᠨ ᠮᠠ ᠵᠢᠶᠠᠨ ᠶᠤᠸᠠᠨ ᠤ ᠨᠠᠷᠢᠯᠢᠭ ᠡᠾᠧᠺᠰᠠᠨᠳᠢᠤ᠋ ᠬᠦᠴᠢᠯ ᠵᠡᠷᠭᠡ ᠵᠠᠭᠤᠨ ᠳ᠋ᠦᠩᠰᠢᠭᠤᠷ ᠲᠥᠭᠦᠷᠢᠭ ᠤᠨ ᠲᠠᠰ ᠤᠨ ᠲᠥᠷᠥᠯ ᠵᠦᠢᠯ ᠤᠨ ᠪᠠᠶᠢᠭᠤᠯᠤᠯᠲᠠ ᠶᠢ ᠳᠡᠮᠵᠢᠵᠦ᠂ ᠴᠢ ᠫᠠᠨ ᠵᠢᠩ ᠤᠨ ︽ᠨᠢᠯᠦᠨ ᠬᠤᠲᠠ︾ ᠪᠠ ᠮᠸᠡᠭ ᠰᠢ ᠶᠢᠨ ︽ᠵᠠᠳᠠᠷᠠᠭᠤᠯᠵᠤ ᠪᠣᠯᠬᠤ ᠰᠦᠯᠢᠶᠥᠦ ᠶᠢᠨ ᠰᠠᠭᠤᠷᠢᠨ ᠭᠠᠵᠠᠷ︾ ᠢ ᠲᠦᠷᠭᠡᠨ ᠪᠠᠶᠢᠭᠤᠯᠤᠨ᠎ᠠ︔ ᠱᠤᠸᠠᠩ ᠰᠢᠨ ᠤ 10 ᠲᠦᠮᠡᠨ ᠲᠣᠨ ᠳᠡᠭᠡᠳᠦ ᠲᠡᠰ ᠤᠨ PVA᠂ 5 ᠲᠦᠮᠡᠨ ᠲᠣᠨ PVB ᠳᠠᠪᠠᠷᠬᠠᠢ ᠵᠢᠴᠢ ᠴᠢᠳᠠᠮᠵᠢᠲᠤ ᠪᠦᠷᠬᠦᠪᠴᠢ ᠦᠢᠯᠡᠳᠬᠦ᠂ ᠵᠢᠶᠦ᠋ᠨ ᠵᠧᠩ ᠤᠨ 38 ᠲᠦᠮᠡᠨ ᠲᠣᠨ ᠣᠨᠴᠠ ᠲᠥᠷᠥᠯ ᠤᠨ ᠳᠠᠪᠠᠷᠬᠠᠢ ᠵᠡᠷᠭᠡ ᠪᠣᠬᠢᠷᠲᠤᠯ ᠦᠭᠡᠢ ᠬᠢᠮᠢ ᠶᠢᠨ ᠠᠵᠤ ᠦᠢᠯᠡᠳᠪᠦᠷᠢ ᠶᠢᠨ ᠰᠢᠨ᠎ᠡ ᠮᠠᠲ᠋ᠧᠷᠢᠶᠠᠯ ᠤᠨ ᠲᠥᠷᠥᠯ ᠵᠦᠢᠯ ᠢ ᠪᠠᠶᠢᠭᠤᠯᠬᠤ ᠶᠢ ᠳᠡᠮᠵᠢᠨ᠂ ᠨᠡᠩ ᠤᠯᠠᠨ ᠾᠯᠣᠷ ᠱᠦᠯᠲᠦ ᠶᠢᠨ ᠬᠢᠮᠢ ᠶᠢᠨ ᠠᠵᠤ ᠦᠢᠯᠡᠳᠪᠦᠷᠢ ᠶᠢᠨ ᠦᠵᠦᠭᠦᠷ ᠬᠡᠷᠡᠭᠯᠡᠭᠡᠨ ᠤ ᠦᠢᠯᠡᠳᠬᠦᠨ ᠢ ᠦᠢᠯᠡᠳᠴᠦ ᠭᠠᠷᠭᠠᠨ᠎ᠠ᠃ ᠲᠡᠮᠦᠷᠯᠢᠭ ᠬᠠᠶᠢᠯᠤᠭᠤᠯᠬᠤ ᠠᠵᠢᠯ ᠲᠥᠷᠥᠯ ᠢ ᠳᠡᠭᠡᠳᠦ ᠲᠡᠰᠵᠢᠬᠦᠯᠦᠨ ᠣᠶᠤᠨᠴᠢᠯᠠᠵᠤ᠂ ᠦᠢᠯᠡᠳᠬᠦᠨ ᠤ ᠥᠷᠲᠡᠭ ᠢ 150 ᠳ᠋ᠦᠩᠰᠢᠭᠤᠷ ᠲᠥᠭᠦᠷᠢᠭ ᠠᠴᠠ ᠳᠡᠭᠡᠭᠰᠢ ᠲᠣᠭᠲᠠᠪᠤᠷᠢᠵᠢᠭᠤᠯᠤᠨ᠎ᠠ︔ ᠲᠡᠮᠦᠷ ᠤᠨ ᠬᠠᠶᠢᠯᠤᠰᠢ ᠶᠢᠨ ᠠᠵᠢᠯ ᠲᠥᠷᠥᠯ ᠤᠨ ᠴᠢᠨᠠᠷ ᠰᠠᠶᠢᠲᠠᠢ ᠬᠥᠭᠵᠢᠯᠲᠡ ᠶᠢᠨ ᠲᠥᠯᠦᠪᠵᠢᠭᠦᠯᠭᠡ ᠶᠢ ᠨᠠᠶᠢᠳᠠᠪᠤᠷᠢᠵᠢᠭᠤᠯᠵᠤ᠂ ᠪᠥᠬᠦ ᠠᠵᠢᠯ ᠲᠥᠷᠥᠯ ᠳᠤ ᠣᠶᠤᠨᠴᠢᠯᠠᠭᠰᠠᠨ ︽ᠰᠢᠨ᠎ᠡ ᠶᠢ ᠡᠭᠦᠳᠬᠦ ᠦᠢᠯᠡᠳᠪᠦᠷᠢ︾ ᠶᠢᠨ ᠵᠠᠭᠪᠤᠷ ᠢ ᠳᠡᠯᠭᠡᠷᠡᠭᠦᠯᠦᠨ᠂ ᠪᠣᠬᠢᠷᠲᠤᠯ ᠦᠭᠡᠢ ᠴᠠᠬᠢᠯᠭᠠᠨ ᠢ ᠰᠢᠭᠤᠳ ᠬᠠᠩᠭᠠᠬᠤ ᠲᠥᠷᠥᠯ ᠵᠦᠢᠯ ᠢ ᠵᠢᠱᠢᠶ᠎ᠡ ᠦᠵᠡᠭᠦᠯᠦᠨ ᠪᠠᠶᠢᠭᠤᠯᠵᠤ᠂ ᠴᠢᠳᠬᠤᠬᠤ ᠶᠢ ᠪᠦᠷᠢᠨ ᠠᠦ᠋ᠲ᠋ᠤᠴᠢᠯᠠᠬᠤ᠂ ᠵᠤᠤᠬᠠᠨ ᠤ ᠡᠮᠦᠨ᠎ᠡ ᠠᠵᠢᠯᠯᠠᠬᠤ ᠮᠠᠰᠢᠨ ᠬᠥᠮᠥᠨ ᠢ ᠵᠣᠬᠢᠶᠠᠬᠤ ᠵᠡᠷᠭᠡ ᠮᠡᠷᠭᠡᠵᠢᠯ ᠢ ᠰᠤᠳᠤᠯᠵᠤ ᠬᠡᠷᠡᠭᠯᠡᠬᠦ ᠶᠢ ᠲᠦᠷᠭᠡᠳᠬᠡᠨ᠂ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ᠂ ᠣᠷᠴᠢᠯᠳᠤᠭᠤᠯᠤᠨ ᠠᠰᠢᠭᠯᠠᠬᠤ᠂ ᠠᠮᠤᠷ ᠲᠦᠪᠰᠢᠨ ᠲᠣᠭᠲᠠᠭᠤᠨ ᠪᠠᠶᠢᠳᠠᠯ ᠢ ᠪᠠᠲᠤᠯᠠᠬᠤ ᠵᠡᠷᠭᠡ ᠡᠯ᠎ᠡ ᠲᠠᠯ᠎ᠠ ᠪᠠᠷ ᠪᠥᠬᠦ ᠤᠯᠤᠰ ᠲᠤ ᠲᠦᠷᠦᠭᠦᠯᠡᠬᠦ ᠶᠢ ᠪᠠᠲᠤᠯᠠᠨ᠎ᠠ᠃      ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠡᠪᠴᠢᠶ᠎ᠡ ᠶᠢ ᠥᠷᠭᠡᠳᠬᠡᠵᠦ ᠬᠡᠯᠬᠢᠶ᠎ᠡ ᠶᠢ ᠪᠠᠶᠢᠭᠤᠯᠤᠨ᠎ᠠ᠃ ︽ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢ ᠲᠠᠬᠢᠨ ᠢᠶᠠᠷ ᠠᠬᠢᠭᠤᠯᠬᠤ︾ ᠠᠵᠢᠯᠯᠠᠭ᠎ᠠ ᠶᠢ ᠥᠷᠨᠢᠭᠦᠯᠵᠦ᠂ ᠰᠠᠯᠬᠢ ᠭᠡᠷᠡᠯ ᠤᠰᠤᠲᠥ᠋ᠷᠥᠭᠴᠢ ᠬᠠᠳᠠᠭᠠᠯᠠᠯᠲᠠ ᠬᠡᠷᠡᠭᠯᠡᠯᠲᠡ ᠶᠢ ᠨᠢᠭᠡ ᠴᠣᠭᠴᠠᠵᠢᠭᠤᠯᠤᠨ ᠬᠥᠭᠵᠢᠭᠦᠯᠦᠨ᠎ᠡ᠃ ᠰᠢᠨ᠎ᠡ ᠡᠨᠧᠷᠭᠢ ᠶᠢᠨ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠲᠥᠯᠥᠪᠵᠢᠭᠦᠯᠦᠨ ᠪᠠᠶᠢᠭᠤᠯᠵᠤ᠂ ᠵᠢᠶᠠᠩᠰᠤ ᠶᠢᠨ ᠪᠦᠦ ᠰᠢᠨ ᠤ ᠣᠨᠳᠣᠣ ᠡᠳ᠋ ᠤᠨ ᠠᠭᠤᠯᠵᠠᠷ ᠲᠠᠢ ᠳ᠋ᠢᠶᠠᠨ ᡂᠢ ᠶᠢ 3 ᠳ᠋ᠤᠭᠠᠷ ᠰᠠᠷ᠎ᠠ ᠳᠤ  ᠠᠰᠢᠭᠯᠠᠯᠲᠠ ᠳᠤ ᠣᠷᠣᠭᠤᠯᠤᠨ᠂ ᠠᠨᠾᠦ᠋ᠢ ᠶᠢᠨ ᠬᠠᠢ ᠯᠦᠸᠧ ᠭᠡᠷᠡᠯ ᠴᠡᠨᠡᠭ ᠤᠨ ᠪᠦᠬᠦ ᠠᠵᠤ ᠦᠢᠯᠡᠰ ᠤᠨ ᠬᠡᠯᠬᠢᠶ᠎ᠡ᠂ ᠳ᠋ᠦᠩ ᠹᠦ᠋ ᠪᠢᠯᠢᠭ ᠲᠤᠶᠢᠯ ᠤᠨ ᠮᠠᠲ᠋ᠧᠷᠢᠶᠠᠯ᠂ ᠵᠢᠶᠠᠩᠰᠤ ᠶᠢᠨ ᠬᠠᠢ ᠰᠾᠢ ᠳ᠋ᠡ ᠴᠠᠬᠢᠯᠭᠠᠨ ᠭᠤᠣᠯ ᠦᠢᠯᠡᠳᠬᠦ ᠵᠢᠴᠢ ᠢᠵᠢ ᠪᠦᠷᠢᠳᠦᠭᠦᠯᠬᠦ ᠮᠠᠲ᠋ᠧᠷᠢᠶᠠᠯ ᠵᠡᠷᠭᠡ ᠴᠢᠬᠤᠯᠠ ᠶᠡᠭᠡ ᠲᠥᠷᠥᠯ ᠵᠦᠢᠯ ᠤᠨ ᠭᠡᠷ᠎ᠡ ᠲᠣᠭᠲᠠᠨ ᠠᠵᠢᠯ ᠡᠬᠢᠯᠡᠭᠦᠯᠬᠦ ᠶᠢ ᠠᠬᠢᠭᠤᠯᠵᠤ᠂ ᠴᠠᠬᠢᠭᠤᠷ ᠢᠶᠠᠷ ᠰᠠᠭᠤᠷᠢ ᠪᠣᠯᠭᠠᠭᠰᠠᠨ ᠮᠠᠲ᠋ᠧᠷᠢᠶᠠᠯ ᠪᠣᠯᠣᠨ ᠬᠥᠳᠡᠯᠭᠡᠭᠴᠢ ᠬᠦᠴᠦᠨ ᠤ ᠳ᠋ᠢᠶᠠᠨ ᡂᠢ ᠶᠢᠨ ᠪᠦᠬᠦ ᠬᠡᠯᠬᠢᠶ᠎ᠡ ᠶᠢ ᠤᠷᠲᠤᠳᠬᠠᠨ ᠪᠤᠵᠠᠭᠠᠶᠢᠷᠠᠭᠤᠯᠵᠤ ᠨᠡᠪᠲᠡᠷᠡᠭᠦᠯᠦᠨ᠎ᠡ᠃ ᠱᠧᠨ ᠨᠸᠡᠭ ᠪᠸᠢ ᠹᠠᠨᠭ᠌ ᠤᠨ ᠨᠣᠭᠤᠭᠠᠨ ᠤᠰᠤᠲᠥ᠋ᠷᠥᠭᠴᠢ ᠪᠠᠷ 15 ᠲᠦᠮᠡᠨ ᠲᠣᠨ ᠨᠣᠭᠤᠭᠠᠨ ᠰᠢᠪᠲᠦᠷ ᠦᠢᠯᠡᠳᠬᠦ ᠪᠣᠯᠣᠨ ᠶᠠᠩᠵᠸᠤ ᠶᠢᠨ ᠵᠢᠢ ᠳ᠋ᠣᠣ ᠬᠢᠭᠡᠳ ᠭᠦᠸᠧ ᠨᠸᠡᠭ ᠤᠨ ᠥᠪᠥᠷ ᠮᠣᠩᠭᠤᠯ ᠤᠨ ᠴᠠᠬᠢᠯᠭᠠᠨ ᠬᠦᠴᠦᠨ ᠤ 70 ᠲᠦᠮᠡᠨ ᠲᠣᠨ᠂ ᠮᠢᠩ ᠶᠠᠩ ᠡᠨᠧᠷᠭᠢ ᠶᠢᠨ 60 ᠲᠦᠮᠡᠨ ᠲᠣᠨ ᠨᠣᠭᠤᠭᠠᠨ ᠤᠰᠤᠲᠥ᠋ᠷᠥᠭᠴᠢ ᠪᠠᠷ ᠪᠣᠬᠢᠷᠲᠤᠯ ᠦᠭᠡᠢ ᠮᠧᠲ᠋ᠢᠯ ᠠᠯᠺᠣᠣᠯ ᠦᠢᠯᠡᠳᠬᠦ ᠵᠡᠷᠭᠡ ᠲᠦᠷᠦᠯ ᠵᠦᠢᠯ ᠢᠶᠠᠷ ᠬᠥᠲᠥᠯᠥᠨ ᠳᠠᠭᠠᠭᠤᠯᠤᠭᠰᠠᠨ ᠠᠩᠬᠠᠳᠠᠭᠴᠢ ᠪᠦᠬᠦ ᠬᠤᠳᠠ ᠶᠢᠨ ᠨᠡᠭᠦᠷᠡᠰᠦᠲᠥ᠋ᠷᠥᠭᠴᠢ ᠶᠢ ᠥᠯᠥ ᠭᠠᠳᠠᠭᠰᠢᠯᠠᠭᠤᠯᠬᠤ ᠨᠣᠭᠤᠭᠠᠨ ᠤᠰᠤᠲᠥ᠋ᠷᠥᠭᠴᠢ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠬᠦᠴᠦᠯᠡᠨ ᠪᠠᠶᠢᠭᠤᠯᠤᠨ᠎ᠠ᠃      ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠦᠴᠦᠨ ᠨᠡᠮᠡᠷᠢᠯᠡᠵᠦ ᠬᠡᠯᠬᠢᠶ᠎ᠡ ᠶᠢ ᠪᠤᠵᠠᠭᠠᠶᠢᠷᠠᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠣᠭᠤᠮᠲᠠ ᠰᠢᠪᠲᠤᠯᠬᠤ︾ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ 7000 ᠲᠦᠮᠡᠨ ᠲᠥᠭᠦᠷᠢᠭ ᠠᠴᠠ ᠳᠡᠭᠡᠭᠰᠢᠬᠢ ᠲᠣᠰ ᠱᠠᠲᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠠᠷᠤᠳᠠᠯ ᠢ ᠪᠠᠭᠤᠯᠭᠠᠨ᠂ ᠬᠤᠰᠢᠭᠤ ᠲᠡᠰ ᠤᠨ ︽ᠡᠷᠳᠡᠮ ᠰᠢᠨᠵᠢᠯᠡᠭᠡᠨ ᠤ ᠦᠷ᠎ᠡ ᠪᠦᠲᠦᠭᠡᠯ ᠢᠶᠠᠷ ᠵᠠᠷᠤᠳᠠᠯ ᠮᠥᠩᠭᠦ ᠣᠯᠭᠤᠬᠤ︾ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ ᠲᠥᠷᠥᠯ ᠵᠦᠢᠯ ᠢ 10 ᠬᠡᠷᠡᠭᠵᠢᠭᠦᠯᠵᠦ᠂ ᠪᠥᠬᠦ ᠨᠡᠶᠢᠭᠡᠮ ᠤᠨ ᠰᠤᠳᠤᠯᠤᠨ ᠨᠡᠭᠡᠭᠡᠯᠲᠡ ᠶᠢᠨ ᠪᠡᠯᠡ ᠣᠷᠤᠭᠤᠯᠤᠯᠲᠠ 16 ᠳ᠋ᠦᠩᠰᠢᠭᠤᠷ ᠲᠥᠭᠦᠷᠢᠭ ᠢ ᠳᠠᠪᠠᠨ᠂ ᠤᠯᠤᠰ ᠤᠨ ᠳᠣᠲᠣᠭᠠᠳᠤ ᠶᠢᠨ ᠨᠢᠭᠡ ᠪᠦᠯᠦᠭ ᠲᠤᠰᠬᠠᠶᠢᠵᠢᠭᠰᠠᠨ ᠨᠠᠷᠢᠯᠢᠭᠵᠢᠭᠰᠠᠨ ᠣᠨᠴᠠᠯᠢᠭᠵᠢᠭᠰᠠᠨ ᠰᠢᠨ᠎ᠡ ᠶᠢ ᠡᠭᠦᠳᠦᠭᠰᠡᠨ ᠠᠩᠬᠠᠨ ᠤ ᠪᠦᠯᠦᠭ ᠤᠨ ᠳᠠᠭᠠᠯᠳᠡ ᠪᠦᠲᠦᠭᠡᠭᠳᠡᠬᠦᠨ ᠢ ᠡᠭᠦᠳᠦᠨ᠎ᠡ᠃ ︽ᠬᠤᠶᠠᠷ ᠲᠠᠬᠢᠨ ᠢᠶᠠᠷ ᠨᠡᠮᠡᠭᠳᠡᠭᠦᠯᠬᠦ︾ ᠪᠠ      ︽ᠭᠤᠷᠪᠠ ᠶᠢ ᠦᠭᠡᠶᠢᠰᠬᠡᠬᠦ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠰᠤᠳᠤᠯᠤᠨ ᠨᠡᠭᠡᠭᠡᠯᠲᠡ ᠶᠢᠨ ᠬᠠᠮᠤᠷᠬᠤ ᠬᠡᠪᠴᠢᠶ᠎ᠡ ᠶᠢ 60% ᠠᠴᠠ ᠳᠠᠪᠠᠭᠤᠯᠤᠨ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 5 ᠪᠣᠢ ᠪᠣᠯᠭᠠᠵᠤ᠂ 60 ᠳᠤᠮᠳᠠ ᠵᠢᠵᠢᠭ ᠠᠵᠤ ᠠᠬᠤᠶᠢᠯᠠᠯ ᠢ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠠᠵᠦ ᠠᠬᠤᠶᠢᠯᠠᠯ ᠤᠨ ᠬᠥᠮᠥᠷᠭᠡ ᠳᠤ ᠣᠷᠣᠭᠤᠯᠤᠨ᠎ᠠ᠃ ᠵᠦᠩᠱᠠᠨ ᠶᠡᠭᠡ ᠰᠤᠷᠭᠠᠭᠤᠯᠢ᠂ ᠵᠧᠵᠢᠶᠠᠩ ᠶᠡᠭᠡ ᠰᠤᠷᠭᠠᠭᠤᠯᠢ ᠯᠤᠭ᠎ᠠ ᠭᠦᠨᠵᠡᠭᠡᠢ ᠬᠠᠮᠲᠤᠷᠠᠯᠴᠠᠵᠤ᠂ ᠴᠠᠬᠢᠯᠭᠠᠨ ᠲᠤᠶᠢᠯ ᠤᠨ ᠮᠠᠲ᠋ᠧᠷᠢᠶᠠᠯ᠂ ᠣᠷᠢᠶᠠᠮᠠᠭ ᠵᠠᠮᠠᠭ ᠤᠨ ᠠᠮᠢᠳᠤ ᠪᠣᠳᠠᠰ ᠡᠮ ᠡᠮᠨᠡᠯᠭᠡ ᠵᠡᠷᠭᠡ ᠬᠦᠷᠢᠶᠡᠨ ᠳᠠᠬᠢ ᠡᠷᠳᠡᠮ ᠰᠢᠨᠵᠢᠯᠡᠭᠡᠨ ᠤ ᠪᠣᠭᠤᠮᠲᠠ ᠰᠢᠪᠲᠤᠯᠤᠯᠲᠠ ᠶᠢ ᠢᠳᠡᠪᠬᠢᠲᠡᠢ ᠥᠷᠨᠢᠭᠦᠯᠦᠨ᠂ ᠤᠯᠤᠰ ᠤᠨ ᠲᠠᠰ ᠤᠨ ᠰᠢᠨ᠎ᠡ ᠶᠢ ᠡᠭᠦᠳᠬᠦ ᠲᠠᠪᠴᠠᠩ ᠢ 2᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨ᠎ᠡ ᠶᠢ ᠡᠭᠦᠳᠬᠦ ᠲᠠᠪᠴᠠᠩ ᠢ 5 ᠪᠠᠶᠢᠭᠤᠯᠬᠤ ᠪᠠᠷ ᠴᠢᠷᠮᠠᠶᠢᠨ᠎ᠠ᠃      ︵ᠬᠤᠶᠠᠷ︶ ᠲᠠᠷᠢᠶᠠᠯᠠᠩ ᠮᠠᠯ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ ᠶᠢ ᠲᠣᠪᠣᠶᠢᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠠᠬᠢᠭᠤᠯᠤᠨ᠎ᠠ᠃ᠲᠠᠷᠢᠶᠠᠯᠠᠩ ᠠᠵᠦ ᠠᠬᠤᠢ ᠬᠥᠳᠡᠭᠡ ᠲᠣᠰᠬᠤᠨ ᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠨ᠂ ᠠᠵᠤ ᠦᠢᠯᠡᠳᠪᠦᠷᠢᠵᠢᠯᠲᠡ ᠶᠢᠨ ᠰᠡᠳᠬᠢᠬᠦᠢ ᠪᠠᠷ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠴᠢᠨᠠᠷᠲᠠᠢ ᠪᠦᠭᠡᠳ ᠪᠦᠲᠦᠮᠵᠢᠲᠡᠢ ᠬᠥᠭᠵᠢᠬᠦ᠂ ᠮᠠᠯᠴᠢᠨ ᠲᠠᠷᠢᠶᠠᠴᠢᠨ ᠪᠠᠶᠠᠵᠢᠨ ᠴᠢᠨᠡᠭᠡᠯᠢᠭᠵᠢᠬᠦ᠂ ᠮᠠᠯᠵᠢᠬᠤ ᠲᠠᠷᠢᠶᠠᠯᠠᠬᠤ ᠣᠷᠣᠨ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠪᠠᠶᠢᠬᠤ ᠶᠢ ᠲᠦᠷᠭᠡᠨ ᠪᠡᠶᠡᠯᠡᠭᠦᠯᠦᠨ᠎ᠡ᠃ᠠᠵᠤ ᠦᠢᠯᠡᠳᠪᠦᠷᠢ ᠪᠠᠷ ᠲᠠᠷᠢᠶᠠᠯᠠᠩ ᠢ ᠨᠥᠬᠦᠪᠦᠷᠢᠯᠡᠵᠦ ᠲᠠᠷᠢᠶᠠᠯᠠᠩ ᠮᠠᠯ ᠠᠵᠤ ᠦᠢᠯᠡᠰ ᠤᠨ ᠦᠷ᠎ᠡ ᠠᠰᠢᠭ ᠢ ᠨᠡᠮᠡᠭᠳᠡᠭᠦᠯᠦᠨ᠎ᠡ᠃ ︽ᠠᠵᠤ ᠦᠢᠯᠡᠳᠪᠦᠷᠢ ᠪᠠᠷ ᠲᠠᠷᠢᠶᠠᠯᠠᠩ ᠢ ᠨᠥᠬᠦᠪᠦᠷᠢᠯᠡᠬᠦ︾ ᠲᠥᠷᠥ ᠶᠢᠨ ᠪᠣᠳᠣᠯᠭ᠎ᠠ ᠶᠢᠨ ᠪᠡᠯᠡ ᠮᠥᠩᠭᠦᠨ ᠤ ᠨᠡᠮᠡᠭᠳᠡᠯ ᠤᠨ ᠲᠣᠭᠲᠠᠴᠠ ᠶᠢ ᠪᠠᠶᠢᠭᠤᠯᠤᠨ᠂ 7 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠣᠰ ᠱᠠᠲᠤᠨ ᠤ ᠡᠯ᠎ᠡ ᠲᠥᠷᠥᠯ ᠤᠨ ᠪᠡᠯᠡ ᠮᠥᠩᠭᠦ ᠶᠢ ᠡᠮᠬᠢᠯᠡᠵᠦ ᠵᠠᠷᠤᠴᠠᠭᠤᠯᠤᠨ᠂ ᠲᠠᠷᠢᠶᠠᠯᠠᠩ ᠮᠠᠯ ᠠᠵᠤ ᠦᠢᠯᠡᠰ ᠤᠨ ᠵᠣᠬᠢᠶᠠᠨ ᠪᠠᠶᠢᠭᠤᠯᠤᠯᠲᠠᠵᠢᠭᠰᠠᠨ᠂ ᠬᠡᠪᠴᠢᠶᠡᠵᠢᠭᠰᠡᠨ᠂ ᠪᠠᠷᠢᠮᠵᠢᠶᠠᠵᠢᠭᠰᠠᠨ᠂ ᠨᠠᠷᠠᠲᠤ ᠲᠡᠮᠳᠡᠭᠴᠢᠯᠡᠭᠰᠡᠨ ᠬᠥᠭᠵᠢᠯᠲᠡ ᠶᠢ ᠪᠥᠬᠦ ᠬᠦᠴᠦᠨ ᠢᠶᠠᠷ ᠠᠬᠢᠭᠤᠯᠤᠨ᠎ᠠ᠃ ︽ᠳᠠᠭᠠᠭᠤᠯᠤᠭᠴᠢ ᠠᠵᠤ ᠠᠬᠤᠶᠢᠯᠠᠯ + ᠨᠠᠮ ᠤᠨ ᠡᠭᠦᠷ + ᠬᠤᠷᠰᠢᠶ᠎ᠠ + ᠮᠠᠯᠴᠢᠨ ᠲᠠᠷᠢᠶᠠᠴᠢᠨ ᠡᠷᠦᠬᠡ︾ ᠶᠢᠨ ᠵᠠᠭᠪᠤᠷ ᠢ ᠭᠦᠨᠵᠡᠭᠡᠶᠢᠷᠡᠭᠦᠯᠦᠨ᠂ ᠬᠤᠸᠠ ᠰᠢᠶᠠᠩ᠂ ᠵᠢᠶᠠ ᠢ ᠵᠡᠷᠭᠡ ᠠᠵᠤ ᠦᠢᠯᠡᠳᠪᠦᠷᠢ ᠪᠣᠯᠣᠨ ᠲᠠᠷᠢᠶᠠᠯᠠᠩ ᠤᠨ ᠠᠵᠤ ᠠᠬᠤᠶᠢᠯᠠᠯ ᠤᠨ ᠬᠠᠷᠢᠯᠴᠠᠨ ᠠᠬᠢᠭᠤᠯᠬᠤ ᠶᠢ ᠳᠡᠮᠵᠢᠵᠦ᠂ ᠬᠤᠸᠠ ᠰᠢᠶᠠᠩ ᠤᠨ 20 ᠲᠦᠮᠡᠨ ᠠᠷᠪᠠᠰ ᠤᠨ ᠨᠤᠤᠯᠤᠭᠤᠷ ᠤᠨ ᠢᠮᠠᠭ᠎ᠠ ᠲᠡᠵᠢᠭᠡᠨ ᠦᠷᠡᠵᠢᠭᠦᠯᠬᠦ ᠲᠥᠷᠥᠯ ᠵᠦᠢᠯ᠂ ᠵᠢᠶᠠ ᠱᠧᠩ ᠤᠨ ᠲᠦᠮᠡᠨ ᠲᠣᠯᠣᠭᠠᠢ ᠠᠯᠠᠰᠢᠨ ᠦᠬᠡᠷ ᠲᠡᠵᠢᠭᠡᠬᠦ ᠲᠥᠷᠥᠯ ᠵᠦᠢᠯ ᠤᠨ ᠭᠤᠷᠪᠠᠳᠤᠭᠠᠷ ᠬᠤᠭᠤᠴᠠᠭ᠎ᠠ ᠵᠡᠷᠭᠡ 12 ᠭᠤᠣᠯᠳᠠᠯᠭ᠎ᠠ ᠲᠠᠢ ᠲᠥᠷᠥᠯ ᠵᠦᠢᠯ ᠢ ᠪᠠᠶᠢᠭᠤᠯᠵᠤ᠂ ᠬᠡᠪᠴᠢᠶᠡᠵᠢᠯ ᠠᠴᠠ ᠳᠡᠭᠡᠭᠰᠢᠬᠢ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠠᠵᠤ ᠠᠬᠤᠶᠢᠯᠠᠯ ᠢ 50 ᠠᠴᠠ ᠳᠠᠪᠠᠭᠤᠯᠤᠨ᠂ ᠲᠠᠷᠢᠶᠠᠯᠠᠩ ᠮᠠᠯ ᠠᠵᠤ ᠦᠢᠯᠡᠰ ᠤᠨ ᠡᠵᠡᠩᠨᠡᠯᠲᠡ ᠶᠢᠨ ᠭᠤᠣᠯ ᠴᠣᠭᠴᠠ ᠶᠢ 2100 ᠠᠴᠠ ᠳᠡᠭᠡᠭᠰᠢ ᠬᠦᠷᠭᠡᠵᠦ᠂ ᠮᠠᠯᠴᠢᠨ ᠲᠠᠷᠢᠶᠠᠴᠢᠨ ᠪᠣᠯᠣᠨ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠭᠰᠠᠨ ᠬᠠᠷᠢᠴᠠᠯ ᠢ 70% ᠠᠴᠠ ᠳᠠᠪᠠᠭᠤᠯᠬᠤ ᠪᠠᠷ ᠴᠢᠷᠮᠠᠶᠢᠨ᠎ᠠ᠃ ᠲᠠᠷᠢᠶᠠᠨ ᠭᠠᠵᠠᠷ ᠤᠨ ᠡᠬᠢ ᠪᠠᠶᠠᠯᠢᠭ ᠢ ᠵᠣᠬᠢᠰᠲᠠᠢ ᠠᠰᠢᠭᠯᠠᠨ᠂ ᠮᠡᠷᠭᠡᠵᠢᠯ ᠢᠶᠠᠷ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠶᠢ ᠪᠠᠷᠢᠮᠲᠠᠯᠠᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠪᠠ ᠠᠮᠤ ᠪᠤᠳᠠᠭᠠᠨ ᠤ ᠠᠮᠤᠷ ᠲᠦᠪᠰᠢᠨ ᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠨ᠂ 2 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠭᠠᠷᠭᠠᠵᠤ᠂ ᠰᠠᠶᠢᠬᠤᠰᠤ᠂ ᠮᠸᠡᠭ ᠰᠢ ᠶᠢᠨ ᠬᠠᠳᠤᠨ ᠭᠤᠣᠯ ᠳᠠᠭᠠᠤ ᠣᠷᠣᠨ ᠵᠡᠷᠭᠡ ᠭᠤᠣᠯᠳᠠᠯᠭ᠎ᠠ ᠲᠠᠢ ᠭᠠᠵᠠᠷ ᠣᠷᠣᠨ ᠤ ᠲᠠᠷᠢᠮᠠᠯ ᠤᠨ ᠪᠦᠲᠦᠴᠡ ᠳᠤ ᠲᠣᠬᠢᠷᠠᠭᠤᠯᠤᠯᠲᠠ ᠬᠢᠵᠦ ᠦᠷ᠎ᠡ ᠠᠰᠢᠭ ᠢ ᠨᠡᠮᠡᠭᠳᠡᠭᠦᠯᠦᠨ᠂ ᠤᠰᠤᠨ ᠤ ᠡᠬᠢ ᠪᠠᠶᠠᠯᠢᠭ ᠳᠤᠲᠠᠭᠳᠠᠬᠤ ᠪᠠ ᠲᠠᠷᠢᠶᠠᠯᠠᠩ ᠮᠠᠯ ᠠᠵᠤ ᠠᠬᠤᠢ ᠶᠢᠨ ᠬᠡᠪᠴᠢᠶᠡᠵᠢᠨ ᠬᠥᠭᠵᠢᠬᠦ ᠵᠥᠷᠢᠴᠡᠯ ᠢ ᠲᠦᠷᠭᠡᠨ ᠰᠢᠢᠳᠪᠦᠷᠢᠯᠡᠨ᠎ᠡ᠃      ᠨᠡᠷᠡᠲᠦ ᠲᠡᠮᠳᠡᠭ ᠢ ᠰᠢᠯᠢᠳᠡᠭᠵᠢᠭᠦᠯᠵᠦ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠥᠷᠲᠡᠭ ᠢ ᠨᠡᠮᠡᠭᠳᠡᠭᠦᠯᠦᠨ᠎ᠡ᠃ ᠠᠷᠪᠠᠰ ᠤᠨ ᠨᠤᠤᠯᠤᠭᠤᠷ ᠤᠨ ᠢᠮᠠᠭᠠᠨ ᠤ ᠭᠤᠣᠯ ᠡᠭᠦᠯᠳᠡᠷ ᠤᠨ ᠬᠠᠮᠠᠭᠠᠯᠠᠯᠲᠠ ᠶᠢ ᠴᠢᠩᠭᠠᠳᠬᠠᠨ᠂ ᠮᠢᠬ᠎ᠠ ᠪᠠ ᠨᠤᠤᠯᠤᠭᠤᠷ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠪᠠᠷᠢᠮᠲᠠᠯᠠᠵᠤ᠂ ᠬᠡᠲᠦ ᠨᠠᠷᠢᠨ ᠣᠨᠴᠠ ᠨᠠᠷᠢᠨ ᠨᠤᠤᠯᠤᠭᠤᠷ ᠤᠨ ᠢᠮᠠᠭᠠᠨ ᠤ ᠡᠭᠦᠯᠳᠡᠷ ᠢ ᠰᠣᠩᠭᠤᠨ ᠪᠣᠶᠢᠵᠢᠭᠤᠯᠬᠤ᠂ ᠭᠧᠨ ᠢ ᠨᠠᠶᠢᠷᠠᠭᠤᠯᠬᠤ᠂ ᠴᠡᠪᠡᠷ ᠡᠭᠦᠯᠳᠡᠷ ᠢ ᠰᠡᠷᠭᠦᠭᠡᠵᠦ ᠬᠠᠮᠠᠭᠠᠯᠠᠬᠤ ᠠᠵᠢᠯ ᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠠᠳᠬᠤᠨ᠂ ᠤᠯᠤᠰ ᠤᠨ ᠲᠠᠰ ᠤᠨ ᠡᠭᠦᠯᠳᠡᠷ ᠬᠠᠮᠠᠭᠠᠯᠠᠬᠤ ᠲᠠᠯᠠᠪᠠᠶ ᠶᠢ ᠬᠦᠴᠦᠯᠡᠨ ᠪᠠᠶᠢᠭᠤᠯᠵᠤ᠂ 1436 ᠠᠵᠤ ᠦᠢᠯᠡᠰ ᠤᠨ ᠬᠤᠯᠪᠣᠭ᠎ᠠ ᠪᠠ ᠨᠤᠤᠯᠤᠭᠤᠷ ᠤᠨ ᠠᠷᠠᠯᠵᠢᠶᠠᠨ ᠤ ᠲᠥᠪ ᠢ ᠪᠠᠶᠢᠭᠤᠯᠵᠤ᠂ ᠨᠢᠲᠤᠯᠵᠤ ᠪᠣᠯᠪᠠᠰᠤᠷᠠᠭᠤᠯᠬᠤ᠂ ᠬᠥᠯᠳᠡᠭᠡᠵᠦ ᠬᠠᠳᠠᠭᠠᠯᠠᠨ ᠲᠡᠭᠡᠭᠡᠪᠦᠷᠢᠯᠡᠬᠦ ᠲᠣᠭᠲᠠᠯᠴᠠᠭ᠎ᠠ ᠶᠢ ᠪᠦᠷᠢᠨᠰᠢᠭᠦᠯᠦᠨ᠂ ᠠᠮᠢ ᠠᠬᠤᠢ ᠶᠢᠨ ᠲᠣᠮᠣ ᠮᠠᠯᠵᠢᠯ ᠤᠨ ᠲᠠᠯᠠᠪᠠᠶ ᠶᠢᠨ ᠵᠠᠭᠪᠤᠷ ᠢᠶᠠᠷ ᠲᠦᠮᠡᠨ ᠮᠦ ᠶᠢᠨ ︽ᠡᠬᠢ ᠪᠡᠯᠴᠢᠭᠡᠷ ᠮᠠᠯᠵᠢᠯ ᠤᠨ ᠲᠠᠯᠠᠪᠠᠶ︾ ᠶᠢ 5᠂ ᠵᠢᠱᠢᠶ᠎ᠡ ᠦᠵᠡᠭᠦᠯᠬᠦ ᠮᠠᠯᠵᠢᠯ ᠤᠨ ᠲᠠᠯᠠᠪᠠᠶ ᠶᠢ 350᠂ ᠬᠡᠲᠦ ᠨᠠᠷᠢᠨ ᠣᠨᠴᠠ ᠨᠠᠷᠢᠨ ᠭᠤᠣᠯ ᠡᠭᠦᠯᠳᠡᠷ ᠤᠨ ᠰᠦᠷᠦᠭ ᠢ ᠲᠣᠰ ᠲᠣᠰ 50 ᠭᠠᠷᠭᠠᠵᠤ᠂      ︽ᠢᠮᠠᠭᠠᠨ ᠨᠤᠤᠯᠤᠭᠤᠷ︾ ᠢᠶᠠᠷ ᠳᠡᠯᠡᠬᠡᠢ ᠳᠤ ᠠᠯᠳᠠᠷᠰᠢᠨ᠂ ︽ᠢᠮᠠᠭᠠᠨ ᠮᠢᠬ᠎ᠠ︾ ᠪᠠᠷ ᠶᠢᠷᠲᠢᠨᠴᠦ ᠳᠤ ᠲᠠᠨᠢᠭᠳᠠᠵᠤ᠂ ︽ᠤᠷᠢᠶᠠᠮᠠᠭ ᠵᠠᠮᠠᠭ︾ ᠢᠶᠠᠷ ᠣᠷᠴᠢᠯᠠᠩ ᠳᠤ ᠮᠡᠳᠡᠷᠡᠭᠳᠡᠬᠦ ᠪᠦᠲᠦᠭᠡᠭᠳᠡᠬᠦᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠢ ᠰᠠᠶᠢᠲᠤᠷ ᠡᠷᠭᠢᠯᠡᠨ᠎ᠡ᠃ ᠳᠡᠯᠡᠬᠡᠢ ᠶᠢᠨ ᠳᠡᠰ ᠤᠨ ᠣᠷᠢᠶᠠᠮᠠᠭ ᠵᠠᠮᠠᠭ ᠢ ᠦᠢᠯᠡᠳᠪᠦᠷᠢᠯᠡᠨ ᠪᠣᠯᠪᠠᠰᠤᠷᠠᠭᠤᠯᠬᠤ ᠰᠠᠭᠤᠷᠢᠨ ᠭᠠᠵᠠᠷ ᠢ ᠪᠠᠶᠢᠭᠤᠯᠵᠤ᠂ ᠠᠮᠢᠳᠤ ᠪᠣᠳᠠᠰ ᠡᠮ ᠡᠮᠨᠡᠯᠭᠡ ᠶᠢᠨ ᠬᠠᠮᠲᠤᠷᠠᠭᠰᠠᠨ ᠰᠤᠳᠤᠯᠭᠠᠨ ᠤ ᠲᠥᠪ ᠤᠨ ᠰᠤᠳᠤᠯᠭᠠᠨ ᠤ ᠦᠷ᠎ᠡ ᠪᠦᠲᠦᠭᠡᠯ ᠢ ᠤᠯᠠᠷᠢᠭᠤᠯᠤᠨ᠂ 800 ᠲᠦᠮᠡᠨ ᠳ᠋ᠣᠯᠯᠠᠷ ᠢ ᠳᠠᠪᠠᠭᠰᠠᠨ ᠭᠠᠳᠠᠭᠠᠳᠤ ᠭᠠᠷᠭᠠᠯᠲᠠ ᠶᠢ ᠠᠬᠢᠭᠤᠯᠤᠨ᠎ᠠ᠃ ᠪᠥᠬᠦ ᠬᠤᠲᠠ ᠶᠢᠨ ᠠᠯᠠᠰᠢᠨ ᠦᠬᠡᠷ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠤ᠂ ᠦᠮᠡᠬᠡᠶᠢᠨᠠᠭᠤᠷ ᠤᠨ ᠨᠤᠲᠤᠭ ᠤᠨ ᠲᠠᠬᠢᠶ᠎ᠠ᠂ ᠰᠦᠮᠡᠲᠦ ᠶᠢᠨ ᠠᠯᠠᠰᠢᠨ ᠦᠬᠡᠷ ᠵᠡᠷᠭᠡ ᠣᠨᠴᠠᠯᠢᠭ ᠲᠠᠢ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃      ᠥᠩᠭᠡᠨ ᠲᠠᠯ᠎ᠠ ᠪᠠ ᠦᠨᠳᠦᠰᠦ ᠶᠢ ᠵᠡᠷᠭᠡᠪᠡᠷ ᠵᠠᠰᠠᠵᠤ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠠᠶᠢᠭᠤᠯᠬᠤ ᠳᠤ ᠬᠦᠴᠦᠨ ᠨᠡᠮᠡᠷᠢᠯᠡᠨ᠎ᠡ᠃ ︽︿ᠮᠢᠩᠭᠠᠨ ᠲᠣᠰᠬᠤᠨ ᠢᠶᠠᠷ ᠳᠠᠭᠤᠷᠢᠶᠠᠯ ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ ᠢᠨᠵᠧᠨᠧᠷᠢᠩ﹀ ᠤᠨ ᠬᠡᠷᠡᠭᠵᠢᠭᠦᠯᠬᠦ ᠲᠥᠰᠥᠯ︾ ᠢ ᠲᠣᠭᠲᠠᠭᠠᠨ ᠨᠡᠶᠢᠲᠡᠯᠡᠵᠦ᠂ ︽ᠲᠠᠪᠤᠨ ᠲᠠᠯ᠎ᠠ ᠪᠠᠷ ᠬᠥᠭᠵᠢᠭᠦᠯᠦᠨ ᠮᠠᠨᠳᠤᠭᠤᠯᠬᠤ︾ ᠶᠢ ᠨᠢᠭᠡᠳᠦᠯᠲᠡᠢ ᠲᠥᠯᠥᠪᠯᠡᠵᠦ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠨᠤᠷᠠᠬᠤ ᠠᠶᠤᠯᠲᠠᠢ ᠭᠡᠷ ᠪᠠᠶᠢᠰᠢᠩ ᠪᠠ ᠬᠥᠭᠦᠷᠭᠡ ᠶᠢ ᠪᠦᠬᠦᠨ ᠢ ᠴᠡᠭᠴᠡᠯᠡᠨ᠂ ᠤᠰᠤ ᠪᠠᠷ ᠤᠬᠢᠶᠠᠬᠤ ᠵᠣᠷᠯᠣᠩ ᠪᠣᠯᠣᠨ ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠶᠢ ᠰᠢᠰᠲ᠋ᠧᠮ ᠲᠠᠢ ᠳᠡᠭᠡᠭᠰᠢᠯᠡᠭᠦᠯᠵᠦ᠂ ᠠᠮᠢᠳᠤᠷᠠᠯ ᠤᠨ ᠪᠤᠵᠠᠷ ᠤᠰᠤ ᠶᠢ ᠰᠢᠢᠳᠪᠦᠷᠢᠯᠡᠬᠦ ᠨᠣᠷᠮ᠎ᠠ ᠶᠢ 65% ᠠᠴᠠ ᠳᠠᠪᠠᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠤᠯᠠ ᠠᠴᠠ ᠤᠰᠤ ᠲᠠᠲᠠᠵᠤ ᠬᠡᠷᠡᠭᠯᠡᠬᠦ ᠪᠠ ᠤᠰᠤ ᠬᠠᠳᠠᠭᠠᠯᠠᠬᠤ ᠰᠤᠪᠤᠷᠭ᠎ᠠ ᠶᠢ ᠥᠭᠡᠷᠡᠴᠢᠯᠡᠬᠦ ᠵᠡᠷᠭᠡ ᠤᠰᠤᠨ ᠠᠰᠢᠭᠯᠠᠯᠲᠠ ᠪᠠᠷ ᠠᠷᠠᠳ ᠲᠤ ᠠᠰᠢᠭ ᠬᠦᠷᠲᠡᠭᠡᠬᠦ 14 ᠵᠦᠢᠯ ᠤᠨ ᠢᠨᠵᠧᠨᠧᠷᠢᠩ ᠢ ᠬᠡᠷᠡᠭᠵᠢᠭᠦᠯᠵᠦ᠂ ᠮᠠᠯᠴᠢᠨ ᠲᠠᠷᠢᠶᠠᠴᠢᠳ ᠤᠨ ᠤᠰᠤ ᠬᠡᠷᠡᠭᠯᠡᠬᠦ ᠠᠰᠠᠭᠤᠳᠠᠯ ᠢ ᠲᠤᠶᠢᠯᠪᠤᠷᠢᠲᠠᠢ ᠰᠢᠢᠳᠪᠦᠷᠢᠯᠡᠨ᠎ᠡ︔ 1000 ᠺᠢᠯᠣᠮᠧᠲᠷ ᠤᠨ ᠥᠨᠳᠥᠷ ᠬᠦᠴᠦᠳᠡᠯ ᠪᠠ ᠳᠣᠣᠷ᠎ᠠ ᠬᠦᠴᠦᠳᠡᠯᠲᠦ ᠴᠠᠬᠢᠯᠭᠠᠨ ᠬᠠᠩᠭᠠᠬᠤ ᠤᠲᠠᠰᠤ᠂ 1500 ᠭᠠᠷᠤᠢ ᠬᠦᠴᠦᠳᠡᠯ ᠥᠭᠡᠷᠡᠴᠢᠯᠡᠭᠴᠢ ᠶᠢ ᠰᠢᠨ᠎ᠡ ᠪᠠᠷ ᠪᠤᠶᠤ ᠥᠭᠡᠷᠡᠴᠢᠯᠡᠨ ᠵᠠᠰᠠᠵᠤ᠂ ᠪᠤᠶᠢᠳᠠ ᠪᠥᠭᠯᠡᠭᠦᠦ ᠣᠷᠣᠨ ᠤ 2000 ᠮᠠᠯᠴᠢᠨ ᠲᠠᠷᠢᠶᠠᠴᠢᠨ ᠡᠷᠦᠬᠡ ᠳᠤ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠥᠭᠡᠷᠡᠴᠢᠯᠡᠯᠲᠡ ᠬᠢᠨ᠎ᠡ︔ ᠮᠠᠯᠵᠢᠬᠤ ᠲᠠᠷᠢᠶᠠᠯᠠᠬᠤ ᠣᠷᠣᠨ ᠤ 3000 ᠠᠴᠠ ᠳᠡᠭᠡᠭᠰᠢᠬᠢ ᠡᠷᠦᠬᠡ ᠳᠤ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠴᠡᠪᠡᠷ ᠡᠨᠧᠷᠬᠢ ᠪᠠᠷ ᠳᠤᠯᠠᠭᠠᠯᠠᠭ᠎ᠠ ᠬᠠᠩᠭᠠᠬᠤ ᠥᠭᠡᠷᠡᠴᠢᠯᠡᠯᠲᠡ ᠬᠢᠨ᠎ᠡ︔ S216 ᠵᠠᠮ ᠤᠨ ᠮᠸᠡᠭ ᠰᠢ ᠠᠴᠠ ᠴᠢ ᠫᠠᠨ ᠵᠢᠩ ᠬᠦᠷᠬᠦ ᠬᠡᠰᠡᠭ ᠢ ᠠᠷᠠᠴᠢᠯᠠᠵᠤ ᠬᠠᠮᠠᠭᠠᠯᠠᠬᠤ ᠵᠡᠷᠭᠡ ᠢᠨᠵᠧᠨᠧᠷᠢᠩ ᠤᠨ ᠪᠠᠶᠢᠭᠤᠯᠤᠯᠲᠠ ᠶᠢ ᠲᠦᠷᠭᠡᠳᠬᠡᠵᠦ᠂ 100 ᠺᠢᠯᠣᠮᠧᠲᠷ ᠤᠨ ᠬᠥᠳᠡᠭᠡ ᠲᠣᠰᠬᠤᠨ ᠤ ᠵᠠᠰᠠᠮᠠᠯ ᠵᠠᠮ ᠢ ᠰᠢᠨ᠎ᠡ ᠪᠠᠷ ᠥᠭᠡᠷᠡᠴᠢᠯᠡᠨ ᠵᠠᠰᠠᠨ᠎ᠠ︔ 150 ᠴᠢᠮᠡᠭᠡ ᠬᠤᠯᠪᠣᠭᠠᠨ ᠤ ᠰᠠᠭᠤᠷᠢ ᠥᠷᠲᠡᠭᠡ ᠶᠢ ᠨᠡᠮᠡᠵᠦ ᠪᠠᠶᠢᠭᠤᠯᠤᠨ᠂ ᠮᠠᠯᠵᠢᠬᠤ ᠲᠠᠷᠢᠶᠠᠯᠠᠬᠤ ᠣᠷᠣᠨ ᠳᠤ ᠳᠣᠬᠢᠶ᠎ᠠ ᠮᠠᠭᠤ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠎ᠡ᠃ ᠭᠠᠴᠠᠭ᠎ᠠ ᠲᠣᠰᠬᠤᠨ ᠢ ᠭᠤᠶᠣᠵᠢᠭᠤᠯᠵᠤ ᠭᠡᠷᠡᠯᠲᠦᠭᠦᠯᠬᠦ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠬᠤᠲᠠ ᠶᠢᠨ ᠲᠡᠰ ᠤᠨ ᠣᠷᠣᠰᠢᠨ ᠰᠠᠭᠤᠷᠢᠰᠢᠵᠤ ᠦᠢᠯᠡᠰ ᠪᠦᠲᠦᠭᠡᠬᠦ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ 20 ᠠᠴᠠ ᠳᠡᠭᠡᠭᠰᠢ ᠪᠠᠶᠢᠭᠤᠯᠤᠨ᠎ᠠ᠃      ︵ᠭᠤᠷᠪᠠ︶ ᠦᠢᠯᠡᠴᠢᠯᠡᠭᠡᠨ ᠤ ᠦᠢᠯᠡᠰ ᠤᠨ ᠠᠰᠠᠭᠤᠳᠠᠯ ᠢ ᠰᠢᠢᠳᠪᠦᠷᠢᠯᠡᠬᠦ ᠶᠢ ᠳᠣᠪᠤᠶᠢᠯᠭᠠᠵᠤ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠲᠦᠷᠭᠡᠨ ᠪᠣᠢ ᠪᠣᠯᠭᠠᠨ᠎ᠠ᠃ ᠦᠢᠯᠡᠴᠢᠯᠡᠭᠡᠨ ᠤ ᠦᠢᠯᠡᠰ ᠤᠨ ᠴᠢᠨᠠᠷᠲᠠᠢ᠂ ᠤᠯᠠᠨ ᠶᠠᠩᠵᠣᠴᠢᠯᠠᠭᠰᠠᠨ ᠬᠥᠭᠵᠢᠯᠲᠡ ᠶᠢ ᠬᠠᠨᠳᠤᠰᠢ ᠳᠤᠨᠢ ᠲᠣᠬᠢᠷᠠᠭᠤᠯᠤᠨ ᠴᠢᠳᠠᠮᠠᠭᠠᠢ ᠪᠠᠷ ᠬᠥᠲᠥᠯᠥᠨ ᠵᠢᠯᠤᠭᠤᠳᠴᠤ᠂ ᠬᠡᠷᠡᠭᠯᠡᠭᠡᠨ ᠤ ᠲᠠᠯᠳᠠ ᠬᠦᠴᠦᠨ ᠢ ᠪᠦᠬᠦ ᠲᠠᠯ᠎ᠠ ᠪᠠᠷ ᠠᠭᠤᠳᠠᠯᠤᠨ᠂ ᠪᠦᠲᠦᠮᠵᠢᠲᠡᠶ ᠰᠢᠯᠢᠳᠡᠭ ᠦᠢᠯᠡᠴᠢᠯᠡᠭᠡᠨ ᠤ ᠦᠢᠯᠡᠰ ᠤᠨ ᠰᠢᠨ᠎ᠡ ᠲᠣᠭᠲᠠᠯᠴᠠᠭ᠎ᠠ ᠶᠢ ᠪᠦᠷᠢᠯᠳᠦᠭᠦᠯᠦᠨ᠎ᠡ᠃       ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠴᠢᠨᠠᠷ ᠢ ᠳᠡᠭᠡᠭᠰᠢᠯᠡᠭᠦᠯᠦᠨ ᠲᠡᠰ ᠢ ᠳᠡᠪᠰᠢᠭᠦᠯᠦᠨ᠎ᠡ᠃ ︽ᠰᠣᠶᠣᠯ ᠵᠢᠭᠤᠯᠴᠢᠯᠠᠯ +︾ ᠪᠠᠶᠢᠯᠳᠤᠬᠤ ᠪᠣᠳᠣᠯᠭ᠎ᠠ ᠶᠢᠨ ᠰᠡᠳᠬᠢᠬᠦᠢ ᠶᠢ ᠪᠠᠲᠤ ᠪᠦᠷᠢᠯᠳᠦᠭᠦᠯᠵᠦ᠂ ᠵᠢᠭᠤᠯᠴᠢᠯᠠᠯ ᠬᠢᠭᠡᠳ ᠲᠠᠷᠢᠶᠠᠯᠠᠩ ᠮᠠᠯ ᠠᠵᠤ ᠠᠬᠤᠢ᠂ ᠰᠤᠷᠭᠠᠨ ᠬᠥᠮᠦᠵᠢᠯ᠂ ᠡᠷᠡᠭᠦᠯᠵᠢᠯ ᠰᠤᠪᠢᠯᠠᠯ᠂ ᠪᠣᠳᠠᠰ ᠤᠨ ᠪᠤᠰᠤ ᠰᠣᠶᠣᠯ ᠤᠨ ᠥᠪ᠂ ᠤᠷᠤᠯᠳᠤᠭᠠᠨ ᠵᠡᠷᠭᠡ ᠠᠵᠤ ᠦᠢᠯᠡᠰ ᠤᠨ ᠠᠭᠤᠰᠤᠯᠴᠠᠯ ᠢ ᠠᠬᠢᠭᠤᠯᠤᠨ᠂ ᠥᠩᠭᠡ ᠦᠵᠡᠮᠵᠢ ᠰᠤᠨᠢᠷᠬᠠᠬᠤ᠂ ᠰᠣᠶᠣᠯ ᠤᠨ ᠰᠦᠪᠡᠭᠴᠢᠯᠡᠯᠲᠡ ᠬᠢᠬᠦ᠂ ᠬᠤᠪᠢᠰᠬᠠᠯ ᠤᠨ ᠣᠷᠣᠨ ᠢᠶᠠᠷ ᠰᠤᠳᠤᠯᠤᠨ ᠰᠤᠷᠤᠯᠴᠠᠬᠤ ᠵᠡᠷᠭᠡ ᠰᠣᠶᠣᠯ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠶᠢ ᠪᠣᠶ ᠪᠣᠯᠭᠠᠨ᠎ᠠ᠃ ᠣᠷᠣᠨ ᠪᠦᠰᠡ ᠠᠯᠤᠰᠯᠠᠭᠰᠠᠨ ᠵᠢᠭᠤᠯᠴᠢᠯᠠᠯ ᠤᠨ ᠪᠦᠲᠦᠭᠡᠭᠳᠡᠬᠦᠨ ᠤ ᠰᠤᠳᠤᠯᠤᠨ ᠨᠡᠭᠡᠭᠡᠯᠲᠡ ᠶᠢ ᠴᠢᠩᠭᠠᠳᠬᠠᠵᠤ᠂ ᠨᠢᠩᠰᠢᠶᠠ᠂ ᠱᠠᠨᠰᠢ᠂ ᠦᠬᠠᠢ ᠵᠡᠷᠭᠡ ᠣᠶᠢᠷ᠎ᠠ ᠬᠠᠪᠢ ᠶᠢᠨ ᠭᠠᠵᠠᠷ ᠣᠷᠣᠨ ᠯᠤᠭ᠎ᠠ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ ᠬᠠᠮᠲᠤᠷᠠᠯᠴᠠᠭᠠᠨ ᠤ ᠲᠥᠷᠥᠯ ᠵᠦᠢᠯ ᠢ ᠬᠡᠷᠡᠭᠵᠢᠭᠦᠯᠦᠨ᠂ ᠡᠷᠬᠢᠨ ᠲᠣᠭᠤᠷᠢᠨ ᠤ ᠭᠠᠵᠠᠷ ᠲᠤ ᠵᠢᠭᠤᠯᠴᠢᠯᠠᠬᠤ᠂ ᠥᠪᠡᠷ ᠢᠶᠠᠨ ᠮᠠᠰᠢᠨ ᠵᠢᠯᠤᠭᠤᠳᠴᠤ ᠵᠢᠭᠤᠯᠴᠢᠯᠠᠬᠤ ᠬᠡᠷᠡᠭᠯᠡᠭᠡᠨ ᠤ ᠬᠡᠯᠪᠡᠷᠢ ᠶᠢ ᠪᠠᠶᠠᠯᠢᠭᠵᠢᠭᠤᠯᠤᠨ᠂ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠰᠢᠷᠢᠰ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠵᠢᠭᠤᠯᠴᠢᠯᠠᠭᠰᠠᠳ ᠤᠨ ᠢᠷᠡᠯᠲᠡ ᠶᠢᠨ ᠵᠠᠬ᠎ᠠ ᠳᠡᠯᠭᠡᠭᠦᠷ ᠢ ᠬᠠᠮᠲᠤᠪᠠᠷ ᠪᠠᠶᠢᠭᠤᠯᠬᠤ᠂ ᠵᠢᠭᠤᠯᠴᠢᠯᠠᠯ ᠤᠨ ᠡᠬᠢ ᠪᠠᠶᠠᠯᠢᠭ ᠢ ᠬᠠᠷᠢᠯᠴᠠᠨ ᠨᠥᠬᠦᠪᠦᠷᠢᠯᠡᠬᠦ᠂ ᠰᠣᠶᠣᠯ ᠵᠢᠭᠤᠯᠴᠢᠯᠠᠯ ᠤᠨ ᠤᠬᠠᠭᠤᠯᠭ᠎ᠠ ᠬᠢᠬᠦ ᠶᠢ ᠵᠡᠷᠭᠡᠪᠡᠷ ᠠᠬᠢᠭᠤᠯᠤᠨ᠎ᠠ᠃ 3000 ᠲᠦᠮᠡᠨ ᠲᠥᠭᠦᠷᠢᠭ ᠤᠨ ᠲᠣᠰ ᠱᠠᠲᠤᠨ ᠤ ᠪᠡᠯᠡ ᠣᠷᠣᠭᠤᠯᠵᠤ᠂ ᠦᠨᠳᠦᠰᠦᠨ ᠬᠡᠷᠡᠭᠯᠡᠭᠡᠨ ᠤ ᠲᠠᠰ ᠢ ᠲᠡᠪᠰᠢᠭᠦᠯᠣᠨ᠂      ︽ᠠᠷᠪᠠᠨ ᠲᠠᠪᠤᠨ ᠮᠢᠨᠦ᠋ᠲ︾ ᠤᠨ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠢ 30 ᠪᠠᠶᠢᠭᠤᠯᠵᠤ᠂ ᠴᠠᠭ ᠤᠨ ᠤᠷᠤᠰᠬᠠᠯᠲᠤ ᠰᠥᠨᠢ ᠶᠢᠨ ᠵᠠᠬ᠎ᠠ ᠳᠡᠯᠭᠡᠭᠦᠷ᠂ ᠠᠷᠠᠳ ᠤᠨ ᠠᠮᠢᠳᠤᠷᠠᠯ ᠤᠨ ᠥᠷᠯᠥᠭᠡᠨ ᠤ ᠵᠠᠬ᠎ᠠ ᠳᠡᠯᠭᠡᠭᠦᠷ᠂ ᠬᠤᠲᠠ ᠬᠥᠳᠡᠭᠡ ᠶᠢᠨ ᠴᠤᠭᠯᠠᠭ᠎ᠠ ᠮᠠᠶᠢᠮᠠᠢ ᠵᠡᠷᠭᠡ ᠣᠯᠠᠨ ᠡᠰᠢᠲᠦ ᠬᠡᠷᠡᠭᠯᠡᠭᠡᠨ ᠤ ᠣᠷᠴᠢᠨ ᠠᠬᠤᠢ ᠶᠢ ᠪᠣᠶ ᠪᠣᠯᠭᠠᠨ᠂ ᠬᠤᠲᠠ ᠪᠠᠯᠭᠠᠰᠤᠨ ᠤ ᠠᠮᠢᠳᠤᠷᠠᠯ ᠢ ᠬᠥᠭᠵᠢᠶᠡᠨ ᠲᠠᠢ ᠪᠣᠯᠭᠠᠨ᠎ᠠ᠃      ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠬᠡᠪᠴᠢᠶ᠎ᠡ ᠶᠢ ᠥᠷᠭᠡᠳᠬᠡᠨ ᠬᠡᠮᠵᠢᠶ᠎ᠡ ᠶᠢ ᠨᠡᠮᠡᠭᠳᠡᠭᠦᠯᠦᠨ᠎ᠡ᠃ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠦᠢᠯᠡᠰ ᠢ ᠲᠦᠷᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢ ᠪᠠᠶᠢᠭᠤᠯᠬᠤ ᠳᠤ ᠰᠠᠭᠤᠷᠢᠯᠠᠨ᠂ ᠮᠢᠩᠭᠠᠨ ᠳ᠋ᠦᠩᠰᠢᠭᠤᠷ ᠲᠠᠰ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠠ ᠲᠠᠷᠢᠶᠠᠯᠠᠩ ᠮᠠᠯ ᠠᠵᠤ ᠦᠢᠯᠡᠰ ᠤᠨ ᠲᠣᠭᠤᠷᠢᠨ ᠳᠤ᠂ ᠡᠷᠬᠢᠨ ᠲᠣᠭᠤᠷᠢᠨ ᠢᠶᠠᠨ ᠳᠠᠶᠢᠴᠢᠯᠠᠬᠤ᠂ ᠪᠥᠬᠦ ᠤᠯᠤᠰ ᠢ ᠳᠠᠶᠢᠴᠢᠯᠠᠬᠤ ᠣᠳᠣᠬᠢᠴᠢᠯᠠᠭᠰᠠᠨ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠢ 1 — 2 ᠪᠣᠶᠢᠵᠢᠭᠤᠯᠵᠤ ᠪᠣᠵᠠᠭᠠᠶᠢᠷᠠᠭᠤᠯᠣᠨ᠂ ᠵᠠᠰᠠᠮᠠᠯ ᠵᠠᠮ ᠲᠠᠢ ᠬᠤᠯᠪᠣᠭᠳᠠᠭᠰᠠᠨ ᠠᠵᠤ ᠠᠬᠤᠢ ᠶᠢ ᠠᠭᠤᠰᠤᠯᠴᠠᠭᠤᠯᠤᠨ ᠬᠥᠭᠵᠢᠭᠦᠯᠦᠨ᠎ᠡ᠃ ᠰᠢᠨ᠎ᠡ ᠡᠨᠧᠷᠭᠢ ᠶᠢ ᠠᠵᠢᠯᠯᠠᠭᠤᠯᠵᠤ ᠪᠠᠲᠤᠯᠠᠬᠤ ᠦᠢᠯᠡᠴᠢᠯᠡᠭᠡᠨ ᠤ ᠦᠢᠯᠡᠰ ᠢ ᠰᠦᠪᠡᠭᠴᠢᠯᠡᠨ ᠬᠥᠭᠵᠢᠭᠦᠯᠵᠦ᠂ ᠰᠢᠨ᠎ᠡ ᠡᠨᠧᠷᠭᠢ ᠶᠢ ᠥᠷᠭᠡᠳᠬᠡᠨ ᠨᠡᠮᠡᠭᠳᠡᠭᠦᠯᠬᠦ ᠠᠵᠠ ᠲᠣᠬᠢᠶᠠᠯ ᠢ ᠴᠢᠩᠭ᠎ᠠ ᠠᠳᠬᠤᠨ᠂ ᠰᠢᠨ᠎ᠡ ᠡᠨᠧᠷᠭᠢ ᠶᠢ ᠠᠵᠢᠯᠯᠠᠭᠤᠯᠵᠤ ᠪᠠᠲᠤᠯᠠᠬᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ᠂ ᠬᠤᠰᠢᠭᠤᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠭᠦᠨᠵᠡᠭᠡᠢ ᠣᠷᠣᠯᠴᠠᠬᠤ ᠶᠢ ᠵᠣᠷᠢᠭᠵᠢᠭᠤᠯᠤᠨ᠂ ᠪᠦᠷᠢᠨ ᠬᠠᠮᠢᠶᠠᠷᠤᠯᠲᠠ᠂ ᠣᠶᠤᠨᠴᠢᠯᠠᠭᠰᠠᠨ ᠡᠵᠡᠩᠨᠡᠯᠲᠡ᠂ ᠪᠠᠷᠢᠮᠵᠢᠶᠠᠵᠢᠭᠰᠠᠨ ᠦᠢᠯᠡᠴᠢᠯᠡᠭᠡ᠂ ᠪᠠᠶᠠᠯᠢᠭ ᠬᠡᠷᠡᠭᠯᠡᠯᠲᠡ ᠲᠠᠢ ᠰᠢᠨ᠎ᠡ ᠡᠨᠧᠷᠭᠢ ᠶᠢ ᠠᠵᠢᠯᠯᠠᠭᠤᠯᠵᠤ ᠪᠠᠲᠤᠯᠠᠬᠤ ᠲᠣᠭᠲᠠᠯᠴᠠᠭ᠎ᠠ ᠶᠢ ᠲᠦᠷᠭᠡᠨ ᠪᠦᠷᠢᠯᠳᠦᠭᠦᠯᠵᠦ᠂ ᠳᠠᠪᠠᠭᠤᠯᠢᠭ ᠢᠶᠠᠨ ᠪᠠᠳᠠᠷᠠᠭᠤᠯᠤᠨ ᠳᠤᠲᠠᠭᠤᠳᠠᠯ ᠢᠶᠠᠨ ᠨᠥᠬᠦᠪᠦᠷᠢᠯᠡᠬᠦ᠂ ᠬᠥᠭᠵᠢᠯᠲᠡ ᠶᠢ ᠪᠦᠲᠦᠮᠵᠢᠲᠡᠶ ᠠᠬᠢᠭᠤᠯᠤᠨ᠎ᠠ᠃       ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠪᠣᠵᠠᠭᠠᠶᠢᠷᠠᠭᠤᠯᠤᠨ᠎ᠠ᠃ ᠲᠣᠭᠠᠴᠢᠯᠠᠭᠰᠠᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠲᠣᠮᠣ ᠳ᠋ᠠᠶᠢᠲ᠋ᠠ ᠶᠢ ᠲᠥᠪᠯᠡᠷᠡᠭᠦᠯᠦᠨ ᠬᠡᠷᠡᠭᠯᠡᠬᠦ ᠶᠢ ᠲᠦᠷᠭᠡᠳᠬᠡᠨ᠎ᠡ᠃ ᠵᠠᠰᠠᠭ ᠤᠨ ᠣᠷᠳᠣᠨ᠂ ᠮᠥᠩᠭᠦᠨ ᠭᠦᠢᠯᠭᠡᠭᠡ ᠪᠣᠯᠣᠨ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠦᠷᠭᠦᠯᠵᠢᠯᠡᠨ ᠴᠢᠩᠭᠠᠳᠬᠠᠵᠤ᠂ ᠨᠠᠩ ᠣᠯᠠᠨ ᠮᠥᠩᠭᠦᠨ ᠭᠦᠢᠯᠭᠡᠭᠡᠨ ᠤ ᠡᠬᠢ ᠪᠠᠶᠠᠯᠢᠭ ᠢᠶᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠲᠡᠷᠢᠭᠦᠨ ᠤ ᠦᠢᠯᠡᠳᠬᠦ ᠦᠢᠯᠡᠰ᠂ ᠪᠣᠬᠢᠷᠲᠤᠯ ᠦᠭᠡᠢ ᠬᠥᠭᠵᠢᠯᠲᠡ ᠪᠠ ᠳᠤᠮᠳᠠ ᠵᠢᠵᠢᠭ ᠪᠢᠴᠢᠯ ᠠᠵᠤ ᠠᠬᠤᠶᠢᠯᠠᠯ ᠵᠡᠷᠭᠡ ᠭᠤᠣᠯᠳᠠᠯᠭ᠎ᠠ ᠲᠠᠢ ᠬᠦᠷᠢᠶ᠎ᠡ ᠶᠢ ᠳᠡᠮᠵᠢᠬᠦ ᠶᠢ ᠵᠢᠯᠦᠭᠤᠳᠴᠤ ᠵᠣᠷᠢᠭᠵᠢᠭᠤᠯᠤᠨ᠂ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠵᠢᠭᠡᠯᠡᠯᠭᠡ ᠶᠢᠨ ᠦᠯᠡᠳᠡᠪᠦᠷᠢ ᠶᠢ 20% ᠪᠠᠷ ᠨᠡᠮᠡᠭᠳᠡᠭᠦᠯᠵᠦ ᠂ ᠱᠤᠸᠠᠩ ᠰᠢᠨ᠂ ᠮᠧᠶ ᠯᠢ ᠵᠢᠶᠠᠨ ᠵᠡᠷᠭᠡ ᠰᠢᠯᠢᠳᠡᠭ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠶᠢ ᠲᠦᠷᠭᠡᠳᠬᠡᠨ᠎ᠡ᠃ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠲᠡᠷᠢᠭᠦᠨ ᠤ ᠦᠢᠯᠡᠳᠬᠦ ᠦᠢᠯᠡᠰ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠯᠤᠭ᠎ᠠ ᠠᠪᠴᠠᠯᠳᠤᠭᠤᠯᠤᠨ ᠬᠥᠭᠵᠢᠭᠦᠯᠵᠦ᠂ ᠬᠤᠲᠠ ᠬᠥᠳᠡᠭᠡ ᠶᠢᠨ ᠡᠯᠧᠺᠲᠷᠣᠨ ᠬᠤᠳᠠᠯᠳᠤᠭ᠎ᠠ᠂ ᠠᠵᠤ ᠦᠢᠯᠡᠳᠪᠦᠷᠢ ᠶᠢᠨ ᠵᠢᠷᠤᠭ ᠲᠥᠯᠥᠪᠯᠡᠭᠡ᠂ ᠰᠢᠯᠭᠠᠨ ᠪᠠᠶᠢᠴᠠᠭᠠᠯᠲᠠ ᠬᠡᠮᠵᠢᠯᠲᠡ᠂ ᠡᠵᠡᠩᠨᠡᠯᠲᠡ ᠪᠣᠷᠣᠯᠠᠭᠤᠯᠭ᠎ᠠ ᠶᠢᠨ ᠲᠥᠰᠥᠪᠯᠡᠯ ᠵᠡᠷᠭᠡ ᠰᠢᠨ᠎ᠡ ᠡᠵᠡᠩᠨᠡᠯᠲᠡ ᠶᠢᠨ ᠪᠠᠶᠢᠳᠠᠯ ᠢ ᠪᠣᠢ ᠪᠣᠯᠭᠠᠵᠤ ᠪᠤᠵᠠᠭᠠᠶᠢᠷᠠᠭᠤᠯᠤᠨ᠎ᠠ᠃       ︵ᠳᠥᠷᠪᠡ︶ ᠪᠣᠬᠢᠷᠲᠤᠯ ᠦᠭᠡᠢ ᠬᠥᠭᠵᠢᠯᠲᠡ ᠶᠢ ᠳᠣᠪᠣᠶᠢᠯᠭᠠᠵᠤ᠂ ᠠᠮᠢ ᠠᠬᠤᠢ ᠶᠢᠨ ᠬᠠᠯᠬᠠᠪᠴᠢ ᠶᠢ ᠪᠥᠬᠦ ᠲᠠᠯ᠎ᠠ ᠪᠠᠷ ᠪᠠᠶᠢᠭᠤᠯᠤᠨ᠎ᠠ᠃ ᠠᠮᠢ ᠠᠬᠤᠢ ᠶᠢ ᠤᠷᠢᠳᠠᠪᠠᠷ ᠪᠣᠳᠣᠯᠬᠢᠯᠠᠬᠤ᠂ ᠠᠷᠪᠢᠯᠠᠵᠤ ᠡᠷᠴᠢᠮᠵᠢᠭᠦᠯᠬᠦ᠂ ᠪᠣᠬᠢᠷᠲᠤᠯ ᠦᠭᠡᠢ ᠪᠠᠷ ᠬᠥᠭᠵᠢᠭᠦᠯᠦᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠵᠠᠷᠴᠢᠮ ᠢ ᠪᠠᠷᠢᠮᠲᠠᠯᠠᠨ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ᠂ ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢᠨ ᠬᠡᠪᠴᠢᠶ᠎ᠡ ᠶᠢ ᠥᠷᠭᠡᠳᠬᠡᠬᠦ ᠶᠢ ᠵᠣᠬᠢᠴᠠᠭᠤᠯᠤᠨ ᠠᠬᠢᠭᠤᠯᠵᠤ᠂ ᠠᠭᠤᠯᠠ ᠤᠰᠤ ᠶᠢ ᠡᠭᠦᠷᠢᠳᠡ ᠬᠥᠬᠡᠮᠳᠦᠭ ᠨᠣᠭᠤᠭᠠᠨ᠂ ᠠᠭᠤᠷ ᠠᠮᠢᠰᠬᠤᠯ ᠢ ᠬᠡᠵᠢᠶᠡᠳᠡ ᠰᠢᠨ᠎ᠡ ᠰᠣᠷᠭᠤᠭ ᠪᠠᠶᠢᠯᠭᠠᠨ᠎ᠠ᠃       ᠠᠮᠢ ᠠᠬᠤᠢ ᠶᠢᠨ ᠰᠡᠷᠭᠦᠭᠡᠯᠲᠡ ᠶᠢ ᠤᠷᠲᠤ ᠬᠤᠭᠤᠴᠠᠭ᠎ᠠ ᠪᠠᠷ ᠰᠠᠶᠢᠲᠤᠷ ᠠᠳᠬᠤᠨ᠎ᠠ᠃ ᠮᠤᠤᠠᠤᠰᠤ ᠶᠢᠨ ᠡᠯᠡᠰᠦᠷᠬᠡᠭ ᠭᠠᠵᠠᠷ ᠢ ᠣᠶᠢᠵᠢᠭᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠡᠯᠡᠰᠦ ᠶᠢ ᠰᠡᠷᠭᠡᠶᠢᠯᠡᠵᠦ ᠵᠠᠰᠠᠬᠤ ᠬᠢᠭᠡᠳ ᠭᠡᠷᠡᠯ ᠴᠡᠨᠡᠭ ᠴᠠᠬᠢᠯᠭᠠᠨ ᠢ ᠨᠢᠭᠡ ᠴᠣᠭᠴᠠᠵᠢᠭᠤᠯᠬᠤ᠂ ᠪᠣᠬᠢᠷᠲᠤᠯ ᠦᠭᠡᠢ ᠠᠭᠤᠷᠬᠠᠢ ᠶᠢ ᠪᠠᠶᠢᠭᠤᠯᠬᠤ ᠶᠢ ᠣᠷᠭᠠᠨᠢᠭ ᠢᠶᠠᠷ ᠤᠶᠠᠯᠳᠤᠭᠤᠯᠤᠨ᠂ ︽ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ︾ ᠵᠠᠭᠪᠤᠷ ᠢ ᠲᠡᠭᠦᠯᠳᠡᠷᠵᠢᠭᠦᠯᠵᠦ᠂ ᠬᠠᠷᠭᠠᠨ᠎ᠠ ᠲᠠᠷᠢᠬᠤ ᠳᠤ ᠬᠠᠪᠰᠤᠷᠤᠮᠵᠢ ᠪᠣᠯᠬᠤ ᠵᠡᠷᠭᠡ ᠮᠡᠷᠭᠡᠵᠢᠯ ᠤᠨ ᠳᠡᠯᠭᠡᠷᠡᠭᠦᠯᠤᠯᠳᠡ ᠬᠡᠷᠡᠭᠯᠡᠯᠲᠡ ᠶᠢ ᠴᠢᠩᠭᠠᠳᠬᠠᠨ᠂ ᠡᠯᠡᠰᠦ ᠲᠣᠭᠲᠠᠪᠤᠷᠢᠵᠢᠭᠤᠯᠬᠤ ᠪᠦᠰᠡ ᠶᠢ 10 ᠲᠦᠮᠡᠨ ᠮᠦ ᠠᠴᠠ ᠳᠡᠭᠡᠭᠰᠢ ᠰᠢᠨ᠎ᠡ ᠪᠠᠷ ᠪᠠᠶᠢᠭᠤᠯᠵᠤ᠂ 40 ᠲᠦᠮᠡᠨ ᠮᠦ ᠶᠢᠨ ᠣᠶ ᠰᠢᠭᠤᠢ ᠨᠤᠲᠤᠭ ᠪᠡᠯᠴᠢᠭᠡᠷ ᠢ ᠰᠡᠷᠭᠦᠭᠡᠨ᠂ 180 ᠲᠦᠮᠡᠨ ᠮᠧᠲᠷ ᠭᠠᠵᠠᠷ ᠢ ᠬᠦᠷᠢᠶᠡᠯᠡᠨ ᠪᠢᠲᠡᠭᠦᠮᠵᠢᠯᠡᠵᠦ᠂ ︽ᠣᠶᠢᠵᠢᠭᠤᠯᠬᠤ ᠴᠢᠨᠡᠭᠡᠯᠢᠭᠵᠢᠭᠦᠯᠬᠦ ᠶᠢ ᠬᠠᠮᠲᠤ ᠳᠤᠨᠢ ᠠᠬᠢᠭᠤᠯᠬᠤ︾ ᠵᠢᠱᠢᠶ᠎ᠡ ᠦᠵᠡᠭᠦᠯᠬᠦ ᠣᠷᠣᠨ ᠢ ᠪᠥᠬᠦ ᠲᠠᠯ᠎ᠠ ᠪᠠᠷ ᠪᠠᠶᠢᠭᠤᠯᠤᠨ᠎ᠠ᠃ ᠭᠤᠣᠯᠳᠠᠯᠭ᠎ᠠ ᠲᠠᠢ ᠰᠠᠪᠠ ᠭᠠᠵᠠᠷ ᠤᠨ ︽ᠬᠤᠶᠠᠷ ᠱᠤᠭᠤᠮ ᠭᠤᠷᠪᠠᠨ ᠣᠷᠣᠨ︾ ᠤ ᠬᠠᠮᠢᠶᠠᠷᠤᠯᠲᠠ ᠡᠵᠡᠮᠳᠡᠯ ᠢ ᠴᠢᠩᠭᠠᠳᠬᠠᠨ᠂ ᠮᠸᠡᠭ ᠰᠢ ᠶᠢᠨ ᠬᠠᠲᠤᠨ ᠭᠤᠣᠯ ᠳᠠᠭᠠᠤ ᠣᠷᠣᠨ ᠤ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠴᠡᠭᠡᠯ ᠤᠨ ᠭᠤᠤᠯ᠂ ᠦᠵᠦᠭᠦᠷ ᠭᠤᠣᠯ ᠵᠡᠷᠭᠡ ᠭᠤᠣᠯ ᠤᠨ ᠵᠠᠮ ᠢ ᠵᠠᠰᠠᠨ᠂ ᠰᠢᠨ᠎ᠡ ᠪᠠᠷ 30 ᠲᠡᠭᠰᠢ ᠳᠥᠷᠪᠡᠯᠵᠢᠨ ᠺᠢᠯᠣᠮᠧᠲᠷ ᠭᠠᠵᠠᠷ ᠤᠨ ᠬᠥᠷᠥᠰᠥ ᠰᠢᠷᠣᠢ ᠶᠢᠨ ᠢᠳᠡᠭᠳᠡᠯ ᠢ ᠶᠡᠷᠦᠩᠬᠡᠶᠢᠯᠡᠨ ᠵᠠᠰᠠᠨ᠎ᠠ᠃ ᠡᠯ᠎ᠡ ᠱᠠᠲᠤᠨ ᠤ ᠣᠶ ᠰᠢᠭᠤᠢ ᠨᠤᠲᠤᠭ ᠪᠡᠯᠴᠢᠭᠡᠷ ᠤᠨ ᠳᠠᠷᠤᠭ᠎ᠠ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢ ᠬᠢᠨᠠᠨ ᠰᠢᠯᠭᠠᠷᠠᠭᠤᠯᠵᠤ ᠦᠷ᠎ᠡ ᠪᠦᠲᠦᠮᠵᠢ ᠠᠰᠠᠭᠤᠬᠤ ᠠᠵᠢᠯ ᠢ ᠴᠢᠩᠭᠠᠳᠬᠠᠨ᠎ᠠ᠃ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠦᠨ᠎ᠡ᠃       ᠪᠣᠬᠢᠷᠲᠤᠯ ᠤᠨ ᠰᠡᠷᠭᠡᠶᠢᠯᠡᠨ ᠵᠠᠰᠠᠯᠲᠠ ᠶᠢ ᠡᠬᠢ ᠡᠭᠦᠰᠦᠯ ᠠᠴᠠ ᠨᠢ ᠴᠢᠩᠭᠠᠳᠬᠠᠨ᠎ᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠵᠢᠴᠢ ᠡᠯ᠎ᠡ ᠱᠠᠲᠤᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠠᠷ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠬᠦᠴᠦᠲᠡᠢ ᠠᠳᠬᠤᠵᠤ᠂ ᠪᠣᠬᠢᠷᠲᠤᠯ ᠢ ᠰᠡᠷᠭᠡᠶᠢᠯᠡᠨ ᠵᠠᠰᠠᠬᠤ 147 ᠵᠦᠢᠯ ᠤᠨ ᠡᠭᠦᠷᠭᠡ ᠶᠢ ᠪᠡᠶᠡᠯᠡᠭᠦᠯᠦᠨ᠎ᠡ᠃ ᠠᠭᠤᠷᠬᠠᠢ ᠶᠢᠨ ᠣᠷᠣᠨ ᠂ ᠬᠦᠷᠢᠶᠡᠯᠡᠩ ᠲᠣᠭᠤᠷᠢᠭ᠂ ᠬᠤᠲᠠ ᠶᠢᠨ ᠲᠣᠭᠤᠷᠢᠭ᠂ ᠮᠠᠯᠵᠢᠬᠤ ᠲᠠᠷᠢᠶᠠᠯᠠᠬᠤ ᠣᠷᠣᠨ ᠤ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠨᠢᠭᠡᠳᠦᠯᠲᠡᠢ ᠲᠥᠯᠥᠪᠯᠡᠨ᠂ ᠴᠢ ᠫᠠᠨ ᠵᠢᠩ ᠪᠠ ᠮᠸᠡᠭ ᠰᠢ ᠳᠤ ᠬᠤᠪᠢ ᠬᠤᠪᠢᠨ ᠳᠤᠨᠢ ᠠᠳᠠᠯᠢ ᠪᠤᠰᠤ ᠠᠷᠭ᠎ᠠ ᠪᠠᠷ ᠵᠠᠰᠠᠯᠲᠠ ᠬᠢᠵᠤ᠂ ︽ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶᠠᠷᠤᠭᠴᠢ︾ ᠶᠢᠨ ᠲᠤᠰᠬᠠᠢ ᠮᠡᠷᠭᠡᠵᠢᠯ ᠤᠨ ᠬᠦᠴᠦᠨ ᠢ ᠭᠦᠢᠴᠡᠳ ᠪᠠᠳᠠᠷᠠᠭᠤᠯᠤᠨ᠂ ︽ᠰᠦᠯᠵᠢᠶᠡᠨ ᠳᠡᠭᠡᠷᠡᠬᠢ ᠲᠠᠪᠤᠨ ᠰᠠᠭᠤᠷᠢ + ᠰᠦᠯᠵᠢᠶᠡᠨ ᠭᠠᠳᠠᠨᠠᠬᠢ ᠲᠣᠣᠷᠴᠢᠯᠠᠯ︾ ᠤᠨ ᠵᠠᠰᠠᠯᠲᠠ ᠶᠢᠨ ᠵᠠᠭᠪᠤᠷ ᠢ ᠳᠡᠯᠭᠡᠷᠡᠭᠦᠯᠵᠦ᠂ ᠪᠦᠬᠦ ᠣᠷᠣᠨ ᠪᠦᠰᠡ ᠶᠢ ᠬᠠᠮᠤᠷᠤᠭᠰᠠᠨ ᠣᠳᠣᠬᠢᠴᠢᠯᠠᠭᠰᠠᠨ ᠣᠷᠴᠢᠨ ᠲᠣᠭᠤᠷᠢᠨ ᠤ ᠵᠠᠰᠠᠯᠲᠠ ᠶᠢᠨ ᠲᠣᠭᠲᠠᠯᠴᠠᠭ᠎ᠠ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ ᠠᠭᠤᠷᠬᠠᠢ ᠶᠢᠨ ᠡᠷᠬᠡ ᠶᠢ ᠡᠮᠬᠢᠯᠡᠨ ᠨᠡᠶᠢᠯᠡᠭᠦᠯᠬᠦ ᠶᠢ ᠡᠷᠡᠰ ᠭᠤᠶᠢᠪᠢᠰᠢ ᠦᠭᠡᠢ ᠪᠠᠷ ᠠᠬᠢᠭᠤᠯᠵᠤ᠂ ᠵᠢᠶᠠᠨ ᠶᠤᠸᠠᠨ ᠵᠡᠷᠭᠡ 12 ᠨᠡᠭᠦᠷᠡᠰᠦᠨ ᠠᠭᠤᠷᠬᠠᠢ ᠶᠢᠨ ᠬᠤᠳᠳᠤᠭ ᠳᠣᠲᠣᠷ᠎ᠠ ᠪᠥᠭᠯᠡᠬᠦ ᠮᠡᠷᠭᠡᠵᠢᠯ ᠬᠡᠷᠡᠭᠯᠡᠬᠦ ᠶᠢ ᠲᠦᠷᠭᠡᠳᠬᠡᠨ᠂ ᠠᠭᠤᠷᠬᠠᠢ ᠪᠦᠬᠦᠨ ᠢ ᠴᠥᠮ ᠪᠣᠬᠢᠷᠲᠤᠯ ᠦᠭᠡᠢ ᠠᠭᠤᠷᠬᠠᠢ ᠪᠣᠯᠭᠠᠨ ᠪᠠᠶᠢᠭᠤᠯᠤᠨ᠎ᠠ᠃ ᠠᠭᠠᠷ ᠮᠠᠨᠳᠠᠯ ᠤᠨ ᠣᠷᠴᠢᠨ ᠲᠣᠭᠤᠷᠢᠨ ᠤ ᠵᠠᠰᠠᠯᠲᠠ ᠶᠢᠨ ᠲᠥᠷᠥᠯ ᠵᠦᠢᠯ ᠢ 30 ᠠᠴᠠ ᠳᠡᠭᠡᠭᠰᠢ ᠬᠡᠷᠡᠭᠵᠢᠭᠦᠯᠵᠦ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠥᠬᠦ ᠶᠠᠪᠤᠴᠠ ᠳᠠᠬᠢ ᠬᠡᠲᠦ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠪᠠ VOCs ᠤᠨ ᠵᠠᠰᠠᠯᠲᠠ ᠶᠢ ᠦᠷᠭᠦᠯᠵᠢᠯᠡᠨ ᠠᠬᠢᠭᠤᠯᠤᠨ᠂ ᠨᠡᠭᠡᠭᠡᠯᠲᠡ ᠶᠢᠨ ᠲᠣᠭᠤᠷᠢᠭ ᠤᠨ ᠰᠢᠨ᠎ᠡ ᠡᠨᠧᠷᠭᠢ ᠠᠰᠢᠭᠯᠠᠬᠤ ᠬᠠᠷᠢᠴᠠᠯ ᠢ 30% ᠠᠴᠠ ᠳᠡᠭᠡᠭᠰᠢ ᠬᠦᠷᠭᠡᠵᠦ᠂ ᠬᠦᠷᠢᠶᠡᠯᠡᠩ ᠲᠣᠭᠤᠷᠢᠭ ᠤᠨ ᠪᠠᠷᠠᠭ᠎ᠠ ᠲᠡᠭᠡᠭᠡᠪᠦᠷᠢᠯᠡᠬᠦ ᠲᠡᠷᠭᠡ ᠶᠢ ᠰᠢᠨ᠎ᠡ ᠡᠨᠧᠷᠭᠢ ᠶᠢᠨ ᠲᠡᠷᠭᠡ ᠪᠠᠷ ᠣᠷᠣᠯᠠᠭᠤᠯᠬᠤ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ ᠴᠠᠬᠢᠯᠭᠠᠨ ᠡᠨᠧᠷᠭᠢ᠂ ᠭᠠᠵᠠᠷ ᠤᠨ ᠢᠯᠴᠢ᠂ ᠨᠡᠷᠡᠨ ᠤ ᠡᠨᠧᠷᠭᠢ ᠵᠡᠷᠭᠡ ᠣᠯᠠᠨ ᠠᠷᠭ᠎ᠠ ᠮᠠᠶ᠋ᠢᠭ ᠢ ᠤᠶᠠᠯᠳᠤᠭᠤᠯᠤᠭᠰᠠᠨ ᠴᠡᠪᠡᠷ ᠡᠨᠧᠷᠭᠢ ᠶᠢᠨ ᠳᠤᠯᠠᠭᠠᠯᠠᠭ᠎ᠠ ᠶᠢᠨ ᠲᠣᠭᠲᠠᠯᠴᠠᠭ᠎ᠠ ᠶᠢ ᠪᠠᠶᠢᠭᠤᠯᠵᠤ᠂ ᠳᠤᠯᠠᠭᠠᠯᠠᠭ᠎ᠠ ᠶᠢ ᠴᠡᠪᠡᠷ ᠳᠤᠯᠠᠭᠠᠯᠠᠭ᠎ᠠ ᠪᠠᠷ ᠣᠷᠣᠯᠠᠭᠤᠯᠬᠤ ᠶᠢ ᠦᠨᠳᠦᠰᠦᠨ ᠳᠡᠭᠡᠨ ᠪᠡᠶᠡᠯᠡᠭᠦᠯᠦᠨ᠎ᠡ᠃      ᠠᠷᠪᠢᠯᠠᠨ ᠡᠷᠴᠢᠮᠵᠢᠭᠦᠯᠵᠦ ᠬᠥᠭᠵᠢᠯᠲᠡ ᠶᠢᠨ ᠣᠷᠣᠨ ᠵᠠᠢ ᠭᠠᠷᠭᠠᠨ᠎ᠠ᠃ ᠬᠤᠣᠰ ᠨᠡᠭᠦᠷᠡᠰᠦᠲᠥ᠋ᠷᠥᠭᠴᠢ ᠶᠢᠨ ᠪᠠᠶᠢᠯᠳᠤᠬᠤ ᠪᠣᠳᠣᠯᠭ᠎ᠠ ᠶᠢᠨ ᠲᠣᠭᠤᠷᠢᠨ ᠳᠤ᠂ ᠡᠨᠧᠷᠭᠢ ᠠᠷᠪᠢᠯᠠᠬᠤ ᠳᠠᠯᠳᠠ ᠬᠦᠴᠦᠨ ᠢ ᠦᠷᠭᠦᠯᠵᠢᠯᠡᠨ ᠠᠭᠤᠳᠠᠯᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ 90 ᠬᠡᠷᠡᠭᠵᠢᠭᠦᠯᠦᠨ᠂ ᠬᠡᠦᠷᠡᠰᠦ᠂ ᠲᠡᠮᠦᠷᠯᠢᠭ ᠬᠠᠶᠢᠯᠤᠭᠤᠯᠬᠤ᠂ ᠴᠠᠬᠢᠯᠤᠭᠤᠷ ᠴᠢᠯᠠᠭᠤ ᠵᠡᠷᠭᠡ ᠤᠯᠠᠮᠵᠢᠯᠠᠯᠲᠤ ᠠᠵᠢᠯ ᠲᠥᠷᠥᠯ ᠤᠨ ᠡᠨᠧᠷᠭᠢ ᠶᠢᠨ ᠠᠰᠢᠭᠯᠠᠮᠵᠢ᠂ ᠤᠰᠤᠨ ᠤ ᠡᠬᠢ ᠪᠠᠶᠠᠯᠢᠭ ᠤᠨ ᠠᠰᠢᠭᠯᠠᠮᠵᠢ ᠶᠢ ᠨᠡᠮᠡᠭᠳᠡᠭᠦᠯᠬᠦ ᠪᠠ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠵᠡᠷᠭᠡ ᠶᠢ ᠤᠯᠤᠰ ᠤᠨ ᠳᠣᠲᠣᠭᠠᠳᠤ ᠳᠤ ᠲᠦᠷᠦᠭᠦᠯᠡᠨ ᠬᠢᠵᠦ᠂ 13 ᠠᠵᠤ ᠠᠬᠤᠶᠢᠯᠠᠯ ᠤᠨ ᠬᠡᠳᠤ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠪᠡᠶᠡᠯᠡᠭᠦᠯᠦᠨ᠂ ᠵᠢᠶᠡᠨ ᠶᠤᠸᠠᠨ ᠤ ᠰᠢᠪᠲᠦᠷ ᠤᠨ ᠠᠷᠭ᠎ᠠ ᠪᠠᠷ ᠬᠦᠬᠦᠷ ᠦᠭᠡᠶᠢᠳᠡᠭᠦᠯᠬᠦ ᠨᠡᠭᠦᠷᠡᠰᠦᠲᠥ᠋ᠷᠥᠭᠴᠢ ᠦᠭᠡᠶᠢᠳᠡᠭᠦᠯᠬᠦ ᠶᠢ ᠨᠢᠭᠡ ᠴᠣᠭᠴᠠᠵᠢᠭᠤᠯᠬᠤ᠂ ᠱᠤᠸᠠᠩ ᠰᠢᠨ ᠤ ᠴᠠᠬᠢᠯᠤᠭᠤᠷ ᠴᠢᠯᠠᠭᠤᠨ ᠵᠤᠤᠬᠠᠨ ᠤ ᠬᠠᠶᠠᠭᠳᠠᠮᠠᠯ ᠬᠡᠢ ᠶᠢ ᠶᠡᠷᠦᠩᠬᠡᠶᠢᠯᠡᠨ ᠠᠰᠢᠭᠯᠠᠬᠤ ᠵᠡᠷᠭᠡ ᠣᠷᠴᠢᠯᠲᠤ ᠲᠦᠷᠦᠯ ᠵᠦᠢᠯ ᠤᠨ ᠪᠠᠶᠢᠭᠤᠯᠤᠯᠲᠠ ᠶᠢ ᠳᠡᠮᠵᠢᠵᠦ᠂ ᠠᠵᠤ ᠦᠢᠯᠡᠳᠪᠦᠷᠢ ᠶᠢᠨ ᠬᠠᠶᠠᠭᠳᠠᠮᠠᠯ ᠬᠡᠢ ᠶᠢ ᠶᠡᠷᠦᠩᠬᠡᠶᠢᠯᠡᠨ ᠠᠰᠢᠭᠯᠠᠬᠤ ᠨᠤᠷᠮ᠎ᠠ ᠶᠢ 100% ᠳᠤ ᠬᠦᠷᠭᠡᠨ᠂ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠪᠠᠶᠢᠭᠤᠯᠤᠨ᠎ᠠ᠃   ︽ᠤᠰᠤ ᠪᠠᠷ ᠳᠥᠷᠪᠡ ᠶᠢ ᠲᠣᠭᠲᠠᠭᠠᠬᠤ︾ ᠵᠠᠷᠴᠢᠮ ᠢ ᠪᠥᠬᠦ ᠲᠠᠯ᠎ᠠ ᠪᠠᠷ ᠲᠣᠭᠤᠰᠢᠯᠠᠭᠤᠯᠵᠤ᠂ ᠤᠰᠤᠨ ᠤ ᠡᠬᠢ ᠪᠠᠶᠠᠯᠢᠭ ᠤᠨ ᠠᠰᠢᠭᠯᠠᠮᠵᠢ ᠶᠢ ᠲᠦᠷᠦᠭᠦᠯᠡᠨ ᠨᠡᠮᠡᠭᠳᠡᠭᠦᠯᠬᠦ ᠠᠵᠢᠯᠯᠠᠭ᠎ᠠ ᠥᠷᠨᠢᠭᠦᠯᠦᠨ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠬᠡᠷᠡᠭᠯᠡᠭᠰᠡᠨ ᠣᠷᠣᠨ ᠢ ᠵᠠᠰᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠵᠢᠶᠡᠨᠬᠦ᠋ᠢ ᠶᠢᠨ ᠤᠰᠤᠯᠠᠯᠲᠠ ᠶᠢᠨ ᠣᠷᠣᠨ ᠤ ᠤᠰᠤ ᠠᠷᠪᠢᠯᠠᠬᠤ ᠥᠭᠡᠷᠡᠴᠢᠯᠡᠯᠲᠡ ᠵᠡᠷᠭᠡ ᠢᠨᠵᠧᠨᠧᠷᠢᠩ ᠢ ᠡᠬᠢᠯᠡᠭᠦᠯᠦᠨ᠂ ᠨᠢᠭᠡᠴᠢ GDP ᠳᠠᠬᠢ ᠤᠰᠤᠨ ᠤ ᠬᠤᠷᠣᠭᠳᠠᠯ ᠢ ᠵᠠᠭᠤᠨ ᠤ 2 ᠬᠤᠪᠢ ᠪᠠᠷ ᠪᠠᠭᠤᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠮᠠᠶ᠋ᠢᠭ ᠤᠨ ᠬᠦᠷᠢᠶᠡᠯᠡᠩ ᠲᠣᠭᠤᠷᠢᠭ ᠢ ᠪᠠᠶᠢᠭᠤᠯᠤᠨ᠎ᠠ᠃ ᠮᠦ ᠪᠦᠷᠢ ᠶᠢᠨ ᠳᠤᠮᠳᠠᠴᠢ ᠭᠠᠶᠢᠯᠢ ᠶᠢᠨ ᠣᠷᠣᠯᠭ᠎ᠠ᠂ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ ᠬᠢᠨᠠᠨ ᠰᠢᠯᠭᠠᠷᠠᠭᠤᠯᠵᠤ ᠦᠨᠡᠯᠡᠬᠦ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠵᠥᠪᠰᠢᠶᠡᠷᠡᠭᠰᠡᠨ ᠪᠣᠯᠪᠠᠴᠤ ᠬᠠᠩᠭᠠᠭᠠᠳᠤᠢ᠂ ᠰᠤᠯᠠ ᠲᠠᠯᠪᠢᠭᠰᠠᠨ ᠭᠠᠵᠠᠷ ᠰᠢᠷᠣᠢ ᠶᠢ 3000 ᠮᠦ ᠠᠴᠠ ᠳᠡᠭᠡᠭᠰᠢ ᠠᠰᠢᠭᠯᠠᠨ᠂ ᠨᠡᠭᠡᠭᠡᠯᠲᠡ ᠶᠢᠨ ᠲᠣᠭᠤᠷᠢᠭ ᠤᠨ ᠮᠦ ᠪᠦᠷᠢ ᠶᠢᠨ ᠳᠤᠮᠳᠠᠴᠢ ᠦᠷ᠎ᠡ ᠠᠰᠢᠭ ᠢ 15% ᠪᠠᠷ ᠨᠡᠮᠡᠭᠳᠡᠭᠦᠯᠬᠦ ᠶᠢ ᠠᠬᠢᠭᠤᠯᠤᠨ᠎ᠠ᠃ ᠮᠸᠡᠭ ᠰᠢ ᠶᠢᠨ ᠬᠥᠩᠭᠡᠨᠴᠠᠭᠠᠨ ᠤ ᠦᠢᠯᠡᠰ ᠤᠨ ᠨᠤᠨᠳᠠᠭ ᠨᠡᠭᠦᠷᠡᠰᠦᠨ ᠤ ᠦᠨᠡᠰᠦ ᠠᠴᠠ ᠬᠥᠩᠭᠡᠨᠴᠠᠭᠠᠨ ᠤ ᠢᠰᠦᠯ ᠢ ᠭᠠᠷᠭᠠᠨ ᠠᠪᠬᠤ ᠪᠠᠷ ᠵᠢᠱᠢᠶ᠎ᠡ ᠦᠵᠡᠭᠦᠯᠦᠭᠰᠡᠨ᠂ ᠳ᠋ᠦᠩ ᠴᠧᠨ ᠬᠤᠢ ᠲᠦᠩ ᠤᠨ ᠨᠡᠭᠦᠷᠡᠰᠦᠨ ᠴᠢᠯᠠᠭᠤ ᠪᠠᠷ ᠦᠢᠯᠡᠳᠦᠭᠰᠡᠨ ᠠᠮᠢ ᠠᠬᠤᠢ ᠶᠢᠨ ᠬᠥᠷᠥᠰᠥ ᠰᠢᠷᠣᠢ᠂ ᠢᠦᠢ ᠶᠠᠩ ᠱᠢ ᠳ᠋ᠠᠢ ᠶᠢᠨ ᠲᠤᠨᠤᠮᠠᠯ ᠨᠡᠭᠦᠷᠡᠰᠦ ᠶᠢ ᠴᠡᠪᠡᠷᠰᠢᠭᠦᠯᠵᠦ ᠠᠰᠢᠭᠯᠠᠬᠤ ᠪᠠᠷ ᠲᠤᠯᠭᠠᠭᠤᠷᠢᠯᠠᠭᠤᠯᠤᠭᠰᠠᠨ᠂ ᠶᠢᠨ ᠴᠠᠩ ᠤᠨ ᠬᠠᠲᠠᠭᠤ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠵᠡᠷᠭᠡ ᠰᠢᠨ᠎ᠡ ᠪᠠᠷ ᠪᠠᠶᠢᠭᠤᠯᠬᠤ ᠲᠥᠷᠥᠯ ᠵᠦᠢᠯ ᠢᠶᠠᠷ ᠨᠥᠬᠦᠪᠦᠷᠢᠯᠡᠭᠦᠯᠦᠭᠰᠡᠨ ᠬᠠᠲᠠᠭᠤ ᠬᠠᠶᠠᠭᠳᠠᠮᠠᠯ ᠢ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠵᠤ᠂ ᠬᠠᠲᠠᠭᠤ ᠬᠠᠶᠠᠭᠳᠠᠮᠠᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 60%  ᠠᠴᠠ ᠳᠡᠭᠡᠭᠰᠢ ᠬᠦᠷᠭᠡᠨ᠎ᠡ᠃       ︵ᠲᠠᠪᠤ︶ ᠥᠭᠡᠷᠡᠴᠢᠯᠡᠯᠲᠡ ᠪᠠᠷ ᠬᠥᠲᠥᠯᠥᠨ ᠳᠠᠭᠠᠭᠤᠯᠬᠤ ᠶᠢ ᠳᠣᠪᠦᠶᠢᠯᠭᠠᠵᠤ᠂ ᠳᠣᠲᠣᠭᠠᠳᠤ ᠬᠦᠳᠡᠯᠭᠡᠭᠴᠢ ᠬᠦᠴᠦᠨ ᠢ ᠭᠦᠢᠴᠡᠳ ᠬᠥᠭᠵᠢᠭᠡᠨ᠎ᠡ᠃ ᠥᠭᠡᠷᠡᠴᠢᠯᠡᠯᠲᠡ ᠪᠠᠷ ᠬᠥᠭᠵᠢᠯᠲᠡ ᠶᠢᠨ ᠬᠥᠳᠡᠯᠭᠡᠬᠦ ᠬᠦᠴᠦᠨ ᠢ ᠬᠤᠷᠠᠮᠳᠤᠭᠤᠯᠵᠤ᠂ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ᠂ ᠪᠦᠲᠦᠮᠵᠢᠲᠡᠶ ᠲᠥᠪᠯᠡᠷᠡᠭᠦᠯᠬᠦ ᠶᠢ ᠠᠬᠢᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠨᠡᠩ ᠰᠠᠶᠢᠲᠤᠷ ᠦᠢᠯᠡᠴᠢᠯᠡᠵᠦ ᠠᠭᠤᠰᠤᠯᠴᠠᠨ᠎ᠠ᠃       ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠶᠡᠷᠦᠩᠬᠡᠶᠢᠯᠡᠭᠰᠡᠨ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠪᠠᠷ ︽ᠴᠣᠩᠬᠤᠪᠴᠢ ᠶᠢ ᠴᠥᠭᠡᠳᠬᠡᠬᠦ ᠠᠵᠢᠯᠯᠠᠭ᠎ᠠ︾ ᠶᠢ ᠠᠬᠢᠭᠤᠯᠤᠨ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠠᠴᠠ ᠪᠠᠨ ︽ᠨᠢᠭᠡ ᠰᠦᠯᠵᠢᠶ᠎ᠡ ᠪᠠᠷ ᠰᠠᠶᠢᠨ ᠭᠦᠢᠴᠡᠳᠬᠡᠬᠦ︾ ᠶᠢ ᠪᠡᠶᠡᠯᠡᠭᠦᠯᠵᠦ᠂ ᠨᠠᠩ ᠣᠯᠠᠨ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠬᠡᠷᠡᠭᠯᠡᠭᠡᠨ ᠤ ᠣᠷᠴᠢᠨ ᠢ ᠪᠣᠶ ᠪᠣᠯᠭᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠬᠦ ᠶᠢ ᠪᠠᠲᠤᠲᠠᠢ ᠠᠬᠢᠭᠤᠯᠤᠨ᠎ᠠ᠃ 100 ︽ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠡᠶᠡᠴᠢᠯᠡᠨ ᠣᠶᠢᠯᠠᠭᠠᠭᠴᠢ︾ ᠡᠯᠰᠡᠵᠦ᠂ ︽ᠳ᠋ᠦᠸᠧ ᠳ᠋ᠦᠸᠧ ᠫᠢᠡᠭ︾᠂ ︽ᠭᠠᠷ ᠤᠨ ᠠᠶ᠎ᠠ ᠪᠠᠷ ᠭᠡᠷᠡᠯ ᠵᠢᠷᠤᠭ ᠠᠪᠬᠤ︾ ᠲᠠᠪᠴᠠᠩ ᠢᠶᠠᠷ ᠪᠦᠬᠦ ᠠᠷᠠᠳ ᠤᠨ ᠬᠢᠨᠠᠯᠲᠠ ᠶᠢ ᠠᠬᠢᠭᠤᠯᠤᠨ᠎ᠠ᠃ ᠤᠳᠤᠷᠢᠳᠤᠯᠭ᠎ᠠ ᠬᠤᠯᠪᠣᠭᠠᠯᠠᠨ ᠳᠠᠭᠠᠭᠠᠴᠢᠯᠠᠬᠤ᠂ ᠲᠦᠷᠦᠯ ᠵᠦᠢᠯ ᠢ ᠳᠠᠭᠠᠭᠤᠯᠤᠨ ᠭᠦᠢᠴᠡᠳᠬᠡᠬᠦ᠂ ᠨᠡᠶᠢᠯᠡᠭᠦᠯᠵᠦ ᠬᠢᠨᠠᠨ ᠵᠥᠪᠰᠢᠶᠡᠷᠡᠬᠦ ᠶᠢ ᠴᠢᠩᠭᠠᠳᠬᠠᠵᠤ᠂ ︽ᠵᠠᠭᠠᠯᠳᠤᠭᠠᠳᠤᠢ ᠵᠦᠢᠯ ᠢ ᠤᠷᠢᠳ ᠢᠶᠠᠷ ᠭᠦᠢᠴᠡᠳᠬᠡᠬᠦ︾᠂ ︽ᠵᠠᠭᠠᠯᠳᠤᠭᠤᠯᠬᠤ ᠦᠭᠡᠢ ᠪᠣᠯ ᠥᠪᠡᠷ ᠢᠶᠠᠨ ᠭᠦᠢᠴᠡᠳᠬᠡᠬᠦ︾ ᠳᠤ ᠨᠡᠩ ᠰᠠᠶᠢᠨ ᠬᠦᠴᠦᠨ ᠨᠡᠮᠡᠷᠢᠯᠡᠨ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠵᠥᠪᠰᠢᠶᠡᠷᠡᠭᠦᠯᠬᠦ ᠦᠭᠡᠢ ᠪᠠᠷ ᠰᠢᠭᠤᠳ ᠬᠡᠷᠡᠭᠵᠢᠭᠦᠯᠬᠦ᠂ ᠲᠦᠷᠦ ᠶᠢᠨ ᠪᠣᠳᠣᠯᠭ᠎ᠠ ᠶᠢᠨ ᠪᠡᠯᠡ ᠮᠥᠩᠭᠦ ᠶᠢ ᠰᠢᠭᠤᠳ ᠪᠠᠭᠤᠯᠭᠠᠬᠤ ᠶᠢ ᠪᠡᠶᠡᠯᠡᠭᠦᠯᠦᠨ᠎ᠡ᠃ ᠨᠡᠭᠡᠭᠡᠯᠲᠡ ᠶᠢᠨ ᠲᠣᠭᠤᠷᠢᠭ ᠤᠨ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠶᠠᠪᠤᠭᠳᠠᠭᠤᠯᠵᠤ᠂ ᠨᠡᠭᠡᠭᠡᠯᠲᠡ ᠶᠢᠨ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ︽ᠪᠠᠶᠢᠭᠤᠯᠤᠯᠲᠠ ᠬᠠᠮᠢᠶᠠᠷᠤᠯᠲᠠ ᠠᠷᠠᠴᠢᠯᠠᠯᠲᠠ︾ ᠶᠢ ᠨᠢᠭᠡ ᠴᠣᠭᠴᠠᠵᠢᠭᠤᠯᠤᠨ᠂ ᠤᠰᠤ ᠴᠠᠬᠢᠯᠭᠠᠨ ᠬᠡᠢ ᠵᠠᠮ ᠳᠤᠯᠠᠭᠠᠯᠠᠭ᠎ᠠ ᠪᠠ ᠰᠤᠷᠭᠠᠨ ᠬᠥᠮᠦᠵᠢᠯ ᠡᠮᠴᠢᠯᠡᠭᠡ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠵᠦ᠂ ᠨᠡᠭᠡᠭᠡᠯᠲᠡ ᠶᠢᠨ ᠲᠣᠭᠤᠷᠢᠭ ᠤᠨ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠬᠦᠷᠢᠶᠡᠯᠡᠩ ᠲᠣᠭᠤᠷᠢᠭ᠂ ᠪᠥᠬᠦ ᠤᠯᠤᠰ ᠤᠨ ᠵᠠᠭᠤᠨ ᠬᠦᠴᠦᠷᠬᠡᠭ ᠬᠦᠷᠢᠶᠡᠯᠡᠩ ᠲᠣᠭᠤᠷᠢᠭ ᠲᠤ ᠳᠠᠪᠰᠢᠨ ᠣᠷᠣᠬᠤ ᠶᠢ ᠠᠬᠢᠭᠤᠯᠤᠨ᠎ᠠ᠃       ᠥᠭᠡᠷᠡᠴᠢᠯᠡᠯᠲᠡ ᠶᠢᠨ ᠬᠥᠳᠡᠯᠭᠡᠭᠴᠢ ᠬᠦᠴᠦᠨ ᠢ ᠪᠦᠬᠦ ᠲᠠᠯ᠎ᠠ ᠪᠠᠷ ᠬᠥᠭᠵᠢᠭᠡᠨ᠎ᠡ᠃ ᠤᠯᠤᠰ ᠤᠨ ᠥᠮᠴᠢᠯᠠᠯᠲᠤ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠵᠡᠩᠨᠡᠯᠲᠡ ᠶᠢᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠬᠤᠯᠠᠴᠢᠯᠠᠨ᠂ ᠰᠢᠨ᠎ᠡ ᠡᠨᠧᠷᠭᠢ ᠂ ᠰᠢᠨ᠎ᠡ ᠮᠠᠲ᠋ᠧᠷᠢᠶᠠᠯ᠂ ᠰᠢᠨ᠎ᠡ ᠮᠡᠷᠭᠡᠵᠢᠯ ᠤᠨ ᠬᠦᠷᠢᠶᠡᠨ ᠤ ᠪᠠᠶᠢᠷᠢᠯᠠᠭᠤᠯᠤᠯᠲᠠ ᠶᠢ ᠰᠦᠪᠡᠭᠴᠢᠯᠡᠵᠦ᠂ ᠭᠤᠣᠯ ᠠᠵᠢᠯ ᠢᠶᠠᠨ ᠤᠯᠠᠮ ᠴᠢᠩᠭᠠᠳᠬᠠᠨ᠂ ᠡᠳ᠋ ᠬᠥᠷᠥᠩᠭᠡ ᠪᠠᠨ ᠨᠡᠮᠡᠭᠳᠡᠭᠦᠯᠵᠦ᠂ ᠡᠵᠡᠩᠨᠡᠯᠲᠡ ᠪᠠᠨ ᠰᠢᠯᠢᠳᠡᠭᠵᠢᠭᠦᠯᠦᠨ᠎ᠡ᠃ ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠳ᠋ ᠤᠨ ᠵᠠᠰᠠᠭ ᠤᠨ ᠲᠣᠭᠲᠠᠭᠤᠨ ᠡᠷᠭᠢᠯᠲᠡ ᠶᠢ ᠪᠠᠲᠤᠯᠠᠨ᠎ᠠ᠃ ︽ᠠᠵᠤ ᠠᠬᠤᠢ ᠶᠢᠨ ᠶᠡᠭᠡ ᠲᠠᠷᠢᠬᠢ︾ ᠶᠢ ᠪᠠᠶᠢᠭᠤᠯᠵᠤ᠂ ᠭᠠᠶᠢᠯᠢ ᠲᠠᠲᠠᠪᠤᠷᠢ᠂ ᠴᠠᠬᠢᠯᠭᠠᠨ ᠬᠦᠴᠦ ᠵᠡᠷᠭᠡ ᠶᠢᠨ ᠲᠣᠮᠣ ᠳ᠋ᠠᠶᠢᠲ᠋ᠠ ᠶᠢᠨ ᠠᠵᠤ ᠠᠬᠤᠢ ᠶᠢᠨ ᠡᠷᠭᠢᠯᠲᠡ ᠶᠢ ᠬᠢᠨᠠᠨ ᠬᠡᠮᠵᠢᠬᠦ ᠲᠣᠭᠲᠠᠯᠴᠠᠭ᠎ᠠ ᠶᠢ ᠪᠠᠶᠢᠭᠤᠯᠤᠨ᠎ᠠ᠃ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠦᠨᠳᠦᠰᠦᠨ ᠱᠠᠲᠤᠨ ᠤ ᠵᠠᠰᠠᠯᠲᠠ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠰᠣᠶᠣᠯ ᠡᠷᠡᠭᠦᠯ ᠬᠠᠮᠠᠭᠠᠯᠠᠯ ᠵᠡᠷᠭᠡ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠥᠭᠡᠷᠡᠴᠢᠯᠡᠯᠲᠡ ᠶᠢᠨ ᠦᠷ᠎ᠡ ᠪᠦᠲᠦᠮᠵᠢ ᠪᠠᠷ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃ ᠨᠡᠶᠢᠲᠡᠯᠢᠭ ᠲᠤᠷᠰᠢᠯᠭ᠎ᠠ ᠶᠢ ᠶᠡᠬᠡᠪᠡᠷ ᠳᠡᠯᠭᠡᠷᠡᠭᠦᠯᠬᠦ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠨᠡᠩ ᠤᠯᠠᠨ ᠳᠠᠭᠤᠷᠢᠶᠠᠵᠤ ᠪᠣᠯᠬᠤ᠂ ᠳᠡᠯᠭᠡᠷᠡᠭᠦᠯᠵᠦ ᠪᠣᠯᠬᠤ ︽ᠤᠳᠤᠭ ᠤᠨ ᠲᠤᠷᠰᠢᠯᠭ᠎ᠠ︾ ᠶᠢ ᠬᠠᠶᠢᠨ ᠰᠦᠪᠡᠭᠴᠢᠯᠡᠨ᠎ᠡ᠃       ᠪᠦᠬᠦ ᠬᠦᠴᠦᠨ ᠢᠶᠠᠷ ᠢᠶᠠᠨ ᠬᠤᠳᠠᠯᠳᠤᠭᠠᠴᠢᠨ ᠤᠷᠢᠵᠤ ᠪᠡᠯᠡ ᠣᠷᠣᠭᠤᠯᠤᠨ᠎ᠠ᠃ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠵᠢᠷᠤᠭ ᠲᠥᠯᠥᠪᠯᠡᠭᠡ ᠵᠣᠬᠢᠶᠠᠵᠤ ᠬᠤᠳᠠᠯᠳᠤᠭᠠᠴᠢᠨ ᠤᠷᠢᠬᠤ᠂ ᠠᠵᠤ ᠦᠢᠯᠡᠰ ᠢᠶᠠᠷ ᠬᠤᠳᠠᠯᠳᠤᠭᠠᠴᠢᠨ ᠤᠷᠢᠬᠤ ᠠᠵᠢᠯᠯᠠᠭ᠎ᠠ ᠶᠢ ᠶᠡᠬᠡᠪᠡᠷ ᠥᠷᠨᠢᠭᠦᠯᠦᠨ᠂ ᠣᠳᠣ ᠶᠢᠨ ᠪᠠᠶᠢᠭ᠎ᠠ ᠳᠠᠭᠠᠭᠤᠯᠤᠭᠴᠢ ᠠᠵᠤ ᠠᠬᠤᠶᠢᠯᠠᠯ᠂ ᠨᠤᠲᠤᠭ ᠤᠨ ᠠᠵᠤ ᠠᠬᠤᠶᠢᠯᠠᠯ ᠤᠨ ᠳᠡᠭᠡᠳᠦ ᠳᠣᠣᠷᠠᠳᠤ ᠤᠷᠤᠰᠬᠠᠯ ᠤᠨ ᠬᠡᠷᠡᠭᠯᠡᠭᠴᠢᠳ ᠢ ᠬᠠᠮᠤᠭ ᠤᠨ ᠶᠡᠭᠡ ᠬᠤᠳᠠᠯᠳᠤᠭᠠᠴᠢᠨ ᠤᠷᠢᠬᠤ ᠡᠬᠢ ᠪᠠᠶᠠᠯᠢᠭ ᠪᠣᠯᠭᠠᠵᠤ᠂ ᠠᠵᠤ ᠦᠢᠯᠡᠰ ᠤᠨ ᠬᠡᠯᠬᠢᠶ᠎ᠡ ᠶᠢᠨ ᠬᠤᠭᠤᠰᠤᠨ ᠭᠠᠵᠠᠷ᠂ ᠲᠠᠰᠤᠷᠬᠠᠢ ᠴᠡᠭ ᠢ ᠴᠢᠩᠭ᠎ᠠ ᠠᠩᠬᠠᠷᠤᠨ᠂ ᠪᠤᠢ ᠪᠦᠬᠦᠢ ᠭᠡᠷ᠎ᠡ ᠲᠣᠭᠲᠠᠭᠰᠠᠨ ᠲᠦᠷᠦᠯ ᠵᠦᠢᠯ ᠢ ᠨᠠᠷᠢᠨ ᠳᠠᠩᠰᠠ ᠪᠠᠶᠢᠭᠤᠯᠤᠨ ᠨᠠᠷᠢᠯᠢᠭ ᠬᠤᠪᠢᠶᠡᠨ ᠬᠠᠮᠢᠶᠠᠷᠴᠤ᠂ ᠲᠦᠷᠦᠯ ᠵᠦᠢᠯ ᠲᠣᠭᠲᠠᠭᠠᠬᠤ᠂ ᠠᠵᠢᠯ ᠡᠬᠢᠯᠡᠭᠦᠯᠬᠦ᠂ ᠠᠵᠢᠯ ᠳᠠᠭᠤᠰᠬᠠᠬᠤ ᠨᠤᠷᠮ᠎ᠠ ᠶᠢ ᠶᠡᠭᠡ ᠪᠠᠷ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ ᠠᠵᠢᠯᠯᠠᠭ᠎ᠠ ᠶᠢ ᠪᠥᠬᠦ ᠲᠠᠯ᠎ᠠ ᠪᠠᠷ  ᠥᠷᠨᠢᠭᠦᠯᠵᠦ᠂ ᠭᠡᠷ᠎ᠡ ᠲᠣᠭᠲᠠᠭᠰᠠᠨ ᠲᠥᠷᠥᠯ ᠵᠦᠢᠯ ᠢ ᠨᠠᠶᠢᠳᠠᠪᠤᠷᠢᠵᠢᠭᠤᠯᠤᠨ ᠠᠵᠢᠯ ᠡᠬᠢᠯᠡᠭᠦᠯᠬᠦ᠂ ᠦᠢᠯᠡᠴᠢᠯᠡᠵᠦ ᠪᠠᠲᠤᠯᠠᠬᠤ ᠪᠠ ᠮᠥᠷᠳᠡᠨ ᠳᠠᠭᠠᠵᠤ ᠪᠦᠲᠦᠮᠵᠢ ᠠᠰᠠᠭᠤᠬᠤ ᠶᠢ ᠴᠢᠩᠭᠠᠳᠬᠠᠨ᠂ ᠢᠲᠡᠭᠡᠯ ᠢ ᠪᠠᠷᠢᠮᠲᠠᠯᠠᠵᠤ ᠠᠮᠠᠯᠳᠠᠭᠰᠠᠨ ᠢᠶᠠᠨ ᠪᠡᠶᠡᠯᠡᠭᠦᠯᠬᠦ ᠶᠢ ᠤᠳᠤᠭ ᠤᠨ ᠬᠤᠳᠠᠯᠳᠤᠭᠠᠴᠢᠨ ᠢ ᠳᠣᠲᠣᠨᠣᠴᠢᠯᠠᠵᠤ ᠬᠤᠳᠠᠯᠳᠤᠭᠠᠴᠢᠨ ᠢ ᠠᠮᠤᠷᠵᠢᠭᠤᠯᠬᠤ ᠨᠡᠷ᠎ᠡ ᠶᠢᠨ ᠬᠠᠭᠤᠳᠠᠰᠤ ᠪᠣᠯᠭᠠᠵᠤ᠂ ᠪᠦᠬᠦ ᠵᠢᠯ ᠳᠤ 100 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠦᠷᠦᠯ ᠵᠦᠢᠯ ᠢ 2᠂ 50 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠦᠷᠦᠯ ᠵᠦᠢᠯ ᠢ 5 ᠣᠷᠣᠭᠤᠯᠵᠤ ᠠᠪᠴᠢᠷᠠᠨ᠂ 100 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠮᠥᠩᠭᠦ ᠶᠢ ᠪᠣᠳᠠᠲᠠᠢ ᠨᠠᠶᠢᠳᠠᠪᠤᠷᠢᠵᠢᠭᠤᠯᠤᠨ᠎ᠠ᠃       ︵ᠵᠢᠷᠭᠤᠭ᠎ᠠ︶ ᠣᠷᠣᠨ ᠪᠦᠰᠡ ᠶᠢᠨ ᠵᠣᠬᠢᠴᠠᠭᠤᠯᠭ᠎ᠠ ᠶᠢ ᠳᠣᠪᠤᠶᠢᠯᠭᠠᠵᠤ᠂ ᠬᠤᠲᠠ ᠪᠠᠯᠭᠠᠰᠤ ᠶᠢᠨ ᠴᠢᠨᠠᠷ ᠲᠡᠰ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠬᠦᠮᠦᠨ ᠢᠶᠠᠷ ᠦᠨᠳᠦᠰᠦ ᠪᠣᠯᠭᠠᠬᠤ ᠬᠤᠲᠠ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ ᠦᠢᠯᠡᠳᠦᠯᠭᠡᠵᠢᠭᠦᠯᠵᠦ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠨ᠂ ᠲᠥᠯᠦᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠳᠤᠲᠠᠭᠤᠳᠠᠯ ᠪᠠᠭᠤᠷᠠᠢ ᠲᠠᠯ᠎ᠠ ᠪᠠᠨ ᠨᠥᠬᠦᠪᠦᠷᠢᠯᠡᠨ᠂ ᠣᠷᠣᠨ ᠪᠦᠰᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃       ᠲᠥᠯᠦᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠨᠠᠷᠢᠯᠢᠭ ᠪᠣᠳᠠᠲᠠᠢ ᠠᠳᠬᠤᠨ᠎ᠠ᠃ ᠬᠤᠰᠢᠭᠤ ᠵᠠᠰᠠᠭ ᠤᠨ ᠣᠷᠳᠣᠨ ᠤ ᠲᠥᠪ ᠤᠯᠠᠭᠠᠨᠪᠠᠯᠭᠠᠰᠣ᠂ ᠠᠵᠤ ᠦᠢᠯᠡᠰ ᠪᠣᠯᠣᠨ ᠬᠤᠲᠠ ᠶᠢ ᠠᠭᠤᠰᠤᠯᠴᠠᠭᠤᠯᠤᠭᠰᠠᠨ ᠴᠢᠬᠤᠯᠠ ᠪᠠᠯᠭᠠᠰᠤ ᠴᠢ ᠫᠠᠨ ᠵᠢᠩ᠂ ᠬᠠᠲᠤᠨ ᠭᠤᠣᠯ ᠳᠠᠭᠠᠤ ᠶᠢᠨ ᠠᠮᠢ ᠠᠬᠤᠢ ᠶᠢᠨ ᠵᠢᠵᠢᠭ ᠪᠠᠯᠭᠠᠰᠤ ᠮᠸᠡᠭ ᠰᠢ᠂ ᠬᠤᠪᠢᠰᠬᠠᠯᠲᠤ ᠰᠣᠶᠣᠯ ᠤᠨ ᠵᠢᠭᠤᠯᠴᠢᠯᠠᠯ ᠤᠨ ᠵᠢᠵᠢᠭ ᠪᠠᠯᠭᠠᠰᠤ ᠥᠮᠡᠬᠡᠶᠢᠨᠠᠭᠤᠷ᠂ ᠬᠤᠶᠠᠷ ᠰᠣᠳᠣᠨ ᠮᠠᠯᠵᠢᠯ ᠤᠨ ᠵᠢᠵᠢᠭ ᠰᠤᠮᠤ ᠠᠷᠪᠠᠰ ᠪᠣᠯᠣᠨ ᠰᠦᠮᠡᠲᠦ ᠶᠢᠨ ︽ᠨᠢᠭᠡ ᠲᠥᠪ᠂ ᠨᠢᠭᠡ ᠴᠢᠬᠤᠯᠠ᠂ ᠳᠥᠷᠪᠡᠨ ᠵᠢᠵᠢᠭ︾ ᠬᠥᠭᠵᠢᠯᠲᠡ ᠶᠢᠨ ᠪᠦᠲᠦᠴᠡ ᠶᠣᠰᠣᠭᠠᠷ᠂ ᠬᠤᠰᠢᠭᠤ ᠪᠠᠯᠭᠠᠰᠤ ᠬᠤᠶᠠᠷ ᠱᠠᠲᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢ ᠮᠡᠳᠡᠭᠦᠯᠦᠨ ᠵᠥᠪᠰᠢᠶᠡᠷᠡᠭᠦᠯᠦᠨ᠎ᠡ᠃ ᠬᠤᠰᠢᠭᠤ᠂ ᠨᠡᠭᠡᠭᠡᠯᠲᠡ ᠶᠢᠨ ᠲᠣᠭᠤᠷᠢᠭ ᠂ ᠰᠤᠮᠤ ᠪᠠᠯᠭᠠᠰᠤ᠂ ᠭᠠᠴᠠᠭ᠎ᠠ ᠲᠣᠰᠬᠤᠨ ᠤ ᠡᠯ᠎ᠡ ᠲᠥᠷᠥᠯ ᠤᠨ ᠲᠥᠯᠦᠪᠵᠢᠭᠦᠯᠭᠡ ᠶᠢᠨ ᠣᠷᠭᠠᠨᠢᠭ ᠠᠪᠴᠠᠯᠳᠤᠯ ᠢ ᠰᠢᠯᠢᠳᠡᠭᠵᠢᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ᠂ ᠬᠠᠮᠠᠭᠠᠯᠠᠯᠲᠠ ᠶᠢᠨ ᠨᠠᠷᠢᠨ ᠳᠠᠩᠰᠠ᠂ ᠨᠠᠵᠠᠭᠠᠢ ᠲᠠᠯ᠎ᠠ ᠶᠢᠨ ᠨᠠᠷᠢᠨ ᠳᠠᠩᠰᠠ ᠶᠢ ᠬᠠᠷᠢᠯᠴᠠᠨ ᠨᠢᠭᠡᠳᠬᠡᠨ᠂ ︽ᠨᠢᠭᠡ ᠲᠣᠣᠷ︾ ᠢᠶᠠᠷ ᠲᠥᠯᠥᠪᠵᠢᠭᠦᠯᠵᠦ᠂ ︽ᠨᠢᠭᠡ ᠵᠢᠷᠤᠭ︾ ᠢᠶᠠᠷ ᠲᠥᠰᠥᠪᠯᠡᠨ᠎ᠡ᠃       ᠬᠤᠳᠠ ᠶᠢᠨ ᠰᠢᠨᠡᠴᠢᠯᠡᠯᠲᠡ ᠶᠢ ᠲᠢᠭᠯᠢᠮ ᠲᠠᠢ ᠡᠷᠴᠢᠮᠲᠡᠢ ᠲᠦᠷᠭᠡᠳᠬᠡᠨ᠎ᠡ᠃ ︽ᠳᠤᠯᠠᠭᠠᠯᠠᠭ᠎ᠠ ᠶᠢᠨ ᠢᠨᠵᠧᠨᠧᠷᠢᠩ︾ ᠢ ᠪᠥᠬᠦ ᠲᠠᠯ᠎ᠠ ᠪᠠᠷ ᠬᠡᠷᠡᠭᠵᠢᠭᠦᠯᠵᠦ᠂ ᠳᠤᠯᠠᠭᠠᠯᠠᠭ᠎ᠠ ᠬᠠᠩᠭᠠᠬᠤ᠂ ᠤᠰᠤ ᠬᠠᠩᠭᠠᠬᠤ᠂ ᠴᠠᠬᠢᠯᠭᠠᠨ ᠬᠠᠩᠭᠠᠬᠤ᠂ ᠬᠡᠢ ᠬᠠᠩᠭᠠᠬᠤ ︽ᠳᠥᠷᠪᠡᠨ ᠪᠠᠲᠤᠯᠠᠭ᠎ᠠ︾ ᠶᠢ ᠴᠣᠭᠴᠠᠵᠢᠭᠤᠯᠤᠨ᠂ ᠬᠤᠲᠠ ᠶᠢᠨ ᠠᠮᠢᠨ ᠰᠤᠳᠠᠰᠤ ᠶᠢᠨ ᠨᠡᠶᠢᠳᠡᠮ ᠪᠠᠶᠢᠴᠠᠭᠠᠯᠲᠠ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠬᠤᠭᠤᠯᠠᠢ ᠲᠣᠣᠷ ᠢ ᠥᠭᠡᠷᠡᠴᠢᠯᠡᠬᠦ᠂ ᠡᠮᠬᠢ ᠵᠠᠮᠪᠠᠷᠠᠭ᠎ᠠ ᠦᠭᠡᠢ ᠴᠠᠬᠢᠯᠭᠠᠨ ᠤᠲᠠᠰᠤ ᠶᠢ ᠴᠡᠭᠴᠡᠯᠡᠬᠦ ᠵᠡᠷᠭᠡ ᠡᠯ᠎ᠡ ᠲᠥᠷᠥᠯ ᠤᠨ ᠬᠤᠲᠠ ᠶᠢᠨ ᠶᠠᠪᠤᠳᠠᠯ ᠤᠨ ᠢᠨᠵᠧᠨᠧᠷᠢᠩ ᠢ ᠪᠦᠲᠦᠮᠵᠢᠲᠡᠶ ᠵᠣᠯᠭᠠᠭᠤᠯᠬᠤ ᠶᠢ ᠪᠠᠲᠤᠯᠠᠨ᠎ᠠ᠃ ᠳᠤᠯᠠᠭᠠᠯᠠᠭ᠎ᠠ ᠶᠢᠨ ᠢᠷᠡᠯᠲᠡ ᠶᠢᠨ ᠪᠠᠶᠢᠭᠤᠯᠤᠯᠲᠠ᠂ ᠬᠤᠭᠤᠯᠠᠢ ᠲᠣᠣᠷ ᠤᠨ ᠲᠡᠰ ᠳᠡᠪᠰᠢᠭᠦᠯᠤᠯᠳᠡ᠂ ᠣᠶᠤᠨᠴᠢ ᠳᠤᠯᠠᠭᠠᠯᠠᠭ᠎ᠠ ᠬᠠᠩᠭᠠᠯᠭ᠎ᠠ ᠶᠢᠨ ᠲᠥᠷᠥᠯ ᠵᠦᠢᠯ ᠢ ᠲᠦᠷᠭᠡᠨ ᠬᠡᠷᠡᠭᠵᠢᠭᠦᠯᠵᠦ᠂ ᠳᠤᠯᠠᠭᠠᠯᠠᠭ᠎ᠠ ᠬᠠᠩᠭᠠᠬᠤ ᠬᠢᠨᠠᠯᠲᠠ ᠬᠠᠮᠢᠶᠠᠷᠤᠯᠲᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ 30 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠡᠢ ᠪᠦᠬᠦᠢ ᠪᠠᠷᠢᠯᠭ᠎ᠠ ᠳᠤ ᠡᠨᠧᠷᠭᠢ ᠠᠷᠪᠢᠯᠠᠬᠤ ᠥᠭᠡᠷᠡᠴᠢᠯᠡᠯᠲᠡ ᠬᠢᠵᠤ᠂ 300 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠲᠠᠢ 200 ᠺᠢᠯᠣᠮᠧᠲᠷ ᠤᠨ ᠳᠤᠯᠠᠭᠠᠯᠠᠭ᠎ᠠ ᠬᠠᠩᠭᠠᠬᠤ ᠬᠤᠭᠤᠯᠠᠢ ᠶᠢ ᠰᠢᠨ᠎ᠡ ᠪᠠᠷ ᠨᠡᠮᠡᠨ ᠥᠭᠡᠷᠡᠴᠢᠯᠡᠨ᠎ᠡ᠃ ᠤᠯᠠᠭᠠᠨᠪᠠᠯᠭᠠᠰᠣ ᠶᠢᠨ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ ᠶᠢ ᠲᠠᠰ ᠳᠡᠪᠰᠢᠭᠦᠯᠦᠨ ᠥᠭᠡᠷᠡᠴᠢᠯᠡᠬᠦ᠂ ᠮᠧᠩ ᠰᠢ ᠪᠠᠯᠭᠠᠰᠤ ᠶᠢᠨ ᠤᠰᠤ ᠬᠠᠩᠭᠠᠬᠤ ᠬᠤᠭᠤᠯᠠᠢ ᠲᠣᠣᠷ ᠢ ᠥᠭᠡᠷᠡᠴᠢᠯᠡᠬᠦ ᠪᠠ ᠤᠰᠤᠨ ᠤ ᠴᠢᠨᠠᠷ ᠢ ᠰᠠᠶᠢᠵᠢᠷᠠᠭᠤᠯᠬᠤ ᠵᠡᠷᠭᠡ 40 ᠲᠥᠷᠥᠯ ᠵᠦᠢᠯ ᠢ ᠡᠬᠢᠯᠡᠭᠦᠯᠵᠦ᠂ 50 ᠺᠢᠯᠣᠮᠧᠲᠷ ᠤᠨ ᠪᠣᠷᠣᠭᠠᠨ ᠤ ᠤᠰᠤ ᠬᠢᠭᠡᠳ ᠪᠤᠵᠠᠷ ᠤᠰᠤ ᠭᠠᠳᠠᠭᠰᠢᠯᠠᠭᠤᠯᠬᠤ ᠬᠤᠭᠤᠯᠠᠢ ᠲᠣᠣᠷ᠂ 30 ᠺᠢᠯᠣᠮᠧᠲᠷ ᠤᠨ ᠬᠤᠳᠠ ᠶᠢᠨ ᠶᠠᠪᠤᠳᠠᠯ ᠤᠨ ᠵᠠᠮ ᠢ ᠰᠢᠨ᠎ᠡ ᠪᠠᠷ ᠥᠭᠡᠷᠡᠴᠢᠯᠡᠵᠦ ᠵᠠᠰᠠᠨ᠂ 30 ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠢ ᠰᠢᠨᠡᠳᠬᠡᠵᠦ᠂ 300 ᠴᠠᠬᠢᠯᠭᠠᠨ ᠴᠡᠨᠡᠭᠯᠡᠬᠦ ᠪᠠᠭᠠᠨ᠎ᠠ ᠭᠠᠷᠭᠠᠨ᠂ ᠰᠤᠷᠭᠠᠨ ᠬᠥᠮᠦᠵᠢᠯ ᠤᠨ ᠴᠡᠴᠡᠷᠯᠢᠭ᠂ ᠪᠡᠶ᠎ᠡ ᠶᠢᠨ ᠲᠠᠮᠢᠷ ᠤᠨ ᠴᠡᠴᠡᠷᠯᠢᠭ ᠤᠨ ᠪᠠᠶᠢᠭᠤᠯᠤᠯᠲᠠ ᠶᠢ ᠲᠦᠷᠭᠡᠳᠬᠡᠵᠦ᠂ ᠬᠠᠭᠤᠴᠢᠨ ᠬᠤᠳᠠ ᠶᠢᠨ ᠲᠣᠭᠤᠷᠢᠭ ᠤᠨ ᠭᠡᠷᠡᠯᠲᠦᠭᠦᠯᠭᠡ ᠶᠢ ᠰᠠᠶᠢᠵᠢᠷᠠᠭᠤᠯᠬᠤ ᠠᠵᠢᠯ ᠢ ᠰᠠᠶᠢᠲᠤᠷ ᠬᠢᠵᠦ᠂ ᠪᠢᠴᠢᠯ ᠴᠡᠴᠡᠷᠯᠢᠭ ᠢ ᠰᠢᠨ᠎ᠡ ᠪᠠᠷ 2 ᠪᠠᠶᠢᠭᠤᠯᠤᠨ᠂ 20 ᠲᠦᠮᠡᠨ ᠲᠡᠭᠰᠢ ᠳᠥᠷᠪᠡᠯᠵᠢᠨ ᠮᠧᠲᠷ ᠤᠨ ᠭᠠᠵᠠᠷ ᠢ ᠨᠣᠭᠤᠭᠠᠷᠠᠭᠤᠯᠵᠤ᠂ ᠤᠯᠤᠰ ᠤᠨ ᠴᠡᠴᠡᠷᠯᠢᠭᠵᠢᠭᠦᠯᠦᠭᠰᠡᠨ ᠬᠤᠳᠠ ᠶᠢᠨ ᠲᠠᠬᠢᠨ ᠬᠢᠨᠠᠯᠲᠠ ᠶᠢ ᠥᠩᠭᠡᠷᠡᠭᠡᠨ᠎ᠡ᠃ ᠪᠠᠶᠢᠭᠠᠯᠢ ᠶᠢᠨ ᠰᠢᠲᠠᠮᠠᠬᠠᠢ ᠬᠡᠢ ᠬᠡᠷᠡᠭᠯᠡᠭᠴᠢ ᠶᠢ 1500 ᠡᠷᠦᠬᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠰᠠᠭᠤᠭᠠᠯᠢ ᠠᠷᠠᠳ ᠲᠤ ᠰᠢᠲᠠᠮᠠᠬᠠᠢ ᠬᠡᠢ ᠶᠢ ᠨᠡᠶᠢᠳᠡᠮ ᠬᠡᠷᠡᠭᠯᠡᠭᠦᠯᠬᠦ ᠶᠢ ᠦᠨᠳᠦᠰᠦᠨ ᠳᠡᠭᠡᠨ ᠪᠡᠶᠡᠯᠡᠭᠦᠯᠦᠨ᠎ᠡ᠃       ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠰᠢᠢᠳᠪᠦᠷᠢᠲᠦ ᠢᠯᠠᠯᠲᠠ ᠶᠢ ᠲᠡᠮᠡᠴᠡᠨ ᠣᠯᠤᠨ᠎ᠡ᠃ ︽ᠠᠷᠠᠳ ᠤᠨ ᠲᠥᠯᠥᠭᠡ ᠡᠭᠦᠳᠦᠨ ᠪᠠᠶᠢᠭᠤᠯᠬᠤ᠂ ᠡᠭᠦᠳᠦᠨ ᠪᠠᠶᠢᠭᠤᠯᠬᠤ ᠳᠤ ᠠᠷᠠᠳ ᠢ ᠲᠦᠰᠢᠭᠯᠡᠬᠦ᠂ ᠡᠭᠦᠳᠦᠨ ᠪᠠᠶᠢᠭᠤᠯᠤᠯᠲᠠ ᠪᠠᠷ ᠠᠷᠠᠳ ᠲᠤ ᠠᠰᠢᠭ ᠬᠦᠷᠲᠡᠭᠡᠬᠦ︾ ᠶᠢ ᠪᠠᠷᠢᠮᠲᠠᠯᠠᠨ᠎ᠠ᠃ ᠲᠣᠭᠠᠴᠢᠯᠠᠭᠰᠠᠨ ᠪᠠᠶᠢᠭᠤᠯᠤᠯᠲᠠ ᠪᠠᠷ ᠬᠤᠲᠠ ᠪᠠᠯᠭᠠᠰᠤᠨ ᠤ ᠨᠠᠷᠢᠯᠢᠭᠵᠢᠭᠰᠠᠨ ᠬᠠᠮᠢᠶᠠᠷᠤᠯᠲᠠ ᠳᠤ ᠬᠦᠴᠦᠨ ᠨᠡᠮᠡᠷᠢᠯᠡᠵᠦ᠂ ᠬᠤᠲᠠ ᠪᠠᠯᠭᠠᠰᠤᠨ ᠤ ᠠᠵᠢᠯᠯᠠᠭ᠎ᠠ ᠶᠢ ︽ᠨᠢᠭᠡ ᠰᠦᠯᠵᠢᠶ᠎ᠡ ᠪᠠᠷ ᠨᠡᠶᠢᠲᠡᠮ ᠬᠠᠮᠢᠶᠠᠷᠬᠤ︾ ᠶᠢ ᠭᠦᠨᠵᠡᠭᠡᠶᠢᠷᠡᠭᠦᠯᠦᠨ᠂ ︽ᠲᠣᠭᠠᠴᠢᠯᠠᠭᠰᠠᠨ ᠬᠤᠲᠠ ᠶᠢᠨ ᠬᠠᠮᠢᠶᠠᠷᠤᠯᠲᠠ︾᠂         ︽ᠣᠶᠤᠨᠴᠢ ᠵᠠᠮ ᠬᠠᠷᠢᠯᠴᠠᠭ᠎ᠠ︾᠂ ︽ᠬᠢᠨᠠᠨ ᠡᠵᠡᠮᠳᠡᠬᠦ ᠢᠨᠵᠧᠨᠧᠷᠢᠩ︾ ᠵᠡᠷᠭᠡ ᠰᠢᠰᠲ᠋ᠧᠮ ᠤᠨ ᠲᠥᠪᠯᠡᠷᠡᠩᠭᠦᠢ ᠬᠡᠷᠡᠭᠯᠡᠯᠲᠡ ᠶᠢ ᠠᠬᠢᠭᠤᠯᠵᠤ᠂ ︽ᠵᠡᠭᠡᠯᠢ ᠭᠤᠳᠤᠮᠵᠢ ᠶᠢᠨ ᠳᠠᠷᠤᠭ᠎ᠠ ᠶᠢᠨ ᠳᠦᠷᠢᠮ︾᠂    ︽ᠵᠠᠮ ᠳᠡᠭᠡᠷ᠎ᠡ ᠠᠯᠪᠠᠯᠠᠬᠤ︾ ᠵᠡᠷᠭᠡ ᠬᠠᠮᠢᠶᠠᠷᠤᠯᠲᠠ ᠶᠢᠨ ᠵᠠᠭᠪᠤᠷ ᠢ ᠳᠡᠯᠭᠡᠷᠡᠭᠦᠯᠦᠨ᠎ᠡ᠃ ᠠᠷᠠᠳ ᠲᠤ ᠲᠥᠬᠦᠮ ᠦᠵᠡᠭᠦᠯᠬᠦ ᠥᠪᠡᠷᠮᠢᠴᠡ ᠣᠨᠴᠠᠯᠢᠭᠲᠤ ᠨᠡᠶᠢᠭᠡᠮ ᠲᠣᠭᠤᠷᠢᠭ ᠤᠨ ᠪᠠᠶᠢᠭᠤᠯᠤᠯᠲᠠ ᠶᠢ ᠴᠢᠩᠭᠠᠳᠬᠠᠵᠤ᠂ ᠨᠢᠭᠡ ᠪᠦᠯᠦᠭ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠬᠦᠭᠡᠷᠦᠮᠵᠢ ᠶᠢ ᠠᠰᠢᠭᠯᠠᠯᠲᠠ ᠳᠤ ᠣᠷᠣᠭᠤᠯᠤᠨ᠂ ᠠᠳᠠᠯ ᠠᠬᠤᠢ ᠶᠢᠨ ᠠᠵᠢᠯ ᠲᠥᠷᠥᠯ ᠢ ᠵᠥᠪᠰᠢᠶᠡᠷᠡᠨ ᠣᠷᠣᠭᠤᠯᠬᠤ ᠪᠠ ᠪᠤᠴᠠᠭᠠᠨ ᠭᠠᠷᠭᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠭᠦᠨᠵᠡᠭᠡᠢ ᠦᠢᠯᠡᠳᠦᠯᠭᠡᠵᠢᠭᠦᠯᠵᠦ᠂ ᠪᠣᠯᠪᠠᠰᠤᠨ ᠢ ᠬᠥᠮᠥᠵᠢᠭᠦᠯᠬᠦ᠂ ᠪᠣᠯᠪᠠᠰᠤᠨ ᠢ ᠦᠢᠯᠡᠳᠦᠯᠭᠡᠵᠢᠭᠦᠯᠬᠦ᠂ ᠪᠣᠯᠪᠠᠰᠤᠨ ᠢ ᠡᠭᠦᠳᠦᠨ ᠪᠠᠶᠢᠭᠤᠯᠬᠤ ᠶᠢ ᠨᠢᠭᠡᠳᠦᠯᠲᠡᠢ ᠲᠥᠯᠥᠪᠵᠢᠭᠦᠯᠦᠨ᠂ ᠣᠯᠠᠨ ᠢᠶᠠᠷ ᠢᠶᠠᠨ ᠲᠡᠮᠵᠢᠵᠤ ᠪᠦᠬᠦ ᠠᠷᠠᠳ ᠢᠶᠠᠷ ᠢᠶᠠᠨ ᠣᠷᠣᠯᠴᠠᠭᠰᠠᠨ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠭᠰᠡᠨ ᠰᠢᠨ᠎ᠡ ᠴᠠᠭ ᠦᠶ᠎ᠡ ᠶᠢᠨ ᠪᠣᠯᠪᠠᠰᠤᠨ ᠢ ᠦᠢᠯᠡᠳᠦᠯᠭᠡᠵᠢᠭᠦᠯᠬᠦ ᠬᠦᠴᠦᠨ ᠢ ᠨᠢᠭᠲᠠᠷᠠᠭᠤᠯᠤᠨ᠎ᠠ᠃      ︵ᠳᠣᠯᠤᠭ᠎ᠠ︶ ᠬᠥᠮᠥᠨ ᠢᠶᠠᠷ ᠦᠨᠳᠦᠰᠦ ᠪᠣᠯᠭᠠᠬᠤ ᠶᠢ ᠳᠣᠪᠣᠶᠢᠯᠭᠠᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ︽ᠳᠥᠷᠪᠡ ᠶᠢ ᠣᠶᠢᠷ᠎ᠠ ᠬᠠᠪᠢ ᠳᠤ ᠨᠢ ᠪᠡᠶᠡᠯᠡᠭᠦᠯᠬᠦ︾᠂ ︽ᠳᠥᠷᠪᠡ ᠶᠢ ᠳᠡᠭᠡᠭᠰᠢᠯᠡᠭᠦᠯᠬᠦ︾ ᠱᠠᠭᠠᠷᠳᠠᠯᠭ᠎ᠠ ᠶᠣᠰᠣᠭᠠᠷ᠂ ᠠᠷᠠᠳ ᠤᠯᠠᠨ ᠤ ᠬᠦᠷᠲᠡᠭᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃      ᠨᠡᠶᠢᠭᠡᠮ ᠤᠨ ᠪᠠᠲᠤᠯᠠᠭ᠎ᠠ ᠶᠢ ᠪᠦᠷᠢᠨᠰᠢᠭᠦᠯᠬᠦ ᠶᠢ ᠠᠬᠢᠭᠤᠯᠤᠨ᠎ᠠ᠃ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠦᠨ ᠴᠢᠨᠡᠭᠡᠯᠢᠭᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠤᠳᠤᠷᠢᠳᠤᠮᠵᠢ ᠶᠢ ᠴᠢᠩᠭᠠᠳᠬᠠᠨ᠂ ᠤᠯᠠᠨ ᠠᠷᠭ᠎ᠠ ᠵᠠᠮ ᠢᠶᠠᠷ ᠠᠵᠤ ᠠᠬᠤᠶᠢᠯᠠᠯ ᠢ ᠬᠠᠪᠰᠤᠷᠴᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠥᠷᠭᠡᠳᠬᠡᠵᠦ᠂ ᠶᠡᠭᠡ ᠳᠡᠭᠡᠳᠦ ᠰᠤᠷᠭᠠᠭᠤᠯᠢ ᠶᠢᠨ ᠤᠶᠣᠲᠠᠨ᠂ ᠴᠡᠷᠢᠭ ᠤᠨ ᠠᠯᠪᠠ ᠠᠴᠠ ᠬᠠᠯᠠᠭᠳᠠᠭᠰᠠᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠵᠡᠷᠭᠡ ᠭᠤᠣᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ ᠶᠢ ᠨᠢᠭᠡᠳᠦᠯᠲᠡᠢ ᠲᠥᠯᠥᠪᠯᠡᠵᠦ ᠰᠠᠶᠢᠲᠤᠷ ᠠᠳᠬᠤᠨ᠂ ᠰᠢᠨ᠎ᠡ ᠪᠠᠷ 3000 ᠠᠴᠠ ᠳᠡᠭᠡᠭᠰᠢ ᠬᠥᠮᠥᠨ ᠳᠤ ᠠᠵᠢᠯ ᠣᠯᠭᠤᠨ᠎ᠠ︔ ︽ᠬᠥᠮᠥᠨ ᠪᠦᠬᠦᠨ ᠦᠨᠡᠮᠯᠡᠯ ᠲᠠᠢ᠂ ᠮᠡᠷᠭᠡᠵᠢᠯ ᠴᠢᠳᠠᠪᠤᠷᠢ ᠲᠠᠢ ᠣᠲᠤᠭ︾ ᠤᠨ ᠠᠵᠢᠯᠯᠠᠭ᠎ᠠ ᠶᠢ ᠥᠷᠨᠢᠭᠦᠯᠵᠦ᠂ ᠠᠵᠢᠯ ᠬᠢᠯᠭᠡᠵᠦ ᠴᠠᠯᠢᠩ ᠬᠥᠯᠥᠰᠦ ᠥᠭᠬᠦ ᠪᠠᠷ ᠲᠡᠳᠬᠦᠮᠵᠢ ᠶᠢ ᠣᠷᠣᠯᠠᠭᠤᠯᠬᠤ ᠲᠣᠭᠲᠠᠴᠠ ᠶᠢ ᠪᠦᠷᠢᠨᠰᠢᠭᠦᠯᠦᠨ᠂ ᠴᠢ ᠫᠠᠨ ᠵᠢᠩ ᠤᠨ ᠰᠤᠯᠠ ᠠᠵᠢᠯᠴᠢᠳ ᠤᠨ ᠵᠠᠬ᠎ᠠ ᠳᠡᠯᠭᠡᠭᠦᠷ ᠢ ᠪᠠᠶᠢᠭᠤᠯᠵᠤ᠂ ᠠᠵᠢᠯ ᠮᠡᠷᠭᠡᠵᠢᠯ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠡᠶᠢᠭᠡᠮ ᠤᠨ ᠦᠢᠯᠡᠴᠢᠯᠡᠭᠡᠨ ᠤ ᠴᠢᠳᠠᠮᠵᠢ ᠶᠢ ᠥᠷᠭᠡᠳᠬᠡᠨ᠂ 2000 ᠠᠴᠠ ᠳᠡᠭᠡᠭᠰᠢᠬᠢ ᠰᠢᠨ᠎ᠡ ᠬᠡᠯᠪᠡᠷᠢ ᠶᠢᠨ ᠮᠠᠯᠴᠢᠨ ᠲᠠᠷᠢᠶᠠᠴᠢᠨ᠂ ᠠᠵᠢᠯ ᠮᠡᠷᠭᠡᠵᠢᠯ ᠤᠨ ᠠᠵᠢᠯᠲᠠᠨ ᠢ ᠬᠥᠮᠥᠵᠢᠭᠦᠯᠦᠨ᠎ᠡ᠃ ᠨᠡᠶᠢᠭᠡᠮ ᠤᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠨ ᠪᠠᠷᠢᠮᠵᠢᠶ᠎ᠠ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠬᠤᠳᠠ ᠬᠥᠳᠡᠭᠡ ᠶᠢᠨ ᠨᠡᠶᠢᠭᠡᠮ ᠤᠨ ᠠᠪᠤᠷᠠᠨ ᠲᠤᠰᠠᠯᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠡᠰ ᠳᠡᠪᠰᠢᠭᠦᠯᠬᠦ ᠬᠠᠮᠢᠶᠠᠷᠤᠯᠲᠠ ᠶᠢ ᠠᠬᠢᠭᠤᠯᠵᠤ᠂ ᠨᠡᠶᠢᠭᠡᠮ ᠤᠨ ᠳᠠᠭᠠᠳᠬᠠᠯ ᠢ ᠬᠤᠲᠠ ᠳᠣᠲᠣᠷ᠎ᠠ ᠪᠠᠨ ︽ᠬᠠᠮᠲᠤ ᠪᠠᠷ ᠬᠢᠨᠠᠨ ᠪᠠᠶᠢᠴᠠᠭᠠᠵᠤ ᠨᠢᠭᠡᠳᠦᠯᠲᠡᠢ ᠭᠦᠢᠴᠡᠳᠬᠡᠬᠦ︾ ᠶᠢ ᠪᠡᠶᠡᠯᠡᠭᠦᠯᠦᠨ᠂ ᠬᠦᠴᠢᠷᠳᠡᠯᠲᠡᠢ ᠤᠯᠠᠨ ᠲᠦᠮᠡᠨ ᠤ ᠨᠠᠭᠠᠲᠤ ᠵᠠᠬ᠎ᠠ ᠶᠢᠨ ᠦᠨᠳᠦᠰᠦᠨ ᠠᠮᠢᠳᠤᠷᠠᠯ ᠢ ᠪᠦᠬᠦ ᠲᠠᠯ᠎ᠠ ᠪᠠᠷ ᠪᠠᠲᠤᠯᠠᠨ᠎ᠠ᠃      ᠭᠡᠷ ᠤᠨ ᠣᠶᠢᠷ᠎ᠠ ᠬᠠᠪᠢ ᠳᠤᠨᠢ ᠰᠤᠷᠭᠠᠨ ᠬᠥᠮᠦᠵᠢᠯ ᠬᠦᠷᠲᠡᠭᠡᠬᠦ ᠪᠠ ᠡᠮᠨᠡᠭᠦᠯᠬᠦ ᠶᠢ ᠠᠬᠢᠭᠤᠯᠤᠨ᠎ᠠ᠃ ᠰᠤᠷᠭᠠᠨ ᠬᠥᠮᠦᠵᠢᠯ ᠤᠨ ︽2356︾ ᠲᠡᠮᠡᠴᠡᠬᠦ ᠬᠠᠷᠠᠯᠲᠠ ᠶᠢ ᠪᠠᠲᠤᠳᠬᠠᠵᠤ᠂ ᠰᠤᠷᠭᠠᠨ ᠬᠥᠮᠦᠵᠢᠯ ᠤᠨ ︽ᠠᠷᠪᠠᠨ ᠶᠠᠪᠤᠳᠠᠯ︾ ᠢ ᠢᠮᠠᠭᠲᠠ ᠨᠠᠷᠢᠯᠢᠭ ᠰᠠᠶᠢᠲᠤᠷ ᠠᠳᠬᠤᠨ᠂ ︽ᠭᠤᠷᠪᠠᠨ ᠵᠢᠯ ᠳᠤ ᠠᠩᠬ᠎ᠠ ᠠᠯᠬᠤᠮ ᠤᠨ ᠦᠷ᠎ᠡ ᠪᠦᠲᠦᠮᠵᠢ ᠭᠠᠷᠭᠠᠬᠤ︾ ᠬᠠᠷᠠᠯᠲᠠ ᠶᠢ ᠯᠠᠪᠳᠠᠭᠤᠨ ᠪᠡᠶᠡᠯᠡᠭᠦᠯᠦᠨ᠎ᠡ᠃ ᠦᠨᠳᠦᠰᠦᠨ ᠰᠤᠷᠭᠠᠨ ᠬᠥᠮᠦᠵᠢᠯ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠴᠢ ᠫᠠᠨ ᠵᠢᠩ ᠤᠨ ᠲᠠᠪᠤᠳᠤᠭᠠᠷ ᠪᠠᠭ᠎ᠠ ᠰᠤᠷᠭᠠᠭᠤᠯᠢ᠂ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠦᠢᠯᠡᠳᠦᠯᠭᠡ ᠶᠢᠨ ᠠᠰᠠᠷ ᠵᠡᠷᠭᠡ 13 ᠲᠥᠷᠥᠯ ᠵᠦᠢᠯ ᠤᠨ ᠪᠠᠶᠢᠭᠤᠯᠤᠯᠲᠠ ᠶᠢ ᠲᠦᠷᠭᠡᠳᠬᠡᠨ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ︽ᠠᠷᠪᠠ ᠵᠠᠭᠤ ᠮᠢᠩᠭ᠎ᠠ︾ ᠪᠠᠭᠰᠢ ᠶᠢᠨ ᠡᠩᠨᠡᠭᠡ ᠶᠢ ᠬᠦᠴᠦᠷᠬᠡᠭᠵᠢᠭᠦᠯᠬᠦ ᠢᠨᠵᠧᠨᠧᠷᠢᠩ ᠪᠠ ︽ᠡᠯ᠎ᠡ ᠲᠥᠷᠥᠯ ᠤᠨ ᠴᠢᠳᠠᠪᠤᠷᠢᠲᠠᠨ ᠢ ᠡᠷᠲᠡ ᠢᠯᠡᠷᠡᠭᠦᠯᠵᠦ ᠬᠠᠨᠳᠤᠯᠭᠠᠲᠤ ᠴᠢᠨᠠᠷᠲᠠᠢ ᠲᠠᠢ ᠪᠠᠷ ᠬᠥᠮᠥᠵᠢᠭᠦᠯᠬᠦ︾ ᠲᠥᠷᠥᠯ ᠵᠦᠢᠯ ᠢ ᠭᠦᠨᠵᠡᠭᠡᠢ ᠬᠡᠷᠡᠭᠵᠢᠭᠦᠯᠦᠨ᠂ ᠭᠡᠷ ᠪᠦᠯᠢ ᠶᠢᠨ ᠵᠢᠭᠠᠨ ᠰᠤᠷᠭᠠᠯᠲᠠ ᠶᠢᠨ ᠲᠥᠪ ᠢ ᠪᠠᠶᠢᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠳᠠᠪᠤᠷᠢᠲᠠᠨ ᠢ 150 ᠠᠴᠠ ᠳᠡᠭᠡᠭᠰᠢ ᠡᠯᠰᠡᠨ᠎ᠡ︔ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠲᠠᠲᠠᠬᠤ ᠬᠦᠴᠦᠨ ᠢ ᠳᠡᠭᠡᠭᠰᠢᠯᠡᠭᠦᠯᠵᠦ᠂ ᠬᠤᠰᠢᠭᠤᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠬᠢᠭᠡᠳ ᠴᠢᠩᠬᠤᠸᠠ ᠶᠡᠭᠡ ᠰᠤᠷᠭᠠᠭᠤᠯᠢ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠠᠩᠬ᠎ᠠ ᠳᠤᠮᠳᠠᠳᠤ ᠪᠠ ᠥᠨᠳᠥᠷ ᠳᠤᠮᠳᠠᠳᠤ ᠶᠢᠨ ᠰᠤᠷᠤᠭᠴᠢᠳ ᠢ ᠨᠢᠭᠡ ᠴᠣᠭᠴᠠᠵᠢᠭᠤᠯᠤᠨ ᠬᠥᠮᠥᠵᠢᠭᠦᠯᠬᠦ ᠵᠠᠭᠪᠤᠷ ᠢ ᠰᠦᠪᠡᠭᠴᠢᠯᠡᠵᠦ᠂ ᠬᠤᠰᠢᠭᠤᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠶᠢ ᠥᠪᠡᠷᠲᠡᠭᠡᠨ ᠵᠠᠰᠠᠬᠤ ᠣᠷᠣᠨ ᠤ ᠡᠩ ᠤᠨ ᠰᠢᠯᠢᠳᠡᠭ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠪᠣᠯᠭᠠᠵᠤ ᠪᠠᠶᠢᠭᠤᠯᠤᠨ᠂ ︽ᠰᠤᠷᠭᠠᠭᠤᠯᠢ ᠳᠤ ᠬᠤᠪᠢᠶᠠᠷᠢᠯᠠᠨ ᠡᠯᠰᠡᠬᠦ︾ ᠵᠡᠷᠭᠡ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠰᠠᠶᠢᠲᠤᠷ ᠠᠰᠢᠭᠯᠠᠨ᠎ᠠ︔ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠠᠶᠢᠴᠢᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠬᠦᠷᠢᠶᠡᠯᠡᠩ ᠲᠣᠭᠤᠷᠢᠭ ᠤᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠤᠨ᠂ ᠠᠶᠤᠯ ᠦᠭᠡᠢ ᠦᠢᠯᠡᠳᠪᠦᠷᠢᠯᠡᠯ ᠤᠨ ᠪᠣᠯᠪᠠᠰᠤᠷᠠᠯ ᠬᠢᠬᠦ᠂ ᠮᠡᠷᠭᠡᠵᠢᠯᠲᠡᠨ ᠬᠥᠮᠥᠵᠢᠭᠦᠯᠬᠦ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠬᠥᠮᠥᠵᠢᠭᠦᠯᠬᠦ ᠶᠢ ᠬᠠᠮᠤᠷᠤᠭᠰᠠᠨ ᠪᠠᠷᠠᠭᠤᠨ ᠣᠷᠣᠨ ᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠬᠥᠮᠥᠵᠢᠭᠦᠯᠬᠦ ᠭᠠᠵᠠᠷ ᠢ ᠪᠠᠶᠢᠭᠤᠯᠤᠨ᠎ᠠ᠃ ᠠᠯᠪᠠᠨ  ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠂ ᠣᠶᠢᠷ᠎ᠠ ᠬᠠᠪᠢ ᠶᠢᠨ ᠭᠠᠵᠠᠷ ᠣᠷᠣᠨ᠂ ᠬᠥᠭᠵᠢᠭᠰᠡᠨ ᠬᠤᠲᠠ ᠯᠤᠭ᠎ᠠ ᠨᠢᠭᠲᠠ ᠬᠡᠯᠪᠡᠷᠢ ᠶᠢᠨ ᠡᠮᠴᠢᠯᠡᠭᠡᠨ ᠤ ᠬᠤᠯᠪᠣᠭᠠᠲᠤ ᠴᠣᠭᠴᠠ ᠪᠠᠶᠢᠭᠤᠯᠬᠤ ᠶᠢ ᠦᠷᠭᠦᠯᠵᠢᠯᠡᠨ ᠠᠬᠢᠭᠤᠯᠵᠤ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠬᠠᠪᠤᠳᠠᠷ ᠤᠨ ᠲᠥᠪ ᠢ ᠪᠠᠶᠢᠭᠤᠯᠤᠨ᠂ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠶᠢ ᠥᠷᠭᠡᠳᠬᠡᠨ ᠪᠠᠶᠢᠭᠤᠯᠬᠤ ᠢᠨᠵᠧᠨᠧᠷᠢᠩ ᠢ ᠡᠬᠢᠯᠡᠭᠦᠯᠦᠨ᠎ᠡ︔ ᠬᠤᠰᠢᠭᠤ ᠱᠠᠲᠤᠨ ᠤ ᠡᠮᠨᠡᠯᠭᠡ ᠶᠢᠨ ᠬᠤᠷᠢᠶ᠎ᠠ ᠪᠠᠷ ᠲᠤᠯᠭᠠᠭᠤᠷᠢᠯᠠᠯ ᠪᠣᠯᠭᠠᠵᠤ᠂ ᠰᠤᠮᠤ ᠪᠠᠯᠭᠠᠰᠤ ᠶᠢᠨ ᠭᠤᠣᠯᠳᠠᠯᠭᠠᠲᠤ ᠡᠷᠡᠭᠦᠯ ᠬᠠᠮᠠᠭᠠᠯᠠᠯ ᠤᠨ ᠬᠤᠷᠢᠶ᠎ᠠ ᠪᠠᠷ ᠵᠠᠩᠭᠢᠯᠠᠭ᠎ᠠ ᠪᠣᠯᠭᠠᠨ᠂ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢᠶᠠᠷ ᠰᠠᠭᠤᠷᠢ ᠪᠣᠯᠭᠠᠭᠰᠠᠨ ᠡᠮᠴᠢᠯᠡᠭᠡᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠦᠨᠳᠦᠰᠦᠨ ᠱᠠᠲᠤᠨ ᠤ ᠡᠮᠴᠢᠯᠡᠭᠡᠨ ᠤ ᠦᠢᠯᠡᠴᠢᠯᠡᠭᠡ ᠶᠢ ᠰᠢᠯᠢᠳᠡᠭᠵᠢᠭᠦᠯᠦᠨ᠎ᠡ︔ ᠰᠢᠨ᠎ᠡ ᠴᠠᠭ ᠦᠶ᠎ᠡ ᠶᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠥᠷᠨᠢᠭᠦᠯᠵᠦ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤ ᠰᠠᠶᠢᠲᠤᠷ ᠬᠢᠵᠤ᠂ ᠬᠥᠳᠡᠭᠡ ᠲᠣᠰᠬᠤᠨ ᠤ ᠡᠮᠴᠢ ᠳᠤ ᠨᠥᠬᠦᠪᠦᠷᠢ ᠥᠭᠬᠦ ᠲᠣᠭᠲᠠᠴᠠ ᠶᠢ ᠤᠯᠠᠨ ᠠᠷᠭ᠎ᠠ ᠵᠠᠮ ᠢᠶᠠᠷ ᠨᠠᠶᠢᠳᠠᠪᠤᠷᠢᠵᠢᠭᠤᠯᠤᠨ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ ᠶᠢ ᠡᠭᠦᠳᠦᠨ ᠪᠠᠶᠢᠭᠤᠯᠬᠤ ᠡᠷᠴᠢᠮ ᠢ ᠴᠢᠩᠭᠠᠷᠠᠭᠤᠯᠵᠤ᠂ ᠰᠠᠪᠠ ᠶᠢᠨ ᠬᠦᠵᠦᠭᠦᠨ ᠤ ᠥᠮᠡᠨ ᠤ ᠸᠠᠺᠼᠢᠨ ᠢ ᠦᠨ᠎ᠡ ᠲᠥᠯᠥᠪᠦᠷᠢ ᠦᠭᠡᠢ ᠪᠠᠷ ᠲᠠᠷᠢᠬᠤ ᠶᠠᠰᠤ ᠴᠢᠨᠠᠷ ᠢ ᠳᠡᠭᠡᠭᠰᠢᠯᠡᠭᠦᠯᠦᠨ ᠬᠦᠷᠢᠶ᠎ᠡ ᠬᠡᠪᠴᠢᠶ᠎ᠡ ᠶᠢ ᠥᠷᠭᠡᠳᠬᠡᠨ᠂ ᠡᠯᠢᠭᠡᠨ ᠤ ᠥᠮᠡᠨ᠂ ᠠᠭᠤᠰᠬᠢᠨ ᠤ ᠥᠮᠡᠨ᠂ ︽ᠲᠦᠷᠪᠡᠨ ᠥᠨᠳᠥᠷ ︾ ᠵᠡᠷᠭᠡ ᠡᠪᠡᠳᠴᠢᠨ ᠢ ᠦᠨ᠎ᠡ ᠲᠥᠯᠥᠪᠦᠷᠢ ᠦᠭᠡᠢ ᠪᠠᠷ ᠰᠢᠭᠰᠢᠨ ᠪᠠᠶᠢᠴᠠᠭᠠᠨ᠎ᠠ᠃ ᠤᠯᠠᠨ ᠨᠡᠶᠢᠲᠡ ᠶᠢᠨ ᠦᠢᠯᠡᠴᠢᠯᠡᠭᠡᠨ ᠤ ᠠᠷᠠᠳ ᠲᠤ ᠲᠦᠬᠦᠮ ᠦᠵᠡᠭᠦᠯᠵᠦ ᠪᠦᠲᠦᠮᠵᠢᠲᠡᠶ ᠪᠠᠶᠢᠬᠤ ᠶᠢ ᠠᠬᠢᠭᠤᠯᠤᠨ᠎ᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠰᠤᠷᠭᠠᠭᠤᠯᠢ ᠶᠢᠨ ᠪᠡᠶ᠎ᠡ ᠶᠢᠨ ᠲᠠᠮᠢᠷ᠂ ᠣᠯᠠᠨ ᠲᠦᠮᠡᠨᠴᠢ ᠪᠡᠶ᠎ᠡ ᠶᠢᠨ ᠲᠠᠮᠢᠷ᠂ ᠤᠷᠤᠯᠳᠤᠭᠠᠨ ᠤ ᠪᠡᠶ᠎ᠡ ᠶᠢᠨ ᠲᠠᠮᠢᠷ ᠤᠨ ᠠᠭᠤᠰᠤᠯᠴᠠᠨ ᠬᠥᠭᠵᠢᠬᠦ ᠶᠢ ᠨᠢᠭᠡᠳᠦᠯᠲᠡᠢ ᠲᠥᠯᠥᠪᠯᠡᠵᠦ ᠠᠬᠢᠭᠤᠯᠤᠨ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠡᠶ᠎ᠡ ᠶᠢᠨ ᠲᠠᠮᠢᠷ ᠤᠨ ᠲᠠᠯᠠᠪᠠᠶ ᠣᠷᠳᠣᠨ ᠤ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂       ︽ᠨᠢᠭᠡ ᠪᠠᠯᠭᠠᠰᠤᠨ ᠳᠤ ᠨᠢᠭᠡ ᠣᠨᠴᠠᠯᠢᠭ  ᠲᠠᠢ︾ ᠪᠡᠶ᠎ᠡ ᠶᠢᠨ ᠲᠠᠮᠢᠷ ᠢ ᠦᠨᠳᠦᠰᠦᠨ ᠱᠠᠲᠤᠨ ᠳᠤ ᠬᠦᠷᠭᠡᠬᠦ ᠠᠵᠢᠯᠯᠠᠭ᠎ᠠ ᠶᠢ ᠳᠡᠯᠭᠡᠷᠡᠩᠭᠦᠢ ᠥᠷᠨᠢᠭᠦᠯᠦᠨ᠂ ᠤᠷᠤᠯᠳᠤᠭᠠᠨ ᠢ ᠣᠯᠠᠨ ᠲᠦᠮᠡᠨ ᠤ ᠳᠤᠮᠳᠠ ᠥᠷᠨᠢᠭᠦᠯᠦᠨ᠎ᠡ᠃ ᠨᠠᠰᠤᠲᠠᠨ ᠢ ᠠᠰᠠᠷᠠᠬᠤ ᠪᠠ ᠨᠢᠯᠬᠠᠰ ᠢ ᠬᠠᠷᠠᠭᠠᠯᠵᠠᠬᠤ ᠦᠢᠯᠡᠴᠢᠯᠡᠭᠡᠨ ᠤ ᠢᠨᠵᠧᠨᠧᠷᠢᠩ ᠢ ᠬᠡᠷᠡᠭᠵᠢᠭᠦᠯᠵᠦ᠂ ᠨᠠᠰᠤᠵᠢᠯ ᠤᠨ ᠦᠢᠯᠡᠰ ᠪᠠ ︽ᠨᠠᠰᠤᠲᠠᠶᠢᠴᠤᠳ ᠤᠨ ᠠᠵᠤ ᠦᠢᠯᠡᠰ︾ ᠢ ᠨᠢᠭᠡᠳᠦᠯᠲᠡᠢ ᠲᠥᠯᠥᠪᠯᠡᠵᠦ ᠬᠥᠭᠵᠢᠭᠦᠯᠦᠨ᠂ ᠶᠡᠷᠦᠩᠬᠡᠶᠢᠯᠡᠭᠰᠡᠨ ᠡᠷᠡᠭᠦᠯᠵᠢᠯ ᠰᠤᠪᠢᠯᠠᠯ ᠤᠨ ᠦᠢᠯᠡᠴᠢᠯᠡᠭᠡᠨ ᠤ ᠲᠥᠪ᠂ ᠨᠠᠰᠤᠲᠠᠶᠢᠴᠤᠳ ᠤᠨ ᠰᠣᠶᠣᠯ ᠲᠠᠮᠢᠷ ᠤᠨ ᠬᠥᠳᠡᠯᠭᠡᠭᠡᠨ ᠤ ᠲᠥᠪ ᠢ ᠪᠠᠶᠢᠭᠤᠯᠵᠤ ᠠᠰᠢᠭᠯᠠᠯᠲᠠ ᠳᠤ ᠣᠷᠣᠭᠤᠯᠤᠨ᠎ᠠ︔ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠯᠪᠠᠨ ᠠᠴᠠ ᠡᠷᠬᠢᠯᠡᠭᠰᠡᠨ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢ 2 ᠪᠠᠶᠢᠭᠤᠯᠤᠨ᠂ ᠰᠠᠭᠠᠲᠠᠭᠤᠯᠬᠤ ᠨᠢᠯᠬ᠎ᠠ ᠬᠡᠦᠬᠡᠳ ᠤᠨ ᠣᠷᠣᠨ ᠲᠤᠭ᠎ᠠ ᠶᠢ 300 ᠨᠡᠮᠡᠭᠳᠡᠭᠦᠯᠵᠦ᠂ ᠨᠠᠰᠤᠲᠠᠨ ᠢ ᠠᠰᠠᠷᠠᠵᠤ ᠨᠢᠯᠬᠠᠰ ᠢ ᠬᠠᠷᠠᠭᠠᠯᠵᠠᠬᠤ ᠳᠦᠭᠦᠮ ᠳᠦᠳᠡ ᠰᠢᠯᠢᠳᠡᠭ ᠦᠢᠯᠡᠴᠢᠯᠡᠭᠡ ᠬᠠᠩᠭᠠᠨ᠎ᠠ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠬᠡᠷᠡᠭᠵᠢᠭᠦᠯᠵᠦ᠂ ︽ᠤᠮᠠᠷᠠᠲᠤ ᠬᠢᠯᠢ ᠶᠢᠨ ᠰᠣᠶᠣᠯ︾ ᠳᠤ ᠰᠠᠭᠤᠷᠢᠯᠠᠨ ᠂ ᠣᠷᠳᠣᠰ ︽ᠨᠠᠶᠢᠷ︾ ᠤᠨ ᠨᠠᠷᠠᠲᠤ ᠲᠡᠮᠳᠡᠭ ᠢ ᠠᠯᠳᠠᠷᠰᠢᠭᠤᠯᠵᠤ᠂ ᠤᠯᠠᠭᠠᠨᠮᠥ᠋ᠴᠢᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ︽ᠭᠠᠷᠠᠭ ᠪᠣᠯᠭᠠᠨ ᠲᠣᠭᠯᠠᠯᠲᠠ ᠦᠵᠡᠬᠦ︾ ᠵᠡᠷᠭᠡ ᠠᠷᠠᠳ ᠲᠤ ᠠᠰᠢᠭ ᠬᠦᠷᠲᠡᠭᠡᠬᠦ ᠨᠡᠶᠢᠲᠡ ᠶᠢᠨ ᠠᠰᠠᠷᠠᠮᠵᠢ ᠶᠢᠨ ᠲᠣᠭᠯᠠᠯᠲᠠ ᠶᠢ ᠦᠷᠭᠦᠯᠵᠢᠯᠡᠨ ᠰᠠᠶᠢᠲᠤᠷ ᠡᠷᠬᠢᠯᠡᠨ᠂ ︽ᠣᠯᠠᠨ ᠲᠦᠮᠡᠨ ᠡᠷᠭᠢᠯᠡᠬᠦ᠂ ᠣᠯᠠᠨ ᠲᠦᠮᠡᠨ ᠲᠣᠭᠯᠠᠬᠤ᠂ ᠣᠯᠠᠨ ᠲᠦᠮᠡᠨ ᠦᠵᠡᠬᠦ︾ ᠶᠢ ᠰᠣᠶᠣᠯ ᠤᠨ ᠠᠮᠢᠳᠤᠷᠠᠯ ᠤᠨ ᠰᠢᠨ᠎ᠡ ᠠᠷᠭ᠎ᠠ ᠮᠠᠶ᠋ᠢᠭ ᠪᠣᠯᠭᠠᠨ᠎ᠠ᠃ ᠪᠦᠬᠦ ᠠᠷᠠᠳ ᠢᠶᠠᠷ ᠢᠶᠠᠨ ᠨᠣᠮ ᠣᠩᠰᠢᠬᠤ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠣᠯᠠᠨ ᠲᠦᠮᠡᠨ ᠤ ᠭᠡᠷ ᠤᠨ ᠡᠭᠦᠳᠡᠨ ᠳᠠᠬᠢ ᠬᠤᠳᠠ ᠶᠢᠨ ᠨᠣᠮ ᠤᠨ ᠦᠷᠦᠭᠡ ᠪᠠ ᠭᠤᠣᠯ ᠰᠡᠳᠦᠪᠲᠦ ᠤᠩᠰᠢᠯᠭ᠎ᠠ ᠶᠢᠨ ᠲᠠᠯᠠᠪᠤᠷ ᠢ ᠨᠡᠩ ᠣᠯᠠᠨ ᠭᠠᠷᠭᠠᠨ᠂ ︽ᠨᠣᠮ ᠤᠩᠰᠢᠬᠤ ᠭᠠᠷᠠᠭ︾᠂ ︽ᠨᠣᠮ ᠤᠩᠰᠢᠬᠤ ᠪᠠᠶᠠᠷ ᠤᠨ ᠡᠳᠦᠷ︾᠂ ︽ᠨᠣᠮ ᠤᠩᠰᠢᠬᠤ ᠰᠠᠷ᠎ᠠ︾ ᠶᠢᠨ ᠰᠢᠷᠢᠰ ᠠᠵᠢᠯᠯᠠᠭ᠎ᠠ ᠶᠢ ᠳᠡᠯᠭᠡᠷᠡᠩᠭᠦᠢ ᠥᠷᠨᠢᠭᠦᠯᠵᠦ᠂ ᠪᠦᠬᠦ ᠠᠷᠠᠳ ᠢᠶᠠᠷ ᠢᠶᠠᠨ ᠨᠣᠮ ᠤᠩᠰᠢᠬᠤ ᠥᠷᠨᠢᠯᠲᠡ ᠶᠢ ᠪᠤᠢ ᠪᠣᠯᠭᠠᠨ᠎ᠠ᠃       ︵ᠨᠠᠢᠮᠠ︶ ᠰᠢᠨᠵᠢᠯᠡᠬᠦ ᠤᠬᠠᠭᠠᠨᠴᠢ ᠪᠥᠭᠡᠳ ᠨᠠᠷᠢᠯᠢᠭ ᠣᠨᠣᠪᠴᠢᠲᠠᠢ ᠪᠠᠶᠢᠬᠤ ᠶᠢ ᠳᠣᠪᠣᠶᠢᠯᠭᠠᠵᠤ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠯᠡᠨ᠎ᠡ᠃ ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠦᠢᠯᠡᠳᠦᠯᠴᠡᠯ ᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠪᠠᠷ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠠᠬᠢᠭᠤᠯᠤᠨ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠨ᠎ᠠ᠃       ᠠᠶᠤᠯ ᠦᠭᠡᠢ ᠦᠢᠯᠡᠳᠪᠦᠷᠢᠯᠡᠯ ᠢ ᠴᠢᠩᠭ᠎ᠠ ᠠᠳᠬᠤᠨ᠎ᠠ᠃ ᠠᠶᠤᠯ ᠦᠭᠡᠢ ᠦᠢᠯᠡᠳᠪᠦᠷᠢᠯᠡᠯ ᠢ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ᠂ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢᠨ ᠣᠨ ᠤ ᠠᠵᠢᠯᠯᠠᠭ᠎ᠠ ᠶᠢ ᠯᠠᠪᠳᠠᠭᠤᠨ ᠥᠷᠨᠢᠭᠦᠯᠵᠦ᠂ ᠠᠶᠤᠯ ᠦᠭᠡᠢ ᠦᠢᠯᠡᠳᠪᠦᠷᠢᠯᠡᠯ ᠤᠨ ᠲᠤᠰᠬᠠᠶᠢᠵᠢᠭᠰᠠᠨ᠂ ᠪᠠᠷᠢᠮᠵᠢᠶᠠᠵᠢᠭᠰᠠᠨ᠂ ᠣᠶᠤᠨᠴᠢᠯᠠᠭᠰᠠᠨ ᠪᠠᠶᠢᠭᠤᠯᠤᠯᠲᠠ ᠶᠢ ᠠᠬᠢᠭᠤᠯᠤᠨ᠂ ᠠᠵᠤ ᠠᠬᠤᠶᠢᠯᠠᠯ ᠳᠤ ᠰᠠᠭᠤᠵᠤ ᠬᠢᠨᠠᠨ ᠬᠠᠮᠢᠶᠠᠷᠬᠤ ᠦᠢᠯᠡᠴᠢᠯᠡᠭᠡ ᠬᠠᠩᠭᠠᠵᠤ᠂ ᠠᠮᠤᠷ ᠲᠦᠪᠰᠢᠨ ᠤ ᠳᠠᠯᠳᠡ ᠭᠡᠮ ᠢ ᠭᠦᠨᠵᠡᠭᠡᠢ ᠪᠠᠶᠢᠴᠠᠭᠠᠵᠤ ᠴᠡᠭᠴᠡᠯᠡᠨ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠣᠳᠠᠲᠠᠶᠢᠵᠢᠭᠤᠯᠵᠤ᠂ ᠬᠠᠭᠤᠴᠢᠨ ᠰᠠᠭᠤᠭᠠᠯᠢ ᠲᠣᠭᠤᠷᠢᠭ᠂ ᠥᠨᠳᠥᠷ ᠪᠠᠷᠢᠯᠭ᠎ᠠ᠂ ᠲᠦᠷᠢᠶᠡᠰᠦᠨ ᠭᠡᠷ ᠪᠠᠶᠢᠰᠢᠩ᠂ ᠡᠵᠡᠩᠨᠡᠯᠲᠡ ᠶᠢᠨ ᠴᠢᠨᠠᠷᠲᠠᠢ ᠥᠪᠡᠰᠦᠪᠡᠨ ᠪᠠᠷᠢᠭᠰᠠᠨ ᠪᠠᠶᠢᠰᠢᠩ ᠵᠡᠷᠭᠡ ᠶᠢᠨ ᠠᠮᠤᠷ ᠲᠦᠪᠰᠢᠨ ᠤ ᠪᠠᠭᠤᠷᠠᠢ ᠭᠤᠭᠴᠤᠭ᠎ᠠ ᠶᠢ ᠦᠷᠭᠦᠯᠵᠢ ᠠᠩᠬᠠᠷᠤᠨ᠂ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠨ᠎ᠠ᠃ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠡᠩᠨᠡᠭᠡᠨ ᠤ ᠪᠠᠶᠢᠭᠤᠯᠤᠯᠲᠠ ᠪᠠ ᠡᠳ᠋ ᠪᠣᠳᠠᠰ ᠤᠨ ᠲᠣᠬᠢᠷᠠᠭᠤᠯᠭ᠎ᠠ ᠶᠢ ᠴᠢᠩᠭᠠᠳᠬᠠᠵᠤ᠂ ᠠᠪᠤᠷᠠᠨ ᠲᠤᠰᠠᠯᠠᠬᠤ ᠡᠯ᠎ᠡ ᠬᠦᠴᠦᠨ ᠢ ᠰᠢᠨᠵᠢᠯᠡᠬᠦ ᠤᠬᠠᠭᠠᠨᠴᠢ ᠪᠠᠷ ᠡᠮᠬᠢᠯᠡᠵᠦ ᠪᠠᠶᠢᠷᠢᠯᠠᠭᠤᠯᠤᠨ᠂ ᠰᠢᠨ᠎ᠡ ᠨᠢᠭᠡ ᠦᠶ᠎ᠡ ᠶᠢᠨ ᠴᠠᠭ ᠠᠭᠤᠷ ᠤᠨ ᠷᠠᠳᠠᠷ ᠵᠡᠷᠭᠡ ᠲᠡᠷᠢᠭᠦᠨ ᠤ ᠲᠥᠬᠦᠭᠡᠷᠦᠮᠵᠢ ᠶᠢ ᠲᠣᠬᠢᠷᠠᠭᠤᠯᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠪᠠ ᠭᠡᠨᠡᠳᠲᠡ ᠤᠨ ᠣᠯᠠᠨ ᠨᠡᠶᠢᠲᠡ ᠶᠢᠨ ᠬᠡᠷᠡᠭ ᠢ ᠰᠢᠢᠳᠪᠦᠷᠢᠯᠡᠬᠦ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃       ᠨᠡᠶᠢᠭᠡᠮ ᠤᠨ ᠵᠠᠰᠠᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ︽ᠹᠧᠩ ᠴᠢᠶᠣᠣ ᠶᠢᠨ ᠲᠤᠷᠰᠢᠯᠭ᠎ᠠ︾᠂ ︽ᠫᠦᠵᠢᠶᠠᠩ ᠤᠨ ᠲᠤᠷᠰᠢᠯᠭ᠎ᠠ︾ ᠬᠢᠭᠡᠳ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠳᠦᠷᠢᠮ ᠢ ᠣᠷᠭᠠᠨᠢᠭ ᠢᠶᠠᠷ ᠤᠶᠠᠯᠳᠤᠭᠤᠯᠵᠤ᠂ ︽ᠭᠤᠷᠪᠠ ᠶᠢ ᠰᠠᠯᠭᠠᠵᠤ ᠡᠶᠡᠳᠡᠭᠦᠯᠦᠨ ᠰᠢᠢᠳᠪᠦᠷᠢᠯᠡᠬᠦ ᠠᠷᠭ᠎ᠠ︾᠂ ︽ᠳ᠋ᠦᠸᠧ ᠳ᠋ᠦᠸᠧ ᠫᠢᠡᠭ︾ ᠲᠣᠭᠠᠴᠢᠯᠠᠭᠰᠠᠨ ᠲᠠᠪᠴᠠᠩ ᠵᠡᠷᠭᠡ ᠠᠵᠢᠯ ᠤᠨ ᠵᠠᠭᠪᠤᠷ ᠢ ᠳᠡᠯᠭᠡᠷᠡᠭᠦᠯᠦᠨ᠂ ᠵᠠᠭᠠᠯᠳᠤᠬᠤ ᠠᠴᠠ ᠡᠮᠦᠨ᠎ᠡ ᠡᠶᠡᠳᠡᠭᠦᠯᠬᠦ ᠪᠠ ᠨᠡᠶᠢᠲᠡ ᠶᠢᠨ ᠠᠰᠠᠷᠠᠮᠵᠢ ᠶᠢᠨ ᠵᠠᠷᠭᠤ ᠶᠢ ᠪᠠᠶᠢᠴᠠᠭᠠᠬᠤ ᠠᠵᠢᠯ ᠢ ᠰᠠᠶᠢᠨ ᠬᠢᠵᠦ᠂ ︽ᠮᠢᠩᠭᠠᠨ ᠭᠠᠵᠠᠷ ᠤᠨ ᠠᠮᠤᠭᠤᠯᠠᠩ ᠲᠠᠯ᠎ᠠ ᠨᠤᠲᠤᠭ︾ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠠᠵᠢᠯ ᠤᠨ ᠠᠷᠭ᠎ᠠ ᠶᠢ ᠭᠦᠨᠵᠡᠭᠡᠶᠢᠷᠡᠭᠦᠯᠦᠨ᠎ᠡ᠃ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠡᠮᠬᠢ ᠵᠢᠷᠤᠮ ᠲᠠᠢ ᠰᠠᠶᠢᠨ ᠬᠢᠨ᠎ᠡ᠃ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠲᠤᠰᠬᠠᠢ ᠴᠡᠭᠴᠡᠯᠡᠯᠲᠡ ᠶᠢᠨ ᠠᠵᠢᠯᠯᠠᠭ᠎ᠠ ᠥᠷᠨᠢᠭᠦᠯᠵᠦ᠂ ᠢᠳᠡᠭᠡᠨ ᠪᠠ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠤᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠪᠠ ᠪᠥᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢ ᠡᠭᠦᠳᠦᠨ ᠪᠠᠶᠢᠭᠤᠯᠬᠤ ᠠᠵᠢᠯ ᠢ ᠪᠠᠲᠤᠲᠠᠢ ᠰᠠᠶᠢᠨ ᠬᠢᠨ᠎ᠡ᠃       ᠨᠡᠶᠢᠭᠡᠮ ᠤᠨ ᠲᠣᠭᠲᠠᠭᠤᠨ ᠢ ᠪᠥᠬᠦ ᠬᠦᠴᠦᠨ ᠢᠶᠠᠷ ᠬᠠᠮᠠᠭᠠᠯᠠᠨ᠎ᠠ᠃ ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠰᠠᠭᠤᠷᠢᠨ ᠭᠠᠵᠠᠷ ᠢ ᠪᠠᠲᠤ ᠰᠠᠬᠢᠨ᠂ ᠰᠦᠯᠵᠢᠶᠡᠨ ᠤ ᠲᠤᠭ᠎ᠠ ᠪᠠᠷᠢᠮᠲᠠ ᠶᠢᠨ ᠠᠮᠤᠷ ᠲᠦᠪᠰᠢᠨ ᠪᠠ ᠶᠠᠷᠢᠶ᠎ᠠ ᠬᠡᠯᠡᠯᠴᠡᠭᠡᠨ ᠤ ᠮᠡᠳᠡᠭᠡ ᠵᠠᠩᠭᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠵᠠᠰᠠᠭ ᠤᠨ ᠣᠷᠳᠣᠨ ᠤ ᠥᠷᠢ ᠥᠭᠴᠡᠭᠡ᠂ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠭᠡᠷ ᠪᠠᠶᠢᠰᠢᠩ ᠭᠠᠵᠠᠷ ᠬᠥᠷᠥᠩᠭᠡ ᠵᠡᠷᠭᠡ ᠬᠦᠷᠢᠶᠡᠨ ᠳᠠᠬᠢ ᠲᠦᠭᠰᠢᠭᠦᠷᠢ ᠶᠢ ᠨᠢᠭᠡᠳᠦᠯᠲᠡᠢ ᠲᠥᠯᠥᠪᠯᠡᠨ ᠠᠷᠢᠯᠭᠠᠵᠤ᠂ ᠵᠣᠭᠤᠰ ᠥᠷᠢᠲᠦᠬᠦ᠂ ᠴᠠᠯᠢᠩ ᠥᠷᠢᠲᠦᠬᠦ ᠶᠢ ᠢᠯᠭᠠᠷᠠᠭᠤᠯᠤᠨ ᠴᠡᠭᠴᠡᠯᠡᠬᠦ ᠠᠵᠢᠯᠯᠠᠭ᠎ᠠ ᠥᠷᠨᠢᠭᠦᠯᠦᠨ᠂ ᠰᠢᠰᠲ᠋ᠧᠮ ᠤᠨ ᠴᠢᠨᠠᠷᠲᠠᠢ ᠲᠦᠭᠰᠢᠭᠦᠷᠢ ᠶᠢ ᠦᠯᠦ ᠭᠠᠷᠭᠠᠬᠤ ᠬᠤᠷᠢᠭ᠎ᠠ ᠱᠤᠭᠤᠮ ᠢ ᠡᠷᠡᠰ ᠰᠠᠬᠢᠨ᠎ᠠ᠃ ᠨᠡᠶᠢᠭᠡᠮ ᠤᠨ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ ᠲᠣᠣᠷ ᠢ ᠨᠢᠭᠲᠠ ᠰᠦᠯᠵᠢᠵᠦ᠂ ᠳᠣᠲᠣᠭᠠᠳᠤ ᠶᠢ ᠬᠠᠮᠠᠭᠠᠯᠠᠬᠤ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠶᠢ ᠠᠬᠢᠭᠤᠯᠤᠨ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤ ᠥᠷᠨᠢᠭᠦᠯᠵᠦ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠵᠡᠷᠭᠡ ᠬᠠᠤᠯᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃      ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠰᠢᠨᠲᠠᠷᠠᠰᠢ ᠦᠭᠡᠢ ᠴᠢᠩᠭᠠᠳᠬᠠᠨ᠎ᠠ       ᠠᠷᠠᠳ ᠢᠷᠭᠡᠳ ᠪᠣᠯᠪᠠᠰᠤ ᠤᠯᠤᠰ ᠬᠦᠷᠦᠨ ᠤ ᠦᠨᠳᠦᠰᠦ ᠪᠤᠯᠠᠢ᠂ ᠦᠨᠳᠦᠰᠦ ᠪᠠᠬᠢᠵᠢᠪᠡᠰᠦ ᠲᠥᠷᠥ ᠲᠦᠪᠰᠢᠨ ᠲᠦᠮᠡᠨ ᠠᠮᠤᠭᠤᠯᠠᠩ ᠪᠣᠯᠣᠮᠤᠢ᠃ ᠨᠠᠮ ᠤᠨ ᠦᠨᠳᠦᠰᠦ ᠰᠠᠭᠤᠷᠢ᠂ ᠴᠢᠰᠤᠨ ᠰᠤᠳᠠᠰᠤ ᠪᠠ ᠬᠦᠴᠦᠨ ᠴᠢᠳᠠᠯ ᠨᠢ ᠠᠷᠠᠳ ᠲᠦᠮᠡᠨ ᠳᠤ ᠪᠤᠢ᠂ ᠠᠷᠠᠳ ᠲᠦᠮᠡᠨ ᠪᠣᠯ ᠨᠠᠮ ᠤᠨ ᠲᠦᠷᠦ ᠪᠠᠷᠢᠵᠤ ᠤᠯᠤᠰ ᠢᠶᠠᠨ ᠮᠠᠨᠳᠤᠭᠤᠯᠬᠤ ᠶᠢᠨ ᠬᠠᠮᠤᠭ ᠤᠨ ᠶᠡᠭᠡ ᠢᠳᠡ ᠬᠦᠴᠦᠨ ᠮᠥᠨ᠃ ᠪᠢᠳᠡ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠠᠷᠠᠳ ᠲᠦᠮᠡᠨ ᠤ ᠲᠥᠯᠥᠭᠡ ᠡᠷᠬᠡ ᠪᠠᠨ ᠬᠡᠷᠡᠭᠯᠡᠨ᠂ ᠠᠷᠠᠳ ᠲᠦᠮᠡᠨ ᠯᠦᠭᠡ ᠰᠡᠳᠬᠢᠯ ᠢᠶᠠᠨ ᠬᠤᠯᠪᠣᠵᠤ᠂ ᠠᠷᠠᠳ ᠲᠦᠮᠡᠨ ᠳᠤ ᠠᠰᠢᠭ ᠬᠦᠷᠲᠡᠭᠡᠨ᠂ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢ ᠬᠥᠰᠡᠷᠳᠡᠭᠦᠯᠬᠦ ᠦᠭᠡᠢ᠂ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ᠃       ︵ᠨᠢᠭᠡ︶ ᠤᠭ ᠰᠠᠨᠠᠭ᠎ᠠ ᠪᠠᠨ ᠡᠭᠦᠷᠢᠳᠡ ᠪᠠᠷᠢᠮᠲᠠᠯᠠᠵᠤ᠂ ᠪᠠᠷᠢᠮᠵᠢᠶ᠎ᠠ ᠱᠠᠭᠠᠷᠳᠠᠯᠭ᠎ᠠ ᠲᠠᠢ ᠬᠠᠷᠢᠴᠠᠭᠤᠯᠤᠨ ᠠᠷᠠᠳ ᠲᠦᠮᠡᠨ ᠲᠠᠢ ᠬᠠᠮᠲᠤ ᠪᠠᠷ ᠤᠷᠤᠭᠰᠢᠯᠠᠨ᠎ᠠ ᠃ ᠡᠯ᠎ᠡ ᠲᠥᠷᠥᠯ ᠤᠨ ᠦᠢᠯᠡᠰ ᠲᠠᠬᠢ ᠨᠠᠮ ᠤᠨ ᠤᠳᠤᠷᠢᠳᠤᠯᠭ᠎ᠠ ᠶᠢ ᠭᠤᠶᠢᠪᠢᠰᠢ ᠦᠭᠡᠢ ᠪᠠᠷᠢᠮᠲᠠᠯᠠᠨ ᠴᠢᠩᠭᠠᠳᠬᠠᠵᠤ᠂ ᠡᠭᠦᠷᠢᠳᠡ ᠶᠡᠷᠦᠩᠬᠡᠢ ᠱᠦᠵᠢ ᠰᠢ ᠶᠢᠨ ᠫᠢᠡᠭ ᠤᠨ ᠭᠤᠣᠯᠯᠠᠭᠴᠢ ᠶᠢᠨ ᠪᠠᠶᠢᠷᠢ ᠰᠠᠭᠤᠷᠢ ᠶᠢ ᠬᠦᠨᠳᠦᠳᠬᠡᠨ᠂ ᠰᠢ ᠶᠢᠨ ᠫᠢᠡᠭ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠤᠳᠤᠷᠢᠳᠤᠯᠭ᠎ᠠ ᠶᠢ ᠡᠷᠡᠰ ᠳᠠᠭᠠᠵᠤ᠂ ᠴᠠᠭ ᠢᠮᠠᠭᠲᠠ ᠪᠠᠷᠢᠮᠵᠢᠶ᠎ᠠ ᠱᠠᠭᠠᠷᠳᠠᠯᠭ᠎ᠠ ᠲᠠᠢ ᠬᠠᠷᠢᠴᠠᠭᠤᠯᠤᠨ᠂ ᠵᠥᠷᠢᠶ᠎ᠡ ᠪᠠᠨ ᠡᠷᠢᠵᠦ᠂ ᠤᠬᠠᠮᠰᠠᠷ ᠠᠴᠠ ᠪᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠠᠵᠢᠯ ᠢ ᠠᠳᠬᠤᠬᠤ᠂ ᠦᠢᠯᠡᠰ ᠪᠦᠲᠦᠭᠡᠬᠦ ᠂ ᠬᠥᠭᠵᠢᠯᠲᠡ ᠶᠢ ᠡᠷᠢᠯᠬᠢᠯᠡᠬᠦ ᠶᠢᠨ ᠡᠷᠳᠡᠨᠢ ᠪᠣᠯᠭᠠᠨ᠂ ᠡᠭᠦᠨ ᠳᠤ ᠲᠤᠭᠤᠰᠢᠯᠠᠭᠳᠠᠵᠤ ᠪᠠᠶᠢᠭ᠎ᠠ ᠵᠣᠭᠰᠣᠯᠲᠠ᠂ ᠦᠵᠡᠯᠲᠡ᠂ ᠠᠷᠭ᠎ᠠ ᠶᠢ ᠰᠠᠶᠢᠲᠤᠷ ᠪᠠᠷᠢᠮᠲᠠᠯᠠᠨ ᠬᠡᠷᠡᠭᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠠᠵᠢᠯ ᠤᠨ ᠬᠥᠳᠡᠯᠭᠡᠬᠦ ᠬᠦᠴᠦᠨ ᠪᠠ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠦᠨ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠨᠡᠩ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠨᠡᠩ ᠡᠷᠡᠰ ᠪᠠᠲᠤ ᠤᠬᠠᠮᠰᠠᠷ ᠠᠴᠠ ᠪᠠᠨ ᠪᠡᠶᠡᠯᠡᠭᠦᠯᠦᠨ᠎ᠡ᠃ ︽ᠤᠯᠤᠰ ᠤᠨ ᠶᠡᠭᠡ ᠦᠢᠯᠡᠰ︾ ᠢ ᠴᠠᠭ ᠢᠮᠠᠭᠲᠠ ᠪᠠᠲᠤ ᠴᠡᠭᠡᠵᠢᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠬᠤᠰᠢᠭᠤᠨ ᠤ ᠪᠠᠨ ᠠᠵᠢᠯ ᠢ ᠰᠠᠶᠢᠨ ᠬᠢᠵᠦ᠂ ᠠᠷᠠᠳ ᠲᠦᠮᠡᠨ ᠤ ᠬᠦᠷᠢᠶᠡᠯᠡᠯ ᠢ ᠣᠯᠣᠨ᠎ᠠ᠃       ︵ᠬᠤᠶᠠᠷ︶ ᠬᠠᠤᠯᠢ ᠶᠣᠰᠣᠭᠠᠷ ᠵᠠᠰᠠᠭ ᠶᠠᠪᠤᠭᠤᠯᠵᠤ᠂ ᠡᠷᠬᠡ ᠪᠠᠨ ᠭᠤᠣᠯᠴᠢ ᠪᠠᠷ ᠬᠡᠷᠡᠭᠯᠡᠨ ᠠᠷᠠᠳ ᠲᠦᠮᠡᠨ ᠤ ᠬᠢᠨᠠᠯᠲᠠ ᠶᠢ ᠬᠦᠯᠢᠶᠡᠨ᠎ᠡ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠵᠤ᠂ ᠢᠮᠠᠭᠲᠠ ᠦᠨᠳᠦᠰᠦᠨ ᠬᠠᠤᠯᠢ ᠶᠢ ᠬᠦᠨᠳᠦᠳᠬᠡᠨ᠂ ᠬᠠᠤᠯᠢ ᠴᠠᠭᠠᠵᠠ ᠶᠢ ᠵᠢᠷᠤᠮᠯᠠᠵᠤ᠂ ᠵᠠᠰᠠᠭ ᠶᠠᠪᠤᠭᠤᠯᠬᠤ ᠶᠢ ᠵᠢᠷᠤᠮᠵᠢᠭᠤᠯᠤᠨ᠂ ᠵᠠᠰᠠᠭ ᠤᠨ ᠣᠷᠳᠣᠨ ᠤ ᠡᠷᠬᠡ ᠮᠡᠳᠡᠯ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠡᠰ ᠳᠠᠷᠠᠭᠠᠯᠠᠯ᠂ ᠡᠭᠦᠷᠭᠡ ᠬᠠᠷᠢᠭᠤᠴᠠᠯᠭ᠎ᠠ ᠶᠢ ᠬᠠᠤᠯᠢᠵᠢᠭᠤᠯᠬᠤ ᠶᠢ ᠠᠬᠢᠭᠤᠯᠵᠤ᠂ ᠬᠠᠤᠯᠢ ᠪᠠᠷ ᠵᠠᠰᠠᠬᠤ ᠰᠡᠳᠬᠢᠬᠦᠢ᠂ ᠬᠠᠤᠯᠢ ᠪᠠᠷ ᠵᠠᠰᠠᠬᠤ ᠠᠷᠭ᠎ᠠ ᠮᠠᠶ᠋ᠢᠭ ᠢᠶᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠥᠭᠵᠢᠯᠲᠡ ᠶᠢ ᠠᠬᠢᠭᠤᠯᠵᠤ᠂ ᠪᠥᠬᠦ ᠣᠷᠣᠨ ᠤ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠲᠦᠷᠭᠡᠨ ᠪᠠᠶᠢᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠦᠨ᠂ ᠵᠠᠰᠠᠭ ᠤᠨ ᠣᠷᠳᠣᠨ ᠪᠠ ᠤᠯᠠᠨ ᠲᠦᠮᠡᠨ ᠤ ᠬᠠᠷᠢᠯᠴᠠᠬᠤ ᠠᠷᠭ᠎ᠠ ᠵᠠᠮ ᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨᠴᠢ ᠠᠷᠠᠳᠴᠢᠯᠠᠭᠰᠠᠨ ᠬᠠᠤᠯᠢ ᠶᠣᠰᠣᠭᠠᠷ ᠪᠠᠶᠢᠬᠤ ᠶᠢ ᠪᠠᠷᠢᠮᠲᠠᠯᠠᠨ᠂ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠵᠢᠷᠤᠮᠵᠢᠭᠤᠯᠤᠨ᠎ᠠ᠃ ᠵᠠᠰᠠᠭ ᠤᠨ ᠣᠷᠳᠣᠨ ᠪᠣᠯᠣᠨ ᠰᠢᠭᠦᠬᠦ ᠬᠤᠷᠢᠶ᠎ᠠ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠰᠠᠨᠠᠭᠠᠴᠢᠯᠠᠭ᠎ᠠ ᠠᠴᠠ ᠪᠠᠨ ᠠᠬᠢᠭᠤᠯᠤᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ ᠰᠢᠢᠳᠪᠦᠷᠢ ᠶᠢ ᠬᠢᠨᠠᠮᠠᠭᠠᠢ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠎ᠡ᠃       ︵ᠭᠤᠷᠪᠠ︶ ᠴᠥᠬᠦᠷᠡᠰᠢ ᠦᠭᠡᠢ ᠪᠠᠷ ᠪᠣᠳᠠᠲᠠᠢ ᠠᠵᠢᠯᠯᠠᠵᠤ᠂ ᠬᠠᠷᠢᠭᠤᠴᠯᠠᠭ᠎ᠠ ᠪᠠᠨ ᠡᠭᠦᠷᠭᠡᠯᠡᠨ ᠠᠷᠠᠳ ᠲᠦᠮᠡᠨ ᠳᠤ ᠦᠢᠯᠡᠴᠢᠯᠡᠨ᠎ᠡ᠃ ᠠᠷᠠᠳ ᠲᠦᠮᠡᠨ ᠳᠤ ᠵᠢᠷᠭᠠᠯ ᠡᠳ᠋ᠯᠡᠭᠦᠯᠬᠦ ᠪᠣᠯ ᠮᠠᠨ ᠤ ᠨᠠᠮ ᠤᠨ ᠬᠤᠪᠢᠷᠠᠰᠢ ᠦᠭᠡᠢ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠮᠥᠨ᠃ ᠪᠢᠳᠡ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠵᠢᠷᠭᠤᠭᠠᠨ ᠢᠨᠵᠧᠨᠧᠷᠢᠩ︾ ᠪᠠ ᠬᠤᠲᠠ ᠶᠢᠨ ᠨᠠᠮ ᠤᠨ ᠬᠤᠷᠢᠶ᠎ᠠ ᠶᠢᠨ ︽ᠭᠤᠷᠪᠠᠨ ᠳᠥᠷᠪᠡ︾ ᠠᠵᠢᠯ ᠤᠨ ᠬᠠᠷᠠᠯᠲᠠ ᠶᠢ ᠡᠷᠡᠰ ᠴᠢᠩᠭ᠎ᠠ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤ ᠨᠠᠮ ᠤᠨ ᠬᠤᠷᠢᠶ᠎ᠠ ᠶᠢᠨ ︽ᠶᠢᠰᠦ ᠳᠤ ᠠᠩᠬᠠᠷᠤᠯ ᠢᠶᠠᠨ ᠲᠥᠪᠯᠡᠷᠡᠭᠦᠯᠬᠦ︾ ᠠᠵᠢᠯ ᠤᠨ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠬᠦᠴᠢᠷ ᠢ ᠰᠥᠷᠦᠨ ᠤᠷᠤᠭᠰᠢᠯᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠯᠠᠪᠳᠠᠭᠤᠨ ᠪᠠᠲᠤᠲᠠᠢ ᠠᠵᠢᠯᠯᠠᠵᠤ᠂ ᠵᠢᠷᠤᠭ ᠲᠥᠰᠥᠪ ᠢ ᠲᠣᠣᠱᠲᠠᠢ ᠵᠢᠷᠤᠭᠯᠠᠨ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠢᠭᠡ ᠨᠢᠭᠡ ᠪᠠᠷ ᠨᠠᠶᠢᠳᠠᠪᠤᠷᠢᠵᠢᠭᠤᠯᠤᠨ᠎ᠠ᠃ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ ᠤᠯᠠᠮᠵᠢᠯᠠᠯ ᠢ ᠶᠡᠬᠡᠪᠡᠷ ᠪᠠᠳᠠᠷᠠᠭᠤᠯᠵᠤ᠂ ᠥᠷᠭᠡᠨ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ ᠰᠠᠨᠠᠭᠠᠴᠢᠯᠠᠭ᠎ᠠ ᠠᠴᠠ ᠪᠠᠨ ᠰᠣᠨᠣᠰᠤᠨ᠂ ᠤᠯᠠᠨ ᠲᠦᠮᠡᠨ ᠤ ᠰᠠᠨᠠᠯ ᠰᠢᠭᠦᠮᠵᠢᠯᠡᠯ ᠢ ᠳᠠᠷᠤᠤ ᠬᠢᠴᠢᠶᠡᠩᠭᠦᠢ ᠪᠠᠷ ᠬᠦᠯᠢᠶᠡᠨ ᠠᠪᠴᠦ᠂ ᠤᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠡᠰᠡᠬᠦ᠂ ᠪᠠᠶᠠᠷᠲᠠᠢ ᠪᠠᠶᠢᠬᠤ ᠡᠰᠡᠬᠦ᠂ ᠵᠥᠪᠰᠢᠶᠡᠷᠡᠬᠦ ᠡᠰᠡᠬᠦ ᠪᠠᠷ ᠢᠮᠠᠭᠲᠠ ᠠᠯᠢᠪᠠ ᠠᠵᠢᠯ ᠤᠨ ᠢᠶᠠᠨ ᠡᠭᠦᠰᠦᠯᠲᠡ ᠪᠠ ᠵᠣᠭᠰᠣᠯᠲᠠ ᠪᠠᠨ ᠪᠣᠯᠭᠠᠨ᠂ ᠠᠷᠠᠳ ᠤᠨ ᠰᠠᠨᠠᠯ ᠢ ᠰᠣᠨᠣᠰᠴᠤ᠂ ᠠᠷᠠᠳ ᠤᠨ ᠰᠠᠨᠠᠯ ᠢ ᠬᠦᠨᠳᠦᠳᠬᠡᠨ᠂ ᠠᠷᠠᠳ ᠤᠨ ᠤᠬᠠᠭᠠᠨ ᠢ ᠬᠤᠷᠠᠮᠳᠤᠭᠤᠯᠵᠤ᠂ ᠠᠷᠠᠳ ᠤᠨ ᠰᠡᠳᠬᠢᠯ ᠳᠤ ᠨᠡᠶᠢᠴᠡᠭᠦᠯᠦᠨ᠎ᠡ᠃      ︵ᠳᠥᠷᠪᠡ︶ ᠠᠷᠢᠭᠤᠨ ᠴᠢᠬᠡᠴᠢ ᠪᠠᠷ ᠨᠡᠶᠢᠲᠡ ᠶᠢᠨ ᠲᠥᠯᠥᠭᠡ ᠵᠢᠳᠬᠦᠵᠦ᠂ ᠲᠥᠪ ᠰᠤᠷᠲᠠᠯ ᠢ ᠪᠠᠷᠢᠮᠲᠠᠯᠠᠨ ᠠᠷᠠᠳ ᠲᠦᠮᠡᠨ ᠢ ᠰᠠᠨᠠᠭ᠎ᠠ ᠠᠮᠤᠷ ᠪᠠᠶᠢᠯᠭᠠᠨ᠎ᠠ ᠃ ᠲᠡᠮᠦᠷ ᠢ ᠳᠠᠪᠲᠠᠨ ᠪᠣᠯᠪᠠᠰᠤᠷᠠᠭᠤᠯᠬᠤ ᠳᠤ ᠡᠷᠬᠡᠪᠰᠢ ᠥᠪᠡᠷ ᠢᠶᠠᠨ ᠬᠠᠲᠠᠭᠤ ᠪᠠᠶᠢᠬᠤ ᠶᠢ ᠪᠠᠲᠤ ᠴᠡᠭᠡᠵᠢᠯᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠭᠦᠢᠴᠡᠳᠬᠡᠨ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠡᠷᠡᠰ ᠨᠠᠶᠢᠳᠠᠪᠤᠷᠢᠵᠢᠭᠤᠯᠤᠨ᠂ ᠢᠯᠵᠠᠷᠠᠵᠤ ᠴᠢᠳᠠᠬᠤ ᠦᠭᠡᠢ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠰᠠᠬᠢᠯᠭ᠎ᠠ ᠪᠠᠲᠤ ᠶᠢ ᠰᠠᠬᠢᠬᠤ᠂ ᠶᠣᠰᠣ ᠳᠦᠷᠢᠮ ᠢ ᠡᠷᠬᠢᠮᠯᠡᠬᠦ ᠶᠢ ᠵᠠᠰᠠᠭ ᠤᠨ ᠣᠷᠳᠣᠨ ᠤ ᠰᠢᠰᠲ᠋ᠧᠮ ᠤᠨ ᠠᠵᠢᠯᠯᠠᠭᠠᠨ ᠤ ᠤᠬᠠᠮᠰᠠᠷ ᠪᠣᠯᠭᠠᠨ᠎ᠠ᠃ ︽ᠠᠷᠪᠢᠯᠠᠨ ᠭᠠᠮᠨᠠᠵᠤ ᠠᠮᠢᠳᠤᠷᠠᠬᠤ︾ ᠶᠢ ᠬᠡᠪ ᠤᠨ ᠳᠠᠳᠬᠠᠯ ᠪᠣᠯᠭᠠᠵᠤ᠂ ᠡᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ ᠬᠢᠵᠠᠭᠠᠷᠯᠠᠨ᠂ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠵᠤ᠂ ︽ᠰᠢᠨ᠎ᠡ ᠳᠦᠷᠢ ᠲᠥᠷᠬᠦ ᠶᠢᠨ ᠢᠨᠵᠧᠨᠧᠷᠢᠩ︾ ᠢ ᠡᠷᠡᠰ ᠰᠡᠷᠭᠡᠶᠢᠯᠡᠵᠦ ᠵᠠᠯᠠᠷᠠᠭᠤᠯᠤᠨ᠂ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠬᠢᠨᠠᠨ ᠪᠤᠳᠤᠬᠤ ᠬᠢᠨᠠᠯᠲᠠ᠂ ᠲᠤᠭ᠎ᠠ ᠪᠦᠷᠢᠳᠬᠡᠯ ᠤᠨ ᠬᠢᠨᠠᠯᠲᠠ᠂ ᠵᠠᠰᠠᠭ ᠵᠠᠬᠢᠷᠭᠠᠨ ᠤ ᠬᠢᠨᠠᠯᠲᠠ ᠶᠢ ᠴᠢᠩᠭᠠᠳᠬᠠᠨ᠂ ᠨᠡᠩ ᠤᠯᠠᠨ ᠡᠬᠢ ᠪᠠᠶᠠᠯᠢᠭ ᠪᠠ ᠡᠳ᠋ ᠤᠨ ᠬᠦᠴᠦᠨ ᠢ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠬᠡᠷᠡᠭᠯᠡᠨ᠎ᠡ᠃       ︵ᠲᠠᠪᠤ︶ ᠭᠤᠣᠯ ᠰᠢᠵᠢᠮ ᠲᠠᠢ ᠨᠢᠭᠲᠠ ᠤᠶᠠᠯᠳᠤᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠠᠷᠠᠳ ᠲᠦᠮᠡᠨ ᠲᠠᠢ ᠬᠠᠮᠲᠤ ᠪᠠᠷ ᠳᠡᠪᠰᠢᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠰᠢᠵᠢᠮ ᠮᠥᠨ᠂ ᠮᠥᠨᠴᠦ ᠦᠨᠳᠦᠰᠦᠲᠡᠨ ᠤ ᠭᠠᠵᠠᠷ ᠣᠷᠣᠨ ᠤ ᠡᠯ᠎ᠡ ᠠᠵᠢᠯ ᠤᠨ ᠭᠤᠣᠯ ᠰᠢᠵᠢᠮ ᠮᠥᠨ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠣᠭᠤᠰᠢᠯᠠᠭᠤᠯᠵᠤ᠂ ᠡᠨᠡ ᠬᠦ ᠭᠤᠣᠯ ᠰᠢᠵᠢᠮ ᠢ ᠠᠰᠠᠭᠤᠳᠠᠯ ᠢ ᠪᠣᠳᠣᠯᠬᠢᠯᠠᠬᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠪᠦᠬᠦ ᠶᠠᠪᠤᠴᠠ ᠳᠤ ᠡᠷᠡᠰ ᠭᠤᠶᠢᠪᠢᠰᠢ ᠦᠭᠡᠢ ᠪᠠᠷ ᠲᠣᠭᠤᠰᠢᠯᠠᠭᠤᠯᠤᠨ᠂ ᠭᠤᠣᠯ ᠰᠢᠵᠢᠮ ᠤᠨ ᠰᠡᠳᠬᠢᠬᠦᠢ ᠪᠠᠨ ᠴᠢᠩᠭᠠᠳᠬᠠᠵᠤ᠂ ᠭᠤᠣᠯ ᠰᠢᠵᠢᠮ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠤᠨ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂          ︽ᠵᠢᠷᠭᠤᠭᠠᠨ ᠥᠭᠦᠯᠡᠪᠦᠷᠢ︾ ᠳᠠᠬᠢ ᠪᠣᠳᠠᠲᠤ ᠶᠠᠪᠤᠳᠠᠯ ᠪᠠ ᠶᠣᠰᠣ ᠤᠴᠢᠷ ᠢ ᠠᠮᠢᠳᠤᠯᠢᠭ ᠪᠦᠲᠦᠮᠵᠢᠲᠡᠢ ᠶᠠᠷᠢᠨ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠲᠦᠷᠭᠡᠨ ᠪᠠᠶᠢᠭᠤᠯᠵᠤ᠂ ︽ᠭᠤᠷᠪᠠᠨ ᠰᠠᠯᠵᠤ ᠴᠢᠳᠠᠬᠤ ᠦᠭᠡᠢ︾᠂ ︽ᠳᠥᠷᠪᠡ ᠶᠢ ᠬᠠᠮᠲᠤ ᠪᠠᠷ︾᠂ ︽ᠲᠠᠪᠤᠨ ᠬᠠᠮᠲᠤ ᠶᠢᠨ ᠲᠠᠨᠢᠯᠲᠠ︾ ᠶᠢ ᠬᠥᠮᠥᠰ ᠤᠨ ᠰᠡᠳᠬᠢᠯ ᠳᠤ ᠨᠡᠩ ᠭᠦᠨ ᠬᠠᠳᠠᠩᠰᠢᠭᠤᠯᠤᠨ᠂ ︽ᠳᠣᠯᠣᠭᠠᠨ ᠲᠠᠯ᠎ᠠ ᠪᠠᠷ ᠵᠢᠱᠢᠶᠡᠴᠢ ᠪᠣᠯᠬᠤ︾ ᠶᠢᠨ ᠢᠷᠠᠭᠤ ᠠᠯᠳᠠᠷ ᠢ ᠰᠢᠨ᠎ᠡ ᠴᠠᠭ ᠦᠶ᠎ᠡ ᠳᠤ ᠢᠯᠡᠷᠡᠭᠦᠯᠦᠨ᠎ᠡ᠃       