ᠪᠥᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢᠨ ᠶᠡᠭᠡ ᠬᠤᠷᠠᠯ ᠬᠤᠷᠠᠯᠳᠤᠵᠤ ᠭᠤᠸ ᠬᠤᠸᠠᠢ ᠵᠢᠩ ᠬᠤᠷᠠᠯ ᠡᠷᠬᠢᠯᠡᠨ ᠰᠤ᠋ ᡁᠢ ᠰᠢᠶᠦ᠋ᠡᠭ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2024/3/1
      2 ᠳ᠋ᠤᠭᠠᠷ ᠰᠠᠷ᠎ᠠ ᠶᠢᠨ 29 ᠤ ᠡᠳᠦᠷ᠂ ᠪᠥᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢᠨ ᠶᠡᠭᠡ ᠬᠤᠷᠠᠯ ᠤᠯᠠᠭᠠᠨᠪᠠᠯᠭᠠᠰᠤᠨ ᠳᠤ ᠬᠤᠷᠠᠯᠳᠤᠪᠠ᠃ ᠬᠤᠷᠠᠯ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠬᠢᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠣᠣᠱᠯᠠᠭᠤᠯᠤᠨ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠥᠬᠦ ᠬᠤᠰᠢᠭᠤ ᠳᠠᠶᠠᠭᠠᠷ ᠤᠨ ᠡᠬᠢᠯᠡᠯᠲᠡ ᠪᠠᠷ ᠰᠢᠪᠲᠤᠯᠤᠯᠲᠠ ᠬᠢᠬᠦ᠂ ᠡᠬᠢᠯᠡᠯᠲᠡ ᠪᠠᠷ ᠰᠢᠢᠳᠪᠦᠷᠢᠲᠦ ᠳᠠᠶᠢᠯᠠᠯᠳᠤᠭᠠᠨ ᠬᠢᠬᠦ ᠪᠠᠶᠢᠳᠠᠯ ᠳᠤ ᠣᠷᠣᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠶᠢ ᠳᠠᠶᠢᠴᠢᠯᠠᠪᠠ᠃ ᠬᠤᠰᠢᠭᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ ᠬᠤᠷᠠᠯ ᠡᠷᠭᠢᠯᠡᠵᠦ ᠶᠠᠷᠢᠶ᠎ᠠ ᠲᠠᠯᠪᠢᠪᠠ᠃
1.jpg
      ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠤ᠋ ᡁᠢ ᠰᠢᠶᠦ᠋ᠡᠭ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠷᠦᠢ ᠮᠢᠨ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠰᠠᠷᠠᠨᠲᠤᠶᠠᠭ᠎ᠠ ᠵᠡᠷᠭᠡ ᠬᠤᠰᠢᠭᠤ ᠤᠳᠤᠷᠢᠳᠤᠯᠭ᠎ᠠ ᠨᠠᠷ ᠬᠤᠷᠠᠯ ᠳᠤ ᠣᠷᠣᠯᠴᠠᠪᠠ᠃
2.jpg
      ᠬᠤᠷᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠰᠢᠦᠢ ᠷᠦᠢ ᠹᠧᠩ 2023 ᠣᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ᠂ ᠭᠠᠶᠢᠯᠢ ᠲᠠᠲᠠᠪᠤᠷᠢ ᠶᠢᠨ ᠬᠤᠪᠢ ᠨᠡᠮᠡᠷᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠤᠰᠤ ᠠᠷᠪᠢᠯᠠᠬᠤ ᠳᠠᠭᠠᠭᠤᠯᠤᠭᠴᠢ᠂ ᠡᠨᠧᠷᠭᠢ ᠠᠷᠪᠢᠯᠠᠬᠤ ᠲᠡᠷᠢᠭᠦᠨ ᠤ 5 ᠬᠦᠴᠦᠷᠬᠡᠭ ᠠᠵᠤ ᠠᠬᠤᠶᠢᠯᠠᠯ ᠤᠨ ᠨᠡᠷᠡᠰ ᠤᠨ ᠵᠢᠭᠰᠠᠭᠠᠯᠲᠠ ᠶᠢ ᠤᠩᠰᠢᠨ ᠨᠡᠶᠢᠲᠡᠯᠡᠪᠡ᠃ ᠬᠤᠰᠢᠭᠤ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ᠂ ᠬᠤᠰᠢᠭᠤ ᠵᠠᠰᠠᠭ ᠤᠨ ᠣᠷᠳᠣᠨ ᠤ ᠡᠯ᠎ᠡ ᠬᠤᠰᠢᠭᠤ ᠳᠡᠳ᠋ ᠳᠠᠷᠤᠭ᠎ᠠ ᠲᠣᠰ ᠲᠣᠰ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠲᠥᠷᠥᠯ ᠤᠨ ᠰᠢᠰᠲ᠋ᠧᠮ ᠤᠨ ᠤᠳᠤᠷᠢᠳᠤᠯᠭ᠎ᠠ ᠶᠢᠨ ᠪᠥᠬᠦ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠭᠰᠠᠨ ᠪᠥᠭᠡᠳ ᠴᠢᠨᠠᠷ ᠰᠠᠶᠢᠲᠠᠢ ᠬᠥᠭᠵᠢᠯᠲᠡ ᠶᠢᠨ ᠲᠣᠭᠤᠷᠢᠨ ᠳᠤ ᠬᠤᠪᠢᠶᠠᠨ ᠬᠠᠮᠢᠶᠠᠷᠴᠤ ᠪᠠᠶᠢᠭ᠎ᠠ  ᠭᠤᠣᠯᠳᠠᠯᠭ᠎ᠠ ᠲᠠᠢ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃
3.jpg
      ᠭᠤᠸ ᠬᠤᠸᠠᠢ ᠵᠢᠩ ᠬᠡᠯᠡᠬᠦ ᠳᠡᠭᠡᠨ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠵᠢᠯ ᠪᠣᠯᠣᠨ᠎ᠠ᠂ ᠮᠦᠨᠴᠦ ᠬᠤᠰᠢᠭᠤ ᠠᠷᠪᠠᠨ ᠵᠢᠷᠭᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠷᠠᠯᠲᠠ ᠶᠢ ᠪᠡᠶᠡᠯᠡᠭᠦᠯᠬᠦ ᠪᠣᠭᠤᠮᠲᠠ ᠰᠢᠪᠲᠤᠯᠬᠤ ᠵᠢᠯ ᠪᠣᠯᠣᠨ᠎ᠠ᠃ ᠬᠤᠰᠢᠭᠤ ᠳᠠᠶᠠᠭᠠᠷ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠭᠡᠬᠦ ᠰᠢᠨ᠎ᠡ ᠴᠠᠭ ᠦᠶ᠎ᠡ ᠶᠢᠨ ᠬᠠᠲᠠᠭᠤ ᠶᠣᠰᠣ ᠶᠢ ᠪᠠᠲᠤ  ᠡᠵᠡᠮᠳᠡᠨ᠂ ᠬᠤᠰᠢᠭᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ 77 ᠤᠳᠠᠭᠠᠨ ᠤ ᠪᠠᠶᠢᠩᠭᠤ ᠶᠢᠨ ᠬᠤᠷᠠᠯ ᠳᠡᠭᠡᠷ᠎ᠡ ᠳᠤᠷᠠᠳᠤᠭᠰᠠᠨ ︽ᠲᠤᠯᠤᠭᠠᠨ ᠵᠢᠯ︾ ᠤᠨ ᠬᠠᠷᠠᠯᠲᠠ ᠶᠢᠨ ᠲᠣᠭᠤᠷᠢᠨ ᠳᠤ᠂ ᠬᠠᠷᠠᠯᠲᠠ ᠶᠢᠨ ᠴᠢᠭᠯᠡᠯ ᠢᠶᠠᠷ ᠬᠦᠴᠦᠯᠡᠵᠦ᠂ ᠲᠥᠪᠯᠡᠷᠡᠭᠦᠯᠦᠨ ᠪᠣᠭᠤᠮᠲᠠ ᠰᠢᠪᠲᠤᠯᠤᠨ᠂ ᠲᠡᠦᠬᠡ ᠳᠤ ᠣᠰᠣᠯᠳᠠᠬᠤ ᠦᠭᠡᠢ᠂ ᠠᠷᠠᠳ ᠲᠦᠮᠡᠨ ᠳᠤ ᠣᠰᠣᠯᠳᠠᠬᠤ ᠦᠭᠡᠢ ᠰᠢᠨ᠎ᠡ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ ᠬᠡᠷᠡᠭᠲᠡᠢ᠃ ᠴᠠᠭ ᠦᠶ᠎ᠡ ᠲᠠᠢ ᠵᠡᠷᠭᠡᠴᠡᠨ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠤᠨ ᠬᠠᠳᠠᠭᠠᠯᠠᠯᠲᠠ ᠶᠢᠨ ᠳᠠᠭᠠᠭᠠᠴᠠ ᠶᠢ ᠣᠷᠣᠯᠠᠭᠤᠯᠬᠤ᠂ ᠨᠡᠮᠡᠭᠳᠡᠯ ᠤᠨ ᠳᠠᠭᠠᠭᠠᠴᠠ ᠶᠢ ᠠᠶᠠᠨᠳᠠᠭᠠᠨ ᠬᠡᠷᠡᠭᠯᠡᠬᠦ᠂ ᠪᠣᠬᠢᠷᠲᠤᠯ ᠦᠭᠡᠢ ᠴᠠᠬᠢᠯᠭᠠᠨ ᠢ ᠭᠠᠳᠠᠭᠰᠢ ᠬᠦᠷᠭᠡᠬᠦ ᠨᠡᠪᠲᠡᠷᠡᠬᠦ ᠵᠠᠮ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠳᠬᠤᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠶᠡᠭᠡ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠵᠠ ᠲᠣᠬᠢᠶᠠᠯ ᠢ ᠵᠠᠪᠳᠤᠵᠤ᠂ ᠲᠦᠷᠦ ᠶᠢᠨ ᠪᠣᠳᠣᠯᠭ᠎ᠠ ᠶᠢ ᠠᠰᠢᠭᠯᠠᠬᠤ᠂ ᠪᠡᠯᠡ ᠮᠥᠩᠭᠦ ᠶᠢ ᠲᠡᠮᠡᠴᠡᠨ ᠣᠯᠬᠤ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠶᠡᠬᠡᠪᠡᠷ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃ ᠳᠤᠮᠳᠠ ᠵᠡᠷᠭᠡ ᠠᠴᠠ ᠰᠢᠯᠢᠳᠡᠭ ᠪᠣᠯᠭᠠᠨ ᠪᠣᠶᠢᠵᠢᠭᠤᠯᠵᠤ᠂ ᠪᠦᠭᠦ ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠢ ᠲᠣᠭᠠᠨ ᠤ ᠬᠤᠪᠢᠷᠠᠯᠲᠠ ᠠᠴᠠ ᠴᠢᠨᠠᠷ ᠤᠨ ᠬᠤᠪᠢᠷᠠᠯᠲᠠ ᠳᠤ ᠬᠦᠷᠲᠡᠯ᠎ᠡ ᠠᠬᠢᠭᠤᠯᠬᠤ ᠬᠡᠷᠡᠭᠲᠡᠢ᠃ ᠰᠠᠭᠤᠷᠢ ᠪᠠᠨ ᠪᠠᠲᠤᠳᠬᠠᠨ᠂ ᠪᠠᠷᠢᠮᠵᠢᠶᠠᠵᠢᠭᠤᠯᠤᠨ ᠪᠦᠲᠦᠭᠡᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠮᠥᠨ ᠴᠢᠨᠠᠷ ᠤᠨ ᠠᠮᠤᠷ ᠲᠦᠪᠰᠢᠨ ᠤ ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠭᠤᠣᠯᠳᠠᠯᠭ᠎ᠠ ᠲᠠᠢ ᠠᠵᠢᠯ ᠢ ᠰᠢᠰᠲ᠋ᠧᠮ ᠲᠠᠢ ᠲᠥᠯᠥᠪᠵᠢᠭᠦᠯᠵᠦ᠂ ᠮᠥᠩᠭᠦᠨ ᠭᠦᠢᠯᠭᠡᠭᠡᠨ ᠢᠶᠠᠷ ᠲᠠᠷᠢᠶᠠᠯᠠᠩ ᠢ ᠳᠡᠮᠵᠢᠨ ᠳᠠᠷᠤᠭᠠᠰᠤ ᠶᠢ ᠬᠥᠩᠭᠡᠯᠡᠬᠦ᠂ ᠮᠠᠯ ᠤᠨ ᠠᠰᠢᠭ ᠰᠢᠮ᠎ᠡ ᠶᠢᠨ ᠪᠣᠷᠤᠯᠠᠭᠤᠯᠭ᠎ᠠ ᠶᠢ ᠠᠬᠢᠭᠤᠯᠤᠨ ᠣᠷᠣᠯᠭ᠎ᠠ ᠶᠢ ᠨᠡᠮᠡᠭᠳᠡᠭᠦᠯᠬᠦ ᠵᠡᠷᠭᠡ ᠲᠥᠷᠥ ᠶᠢᠨ ᠪᠣᠳᠣᠯᠭ᠎ᠠ ᠨᠤᠭᠤᠳ ᠢ ᠰᠤᠳᠤᠯᠵᠤ ᠨᠡᠶᠢᠲᠡᠯᠡᠨ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ᠂ ᠮᠠᠯᠵᠢᠬᠤ ᠲᠠᠷᠢᠶᠠᠯᠠᠬᠤ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠨᠠᠷᠢᠨ ᠨᠢᠭᠲᠠ ᠬᠠᠮᠢᠶᠠᠷᠬᠤ ᠶᠢ ᠴᠢᠩᠭ᠎ᠠ ᠠᠳᠬᠤᠵᠤ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠬᠤᠳᠠ ᠪᠠᠯᠭᠠᠰᠤᠨ ᠤ ᠤᠰᠤ ᠠᠷᠪᠢᠯᠠᠵᠤ ᠬᠤᠷᠣᠭᠳᠠᠯ ᠢ ᠪᠠᠭᠠᠰᠬᠠᠬᠤ ᠠᠵᠢᠯ ᠢ  ᠡᠷᠴᠢᠮᠲᠡᠢ ᠠᠬᠢᠭᠤᠯᠤᠨ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠡᠷᠡᠭᠲᠡᠢ᠃ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠦᠵᠡᠯᠲᠡ ᠲᠠᠢ᠂  ᠳᠤᠯᠠᠭᠠᠴᠠ ᠲᠠᠢ᠂ ᠭᠦᠨᠴᠡ ᠲᠠᠢ ᠰᠣᠨᠢᠨ ᠮᠡᠳᠡᠭᠡᠨ ᠤ ᠤᠬᠠᠭᠤᠯᠭ᠎ᠠ ᠶᠢᠨ ᠪᠦᠲᠦᠭᠡᠯ ᠤᠳ ᠢ ᠪᠣᠢ ᠪᠣᠯᠭᠠᠨ᠂ ᠪᠥᠬᠦ ᠬᠤᠰᠢᠭᠤᠨ ᠤ ᠳᠣᠲᠣᠭᠠᠳᠤ ᠭᠠᠳᠠᠭᠠᠳᠤ ᠶᠢᠨ ᠤᠬᠠᠭᠤᠯᠭ᠎ᠠ ᠶᠢᠨ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃ ᠨᠠᠮ ᠤᠨ ᠪᠠᠶᠢᠭᠤᠯᠤᠯᠲᠠ ᠪᠠᠷ ᠵᠠᠮᠴᠢᠯᠠᠭᠤᠯᠵᠤ᠂ ᠪᠦᠬᠦ ᠣᠷᠣᠨ ᠪᠦᠰᠡ ᠪᠠᠷ ᠢᠶᠠᠨ ᠭᠡᠷᠡᠯ ᠭᠢᠯᠪᠠᠭ᠎ᠠ ᠪᠠᠨ ᠰᠠᠴᠤᠷᠠᠭᠤᠯᠬᠤ ᠶᠢ ᠪᠠᠷᠢᠮᠲᠠᠯᠠᠨ᠂ ᠬᠥᠮᠥᠨ ᠪᠦᠬᠦᠨ ᠲᠡᠷᠢᠭᠦᠯᠡᠬᠦ ᠪᠠᠷ ᠴᠢᠷᠮᠠᠶᠢᠵᠤ᠂ ᠬᠦᠮᠦᠨ ᠪᠦᠬᠦᠨ ᠬᠤᠪᠢ ᠨᠡᠮᠡᠷᠢ ᠦᠵᠡᠭᠦᠯᠦᠨ᠂ ᠴᠢᠨᠠᠷ ᠰᠠᠶᠢᠲᠠᠢ ᠬᠥᠭᠵᠢᠯᠲᠡ ᠶᠢᠨ ᠰᠢᠯᠢᠳᠡᠭ ᠬᠢᠷᠢ ᠪᠦᠲᠦᠮᠵᠢ ᠪᠠᠷ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠤᠭᠲᠤᠵᠤ᠂ ᠪᠦᠬᠦ ᠤᠯᠤᠰ ᠤᠨ ᠵᠠᠭᠤᠨ ᠬᠦᠴᠦᠷᠬᠡᠭ ᠰᠢᠶᠠᠨ ᠤ ᠦᠷ᠎ᠡ ᠪᠦᠲᠦᠭᠡᠯ ᠢ ᠪᠠᠬᠢᠵᠢᠭᠦᠯᠦᠨ᠂ ᠡᠯᠢᠭᠡᠨ ᠬᠠᠶᠢᠷᠠᠲᠤ ᠤᠳᠤᠭ ᠢᠶᠠᠨ ᠪᠦᠲᠦᠭᠡᠨ ᠪᠠᠶᠢᠭᠤᠯᠬᠤ ᠬᠡᠷᠡᠭᠲᠡᠢ ᠭᠡᠪᠡ᠃      ᠰᠤ᠋ ᡁᠢ ᠰᠢᠶᠦ᠋ᠡᠭ ᠬᠡᠯᠡᠬᠦ ᠳᠡᠭᠡᠨ᠂ ᠴᠢᠨᠠᠷ ᠰᠠᠶᠢᠲᠠᠢ ᠬᠥᠭᠵᠢᠯᠲᠡ ᠪᠣᠯ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠬᠦ ᠶᠢᠨ ᠲᠡᠷᠢᠭᠦᠨ ᠴᠢᠬᠤᠯᠠ ᠡᠭᠦᠷᠭᠡ ᠮᠥᠨ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾᠂ ᠬᠤᠲᠠ ᠶᠢᠨ ᠨᠠᠮ ᠤᠨ ᠬᠤᠷᠢᠶᠠᠨ ᠤ ︽ᠭᠤᠷᠪᠠᠨ ᠳᠥᠷᠪᠡ︾ ᠶᠢᠨ ᠠᠵᠢᠯ ᠤᠨ ᠡᠭᠦᠷᠭᠡ ᠪᠠ ᠬᠤᠰᠢᠭᠤᠨ ᠨᠠᠮ ᠤᠨ ᠬᠤᠷᠢᠶᠠᠨ ᠤ ︽ᠶᠢᠰᠦᠨ ᠲᠥᠪᠯᠡᠷᠡᠯ︾ ᠢ ᠨᠠᠶᠢᠳᠠᠪᠤᠷᠢᠵᠢᠭᠤᠯᠬᠤ ᠴᠢᠬᠤᠯᠠ ᠱᠠᠭᠠᠷᠳᠠᠯᠭ᠎ᠠ ᠮᠥᠨ᠃ ᠬᠥᠭᠵᠢᠯᠲᠡ ᠶᠢᠨ ᠪᠠᠶᠢᠳᠠᠯ ᠢ ᠣᠨᠣᠪᠴᠢᠲᠠᠶ ᠡᠵᠡᠮᠳᠡᠵᠦ᠂ ᠢᠲᠡᠭᠡᠯ ᠵᠣᠷᠢᠭ ᠢᠶᠠᠨ ᠪᠠᠲᠤᠳᠬᠠᠨ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠬᠡᠷᠡᠭᠲᠡᠢ᠃ ︽ᠪᠥᠬᠦ ᠤᠯᠤᠰ ᠤᠨ ᠵᠠᠭᠤᠨ ᠬᠦᠴᠦᠷᠬᠡᠭ ᠰᠢᠶᠠᠨ ᠤ ᠦᠷ᠎ᠡ ᠪᠦᠲᠦᠭᠡᠯ ᠢ ᠪᠠᠬᠢᠵᠢᠭᠦᠯᠦᠨ᠂ ᠡᠯᠢᠭᠡᠨ ᠬᠠᠶᠢᠷᠠᠲᠤ ᠣᠲᠤᠭ ᠢᠶᠠᠨ ᠪᠦᠲᠦᠭᠡᠨ ᠪᠠᠶᠢᠭᠤᠯᠬᠤ︾ ᠠᠵᠢᠯ ᠢ ᠠᠬᠢᠭᠤᠯᠵᠤ᠂ ᠬᠥᠭᠵᠢᠯᠲᠡ ᠶᠢᠨ ᠴᠢᠭᠯᠡᠯ ᠢᠶᠠᠨ ᠲᠣᠭᠲᠠᠭᠠᠨ᠂ ᠬᠥᠭᠵᠢᠯᠲᠡ ᠶᠢᠨ ᠠᠷᠭ᠎ᠠ ᠵᠠᠮ ᠢ ᠲᠣᠳᠣᠷᠬᠠᠶᠢᠯᠠᠵᠤ᠂ ᠬᠥᠭᠵᠢᠯᠲᠡ ᠶᠢᠨ ᠬᠠᠷᠢᠭᠤᠴᠠᠯᠭ᠎ᠠ ᠪᠠᠨ ᠡᠭᠦᠷᠭᠡᠯᠡᠨ᠂ ᠡᠯ᠎ᠡ ᠵᠦᠢᠯ ᠤᠨ ᠠᠵᠢᠯ ᠤᠨ ᠲᠠᠰ ᠳᠡᠪᠰᠢᠬᠦ ᠶᠢ ᠠᠬᠢᠭᠤᠯᠵᠤ᠂ ᠲᠡᠷᠢᠭᠦᠨ ᠤ ᠡᠩᠨᠡᠭᠡᠨ ᠳᠤ ᠣᠷᠣᠬᠤ ᠪᠠᠷ ᠴᠢᠷᠮᠠᠶᠢᠬᠤ ᠬᠡᠷᠡᠭᠲᠡᠢ᠃ ︽ᠲᠦᠷᠪᠡᠨ ᠲᠠᠯ᠎ᠠ ᠶᠢᠨ ᠠᠵᠢᠯ︾ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠦᠨᠡᠨᠴᠢ ᠰᠢᠳᠤᠷᠭᠤ ᠪᠠᠷ ᠪᠣᠳᠠᠲᠠᠢ ᠠᠵᠢᠯᠯᠠᠨ᠂ ᠵᠣᠷᠢᠭᠲᠠᠢ ᠪᠠᠷ ᠰᠢᠨ᠎ᠡ ᠶᠢ ᠡᠭᠦᠳᠦᠨ ᠤᠷᠤᠭᠰᠢᠯᠠᠬᠤ ᠬᠡᠷᠡᠭᠲᠡᠢ᠃ ᠲᠦᠷᠦᠯ ᠵᠦᠢᠯ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠪᠡᠯᠡ ᠣᠷᠣᠭᠤᠯᠤᠯᠲᠠ ᠪᠠᠷ ᠳᠠᠶᠢᠴᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠢ︔ ᠬᠡᠯᠪᠡᠷᠢ ᠪᠠᠨ ᠬᠤᠪᠢᠷᠠᠭᠤᠯᠵᠤ ᠲᠦᠷᠦᠭᠦᠯᠡᠨ ᠬᠢᠬᠦ ᠶᠢ ᠪᠠᠷᠢᠮᠲᠠᠯᠠᠵᠤ᠂ ᠠᠵᠤ ᠦᠢᠯᠡᠰ ᠢ ᠲᠡᠰ ᠳᠡᠪᠰᠢᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ︔ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠪᠠᠷᠢᠮᠲᠠᠯᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠰᠠᠶᠢᠲᠤᠷ ᠬᠢᠬᠦ ᠬᠡᠷᠡᠭᠲᠡᠢ︔ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠬᠥᠳᠡᠯᠭᠡᠬᠦ ᠬᠦᠴᠦᠨ ᠢ ᠬᠤᠪᠢᠷᠠᠭᠤᠯᠬᠤ ᠠᠵᠢᠯ ᠢ ᠰᠠᠶᠢᠲᠤᠷ ᠬᠢᠵᠦ᠂ ᠴᠢᠨᠠᠷ ᠰᠠᠶᠢᠲᠠᠢ ᠬᠥᠭᠵᠢᠯᠲᠡ ᠶᠢᠨ ᠲᠤᠯᠭᠠᠭᠤᠷᠢᠯᠠᠯ ᠢ ᠪᠦᠬᠦ ᠲᠠᠯ᠎ᠠ ᠪᠠᠷ ᠪᠠᠲᠤᠳᠬᠠᠬᠤ ᠬᠡᠷᠡᠭᠲᠡᠢ᠃ ᠬᠤᠰᠢᠭᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠬᠠᠷᠢᠭᠤᠴᠠᠯᠭ᠎ᠠ ᠪᠠᠨ ᠡᠭᠦᠷᠭᠡᠯᠡᠨ ᠰᠢᠨ᠎ᠡ ᠭᠠᠪᠢᠶ᠎ᠠ ᠪᠠᠶᠢᠭᠤᠯᠬᠤ ᠬᠡᠷᠡᠭᠲᠡᠢ᠃ ᠬᠠᠷᠠᠯᠲᠠ ᠲᠠᠢ ᠨᠢᠭᠲᠠ ᠤᠶᠠᠯᠳᠤᠭᠤᠯᠤᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠤᠷᠢᠭ᠎ᠠ ᠱᠤᠭᠤᠮ ᠢ ᠪᠠᠲᠤ ᠰᠠᠬᠢᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠪᠡ᠃      ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠤᠳᠤᠷᠢᠳᠬᠤ ᠪᠠᠭ ᠤᠨ ᠪᠦᠷᠢᠯᠳᠦᠭᠦᠨ᠂ ᠡᠯ᠎ᠡ ᠳᠣᠲᠣᠭᠠᠳᠤ ᠪᠠᠶᠢᠭᠤᠯᠤᠮᠵᠢ ᠶᠢᠨ ᠭᠤᠣᠯ ᠬᠠᠷᠢᠭᠤᠴᠠᠯᠭᠠᠲᠠᠨ᠂ ᠡᠯ᠎ᠡ ᠰᠤᠮᠤ ᠪᠠᠯᠭᠠᠰᠤᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠨᠢᠭᠡᠴᠢ ᠵᠢᠴᠢ ᠡᠯ᠎ᠡ ᠠᠷᠠᠳ ᠤᠨ ᠪᠦᠯᠬᠦᠮ᠂ ᠡᠯ᠎ᠡ ᠰᠢᠭᠤᠳ ᠬᠠᠷᠢᠶ᠎ᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠡᠯ᠎ᠡ ᠮᠥᠩᠭᠦᠨ ᠭᠦᠢᠯᠭᠡᠭᠡᠨ ᠤ ᠰᠢᠰᠲ᠋ᠧᠮ ᠤᠨ ᠭᠤᠣᠯ ᠬᠠᠷᠢᠭᠤᠴᠠᠯᠭᠠᠲᠠᠨ᠂ ᠬᠡᠰᠡᠭ ᠠᠵᠤ ᠠᠬᠤᠶᠢᠯᠠᠯ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃ 
ᠢᠷᠡᠯᠲᠡ᠄ ᠣᠲᠤᠭ ᠨᠡᠶᠢᠲᠡᠯᠡᠯ