ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠴᠠᠭᠠᠨ ᠰᠠᠷ᠎ᠠ ᠠᠴᠠ ᠡᠮᠦᠨ᠎ᠡ ᠪᠣᠯᠭᠤᠭᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/7
      ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠳᠤ᠂ ᠬᠤᠰᠢᠭᠤ ᠨᠠᠮ ᠤᠨ ᠬᠤᠷᠢᠶᠠᠨ ᠤ ᠱᠦᠵᠢ ᠭᠤᠣ ᠬᠤᠸᠠᠢ ᠵᠢᠩ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠤ᠋ ᡁᠢ ᠰᠢᠶᠦ᠋ᠡᠭ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠷᠦᠢ ᠮᠢᠨ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠰᠠᠷᠠᠨᠲᠤᠶᠠᠭ᠎ᠠ ᠵᠡᠷᠭᠡ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠵᠢᠴᠢ ᠡᠯ᠎ᠡ ᠰᠤᠮᠤ ᠪᠠᠯᠭᠠᠰᠤᠨ ᠳᠤ ᠭᠦᠨᠵᠡᠭᠡᠶᠢᠷᠡᠨ ᠨᠢᠭᠡᠳᠦᠭᠡᠷ ᠹᠷᠣᠨᠲ ᠤᠨ ᠠᠵᠢᠯᠲᠠᠨ ᠠᠵᠢᠯᠴᠢᠨ᠂ ᠠᠮᠢᠳᠤᠷᠠᠯ ᠬᠦᠴᠢᠷᠲᠡᠢ ᠣᠯᠠᠨ ᠲᠦᠮᠡᠨ᠂ ᠶᠠᠳᠠᠭᠤ ᠠᠴᠠ ᠠᠩᠭᠢᠵᠢᠷᠠᠭᠰᠠᠨ ᠡᠷᠦᠬᠡ᠂ ᠴᠡᠷᠢᠭ ᠠᠴᠠ ᠬᠠᠯᠠᠭᠳᠠᠭᠰᠠᠳ᠂ ᠨᠤᠲᠤᠭ ᠤᠨ ᠡᠷᠳᠡᠮᠲᠡᠨ ᠴᠢᠳᠠᠪᠤᠷᠢᠲᠠᠨ᠂ ᠪᠠᠶᠠᠵᠢᠯ ᠤᠨ ᠳᠠᠭᠠᠭᠤᠯᠤᠭᠴᠢ ᠵᠡᠷᠭᠡ ᠬᠦᠮᠦᠰ ᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠬᠦᠷᠭᠡᠬᠦ ᠶᠢᠨ ᠬᠠᠮᠲᠤ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠢ ᠲᠥᠯᠥᠭᠡᠯᠡᠨ ᠴᠠᠭᠠᠨ ᠰᠠᠷ᠎ᠠ ᠶᠢᠨ ᠢᠷᠦᠭᠡᠯ ᠵᠥᠩᠨᠡᠯ ᠢᠶᠠᠨ ᠳᠡᠪᠰᠢᠭᠦᠯᠪᠡ᠃
1.jpg
           ᠠᠷᠪᠠᠰ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠬᠦᠷᠴᠦ᠂ ᠭᠤᠤ ᠬᠤᠸᠠᠢ ᠵᠢᠩ ᠺᠠᠳ᠋ᠷ ᠠᠵᠢᠯᠲᠠᠳ ᠲᠠᠢ ᠨᠢᠭᠡᠳ ᠨᠢᠭᠡ ᠪᠠᠷ ᠭᠠᠷ ᠠᠳᠬᠤᠨ ᠰᠠᠨᠠᠯ ᠢᠶᠠᠨ ᠰᠣᠯᠢᠯᠴᠠᠵᠤ᠂ ᠥᠩᠭᠡᠷᠡᠭᠰᠡᠨ ᠨᠢᠭᠡ ᠵᠢᠯ ᠳᠠᠬᠢ ᠳᠠᠶᠠᠭᠠᠷ ᠤᠯᠠᠨ ᠤ ᠰᠢᠷᠭᠠᠭᠤ ᠴᠢᠷᠮᠠᠶᠢᠯᠭ᠎ᠠ ᠶᠢ ᠨᠤᠲᠠᠯᠠᠭᠰᠠᠨ ᠪᠥᠭᠡᠳ ᠲᠡᠳᠡᠨ ᠳᠤ ᠲᠣᠬᠤᠨᠢᠭᠤᠯᠬᠤ ᠮᠥᠩᠭᠦ ᠪᠣᠯᠣᠨ ᠴᠠᠭᠠᠨ ᠰᠠᠷ᠎ᠠ ᠶᠢᠨ ᠵᠥᠩᠨᠡᠯ ᠢᠶᠠᠨ ᠳᠡᠪᠰᠢᠭᠦᠯᠵᠡᠢ᠃ ᠭᠤᠸ ᠬᠤᠸᠠᠢ ᠵᠢᠩ ᠬᠡᠯᠡᠬᠦ ᠳᠡᠭᠡᠨ᠂ ᠤᠳᠠᠯ ᠦᠭᠡᠢ ᠴᠠᠭᠠᠨ ᠰᠠᠷ᠎ᠠ ᠪᠣᠯᠬᠤ ᠭᠡᠵᠦ ᠪᠠᠶᠢᠭ᠎ᠠ ᠤᠴᠢᠷ ᠠᠴᠠ ᠲᠠ ᠪᠦᠬᠦᠨ ᠳᠡᠭᠡᠨ ᠰᠠᠷ᠎ᠠ ᠰᠢᠨ᠎ᠡ ᠶᠢᠨ ᠮᠡᠨᠳᠦ ᠳᠡᠪᠰᠢᠭᠦᠯᠵᠦ ᠪᠠᠶᠢᠨ᠎ᠠ᠂ ᠮᠦᠨᠴᠦ ᠡᠨᠡ ᠬᠦ ᠥᠯᠵᠡᠶᠢᠲᠦ ᠮᠥᠴᠡ ᠶᠢ ᠲᠣᠬᠢᠶᠠᠯᠳᠤᠭᠤᠯᠤᠨ ᠪᠥᠬᠦ ᠬᠤᠰᠢᠭᠤᠨ ᠤ ᠡᠯ᠎ᠡ ᠠᠵᠢᠯ ᠲᠥᠷᠥᠯ᠂ ᠡᠯ᠎ᠡ ᠹᠷᠣᠨᠲ ᠲᠠᠬᠢ ᠥᠷᠭᠡᠨ ᠣᠯᠠᠨ ᠺᠠᠳ᠋ᠷ ᠠᠵᠢᠯᠲᠠᠳ ᠢ ᠪᠣᠯᠭᠤᠭᠠᠨ ᠲᠣᠬᠤᠨᠢᠭᠤᠯᠵᠤ᠂ ᠲᠠ ᠣᠯᠠᠨ ᠤ ᠰᠢᠨ᠎ᠡ ᠨᠢᠭᠡ ᠵᠢᠯ ᠳᠡᠭᠡᠨ ᠪᠡᠶ᠎ᠡ ᠮᠠᠬᠠᠪᠤᠳ ᠡᠷᠡᠭᠦᠯ ᠴᠢᠭᠢᠷᠠᠭ᠂ ᠠᠶᠢᠯ ᠬᠤᠲᠠᠯᠠᠭᠠᠷ ᠢᠶᠠᠷ ᠢᠶᠠᠨ ᠵᠣᠯ ᠵᠢᠷᠭᠠᠯ ᠲᠠᠢ᠂ ᠠᠵᠦ ᠠᠮᠢᠳᠤᠷᠠᠯ ᠨᠢ ᠥᠭᠡᠳᠡ ᠡᠰᠡᠷᠡᠭ ᠪᠠᠶᠢᠬᠤ ᠶᠢ ᠵᠦᠩᠨᠡᠶ᠎ᠡ ᠭᠡᠵᠡᠢ᠃
2.jpg     
      ᠰᠢᠨᠠᠴᠢᠷᠭ᠎ᠠ ᠭᠠᠴᠠᠭ᠎ᠠ ᠶᠢᠨ ᠠᠬᠠᠮᠠᠳ ᠨᠠᠮ ᠤᠨ ᠡᠭᠦᠷ ᠤᠨ ᠱᠦᠵᠢ ᠵᠢᠷᠭᠠᠯᠳᠠᠯᠠᠢ ᠶᠢᠨ ᠭᠡᠷ ᠲᠤ ᠬᠦᠷᠴᠦ᠂ ᠭᠤᠤ ᠬᠤᠸᠠᠢ ᠵᠢᠩ ᠲᠡᠳᠡᠨ ᠤ ᠪᠡᠶ᠎ᠡ ᠮᠠᠬᠠᠪᠤᠳ ᠤᠨ ᠡᠷᠡᠭᠦᠯ ᠴᠢᠭᠢᠷᠠᠭ᠂ ᠠᠵᠦ ᠠᠮᠢᠳᠤᠷᠠᠯ᠂ ᠦᠷ᠎ᠡ ᠬᠡᠦᠬᠡᠳ ᠤᠨ ᠠᠵᠢᠯ ᠣᠯᠭᠤᠯᠲᠠ ᠵᠡᠷᠭᠡ ᠪᠠᠶᠢᠳᠠᠯ ᠢ ᠬᠠᠯᠠᠮᠵᠢᠯᠠᠨ ᠠᠰᠠᠭᠤᠪᠠ᠃ ᠲᠡᠷᠡ ᠬᠡᠯᠡᠬᠦ ᠳᠡᠭᠡᠨ᠂ ᠣᠲᠤᠭ ᠬᠤᠰᠢᠭᠤᠨ ᠤ ᠬᠥᠭᠵᠢᠯᠲᠡ ᠨᠢ ᠠᠬᠠᠮᠠᠳ ᠨᠠᠮ ᠤᠨ ᠭᠡᠰᠢᠭᠦᠨ ᠤ ᠴᠥᠬᠦᠷᠡᠰᠢ ᠦᠭᠡᠢ ᠴᠢᠷᠮᠠᠶᠢᠯᠭ᠎ᠠ ᠠᠴᠠ ᠰᠠᠯᠵᠤ ᠴᠢᠳᠠᠬᠤ ᠦᠭᠡᠢ᠂ ᠠᠬᠠᠮᠠᠳ ᠨᠢᠭᠡ ᠦᠶ᠎ᠡ ᠶᠢᠨ ᠬᠢᠨ ᠤ ᠠᠷᠢᠭᠤᠨ ᠬᠥᠯᠦᠰᠦ ᠰᠢᠩᠭᠡᠵᠦ ᠪᠣᠢ᠂ ᠠᠬᠠᠮᠠᠳ ᠨᠠᠮ ᠤᠨ ᠭᠡᠰᠢᠭᠦᠨ ᠪᠡᠶ᠎ᠡ ᠪᠠᠨ ᠰᠠᠶᠢᠨ ᠬᠢᠴᠢᠶᠡᠵᠦ᠂ ᠤᠯᠤᠰ ᠲᠥᠷᠥ ᠶᠢᠨ ᠤᠬᠠᠮᠰᠠᠷ ᠢᠶᠠᠷ ᠥᠨᠳᠥᠷ᠂ ᠦᠢᠯᠡᠳᠦᠯᠭᠡ ᠶᠢᠨ ᠲᠤᠷᠰᠢᠯᠭ᠎ᠠ ᠪᠠᠷ ᠪᠠᠶᠠᠯᠢᠭ ᠪᠠᠶᠢᠳᠠᠭ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠤᠨ᠂ ᠣᠲᠤᠭ ᠬᠤᠰᠢᠭᠤᠨ ᠤ ᠬᠥᠭᠵᠢᠯᠲᠡ ᠳᠤ ᠦᠷᠭᠦᠯᠵᠢᠯᠡᠨ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠠᠬᠠᠮᠠᠳ ᠨᠠᠮ ᠤᠨ ᠭᠡᠰᠢᠭᠦᠨ ᠨᠢᠭᠡᠪᠦᠷᠢ ᠳᠤ ᠵᠣᠬᠢᠶᠠᠨ ᠪᠠᠶᠢᠭᠤᠯᠤᠯᠲᠠ ᠶᠢᠨ ᠬᠠᠯᠠᠭᠤᠨ ᠳᠤᠯᠠᠭᠠᠨ ᠢ ᠦᠨᠡᠨ ᠬᠦ ᠮᠡᠳᠡᠷᠡᠭᠦᠯᠬᠦ ᠬᠡᠷᠡᠭᠲᠡᠢ ᠭᠡᠪᠡ᠃      ᠭᠤᠤ ᠬᠤᠸᠠᠢ ᠵᠢᠩ ᠠᠮᠢᠳᠤᠷᠠᠯ ᠬᠦᠴᠢᠷᠳᠡᠯᠲᠡᠢ ᠮᠥᠩᠭᠦᠨᠳᠠᠯᠠᠢ ᠶᠢᠨ ᠬᠢᠨ ᠳᠤ ᠬᠦᠷᠦᠨ᠂ ᠣᠷᠣᠨ ᠰᠠᠭᠤᠴᠠ᠂ ᠠᠮᠢᠳᠤᠷᠠᠯ ᠤᠨ ᠪᠠᠶᠢᠳᠠᠯ ᠢ ᠨᠢ ᠨᠠᠷᠢᠨ ᠠᠰᠠᠭᠤᠵᠤ᠂ ᠲᠡᠳᠡᠨ ᠤ ᠬᠦᠰᠡᠨ ᠰᠠᠨᠠᠭᠠᠰᠢᠷᠠᠵᠤ ᠪᠠᠶᠢᠭ᠎ᠠ ᠵᠦᠢᠯ ᠢ ᠰᠣᠨᠣᠰᠤᠨ᠂ ᠲᠡᠳᠡᠨ ᠢ ᠠᠮᠢᠳᠤᠷᠠᠯ ᠳᠠᠭᠠᠨ ᠢᠲᠡᠭᠡᠯ ᠲᠠᠢ ᠪᠠᠶᠢᠵᠦ᠂ ᠠᠵᠢᠯᠴᠢ ᠬᠤᠶᠠᠷ ᠭᠠᠷ ᠢᠶᠠᠷ ᠢᠶᠠᠨ ᠠᠮᠢᠳᠤᠷᠠᠯ ᠢᠶᠠᠨ ᠤᠯᠠᠮ ᠰᠠᠶᠢᠵᠢᠷᠠᠭᠤᠯᠬᠤ ᠶᠢ ᠵᠣᠷᠢᠭᠵᠢᠭᠤᠯᠤᠭᠰᠠᠨ ᠪᠥᠭᠡᠳ ᠬᠠᠷᠢᠶ᠎ᠠ ᠭᠠᠵᠠᠷ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠦᠨᠡᠨ ᠬᠦ ᠪᠣᠳᠠᠲᠠᠢ ᠨᠠᠶᠢᠳᠠᠪᠤᠷᠢᠵᠢᠭᠤᠯᠵᠤ᠂  ᠡᠷᠦᠬᠡ ᠳᠤ ᠪᠠᠶᠢᠩᠭᠤ ᠬᠦᠷᠴᠦ ᠪᠠᠶᠢᠳᠠᠯ ᠢ ᠣᠶᠢᠯᠠᠭᠠᠨ᠂ ᠠᠮᠢᠳᠤᠷᠠᠯ ᠤᠨ ᠳᠤᠮᠳᠠᠬᠢ ᠶᠡᠭᠡ ᠪᠠᠭ᠎ᠠ ᠤᠴᠢᠷ ᠶᠠᠪᠤᠳᠠᠯ ᠢ ᠰᠠᠨᠠᠭᠠᠴᠢᠯᠠᠭ᠎ᠠ ᠠᠴᠠ ᠪᠠᠨ ᠵᠣᠬᠢᠴᠠᠭᠤᠯᠤᠨ ᠰᠢᠢᠳᠪᠦᠷᠢᠯᠡᠵᠦ᠂ ᠬᠦᠴᠢᠷᠳᠡᠯᠲᠡᠢ ᠣᠯᠠᠨ ᠲᠦᠮᠡᠨ ᠤ ᠰᠡᠳᠬᠢᠯ ᠢ ᠣᠶᠢᠯᠭᠠᠭᠴᠢ ᠪᠣᠯᠬᠤ ᠬᠡᠷᠡᠭᠲᠡᠢ ᠭᠡᠵᠦ ᠱᠠᠭᠠᠷᠳᠠᠵᠠᠢ᠃      ᠭᠤᠤ ᠬᠤᠸᠠᠢ ᠵᠢᠩ ᠨᠤᠲᠤᠭ ᠤᠨ ᠡᠷᠳᠡᠮᠲᠡᠨ ᠴᠢᠳᠠᠪᠤᠷᠢᠲᠠᠨ᠂ ᠪᠠᠶᠠᠵᠢᠯ ᠤᠨ ᠳᠠᠭᠠᠭᠤᠯᠤᠭᠴᠢ ᠪᠣᠯᠣᠭᠰᠠᠨ ᠯᠢᠦ ᠱᠢ ᠭᠦᠸᠧ ᠶᠢᠨ ᠳᠤ ᠬᠦᠷᠴᠦ᠂ ᠲᠡᠳᠡᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠨ᠂ ᠲᠡᠭᠦᠨ ᠢ ᠣᠳᠣᠬᠠᠨ ᠤ ᠠᠵᠤ ᠦᠢᠯᠡᠰ ᠤᠨ ᠬᠥᠭᠵᠢᠯᠲᠡ ᠶᠢᠨ ᠲᠦᠷᠦ ᠶᠢᠨ ᠪᠣᠳᠣᠯᠭ᠎ᠠ ᠶᠢ ᠠᠰᠢᠭᠯᠠᠵᠤ᠂ ᠲᠤᠷᠰᠢᠯᠭ᠎ᠠ ᠲᠠᠢ ᠪᠠᠨ ᠤᠶᠠᠯᠳᠤᠭᠤᠯᠤᠨ᠂ ᠨᠡᠩ ᠤᠯᠠᠨ ᠮᠠᠯᠴᠢᠨ ᠲᠠᠷᠢᠶᠠᠴᠢᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠴᠢᠨᠡᠭᠡᠯᠢᠭᠵᠢᠬᠦᠯᠵᠦ᠂ ᠠᠵᠤ ᠦᠢᠯᠡᠰ ᠤᠨ ᠬᠥᠭᠵᠢᠯᠲᠡ ᠪᠠᠷ ᠬᠥᠳᠡᠭᠡ ᠲᠣᠰᠬᠤᠨ ᠤ ᠪᠦᠬᠦ ᠲᠠᠯ᠎ᠠ ᠶᠢᠨ ᠬᠥᠭᠵᠢᠯᠲᠡ ᠶᠢ ᠳᠡᠮᠵᠢᠬᠦ ᠬᠡᠷᠡᠭᠲᠡᠢ ᠭᠡᠵᠦ ᠵᠣᠷᠢᠭᠵᠢᠭᠤᠯᠪᠠ᠃ ᠡᠭᠦᠨ ᠤ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠣᠷᠣᠨ ᠨᠤᠲᠤᠭ ᠤᠨ ᠴᠢᠳᠠᠪᠤᠷᠢᠲᠠᠨ ᠤ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠣᠷᠣᠨ ᠨᠤᠲᠤᠭ ᠤᠨ ᠴᠢᠳᠠᠪᠤᠷᠢᠲᠠᠨ ᠤ ᠨᠤᠲᠤᠭ ᠤᠰᠤᠨ ᠤ ᠪᠠᠨ ᠬᠥᠭᠵᠢᠯᠲᠡ ᠶᠢ ᠳᠡᠮᠵᠢᠬᠦ ᠬᠥᠳᠡᠯᠭᠡᠬᠦ ᠬᠦᠴᠦᠨ ᠢ ᠴᠢᠨᠠᠭᠰᠢᠳᠠ ᠬᠥᠭᠵᠢᠭᠡᠬᠦ ᠬᠡᠷᠡᠭᠲᠡᠢ ᠭᠡᠵᠡᠢ᠃      ᠬᠤᠰᠢᠭᠤ ᠤᠳᠤᠷᠢᠳᠤᠯᠭ᠎ᠠ ᠯᠢᠦ ᠷᠦᠢ᠂ ᠣᠳᠬᠠᠨᠪᠠᠶᠠᠷ᠂ ᠭᠤᠸ ᠯᠢᠶᠠᠨ ᠹᠠᠩ᠂ ᠭᠦᠸᠧ ᠵᠣᠤ ᠬᠤᠶ ᠲᠣᠬᠤᠨᠢᠭᠤᠯᠭ᠎ᠠ ᠳᠤ ᠣᠷᠣᠯᠴᠠᠪᠠ᠃      ᠰᠤ᠋ ᡁᠢ ᠰᠢᠶᠦ᠋ᠡᠭ ᠦᠮᠡᠬᠡᠶᠢᠨᠠᠭᠤᠷ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠬᠦᠷᠴᠦ᠂ ᠥᠷᠭᠡᠨ ᠤᠯᠠᠨ ᠺᠠᠳ᠋ᠷ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ  ᠳᠡᠪᠰᠢᠭᠦᠯᠦᠨ᠂ ᠲᠡᠳᠡᠨ ᠤ ᠥᠩᠭᠡᠷᠡᠭᠰᠡᠨ ᠨᠢᠭᠡ ᠵᠢᠯ ᠳᠠᠬᠢ ᠰᠢᠷᠭᠠᠭᠤ ᠴᠢᠷᠮᠠᠶᠢᠯᠭ᠎ᠠ ᠳᠤ ᠲᠠᠯᠠᠷᠬᠠᠭᠰᠠᠨ ᠪᠥᠭᠡᠳ ᠺᠠᠳ᠋ᠷ ᠠᠵᠢᠯᠲᠠᠳ ᠢ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠵᠦ᠂ ᠢᠳᠡᠪᠬᠢᠲᠡᠢ  ᠠᠵᠢᠯᠯᠠᠨ᠂ ᠪᠣᠬᠢᠷᠲᠤᠯ ᠦᠭᠡᠢ ᠪᠠᠷ ᠬᠥᠭᠵᠢᠭᠦᠯᠦᠭᠰᠡᠨ᠂ ᠠᠮᠢ ᠠᠬᠤᠢ ᠶᠢ ᠬᠠᠮᠠᠭᠠᠯᠠᠭᠰᠠᠨ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠵᠠᠮ ᠳᠡᠭᠡᠷ᠎ᠡ ᠡᠷᠴᠢ ᠵᠣᠷᠢᠭ ᠢᠶᠠᠨ ᠬᠥᠪᠴᠢᠯᠡᠵᠦ᠂ ᠰᠢᠨ᠎ᠡ ᠶᠢ ᠡᠭᠦᠳᠴᠦ ᠤᠷᠤᠭᠰᠢᠯᠠᠨ᠂ ᠦᠮᠡᠬᠡᠶᠢᠨᠠᠭᠤᠷ ᠤᠨ ᠣᠨᠴᠠᠯᠢᠭᠲᠤ ᠠᠵᠤ ᠦᠢᠯᠡᠰ ᠢ ᠦᠷᠭᠦᠯᠵᠢᠯᠡᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠪᠦᠬᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠶᠢ ᠵᠣᠷᠢᠭᠵᠢᠭᠤᠯᠪᠠ᠃      ᠰᠤ᠋ ᡁᠢ ᠰᠢᠶᠦ᠋ᠡᠭ ᠠᠬᠠᠮᠠᠳ ᠨᠠᠮ ᠤᠨ ᠭᠡᠰᠢᠭᠦᠨ ᠯᠢ ᠱᠣ ᠯᠢᠨ ᠤ ᠭᠡᠷ ᠲᠤ ᠬᠦᠷᠴᠦ᠂ ᠨᠠᠰᠤᠲᠠᠨ ᠲᠠᠢ ᠲᠣᠳᠤᠨᠤᠰᠤᠭ ᠶᠠᠷᠢᠯᠴᠠᠨ᠂ ᠲᠡᠭᠦᠨ ᠤ ᠥᠩᠭᠡᠷᠡᠭᠰᠡᠨ ᠳᠤ ᠦᠵᠡᠭᠦᠯᠦᠭᠰᠡᠨ ᠬᠤᠪᠢ ᠨᠡᠮᠡᠷᠢ ᠳᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠵᠦ ᠪᠠᠶᠢᠬᠤ ᠪᠠᠨ ᠢᠯᠡᠳᠬᠡᠪᠡ᠃ ᠰᠤ᠋ ᡁᠢ ᠰᠢᠶᠦ᠋ᠡᠭ ᠬᠡᠯᠡᠬᠦ ᠳᠡᠭᠡᠨ᠂ ᠥᠷᠭᠡᠨ ᠤᠯᠠᠨ ᠠᠬᠠᠮᠠᠳ ᠨᠠᠮ ᠤᠨ ᠭᠡᠰᠢᠭᠦᠨ ᠪᠣᠯ ᠮᠠᠨ ᠤ ᠨᠠᠮ ᠤᠨ ᠬᠡᠷᠡᠯ ᠰᠠᠴᠤᠷᠠᠩᠭᠤᠢ ᠲᠡᠦᠬᠡᠨ ᠶᠠᠪᠤᠴᠠ ᠶᠢᠨ ᠣᠷᠣᠯᠴᠠᠭᠴᠢ᠂ ᠲᠡᠮᠡᠴᠡᠭᠴᠢ᠂ ᠭᠡᠷᠡᠴᠢᠯᠡᠭᠴᠢ ᠮᠥᠨ᠂ ᠨᠠᠮ ᠪᠣᠯᠣᠨ ᠤᠯᠤᠰ ᠤᠨ ᠡᠷᠬᠢᠮ ᠨᠠᠨᠳᠢᠨ ᠥᠪ ᠬᠥᠷᠥᠩᠭᠡ ᠮᠥᠨ᠂ ᠠᠬᠠᠮᠠᠳ ᠨᠠᠮ ᠤᠨ ᠭᠡᠰᠢᠭᠦᠨ ᠨᠠᠮ ᠤᠨ ᠰᠢᠯᠢᠳᠡᠭ ᠤᠯᠠᠮᠵᠢᠯᠠᠯ ᠢ ᠪᠠᠳᠠᠷᠠᠭᠤᠯᠵᠤ᠂ ᠡᠪ ᠬᠠᠮᠲᠤᠴᠤᠳ ᠤᠨ ᠣᠣᠷ ᠴᠢᠨᠠᠷ ᠢᠶᠠᠨ ᠡᠭᠦᠷᠢᠳᠡ ᠬᠠᠳᠠᠭᠠᠯᠠᠨ᠂ ᠦᠷᠭᠦᠯᠵᠢᠯᠡᠨ ᠪᠦᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠪᠣᠯᠣᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠠᠷᠭ᠎ᠠ ᠤᠬᠠᠭᠠᠨ ᠭᠠᠷᠭᠠᠵᠤ᠂ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠪᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠬᠠᠮᠠᠳ ᠨᠠᠮ ᠤᠨ ᠭᠡᠰᠢᠭᠦᠨ ᠢ ᠬᠠᠯᠠᠮᠵᠢᠯᠠᠨ ᠬᠠᠶᠢᠷᠠᠯᠠᠬᠤ ᠠᠵᠢᠯ ᠢ ᠰᠡᠳᠬᠢᠯ ᠲᠠᠯᠪᠢᠨ ᠰᠠᠶᠢᠲᠤᠷ ᠬᠢᠵᠦ᠂ ᠲᠡᠳᠡᠨ ᠳᠤ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠦᠨᠡᠨᠬᠦ ᠬᠦᠷᠲᠡᠭᠡᠬᠦ ᠬᠡᠷᠡᠭᠲᠡᠢ ᠭᠡᠪᠡ᠃
3.jpg
           ᠰᠤ᠋ ᡁᠢ ᠰᠢᠶᠦ᠋ᠡᠭ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠪᠤᠷᠢ ᠬᠦᠷᠲᠡᠵᠦ ᠪᠠᠶᠢᠭ᠎ᠠ ᠡᠷᠦᠬᠡ ᠬᠤᠤ ᠴᠢ ᠸᠧᠢ ᠶᠢᠨ ᠬᠢ ᠪᠠ ᠶᠠᠳᠠᠭᠤ ᠠᠴᠠ ᠠᠩᠭᠢᠵᠢᠷᠠᠭᠰᠠᠨ ᠡᠷᠦᠬᠡ ᠵᠤᠤ ᠵᠧᠨ ᠭᠦᠸᠧ ᠤᠨ ᠬᠢ ᠳᠤ ᠬᠦᠷᠴᠦ᠂ ᠲᠡᠳᠡᠨ ᠤ ᠪᠡᠶ᠎ᠡ ᠮᠠᠬᠠᠪᠤᠳ ᠪᠣᠯᠣᠨ ᠠᠵᠢᠯ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠨ᠂ ᠲᠡᠳᠡᠨ ᠢ ᠥᠭᠡᠳᠡᠯᠡᠨ ᠲᠠᠪᠰᠢᠬᠤ ᠢᠲᠡᠭᠡᠯ ᠵᠣᠷᠢᠭ ᠢ ᠡᠪᠦᠷᠯᠡᠵᠦ᠂ ᠬᠦᠴᠢᠷ ᠪᠡᠷᠬᠡᠰᠢᠶᠡᠯ ᠢ ᠢᠯᠠᠨ ᠳᠠᠪᠠᠭ᠋ᠤ ᠰᠥᠰᠥ ᠵᠣᠷᠢᠭ ᠢᠶᠠᠨ ᠴᠢᠩᠭᠠᠷᠠᠭᠤᠯᠤᠨ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠠᠶᠢᠨ ᠰᠠᠶᠢᠬᠠᠨ ᠠᠮᠢᠳᠤᠷᠠᠯ ᠢᠶᠠᠨ ᠴᠣᠭᠴᠠᠯᠠᠬᠤ ᠶᠢ ᠵᠣᠷᠢᠭᠵᠢᠭᠤᠯᠪᠠ᠃ ᠡᠭᠦᠨ ᠤ ᠬᠠᠮᠲᠤ ᠠᠵᠢᠯᠲᠠᠳ ᠢ ᠴᠠᠭ ᠢᠮᠠᠭᠲᠠ ᠬᠦᠴᠢᠷᠳᠡᠯᠲᠡᠢ ᠣᠯᠠᠨ ᠲᠦᠮᠡᠨ ᠤ ᠬᠠᠯᠠᠭᠤᠨ ᠬᠦᠢᠲᠡᠨ ᠢ ᠰᠠᠨᠠᠭᠠᠰᠢᠷᠠᠵᠤ᠂ ᠡᠯ᠎ᠡ ᠵᠦᠢᠯ ᠤᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ  ᠪᠣᠳᠠᠲᠠᠢ ᠨᠠᠶᠢᠳᠠᠪᠤᠷᠢᠵᠢᠭᠤᠯᠤᠨ᠂ ᠪᠠᠴᠢᠮᠳᠠᠵᠤ ᠬᠦᠴᠢᠷᠳᠡᠵᠦ ᠰᠠᠨᠠᠭᠠᠰᠢᠷᠠᠵᠤ ᠬᠦᠰᠡᠵᠦ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠠᠷᠠᠳ ᠣᠯᠠᠨ ᠤ ᠬᠦᠷᠲᠡᠭᠡᠮᠵᠢ  ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ ᠭᠡᠵᠦ ᠱᠠᠭᠠᠷᠳᠠᠪᠠ᠃      ᠬᠤᠰᠢᠭᠤ ᠤᠳᠤᠷᠢᠳᠤᠯᠭ᠎ᠠ ᠸᠠᠩ ᠬᠠᠢ ᠲᠤᠸ᠂ ᠸᠠᠩ ᠰᠢᠶᠣᠣ ᠫᠢᠩ᠂ ᠱᠧ ᠹᠧᠩ᠂ ᠵᠣᠣ ᠬᠤᠶ ᠴᠢᠩ ᠲᠣᠬᠤᠨᠢᠭᠤᠯᠭ᠎ᠠ ᠳᠤ ᠣᠷᠣᠯᠴᠠᠵᠠᠢ᠃      ᠯᠢ ᠷᠦᠢ ᠮᠢᠨ ᠰᠦᠮᠡᠲᠦ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠬᠦᠷᠴᠦ᠂ ᠺᠠᠳ᠋ᠷ ᠠᠵᠢᠯᠲᠠᠳ ᠲᠠᠢ ᠳᠣᠲᠣᠨᠣ ᠪᠠᠷ ᠶᠠᠷᠢᠯᠴᠠᠨ᠂ ᠡᠯ᠎ᠡ ᠰᠠᠯᠠᠭ᠎ᠠ ᠮᠥᠴᠢᠷ ᠤᠨ ᠪᠠᠶᠢᠩᠭᠤ ᠶᠢᠨ ᠠᠵᠢᠯ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠵᠢᠵᠢᠭᠦᠷᠯᠡᠬᠦ ᠪᠠᠶᠢᠳᠠᠯ ᠢ ᠨᠠᠷᠢᠨ ᠣᠶᠢᠯᠠᠭᠠᠨ᠂ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠺᠠᠳ᠋ᠷ ᠠᠵᠢᠯᠲᠠᠳ ᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠵᠦ᠂ ᠥᠷᠭᠡᠨ ᠤᠯᠠᠨ ᠺᠠᠳ᠋ᠷ ᠠᠵᠢᠯᠲᠠᠳ ᠤᠨ ᠰᠢᠨ᠎ᠡ ᠨᠢᠭᠡ ᠵᠢᠯ ᠳᠤ ᠠᠷᠠᠳ ᠲᠦᠮᠡᠨ ᠳᠤ ᠨᠡᠩ ᠰᠠᠶᠢᠨ ᠦᠢᠯᠡᠴᠢᠯᠡᠨ᠂ ᠡᠷᠡᠮᠡᠬᠡᠶᠢᠯᠡᠨ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠳᠤᠭ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠪᠡ᠃      ᠯᠢ ᠷᠦᠢ ᠮᠢᠨ ᠪᠠᠰᠠ ᠭᠡᠷ ᠲᠡᠭᠡᠨ ᠭᠠᠭᠴᠠᠭᠠᠷ ᠰᠠᠭᠤᠵᠤ ᠪᠠᠶᠢᠭ᠎ᠠ ᠨᠠᠰᠤᠲᠠᠨ ᠰᠡᠷᠡᠩᠮ᠎ᠠ᠂ ᠬᠦᠨᠳᠦ ᠡᠪᠡᠳᠴᠢᠲᠡᠨ ᠨᠠᠷᠠᠨᠳᠡᠯᠭᠡᠷ᠂ ᠣᠶᠢᠵᠢᠭᠤᠯᠤᠯᠲᠠ ᠶᠢᠨ ᠲᠣᠮᠣ ᠡᠷᠦᠬᠡ ᠯᠢ ᠵᠢᠶᠠᠨ ᠭᠦᠸᠧ ᠶᠢᠨ  ᠭᠡᠷ ᠲᠤ ᠬᠦᠷᠴᠦ᠂ ᠲᠡᠳᠡᠨ ᠤ ᠪᠣᠳᠠᠲᠠᠢ ᠬᠦᠴᠢᠷᠳᠡᠯ ᠢ ᠨᠠᠷᠢᠨ ᠣᠶᠢᠯᠭᠠᠭᠰᠠᠨ ᠪᠥᠭᠡᠳ ᠰᠤᠮᠤᠨ ᠤ ᠺᠠᠳ᠋ᠷᠴᠤᠳ ᠢ ᠬᠦᠴᠢᠷᠳᠡᠯᠲᠡᠢ ᠣᠯᠠᠨ ᠲᠦᠮᠡᠨ ᠤ ᠬᠠᠯᠠᠭᠤᠨ ᠬᠦᠢᠲᠡᠨ ᠢ ᠦᠨᠡᠨᠬᠦ ᠰᠠᠨᠠᠭᠠᠰᠢᠷᠠᠵᠤ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ᠂ ᠠᠵᠢᠯ ᠣᠯᠭᠤᠯᠲᠠ ᠶᠢᠨ ᠲᠡᠳᠬᠦᠮᠵᠢ᠂ ᠠᠮᠢᠳᠤᠷᠠᠯ ᠤᠨ ᠠᠪᠤᠷᠠᠨ ᠲᠤᠰᠠᠯᠠᠯᠲᠠ ᠵᠡᠷᠭᠡ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠣᠯᠠᠨ ᠲᠦᠮᠡᠨ ᠳᠤ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠦᠨᠡᠨ ᠬᠦ ᠮᠡᠳᠡᠷᠡᠭᠦᠯᠬᠦ ᠬᠡᠷᠡᠭᠲᠡᠢ ᠭᠡᠵᠦ ᠵᠠᠬᠢᠵᠠᠢ᠃      ᠬᠤᠰᠢᠭᠤ ᠤᠳᠤᠷᠢᠳᠤᠯᠭ᠎ᠠ ᠯᠢ ᠶᠤᠸᠠᠢ ᠱᠧᠩ᠂ ᠡᠷᠳᠡᠮᠲᠦ ᠲᠣᠬᠤᠨᠢᠭᠤᠯᠭ᠎ᠠ ᠳᠤ ᠣᠷᠣᠯᠴᠠᠪᠠ᠃      ᠰᠠᠷᠠᠨᠲᠤᠶᠠᠭ᠎ᠠ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠴᠢ ᠫᠠᠨ ᠵᠢᠩ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ  ᠬᠦᠷᠦᠨ᠂ ᠺᠠᠳ᠋ᠷ ᠠᠵᠢᠯᠲᠠᠳ ᠲᠠᠢ ᠨᠢᠭᠤᠷᠳᠠᠨ ᠶᠠᠷᠢᠯᠴᠠᠵᠤ᠂ ᠲᠡᠳᠡᠨ ᠤ ᠣᠲᠤᠭ ᠤᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠵᠢᠴᠢ ᠴᠢ ᠫᠠᠨ ᠵᠢᠩ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ ᠂ ᠡᠶ᠎ᠡ ᠵᠣᠬᠢᠴᠠᠩᠭᠤᠢ ᠬᠥᠳᠡᠯᠮᠦᠷᠢ ᠶᠢᠨ ᠬᠠᠷᠢᠴᠠᠭ᠎ᠠ ᠶᠢ ᠴᠢᠷᠮᠠᠶᠢᠵᠤ ᠪᠠᠶᠢᠭᠤᠯᠤᠨ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠡᠷᠬᠡ ᠠᠰᠢᠭ ᠢ ᠰᠠᠶᠢᠲᠤᠷ ᠪᠠᠲᠤᠯᠠᠵᠤ᠂ ᠬᠦᠴᠢᠷᠳᠡᠯᠲᠡᠢ ᠠᠵᠢᠯᠲᠠᠨ ᠠᠵᠢᠯᠴᠢᠨ ᠤ ᠠᠮᠢᠳᠤᠷᠠᠯ ᠢ ᠢᠯᠡᠭᠦᠬᠡᠨ ᠬᠠᠯᠠᠮᠵᠢᠯᠠᠨ᠂ ᠠᠵᠢᠯᠲᠠᠨ ᠠᠵᠢᠯᠴᠢᠨ ᠤ ᠠᠰᠢᠭ ᠲᠤᠰᠠ ᠶᠢ ᠰᠠᠶᠢᠲᠤᠷ ᠬᠠᠮᠠᠭᠠᠯᠠᠬᠤ ᠬᠡᠷᠡᠭᠲᠡᠢ ᠭᠡᠪᠡ᠃
4.jpg
      ᠰᠠᠷᠠᠨᠲᠤᠶᠠᠭ᠎ᠠ ᠠᠬᠠᠮᠠᠳ ᠨᠠᠮ ᠤᠨ ᠭᠡᠰᠢᠭᠦᠨ ᠸᠠᠩ ᠢᠦᠢ ᠸᠠ᠂ ᠴᠡᠷᠢᠭ ᠠᠴᠠ ᠬᠠᠯᠠᠭᠳᠠᠭᠰᠠᠳ ᠰᠢᠨ ᠰᠢᠶᠠᠩ ᠵᠥᠩ ᠤᠨ ᠭᠡᠷ ᠲᠤ ᠬᠦᠷᠴᠦ᠂ ᠲᠡᠳᠡᠨ ᠤ ᠪᠡᠶ᠎ᠡ ᠮᠠᠬᠠᠪᠤᠳ ᠤᠨ ᠡᠷᠡᠭᠦᠯ ᠴᠢᠭᠢᠷᠠᠭ᠂ ᠨᠡᠶᠢᠭᠡᠮ ᠤᠨ ᠪᠠᠲᠤᠯᠠᠭ᠎ᠠ ᠵᠢᠴᠢ ᠠᠮᠢᠳᠤᠷᠠᠯ ᠤᠨ ᠬᠦᠴᠢᠷᠳᠡᠯ ᠵᠡᠷᠭᠡ ᠪᠠᠶᠢᠳᠠᠯ ᠢ ᠨᠠᠷᠢᠨ ᠣᠶᠢᠯᠠᠭᠠᠨ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠢ ᠶᠠᠳᠠᠭᠤ ᠬᠦᠴᠢᠷᠳᠡᠯᠲᠡᠢ ᠤᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠤ᠂ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠤᠨ᠂ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠦᠢᠯᠡᠴᠢᠯᠡᠭᠡᠨ ᠤ ᠪᠠᠲᠤᠯᠠᠭ᠎ᠠ ᠶᠢ ᠰᠢᠯᠢᠳᠡᠭᠵᠢᠭᠦᠯᠦᠨ᠂ ᠠᠷᠭ᠎ᠠ ᠪᠦᠬᠦᠨ ᠢ ᠰᠦᠪᠡᠭᠴᠢᠯᠡᠵᠦ ᠲᠡᠳᠡᠨ ᠤ ᠪᠣᠳᠠᠲᠠᠢ ᠬᠦᠴᠢᠷᠳᠡᠯ ᠢ ᠰᠢᠢᠳᠪᠦᠷᠢᠯᠡᠬᠦ ᠬᠡᠷᠡᠭᠲᠡᠢ ᠭᠡᠵᠦ ᠵᠠᠬᠢᠪᠠ᠃      ᠬᠤᠰᠢᠭᠤ ᠤᠳᠤᠷᠢᠳᠤᠯᠭ᠎ᠠ ᠵᠢᠶᠠ ᠷᠦᠢ᠂ ᠯᠢ ᡁᠢ ᠪᠢᠶᠣᠣ᠂ ᠦ᠋ ᠶᠦᠩ ᠨᠢᠩ ᠲᠣᠬᠤᠨᠢᠭᠤᠯᠭ᠎ᠠ ᠳᠤ ᠣᠷᠣᠯᠴᠠᠪᠠ᠃      ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠢᠶᠧ ᠢᠦᠢ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠠᠩ ᠵᠢᠶᠦ᠋ᠨ ᠪᠠ ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠷᠧᠨ ᠪᠦᠦ ᠱᠧᠩ ᠨᠠᠷ ᠤᠷᠢᠳ ᠬᠤᠵᠢᠳ ᠤᠯᠠᠭᠠᠨᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠤ ᠬᠦᠷᠴᠦ᠂ ᠲᠡᠳᠡᠨ ᠤ ᠨᠢᠭᠡ ᠵᠢᠯ ᠤᠨ ᠲᠤᠷᠰᠢᠬᠢ ᠰᠢᠷᠭᠠᠭᠤ ᠬᠠᠲᠠᠭᠤᠵᠢᠯᠲᠠᠢ ᠵᠢᠳᠬᠦᠯ ᠴᠢᠷᠮᠠᠶᠢᠯᠭ᠎ᠠ ᠳᠤ ᠲᠠᠯᠠᠷᠬᠠᠨ᠂ ᠲᠡᠳᠡᠨ ᠤ ᠲᠡᠰᠪᠦᠷᠢ ᠬᠠᠲᠠᠭᠤᠵᠢᠯᠲᠠᠢ ᠪᠠᠷ ᠲᠡᠮᠡᠴᠡᠬᠦ᠂ ᠵᠣᠪᠠᠭᠤᠷᠢ ᠵᠦᠳᠡᠭᠦᠷᠢ ᠶᠢ ᠲᠡᠰᠪᠦᠷᠢᠯᠡᠬᠦ ᠵᠣᠷᠢᠭ ᠰᠠᠨᠠᠭ᠎ᠠ ᠪᠠᠨ ᠦᠷᠭᠦᠯᠵᠢᠯᠡᠨ ᠪᠠᠷᠢᠮᠲᠠᠯᠠᠵᠤ᠂ ᠡᠯᠢᠭᠡᠨ ᠬᠠᠶᠢᠷᠠᠲᠤ ᠤᠲᠤᠭ ᠲᠠᠭᠠᠨ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠪᠡ᠃
5.jpg
      ᠰᠢᠶᠧ ᠢᠤᠢ ᠨᠠᠷ ᠵᠡᠮᠳᠡᠭ ᠬᠥᠮᠥᠨ ᠴᠢᠶᠠᠨ ᠳ᠋ᠦᠩ ᠮᠧᠶ᠂ ᠠᠮᠢᠳᠤᠷᠠᠯ ᠬᠦᠴᠢᠷᠳᠡᠯᠲᠡᠢ ᠠᠵᠢᠯᠲᠠᠨ ᠸᠠᠩ ᠯᠢᠩ ᠶᠤᠸᠠᠨ᠂ ᠴᠡᠷᠢᠭ ᠠᠴᠠ ᠬᠠᠯᠠᠭᠳᠠᠭᠰᠠᠳ ᠸᠧᠢ ᠡᠩᠬᠡ᠂ ᠣᠷᠳᠣᠰ ᠤᠨ ᠰᠠᠶᠢᠨ ᠬᠥᠮᠥᠨ ᠯᠦ ᠭᠠᠩ᠂ ᠣᠷᠳᠣᠰ ᠤᠨ ᠰᠠᠶᠢᠨ ᠬᠥᠮᠥᠨ ᠰᠦᠨ ᠸᠧᠨ ᠬᠤᠸᠠ᠂ ᠴᠡᠷᠢᠭ ᠤᠨ ᠭᠡᠷ ᠪᠦᠯᠢ ᠪᠣᠯᠬᠤ ᠪᠤᠯᠠᠭ ᠤᠨ ᠭᠡᠷ ᠲᠤ ᠬᠦᠷᠴᠦ᠂ ᠲᠡᠳᠡᠨ ᠲᠠᠢ ᠬᠠᠯᠠᠭᠤᠮᠰᠤᠭ ᠵᠣᠭᠤᠭᠳᠠᠨ᠂ ᠠᠮᠢᠳᠤᠷᠠᠯ ᠳᠤ  ᠲᠤᠯᠭᠠᠷᠠᠵᠤ ᠪᠠᠶᠢᠭ᠎ᠠ ᠠᠰᠠᠭᠤᠳᠠᠯ ᠪᠣᠯᠣᠨ ᠬᠦᠴᠢᠷᠳᠡᠯ ᠢ ᠨᠢ ᠨᠠᠷᠢᠨ ᠣᠶᠢᠯᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠤ ᠤᠯᠠᠨ ᠲᠦᠮᠡᠨ ᠤ ᠠᠮᠤᠷ ᠲᠦᠪᠰᠢᠨ ᠠᠶᠤᠯ ᠲᠦᠭᠰᠢᠭᠦᠷᠢ ᠬᠦᠴᠢᠷ ᠵᠣᠪᠠᠭᠤᠷᠢ ᠶᠢ ᠴᠠᠭ ᠢᠮᠠᠭᠲᠠ ᠪᠤᠳᠤᠵᠤ᠂ ᠦᠨᠡᠨ ᠰᠡᠳᠬᠢᠯ ᠠᠴᠠ ᠪᠠᠨ ᠪᠣᠳᠠᠲᠠᠢ ᠬᠦᠴᠢᠷᠳᠡᠯ ᠢ ᠨᠢ ᠬᠠᠪᠰᠤᠷᠴᠤ ᠰᠢᠢᠳᠪᠦᠷᠢᠯᠡᠨ᠂ ᠤᠯᠠᠨ ᠲᠦᠮᠡᠨ ᠢ ᠪᠠᠶᠠᠷ ᠪᠠᠶᠠᠰᠬᠤᠯᠠᠩ ᠲᠠᠢ ᠥᠯᠵᠡᠢ  ᠬᠡᠶᠢᠮᠣᠷᠢ ᠲᠠᠢ ᠴᠠᠭᠠᠨ ᠰᠠᠷ᠎ᠠ ᠶᠢ ᠥᠩᠭᠡᠷᠡᠭᠦᠯᠬᠦ ᠬᠡᠷᠡᠭᠲᠡᠢ ᠭᠡᠵᠦ ᠵᠠᠬᠢᠪᠠ᠃      ᠳᠠᠷᠠᠭ᠎ᠠ ᠨᠢ ᠰᠢᠶᠧ ᠢᠦᠢ ᠪᠠᠰᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠬᠦᠷᠴᠦ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠺᠠᠳ᠋ᠷ ᠴᠠᠭᠳᠠᠭ᠎ᠠ ᠵᠢᠴᠢ ᠠᠵᠢᠯᠲᠠᠳ ᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠮᠡᠨᠳᠦᠴᠢᠯᠡᠯ ᠢᠶᠠᠨ ᠳᠡᠪᠰᠢᠭᠦᠯᠪᠡ᠃      ᠬᠤᠰᠢᠭᠤ ᠤᠳᠤᠷᠢᠳᠤᠯᠭ᠎ᠠ ᠣᠶᠤᠨᠪᠠᠭᠠᠨ᠎ᠠ᠂ ᠱᠧ ᠹᠧᠩ ᠲᠣᠬᠤᠨᠢᠭᠤᠯᠭ᠎ᠠ ᠳᠤ ᠣᠷᠣᠯᠴᠠᠪᠠ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠮᠥᠩᠭᠦᠨᠬᠤᠸᠠᠷ ᠨᠢᠭᠡᠳᠦᠮᠡᠯ ᠹᠷᠣᠨᠲ ᠤᠨ ᠬᠦᠷᠢᠶᠡᠨ ᠳᠠᠬᠢ ᠬᠡᠰᠡᠭ ᠬᠥᠮᠥᠰ ᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠶᠢᠷ᠎ᠠ ᠬᠠᠯᠠᠮᠵᠢᠯᠠᠯ ᠪᠠ ᠢᠷᠦᠭᠡᠯ ᠵᠥᠩᠨᠡᠯ ᠢ ᠬᠦᠷᠭᠡᠭᠰᠡᠨ ᠪᠥᠭᠡᠳ ᠴᠠᠭᠠᠨ ᠰᠠᠷ᠎ᠠ ᠶᠢᠨ ᠮᠡᠨᠳᠦᠴᠢᠯᠡᠯ ᠳᠡᠪᠰᠢᠭᠦᠯᠪᠡ᠃ ᠲᠡᠷᠡ ᠳᠠᠶᠠᠭᠠᠷ ᠤᠨ ᠪᠡᠶ᠎ᠡ ᠮᠠᠬᠠᠪᠤᠳ᠂ ᠠᠮᠢᠳᠤᠷᠠᠯ ᠪᠣᠯᠣᠨ ᠠᠵᠢᠯ ᠤᠨ ᠪᠠᠶᠢᠳᠠᠯ ᠢ ᠬᠠᠯᠠᠮᠵᠢᠯᠠᠨ ᠠᠰᠠᠭᠤᠵᠤ᠂ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠬᠦᠷᠢᠶᠡᠨ ᠳᠠᠬᠢ ᠬᠥᠭᠵᠢᠯᠲᠡ ᠶᠢᠨ ᠲᠤᠬᠠᠢ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠳᠠᠶᠠᠭᠠᠷ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠲᠤᠰ ᠪᠡᠶ᠎ᠡ ᠶᠢᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠤᠨ᠂ ᠡᠷᠡᠯᠬᠡᠭᠯᠡᠨ ᠤᠷᠤᠭᠰᠢᠯᠠᠬᠤ ᠢᠳᠡᠪᠬᠢ ᠬᠦᠴᠦᠨ ᠢ ᠨᠢᠭᠲᠠᠷᠠᠭᠤᠯᠵᠤ᠂ ᠬᠠᠮᠤᠭ ᠤᠨ ᠶᠡᠭᠡ ᠢᠵᠢᠯ ᠲᠥᠪᠲᠦ ᠲᠣᠭᠤᠷᠢᠭ ᠢ ᠵᠢᠷᠤᠭᠯᠠᠬᠤ ᠬᠡᠷᠡᠭᠲᠡᠢ ᠭᠡᠵᠦ ᠵᠣᠷᠢᠭᠵᠢᠭᠤᠯᠪᠠ᠃
6.jpg
      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠷᠦᠢ ᠹᠧᠩ ᠣᠲᠤᠭ ᠬᠤᠰᠢᠭᠤᠨ ᠤ ᠶᠢᠨ ᠤᠣ ᠯᠢᠦᠢ ᠶᠤᠸᠠᠨ ᠰᠢᠲᠠᠮᠠᠬᠠᠢ ᠬᠡᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯᠣᠨ ᠥᠪᠥᠷ ᠮᠣᠩᠭᠤᠯ ᠤᠨ ᠽᠠᠢ ᠬᠤᠢ ᠱᠸᠦ ᠠᠮᠢᠳᠤ ᠪᠣᠳᠠᠰ ᠤᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠶᠢ ᠪᠣᠯᠭᠤᠭᠠᠨ ᠲᠣᠬᠤᠨᠢᠭᠤᠯᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ᠂ ᠠᠵᠢᠯᠲᠠᠨ ᠠᠵᠢᠯᠴᠢᠨ ᠤ ᠬᠥᠯᠥᠰᠦ ᠣᠯᠭᠤᠮᠵᠢ ᠪᠣᠯᠣᠨ ᠣᠷᠣᠰᠢᠵᠤ ᠪᠠᠶᠢᠭ᠎ᠠ ᠬᠦᠴᠢᠷᠳᠡᠯ ᠢ ᠨᠠᠷᠢᠨ ᠠᠰᠠᠭᠤᠵᠤ᠂ ᠠᠵᠤ ᠠᠬᠤᠶᠢᠯᠠᠯ ᠤᠨ ᠢᠲᠡᠭᠡᠯ ᠵᠣᠷᠢᠭ ᠢᠶᠠᠨ ᠪᠠᠲᠤᠳᠬᠠᠨ᠂ ᠰᠢᠨ᠎ᠡ ᠰᠢᠪᠲᠤᠯᠤᠯᠲᠠ ᠶᠢ ᠪᠡᠶᠡᠯᠡᠭᠦᠯᠵᠦ᠂ ᠰᠢᠨ᠎ᠡ ᠠᠮᠵᠢᠯᠲᠠ ᠪᠦᠲᠦᠮᠵᠢ ᠭᠠᠷᠭᠠᠬᠤ ᠪᠠᠷ ᠴᠢᠷᠮᠠᠶᠢᠬᠤ ᠶᠢ ᠵᠣᠷᠢᠭᠵᠢᠭᠤᠯᠪᠠ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠦᠢᠯᠡᠴᠢᠯᠡᠭᠡᠨ ᠤ ᠲᠣᠭᠲᠠᠴᠠ ᠪᠠᠨ ᠤᠯᠠᠮ ᠲᠡᠭᠦᠯᠳᠡᠷᠵᠢᠭᠦᠯᠵᠦ᠂ ᠠᠵᠤ ᠠᠬᠤᠶᠢᠯᠠᠯ ᠢ ᠪᠦᠬᠦ ᠬᠦᠴᠦᠨ ᠢᠶᠠᠷ ᠢᠶᠠᠨ ᠢᠳᠡᠪᠬᠢᠲᠡᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ ᠭᠡᠪᠡ᠃
7.jpg