ᠲᠥᠯᠥᠭᠡᠯᠡᠭᠴᠢᠳ ᠠ᠋᠂ ᠳᠤᠭᠲᠤᠷᠪᠠᠯ ᠬᠦᠴᠦ ᠨᠢᠭᠡᠲᠡᠢ᠂ ᠳᠤᠤᠭᠠᠷᠪᠠᠯ ᠳᠠᠭᠤ ᠨᠢᠭᠡᠲᠡᠢ ᠭᠡᠳᠡᠭᠴᠢᠯᠡᠨ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ︽ᠮᠣᠩᠭᠤᠯ ᠮᠣᠷᠢᠨ ᠤ ᠵᠣᠷᠢᠭ ᠰᠠᠨᠠᠭ᠎ᠠ︾ ᠬᠢᠭᠡᠳ ︽ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠵᠤ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠨ᠂ ᠡᠷᠡᠯᠬᠡᠭᠯᠡᠨ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠣᠲᠤᠭ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕      ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠠᠬᠢ ᠬᠠᠮᠢᠶ᠎ᠠ ᠪᠦᠬᠦᠢ ᠨᠡᠷ᠎ᠡ ᠲᠣᠮᠢᠶᠠᠨ ᠤ ᠲᠠᠶᠢᠯᠪᠤᠷᠢ      ⒈ᠲᠤᠰᠬᠠᠶᠢᠵᠢᠭᠰᠠᠨ ᠨᠠᠷᠢᠯᠢᠭᠵᠢᠭᠰᠠᠨ ᠣᠨᠴᠠᠯᠢᠭᠵᠢᠭᠰᠠᠨ ᠰᠢᠨ᠎ᠡ ᠶᠢ ᠡᠭᠦᠳᠦᠭᠰᠡᠨ ︽ᠵᠢᠵᠢᠭ ᠠᠪᠤᠷᠭᠤ︾ ᠠᠵᠤ ᠠᠬᠤᠶᠢᠯᠠᠯ᠄ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ᠂ ᠳᠡᠭᠡᠳᠦ ᠲᠠᠰ ᠤᠨ ᠲᠣᠨᠣᠭᠯᠠᠯ ᠦᠢᠯᠡᠳᠬᠦ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠠᠮᠢᠳᠤ ᠪᠣᠳᠠᠰ ᠡᠮ ᠡᠮᠨᠡᠯᠭᠡ ᠵᠡᠷᠭᠡ ᠳᠤᠮᠳᠠ ᠳᠡᠭᠡᠳᠦ ᠲᠠᠰ ᠤᠨ ᠠᠵᠤ ᠦᠢᠯᠡᠰ ᠤᠨ ᠬᠦᠷᠢᠶᠡᠨ ᠳᠤ ᠲᠥᠪᠯᠡᠷᠡᠭᠰᠡᠨ ᠬᠥᠭᠵᠢᠯᠲᠡ ᠶᠢᠨ ᠡᠬᠢᠨ ᠤ ᠬᠤᠭᠤᠴᠠᠭᠠᠨ ᠳᠤ ᠪᠠᠶᠢᠭ᠎ᠠ ᠵᠢᠵᠢᠭ ᠬᠡᠯᠪᠡᠷᠢ ᠶᠢᠨ ᠠᠵᠤ ᠠᠬᠤᠶᠢᠯᠠᠯ ᠢ ᠵᠢᠭᠠᠵᠤ ᠪᠣᠶ᠂ ᠡᠲᠡᠭᠡᠷ ᠠᠵᠤ ᠠᠬᠤᠶᠢᠯᠠᠯ ᠨᠢ ᠨᠡᠶᠢᠳᠡᠮ ᠳᠡᠭᠡᠨ ᠡᠵᠡᠩᠨᠡᠯᠲᠡ ᠶᠢᠨ ᠦᠷ᠎ᠡ ᠪᠦᠲᠦᠮᠵᠢ ᠪᠠᠷ ᠰᠠᠶᠢᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ ᠲᠥᠬᠦᠭᠡᠷᠦᠮᠵᠢ ᠶᠢᠨ ᠤᠷ᠎ᠠ ᠮᠡᠷᠭᠡᠰᠢᠯ ᠢᠶᠠᠷ ᠲᠡᠷᠢᠭᠦᠨ ᠤ ᠬᠢ᠂ ᠬᠠᠮᠢᠶᠠᠷᠤᠯᠲᠠ ᠶᠢᠨ ᠲᠣᠭᠲᠠᠯᠴᠠᠭ᠎ᠠ ᠨᠢ ᠪᠦᠷᠢᠨ ᠲᠡᠭᠦᠯᠳᠡᠷ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢᠶᠠᠷ ᠴᠢᠩᠭ᠎ᠠ ᠵᠡᠷᠭᠡ ᠣᠨᠴᠠᠯᠢᠭ ᠲᠠᠢ᠃       ⒉︽ᠳᠥᠷᠪᠡ ᠪᠠᠷ ᠭᠦᠢᠴᠡᠳᠬᠡᠬᠦ︾ ᠥᠭᠡᠷᠡᠴᠢᠯᠡᠯᠲᠡ᠄ ᠨᠢᠭᠡ ᠰᠦᠯᠵᠢᠶ᠎ᠡ ᠪᠠᠷ ᠭᠦᠢᠴᠡᠳᠬᠡᠬᠦ᠂ ᠭᠠᠷ ᠤᠲᠠᠰᠤᠨ ᠳᠡᠭᠡᠷ᠎ᠡ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ᠂ ᠬᠠᠪᠰᠤᠷᠤᠨ ᠭᠦᠢᠴᠡᠳᠬᠡᠬᠦ ᠶᠢ ᠵᠢᠭᠠᠵᠤ ᠪᠤᠢ᠃      ⒊ᠭᠤᠷᠪᠠᠨ ᠤᠯᠠᠨ᠂ ᠭᠤᠷᠪᠠᠨ ᠴᠦᠭᠡᠨ᠂ ᠭᠤᠷᠪᠠᠨ ᠤᠳᠠᠭᠠᠨ᠄ ︽ᠭᠤᠷᠪᠠᠨ ᠣᠯᠠᠨ︾ ᠭᠡᠳᠡᠭ ᠨᠢ ᠬᠤᠷᠠᠯ ᠤᠯᠠᠨ᠂ ᠠᠵᠢᠯᠯᠠᠭ᠎ᠠ ᠤᠯᠠᠨ᠂ ᠭᠠᠳᠠᠭᠰᠢ ᠭᠠᠷᠬᠤ ᠨᠢ ᠤᠯᠠᠨ ᠢ ᠵᠢᠭᠠᠵᠤ ᠪᠣᠢ᠂   ︽ᠭᠤᠷᠪᠠᠨ ᠴᠥᠭᠡᠨ︾ ᠭᠡᠳᠡᠭ ᠨᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠴᠥᠭᠡᠨ᠂ ᠠᠵᠢᠯ ᠤᠨ ᠰᠡᠳᠬᠢᠴᠡ ᠴᠥᠭᠡᠨ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠨᠢ ᠴᠥᠭᠡᠨ ᠪᠠᠶᠢᠬᠤ ᠶᠢ ᠵᠢᠭᠠᠵᠤ ᠪᠤᠢ᠂ ︽ᠭᠤᠷᠪᠠᠨ ᠤᠳᠠᠭᠠᠨ︾ ᠭᠡᠳᠡᠭ ᠨᠢ ᠰᠢᠢᠳᠪᠦᠷᠢᠲᠦ ᠪᠤᠳᠤᠯᠭ᠎ᠠ ᠲᠣᠭᠲᠠᠭᠠᠬᠤ ᠨᠢ ᠤᠳᠠᠭᠠᠨ᠂ ᠠᠵᠢᠯᠯᠠᠭ᠎ᠠ ᠠᠪᠬᠤ ᠨᠢ ᠤᠳᠠᠭᠠᠨ᠂ ᠦᠷ᠎ᠡ ᠳ᠋ᠦᠩ ᠭᠠᠷᠭᠠᠬᠤ ᠨᠢ ᠤᠳᠠᠭᠠᠨ ᠪᠠᠶᠢᠬᠤ ᠶᠢ ᠵᠢᠭᠠᠵᠤ ᠪᠤᠢ᠃      ⒋ ᠬᠤᠶᠠᠷ ᠶᠡᠭᠡ ᠶᠠᠪᠤᠳᠠᠯ᠄ ᠲᠠᠪᠤᠨ ᠶᠡᠭᠡ ᠡᠭᠦᠷᠭᠡ ᠪᠣᠯᠣᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠵᠢᠭᠠᠨ᠎ᠠ᠃      ⒌︽ᠭᠤᠷᠪᠠᠨ ᠳᠥᠷᠪᠡ︾ ᠶᠢᠨ ᠠᠵᠢᠯ ᠤᠨ ᠡᠭᠦᠷᠭᠡ᠄ ᠡᠨᠧᠷᠭᠢ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ᠂ ᠢᠮᠠᠭᠠᠨ ᠨᠣᠣᠯᠤᠭᠤᠷ ᠤᠨ ᠠᠵᠤ ᠦᠢᠯᠡᠰ ᠵᠡᠷᠭᠡ ᠳᠡᠯᠡᠬᠡᠢ ᠶᠢᠨ ᠲᠠᠰ ᠤᠨ ᠳᠥᠷᠪᠡᠨ ᠠᠵᠤ ᠦᠢᠯᠡᠰ ᠢ ᠴᠤᠭᠴᠠᠯᠠᠨ ᠪᠠᠶᠢᠭᠤᠯᠵᠤ᠂ ᠠᠮᠢ ᠠᠬᠤᠢ ᠶᠢᠨ ᠵᠠᠰᠠᠯᠲᠠ᠂ ᠪᠣᠯᠪᠠᠰᠤᠨ ᠬᠤᠲᠠ᠂ ᠬᠠᠮᠲᠤ ᠪᠠᠷ ᠴᠢᠨᠡᠭᠡᠯᠢᠭᠵᠢᠬᠦ᠂ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠵᠡᠷᠭᠡ ᠤᠯᠤᠰ ᠤᠨ ᠳᠥᠷᠪᠡᠨ ᠬᠡᠪ ᠳᠠᠭᠤᠷᠢᠶᠠᠯ ᠢ ᠪᠤᠢ ᠪᠣᠯᠭᠠᠨ᠂ ᠰᠢᠨ᠎ᠡ ᠶᠢ ᠡᠭᠦᠳᠦᠭᠰᠡᠨ ᠠᠮᠢ ᠠᠬᠤᠢ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠂ ᠬᠤᠲᠠ ᠶᠢᠨ ᠳᠦᠷᠢ ᠲᠥᠷᠬᠦ᠂ ᠺᠠᠳ᠋ᠷ ᠤᠨ ᠡᠩᠨᠡᠭᠡ ᠵᠡᠷᠭᠡ ᠪᠥᠬᠦ ᠤᠯᠤᠰ ᠤᠨ ᠳᠥᠷᠪᠡᠨ ᠲᠡᠷᠢᠭᠦᠨ ᠢ ᠡᠭᠦᠳᠬᠦ ᠶᠢ ᠵᠢᠭᠠᠵᠤ ᠪᠤᠢ᠃      ⒍ᠳᠥᠷᠪᠡ ᠶᠢ ᠣᠶᠢᠷ᠎ᠠ ᠬᠠᠪᠢ ᠳᠤ ᠨᠢ ᠪᠡᠶᠡᠯᠡᠭᠦᠯᠬᠦ᠄ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠳᠣᠯᠣᠳᠤᠭᠠᠷ ᠤᠳᠠᠭᠠᠨ ᠤ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠳᠡᠭᠡᠷ᠎ᠡ ᠳᠤᠷᠠᠳᠪᠠ᠂ ᠳᠠᠷᠤᠢ ᠭᠤᠷᠪᠠᠨ ᠵᠢᠯ ᠤᠨ ᠬᠤᠭᠤᠴᠠᠭᠠᠨ ᠳᠤ ︽ᠠᠷᠪᠠᠨ ᠲᠠᠪᠤᠨ ᠮᠢᠨᠦ᠋ᠲ︾ ᠤᠨ ᠳᠤᠲᠤᠷ᠎ᠠ ᠣᠶᠢᠷ᠎ᠠ ᠬᠠᠪᠢ ᠳᠤ ᠨᠢ ᠨᠠᠶᠢᠳᠠᠨ ᠬᠥᠮᠦᠵᠢᠭᠦᠯᠬᠦ᠂ ᠰᠤᠷᠭᠠᠭᠤᠯᠢ ᠳᠤ ᠣᠷᠤᠭᠤᠯᠬᠤ᠂ ᠨᠠᠰᠤᠵᠢᠯ ᠤᠨ ᠠᠰᠠᠷᠠᠮᠵᠢ ᠬᠦᠷᠲᠡᠭᠡᠬᠦ᠂ ᠰᠣᠶᠣᠯ ᠲᠠᠮᠢᠷ ᠤᠨ ᠠᠵᠢᠯᠯᠠᠭ᠎ᠠ ᠳᠤ ᠣᠷᠤᠯᠴᠠᠭᠤᠯᠬᠤ ᠶᠢ ᠪᠡᠶᠡᠯᠡᠬᠦᠯᠬᠦ ᠶᠢ ᠵᠢᠭᠠᠵᠤ ᠪᠤᠢ᠃      ⒎ᠲᠦᠷᠪᠡ ᠶᠢ ᠳᠡᠭᠡᠭᠰᠢᠯᠡᠭᠦᠯᠬᠦ᠄ ᠬᠤᠳᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠳᠣᠯᠣᠳᠤᠭᠠᠷ ᠤᠳᠠᠭᠠᠨ ᠤ ᠪᠥᠬᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠶ ᠶᠢᠨ ᠠᠵᠢᠯ ᠤᠨ ᠬᠤᠷᠠᠯ ᠳᠡᠭᠡᠷ᠎ᠡ ᠳᠤᠷᠠᠳᠪᠠ᠂ ᠳᠠᠷᠤᠢ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮᠴᠢᠯᠡᠭᠡ᠂ ᠣᠷᠣᠨ ᠰᠠᠭᠤᠴᠠ ᠶᠢᠨ ᠪᠠᠲᠤᠯᠠᠭ᠎ᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠬᠦᠯᠬᠦ ᠶᠢ ᠵᠢᠭᠠᠵᠤ ᠪᠤᠢ᠃      ⒏︽ᠳᠥᠷᠪᠡᠨ ᠥᠨᠳᠥᠷ︾ ᠢ ᠰᠢᠭᠰᠢᠨ ᠪᠠᠶᠢᠴᠠᠭᠠᠬᠤ᠄ ᠴᠢᠰᠤᠨ ᠳᠠᠷᠤᠯᠲᠠ ᠥᠨᠳᠥᠷ᠂ ᠴᠢᠰᠤᠨ ᠰᠢᠬᠢᠷ ᠥᠨᠳᠥᠷ᠂ ᠴᠢᠰᠤᠨ ᠤ ᠥᠭᠡᠬᠦ ᠥᠨᠳᠥᠷ᠂ ᠰᠢᠭᠡᠰᠦᠨ ᠬᠦᠴᠢᠯ ᠥᠨᠳᠥᠷ ᠢ ᠰᠢᠭᠰᠢᠨ ᠪᠠᠶᠢᠴᠠᠭᠠᠬᠤ ᠶᠢ ᠵᠢᠭᠠᠵᠤ ᠪᠤᠢ᠃      ⒐ᠭᠤᠷᠪᠠ ᠶᠢ ᠰᠠᠯᠭᠠᠵᠤ ᠡᠶᠡᠳᠡᠭᠦᠯᠦᠨ ᠰᠢᠢᠳᠪᠦᠷᠢᠯᠡᠬᠦ᠄ ᠦᠦᠰᠢᠨ ᠬᠤᠰᠢᠭᠤᠨ ᠤ ᠠᠩᠬ᠎ᠠ ᠡᠭᠦᠳᠦᠨ ᠪᠠᠶᠢᠭᠤᠯᠤᠭᠰᠠᠨ ᠦᠨᠳᠦᠰᠦᠨ ᠱᠠᠲᠤᠨ ᠤ ᠵᠠᠰᠠᠯᠲᠠ  ᠶᠢ ᠲᠡᠭᠦᠯᠳᠡᠷᠵᠢᠭᠦᠯᠬᠦ ᠠᠷᠭ᠎ᠠ ᠲᠤᠷᠰᠢᠯᠭ᠎ᠠ ᠪᠤᠯᠤᠨ᠎ᠠ᠂ ᠭᠤᠤᠯᠳᠠᠭᠤ ᠪᠠᠭ᠎ᠠ ᠵᠥᠷᠢᠴᠡᠯ ᠢ ᠮᠡᠳᠡᠮᠡᠭᠴᠡ ᠳᠠᠷᠦ᠋ᠢᠬᠠᠨ ᠡᠶᠡᠳᠡᠭᠦᠯᠵᠦ᠂ ᠪᠤᠳᠤᠯᠢᠶᠠᠨᠲᠠᠶ ᠤᠴᠢᠷ ᠶᠠᠪᠤᠳᠠᠯ ᠢ ᠰᠠᠯᠭᠠᠵᠤ ᠡᠶᠡᠳᠡᠭᠦᠯᠦᠨ᠂ ᠬᠦᠴᠢᠷ ᠲᠦᠪᠡᠭᠲᠡᠶ ᠬᠡᠷᠡᠭ ᠢ ᠬᠤᠯᠪᠣᠭᠠᠯᠠᠨ ᠬᠠᠮᠢᠶᠠᠷᠤᠨ ᠡᠶᠡᠳᠡᠭᠦᠯᠵᠦ᠂ ᠣᠯᠠᠨ ᠲᠦᠮᠡᠨ ᠳᠡᠭᠡᠭᠰᠢ ᠰᠤᠷᠪᠤᠯᠵᠢᠯᠠᠬᠤ ᠥᠬᠡᠶ᠂ ᠠᠰᠠᠭᠤᠳᠠᠯ ᠢ ᠬᠤᠰᠢᠭᠤᠨ ᠠᠴᠠ ᠭᠠᠷᠭᠠᠬᠤ ᠥᠬᠡᠶ᠂ ᠵᠥᠷᠢᠴᠡᠯ ᠢ ᠳᠡᠭᠡᠭᠰᠢ ᠲᠤᠰᠢᠶᠠᠬᠤ ᠥᠬᠡᠶ ᠪᠠᠶᠢᠬᠤ ᠶᠢ ᠦᠨᠳᠦᠰᠦᠨ ᠳᠡᠭᠡᠨ ᠪᠡᠶᠡᠯᠡᠭᠦᠯᠵᠦ᠂ ᠵᠠᠬᠢᠳᠠᠯ ᠰᠤᠷᠪᠤᠯᠵᠢᠯᠠᠭ᠎ᠠ ᠬᠢᠭᠰᠡᠳ ᠢ ᠲᠤᠬᠠᠶ ᠶᠢᠨ ᠭᠠᠵᠠᠷ ᠲᠤᠨᠢ ᠲᠤᠭᠲᠠᠭᠠᠵᠤ᠂ ᠵᠥᠷᠢᠴᠡᠯ ᠵᠢᠭᠤᠷᠠᠯᠳᠤᠭᠠᠨ ᠢ ᠲᠤᠬᠠᠶ ᠶᠢᠨ ᠭᠠᠵᠠᠷ ᠲᠤᠨᠢ ᠰᠢᠢᠳᠪᠦᠷᠢᠯᠡᠬᠦ ᠶᠢ ᠵᠢᠭᠠᠵᠤ ᠪᠤᠢ       ⒑ᠵᠢᠷᠭᠤᠭᠠᠨ ᠢᠨᠵᠧᠨᠧᠷᠢᠩ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠤᠳᠠᠭᠠᠨ ᠤ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠳᠡᠭᠡᠷ᠎ᠡ ᠳᠤᠷᠠᠳᠤᠭᠰᠠᠨ ᠭᠤᠣᠯᠳᠠᠯᠭ᠎ᠠ ᠲᠠᠢ ᠡᠭᠦᠷᠭᠡ ᠪᠣᠯᠤᠨ᠎ᠠ᠂ ᠳᠠᠷᠤᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ᠂ ᠡᠯᠡᠰᠦ ᠶᠢ ᠰᠡᠷᠭᠡᠶᠢᠯᠡᠨ ᠵᠠᠰᠠᠬᠤ ᠪᠠ ᠰᠠᠯᠬᠢ ᠴᠠᠬᠢᠯᠭᠠᠨ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ᠂ ᠳᠤᠯᠠᠭᠠᠯᠠᠭ᠎ᠠ ᠶᠢᠨ ᠢᠨᠵᠧᠨᠧᠷᠢᠩ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠣᠭᠤᠮᠲᠠ ᠰᠢᠪᠲᠤᠯᠬᠤ︾ ᠢᠨᠵᠧᠨᠧᠷᠢᠩ᠂ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠵᠢᠭᠠᠨ᠎ᠠ᠃      ⒒ᠭᠤᠷᠪᠠ ᠶᠢ ᠪᠠᠲᠤᠯᠠᠬᠤ᠄ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ᠂ ᠴᠠᠯᠢᠩ ᠢ ᠪᠠᠲᠤᠯᠠᠬᠤ᠂ ᠡᠷᠭᠢᠯᠲᠡ ᠶᠢᠨ ᠵᠠᠷᠤᠯᠭ᠎ᠠ ᠶᠢ ᠪᠠᠲᠤᠯᠠᠬᠤ ᠶᠢ ᠵᠢᠭᠠᠵᠤ ᠪᠤᠢ᠃      ⒓︽ᠵᠢᠷᠭᠤᠭᠠᠨ ᠥᠭᠦᠯᠡᠪᠦᠷᠢ︾ ᠳᠠᠬᠢ ᠪᠣᠳᠠᠲᠤ ᠶᠠᠪᠤᠳᠠᠯ ᠪᠠ ᠶᠣᠰᠣ ᠤᠴᠢᠷ᠄ ᠥᠪᠥᠷ ᠮᠣᠩᠭᠤᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠮᠤᠭ ᠤᠨ ᠡᠷᠲᠡ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠭᠰᠠᠨ ᠦᠨᠳᠦᠰᠦᠲᠡᠨ ᠤ ᠭᠠᠵᠠᠷ ᠣᠷᠣᠨ ᠪᠣᠯᠣᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠭᠤᠳ ᠤᠳᠤᠷᠢᠳᠤᠯᠭ᠎ᠠ ᠳᠣᠣᠷ᠎ᠠ ᠪᠠᠶᠢᠭᠤᠯᠤᠭᠳᠠᠭᠰᠠᠨ ᠶᠤᠮ᠂ ᠥᠪᠥᠷ ᠮᠣᠩᠭᠤᠯ ᠪᠣᠯ ᠨᠠᠮ ᠤᠨ ᠲᠥᠪ ᠬᠤᠷᠢᠶᠠᠨ ᠤ ᠳᠡᠮᠵᠢᠯᠭᠡ ᠳᠣᠣᠷ᠎ᠠ ᠬᠥᠭᠵᠢᠵᠦ ᠢᠷᠡᠭᠰᠡᠨ ᠶᠤᠮ᠂ ᠥᠪᠥᠷ ᠮᠣᠩᠭᠤᠯ ᠤᠨ ᠠᠵᠢᠯ ᠤᠨ ᠳᠤᠮᠳᠠ ᠢᠯᠡᠷᠡᠭᠰᠡᠨ ᠬᠦᠨᠳᠦ ᠶᠡᠭᠡ ᠠᠯᠳᠠᠭ᠎ᠠ ᠶᠢ ᠴᠥᠮ ᠨᠠᠮ ᠤᠨ ᠲᠥᠪ ᠬᠤᠷᠢᠶ᠎ᠠ ᠠᠴᠠ ᠬᠠᠪᠰᠤᠷᠤᠨ ᠵᠠᠯᠠᠷᠠᠭᠤᠯᠤᠭᠰᠠᠨ ᠶᠤᠮ᠂ ᠥᠪᠥᠷ ᠮᠣᠩᠭᠤᠯ ᠤᠨ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠪᠤᠯ ᠶᠡᠷᠦᠩᠬᠡᠢ ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠪᠠ ᠵᠢᠯᠤᠭᠤᠳᠤᠯᠭ᠎ᠠ ᠳᠣᠣᠷ᠎ᠠ ᠣᠯᠤᠭᠰᠠᠨ ᠶᠤᠮ᠂ ᠥᠪᠥᠷ ᠮᠣᠩᠭᠤᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠪᠣᠯᠤᠭᠰᠠᠨ ᠤ ᠬᠤᠪᠢ ᠳᠤ ᠵᠢᠱᠢᠶᠡᠴᠢ ᠨᠢ ᠨᠠᠮ ᠤᠨ ᠦᠭᠡ ᠶᠢ ᠰᠤᠨᠤᠰᠬᠤ ᠳᠡᠭᠡᠷ᠎ᠡ ᠢᠯᠡᠷᠡᠵᠦ ᠪᠠᠶᠢᠳᠠᠭ       ⒔ᠲᠤᠯᠤᠭᠠᠨ ᠲᠠᠯ᠎ᠠ ᠪᠠᠷ ᠵᠢᠱᠢᠶᠡᠴᠢ ᠪᠣᠯᠬᠤ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠤᠳᠠᠭᠠᠨ ᠤ ᠪᠥᠬᠦᠳᠡ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠲᠣᠭᠲᠠᠭᠠᠯ︾ ᠤᠨ ᠭᠤᠣᠯ ᠠᠭᠤᠯᠭ᠎ᠠ ᠪᠣᠯᠤᠨ᠎ᠠ᠂ ᠭᠤᠣᠯᠳᠠᠭᠤ ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ ᠰᠣᠨᠣᠰᠬᠤ᠂ ᠶᠡᠷᠦᠩᠬᠡᠢ ᠱᠦᠵᠢ ᠰᠢ ᠶᠢᠨ ᠫᠢᠩ ᠢ ᠰᠠᠯᠤᠯ ᠦᠭᠡᠢ ᠳᠠᠭᠠᠵᠤ ᠰᠢᠨ᠎ᠡ ᠠᠶᠠᠨ ᠵᠠᠮ ᠳᠤ ᠡᠷᠡᠮᠡᠬᠡᠶᠢᠯᠡᠨ ᠤᠷᠤᠭᠰᠢᠯᠠᠬᠤ ᠲᠠᠯ᠎ᠠ ᠪᠠᠷ ᠵᠢᠱᠢᠶᠡᠴᠢ ᠪᠣᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠲᠠᠯ᠎ᠠ ᠪᠠᠷ ᠵᠢᠱᠢᠶᠡᠴᠢ ᠪᠣᠯᠬᠤ᠂ ᠦᠨᠳᠦᠰᠦᠲᠡᠨ ᠤ ᠭᠠᠵᠠᠷ ᠣᠷᠣᠨ ᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠠᠯ᠎ᠠ ᠪᠠᠷ ᠵᠢᠱᠢᠶᠡᠴᠢ ᠪᠣᠯᠬᠤ᠂ ᠬᠢᠯᠢ ᠬᠢᠵᠠᠭᠠᠷ ᠦᠨᠳᠦᠰᠦᠲᠡᠨ ᠤ ᠭᠠᠵᠠᠷ ᠣᠷᠣᠨ ᠤ ᠬᠠᠮᠲᠤ ᠪᠠᠷ ᠴᠢᠨᠡᠭᠡᠯᠢᠭᠵᠢᠬᠦ ᠵᠠᠮ ᠢᠶᠠᠷ ᠵᠠᠮᠨᠠᠬᠤ ᠲᠠᠯ᠎ᠠ ᠪᠠᠷ ᠵᠢᠱᠢᠶᠡᠴᠢ ᠪᠣᠯᠬᠤ᠂ ᠬᠢᠯᠢ ᠬᠢᠵᠠᠭᠠᠷ ᠣᠷᠣᠨ ᠢ ᠬᠥᠭᠵᠢᠭᠦᠯᠵᠦ ᠲᠣᠭᠲᠠᠪᠤᠷᠢᠵᠢᠭᠤᠯᠤᠨ ᠪᠠᠬᠢᠵᠢᠭᠦᠯᠬᠦ ᠲᠠᠯ᠎ᠠ ᠪᠠᠷ ᠵᠢᠱᠢᠶᠡᠴᠢ ᠪᠣᠯᠬᠤ᠂ ᠬᠢᠯᠢ ᠬᠢᠵᠠᠭᠠᠷ ᠣᠷᠣᠨ ᠤ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠬᠤᠯᠪᠣᠨ ᠨᠡᠪᠲᠡᠷᠡᠭᠦᠯᠬᠦ ᠲᠠᠯ᠎ᠠ ᠪᠠᠷ ᠵᠢᠱᠢᠶᠡᠴᠢ ᠪᠣᠯᠬᠤ᠂ ᠰᠢᠨ᠎ᠡ ᠰᠤᠷᠲᠠᠯ ᠲᠥᠪ ᠰᠤᠷᠲᠠᠯ ᠢ ᠪᠠᠳᠠᠷᠠᠭᠤᠯᠬᠤ ᠲᠠᠯ᠎ᠠ ᠪᠠᠷ ᠵᠢᠱᠢᠶᠡᠴᠢ ᠪᠣᠯᠬᠤ ᠶᠢ ᠵᠢᠭᠠᠵᠤ ᠪᠤᠢ᠃ 
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