      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠮᠠ ᠽᠢ ᠳ᠋ᠦᠩ ᠬᠡᠰᠡᠭ ᠠᠮᠢᠳᠤᠷᠠᠯ ᠬᠦᠴᠢᠷᠳᠡᠯᠲᠡᠢ ᠨᠠᠮ ᠤᠨ ᠭᠡᠰᠢᠭᠦᠨ᠂ ᠭᠠᠴᠠᠭ᠎ᠠ ᠲᠣᠰᠬᠤᠨ ᠤ ᠠᠵᠢᠯ ᠠᠴᠠ ᠪᠠᠨ ᠠᠮᠠᠷᠠᠭᠰᠠᠨ ᠠᠬᠠᠮᠠᠳ ᠭᠤᠣᠯᠯᠠᠭᠴᠢ ᠬᠦᠴᠦᠨ ᠪᠠ ︽ᠣᠲᠤᠭ ᠤᠨ ᠭᠠᠷᠮᠠᠭᠠᠢ ᠴᠢᠳᠠᠪᠤᠷᠢᠲᠠᠨ︾ ᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠶᠢᠷ᠎ᠠ ᠬᠠᠯᠠᠮᠵᠢᠯᠠᠯ ᠪᠠ ᠢᠷᠦᠭᠡᠯ ᠢᠷᠦᠭᠡᠯ ᠢ ᠬᠦᠷᠭᠡᠵᠦ᠂ ᠴᠠᠭᠠᠨ ᠰᠠᠷ᠎ᠠ ᠶᠢᠨ ᠮᠡᠨᠳᠦᠴᠢᠯᠡᠯ ᠳᠡᠪᠰᠢᠭᠦᠯᠪᠡ᠃ ᠬᠦᠷᠦᠭᠰᠡᠨ ᠭᠠᠵᠠᠷ ᠪᠣᠯᠭᠠᠨ ᠳᠤ᠂ ᠮᠠ ᠽᠢ ᠳ᠋ᠦᠩ ᠠᠷᠠᠳ ᠤᠯᠠᠨ ᠲᠠᠢ ᠲᠣᠳᠣᠨᠤᠰᠤᠭ ᠶᠠᠷᠢᠯᠴᠠᠵᠤ᠂ ᠬᠠᠯᠠᠭᠤᠨ ᠳᠤᠯᠠᠭᠠᠨ ᠢ ᠨᠢ ᠠᠰᠠᠭᠤᠨ᠂ ᠲᠡᠳᠡᠨ ᠤ ᠪᠡᠶ᠎ᠡ ᠮᠠᠬᠠᠪᠤᠳ ᠪᠠ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠨ᠂ ᠦᠷᠭᠦᠯᠵᠢᠯᠡᠨ ᠰᠢᠯᠢᠳᠡᠭ ᠰᠤᠷᠲᠠᠯ ᠢᠶᠠᠨ ᠪᠠᠳᠠᠷᠠᠭᠤᠯᠵᠤ᠂ ᠠᠮᠢᠳᠤᠷᠠᠯ ᠳᠠᠭᠠᠨ ᠢᠲᠡᠭᠡᠯ ᠲᠡᠭᠦᠯᠳᠡᠷ ᠪᠠᠶᠢᠵᠦ᠂  ᠪᠠᠶᠠᠷ ᠬᠦᠷ ᠲᠠᠢ ᠪᠠᠷ ᠴᠠᠭᠠᠨ ᠰᠠᠷ᠎ᠠ ᠪᠠᠨ ᠥᠩᠭᠡᠷᠡᠭᠦᠯᠬᠦ ᠶᠢ ᠬᠦᠰᠡᠨ ᠵᠦᠩᠨᠡᠵᠡᠢ᠃
8.jpg
      ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠣᠳᠣ᠂ ᠼᠦᠢ ᠵᠢᠩ᠂ ᠯᠢᠦ ᠰᠢᠨ ᠤᠷᠢᠳ ᠬᠤᠵᠢᠳ ᠮᠧᠩ ᠰᠢ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠰᠢᠨ ᠮᠢᠨ ᠲᠣᠰᠬᠤᠨ᠂ ᠵᠢᠶᠠᠨᠬᠦ᠋ᠢ ᠲᠣᠰᠬᠤᠨ᠂ ᠰᠤᠪᠠᠭ ᠤᠨ ᠬᠥᠪᠡᠭᠡ ᠲᠣᠰᠬᠤᠨ ᠤ ᠶᠠᠳᠠᠭᠤ ᠠᠴᠠ ᠠᠩᠭᠢᠵᠢᠷᠠᠭᠰᠠᠨ ᠡᠷᠦᠬᠡ ᠳᠤ ᠬᠦᠷᠴᠦ᠂ ᠣᠯᠠᠨ ᠲᠦᠮᠡᠨ ᠲᠠᠢ ᠬᠥᠭᠵᠢᠯᠲᠡ ᠶᠢᠨ ᠲᠤᠬᠠᠢ ᠵᠣᠭᠤᠭᠳᠠᠨ᠂ ᠭᠡᠷ ᠪᠦᠯᠢ ᠶᠢᠨ ᠣᠷᠣᠯᠭ᠎ᠠ᠂ ᠠᠮᠢᠳᠤᠷᠠᠯ ᠤᠨ ᠪᠠᠶᠢᠳᠠᠯ ᠢ ᠨᠢ ᠨᠠᠷᠢᠨ ᠣᠶᠢᠯᠠᠭᠠᠭᠰᠠᠨ ᠪᠥᠭᠡᠳ ᠲᠡᠳᠡᠨ ᠳᠤ ᠲᠣᠬᠤᠨᠢᠭᠤᠯᠬᠤ ᠪᠣᠳᠠᠰ᠂ ᠲᠣᠬᠤᠨᠢᠭᠤᠯᠬᠤ ᠮᠥᠩᠭᠦ ᠥᠭᠴᠦ᠂ ᠴᠠᠭᠠᠨ ᠰᠠᠷ᠎ᠠ ᠶᠢᠨ ᠮᠡᠨᠳᠦᠴᠢᠯᠡᠯ ᠳᠡᠪᠰᠢᠭᠦᠯᠵᠡᠢ᠃ ᠳᠡᠳᠡ ᠮᠸᠡᠭ ᠰᠢ ᠪᠠᠯᠭᠠᠰᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠠᠬᠢᠭᠤᠯᠤᠨ᠂ ᠮᠠᠯᠴᠢᠨ ᠲᠠᠷᠢᠶᠠᠴᠢᠨ ᠤ ᠠᠮᠢᠳᠤᠷᠠᠯ ᠢ ᠨᠡᠩ ᠥᠨᠳᠥᠷ ᠳᠡᠭᠲᠡᠷ ᠲᠤ ᠭᠠᠷᠭᠠᠵᠤ᠂ ᠲᠠᠷᠢᠶᠠᠯᠠᠩ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠠᠬᠢᠭᠤᠯᠬᠤ ᠬᠡᠷᠡᠭᠲᠡᠢ ᠭᠡᠵᠦ ᠢᠯᠡᠷᠬᠡᠶᠢᠯᠡᠪᠡ᠃
9.jpg
      ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠨᠠᠰᠤᠨᠳᠡᠯᠭᠡᠷ ᠤᠷᠢᠳ ᠬᠤᠵᠢᠳ ᠮᠧᠩ ᠰᠢ ᠪᠠᠯᠭᠠᠰᠤᠨ ᠤ ᠰᠢᠨ ᠮᠢᠨ ᠲᠣᠰᠬᠤᠨ᠂ ᠮᠠᠯᠵᠢᠯ ᠤᠨ ᠲᠠᠯᠠᠪᠠᠢ ᠲᠣᠰᠬᠤᠨ ᠤ ᠶᠠᠳᠠᠭᠤ ᠬᠦᠴᠢᠷᠳᠡᠯᠲᠡᠢ ᠣᠯᠠᠨ ᠲᠦᠮᠡᠨ ᠪᠣᠯᠣᠨ ᠶᠠᠳᠠᠭᠤ ᠠᠴᠠ ᠠᠩᠭᠢᠵᠢᠷᠠᠭᠰᠠᠨ ᠡᠷᠦᠬᠡ ᠳᠤ ᠬᠦᠷᠴᠦ᠂ ᠲᠡᠳᠡᠨ ᠤ ᠠᠮᠢᠳᠤᠷᠠᠯ ᠤᠨ ᠪᠠᠶᠢᠳᠠᠯ᠂ ᠠᠰᠠᠷᠠᠮᠵᠢ ᠶᠢᠨ ᠪᠠᠲᠤᠯᠠᠭ᠎ᠠ᠂ ᠡᠪᠡᠳᠴᠢᠨ ᠦᠵᠡᠭᠦᠯᠵᠦ ᠡᠮᠨᠡᠭᠦᠯᠦᠭᠰᠡᠨ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠢ ᠢᠲᠡᠭᠡᠯ ᠵᠣᠷᠢᠭ ᠢᠶᠠᠨ ᠪᠠᠲᠤᠳᠬᠠᠨ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠨᠠᠮ ᠪᠠ ᠵᠠᠰᠠᠭ ᠤᠨ ᠣᠷᠳᠣᠨ ᠤ ᠬᠠᠪᠰᠤᠷᠤᠯᠭ᠎ᠠ ᠳᠣᠣᠷ᠎ᠠ ᠠᠮᠢᠳᠤᠷᠠᠯ ᠢᠶᠠᠨ ᠤᠯᠠᠮ ᠰᠠᠶᠢᠵᠢᠷᠠᠭᠤᠯᠬᠤ ᠶᠢ ᠵᠣᠷᠢᠭᠵᠢᠭᠤᠯᠵᠠᠢ᠃
10.jpg
 
ᠢᠷᠡᠯᠲᠡ᠄ ᠣᠲᠤᠭ ᠨᠡᠶᠢᠲᠡᠯᠡᠯ