ᠣᠲᠤᠭ ᠬᠤᠰᠢᠭᠤᠨ ᠤ 2024 ᠣᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/12
      3 ᠳ᠋ᠤᠭᠠᠷ ᠰᠠᠷ᠎ᠠ ᠶᠢᠨ 11 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠤ᠋ ᡁᠢ ᠰᠢᠶᠦ᠋ᠡᠭ 2024 ᠣᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠪᠥᠬᠦ ᠬᠤᠰᠢᠭᠤᠨ ᠤ 2024 ᠣᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠠᠵᠢᠯ ᠡᠬᠢᠯᠡᠭᠦᠯᠵᠦ ᠠᠵᠢᠯ ᠰᠡᠷᠭᠦᠭᠡᠭᠰᠡᠨ ᠵᠢᠴᠢ ᠭᠠᠷ ᠭᠦᠢᠴᠡᠳᠬᠡᠯ ᠭᠦᠢᠴᠡᠳᠬᠡᠭᠰᠡᠨ ᠪᠠᠶᠢᠳᠠᠯ ᠢ ᠰᠣᠨᠣᠰᠴᠤ᠂ ᠠᠰᠠᠭᠤᠳᠠᠯ ᠢ ᠵᠠᠳᠠᠯᠤᠨ᠂ ᠠᠬᠢᠭᠤᠯᠬᠤ ᠠᠷᠭ᠎ᠠ ᠬᠡᠮᠵᠢᠶ᠎ᠡ ᠶᠢ ᠰᠤᠳᠤᠯᠤᠨ ᠶᠠᠷᠢᠯᠴᠠᠵᠤ᠂ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠰᠤ᠋ ᡁᠢ ᠰᠢᠶᠦ᠋ᠡᠭ ᠬᠡᠯᠡᠬᠦ ᠳᠡᠭᠡᠨ᠂ ᠭᠤᠣᠯᠳᠠᠯᠭ᠎ᠠ ᠲᠠᠢ ᠲᠦᠷᠦᠯ ᠵᠦᠢᠯ ᠪᠣᠯ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠲᠤᠯᠭᠠᠭᠤᠷᠢᠯᠠᠯ ᠪᠣᠯᠣᠨ᠎ᠠ᠂ ᠡᠷᠬᠡᠪᠰᠢ ᠪᠣᠳᠠᠲᠠᠢ  ᠠᠷᠭ᠎ᠠ ᠬᠡᠮᠵᠢᠶ᠎ᠡ ᠠᠪᠴᠤ᠂ ᠪᠣᠳᠠᠲᠤ ᠪᠦᠲᠦᠮᠵᠢ ᠭᠠᠷᠭᠠᠨ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠬᠤ ᠬᠡᠷᠡᠭᠲᠡᠢ᠃ ᠪᠠᠶᠢᠳᠠᠯ ᠢ ᠲᠣᠳᠣᠷᠬᠠᠢ ᠲᠠᠨᠢᠵᠤ᠂ ᠲᠤᠯᠭᠠᠮ᠎ᠠ ᠰᠡᠳᠬᠢᠯᠭᠡ ᠪᠠᠨ ᠨᠡᠮᠡᠭᠳᠡᠭᠦᠯᠬᠦ ᠬᠡᠷᠡᠭᠲᠡᠢ᠃ ᠳᠡᠭᠡᠳᠦ ᠱᠠᠲᠤᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠵᠢᠮ᠎ᠡ ᠶᠣᠰᠣ ᠶᠢ ᠪᠤᠰᠤᠳᠴᠢ ᠪᠠᠷ ᠡᠵᠡᠮᠳᠡᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠵᠠᠩᠭᠢᠯᠠᠭ᠎ᠠ ᠶᠢᠨ ᠬᠤᠭᠤᠴᠠᠭ᠎ᠠ ᠶᠢ ᠴᠢᠩᠭ᠎ᠠ ᠠᠳᠬᠤᠵᠤ᠂ ᠲᠥᠷᠥᠯ ᠵᠦᠢᠯ ᠤᠨ ᠠᠬᠢᠴᠠ ᠶᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠥᠪᠡᠷ ᠢ ᠪᠠᠨ ᠴᠢᠩᠭ᠎ᠠ ᠱᠠᠭᠠᠷᠳᠠᠵᠤ᠂ ᠰᠠᠨᠠᠭᠠᠴᠢᠯᠠᠭᠠᠲᠤ ᠴᠢᠨᠠᠷ ᠢᠶᠠᠨ ᠴᠢᠩᠭᠠᠳᠬᠠᠬᠤ ᠬᠡᠷᠡᠭᠲᠡᠢ᠃ ᠭᠠᠪᠰᠢᠭᠠᠶᠢᠯᠠᠨ ᠲᠡᠮᠡᠴᠡᠬᠦ ᠵᠣᠷᠢᠭ ᠰᠠᠨᠠᠭ᠎ᠠ ᠶᠢ ᠪᠠᠳᠠᠷᠠᠭᠤᠯᠤᠨ᠂ ᠲᠡᠷᠢᠭᠦᠯᠡᠬᠦ ᠪᠠᠷ ᠴᠢᠷᠮᠠᠶᠢᠬᠤ ᠤᠬᠠᠮᠰᠠᠷ ᠢᠶᠠᠨ ᠴᠢᠩᠭᠠᠳᠬᠠᠵᠤ᠂   ᠲᠣᠭᠲᠠᠭᠠᠭᠰᠠᠨ ᠵᠠᠩᠭᠢᠯᠠᠭ᠎ᠠ ᠶᠢᠨ ᠴᠡᠭ ᠲᠠᠢ ᠬᠠᠷᠢᠴᠠᠭᠤᠯᠤᠨ᠂ ᠪᠥᠬᠦ ᠬᠦᠴᠦᠨ ᠢᠶᠠᠷ ᠢᠶᠠᠨ ᠪᠣᠭᠤᠮᠲᠠ ᠰᠢᠪᠲᠤᠯᠵᠤ᠂ ᠲᠥᠷᠥᠯ ᠵᠦᠢᠯ ᠤᠨ ᠭᠠᠵᠠᠷ ᠬᠡᠷᠡᠭᠯᠡᠬᠦ᠂ ᠤᠰᠤ ᠬᠡᠷᠡᠭᠯᠡᠬᠦ᠂ ᠡᠨᠧᠷᠭᠢ ᠬᠡᠷᠡᠭᠯᠡᠬᠦ ᠵᠡᠷᠭᠡ ᠡᠯ᠎ᠡ ᠲᠠᠯ᠎ᠠ ᠶᠢᠨ ᠬᠦᠴᠦᠨ ᠵᠦᠢᠯ ᠤᠨ ᠪᠠᠲᠤᠯᠠᠭ᠎ᠠ ᠶᠢ ᠰᠠᠶᠢᠲᠤᠷ ᠬᠢᠵᠦ᠂ ᠤᠳᠤᠷᠢᠳᠤᠯᠭ᠎ᠠ ᠬᠤᠯᠪᠣᠭᠠᠯᠠᠨ ᠳᠠᠭᠠᠭᠠᠴᠢᠯᠠᠬᠤ᠂ ᠳᠠᠭᠠᠭᠤᠯᠤᠨ ᠭᠦᠢᠴᠡᠳᠬᠡᠬᠦ ᠣᠷᠣᠯᠠᠨ ᠭᠦᠢᠴᠡᠳᠬᠡᠬᠦ ᠵᠡᠷᠭᠡ ᠦᠢᠯᠡᠴᠢᠯᠡᠭᠡᠨ ᠤ ᠠᠷᠭ᠎ᠠ ᠬᠡᠮᠵᠢᠶ᠎ᠡ ᠨᠦᠭᠦᠳ ᠢ ᠪᠦᠲᠦᠮᠵᠢᠲᠡᠶ ᠨᠠᠶᠢᠳᠠᠪᠤᠷᠢᠵᠢᠭᠤᠯᠤᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠳᠤ ᠰᠢᠯᠢᠳᠡᠭ ᠨᠥᠬᠦᠴᠡᠯ ᠢ ᠬᠠᠩᠭᠠᠬᠤ ᠬᠡᠷᠡᠭᠲᠡᠢ᠃ ᠬᠠᠷᠠᠯᠲᠠ ᠡᠭᠦᠷᠭᠡ ᠲᠣᠭᠲᠠᠭᠠᠵᠤ᠂ ᠬᠠᠨᠳᠤᠯᠭᠠᠲᠤ ᠴᠢᠨᠠᠷ ᠢ ᠴᠢᠩᠭᠠᠳᠬᠠᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠢᠨᠵᠧᠨᠧᠷᠢᠩ ᠤᠨ ᠰᠡᠳᠬᠢᠬᠦᠢ᠂ ᠰᠢᠢᠳᠪᠦᠷᠢᠯᠡᠬᠦ ᠰᠡᠳᠬᠢᠬᠦᠢ ᠶᠢ ᠴᠢᠩᠭᠠᠳᠬᠠᠨ᠂ ᠬᠦᠴᠢᠷ ᠠᠰᠠᠭᠤᠳᠠᠯ ᠢ ᠪᠦᠬᠦ ᠲᠠᠯ᠎ᠠ ᠪᠠᠷ ᠰᠢᠢᠳᠪᠦᠷᠢᠯᠡᠵᠦ᠂ ᠬᠦᠴᠦᠨ ᠵᠦᠢᠯ ᠤᠨ ᠬᠢᠵᠠᠭᠠᠷᠯᠠᠯ ᠢ ᠡᠪᠳᠡᠨ᠂ ᠬᠠᠷᠠᠯᠲᠠ ᠡᠭᠦᠷᠭᠡ ᠲᠣᠭᠲᠠᠭᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠠᠵᠢᠯ ᠤᠨ ᠬᠠᠮᠲᠤᠷᠠᠯ ᠬᠦᠴᠦᠨ ᠢ ᠨᠢᠭᠲᠠᠷᠠᠭᠤᠯᠵᠤ᠂ ᠴᠢᠨᠠᠷ ᠰᠠᠶᠢᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃      ᠬᠤᠰᠢᠭᠤ ᠤᠳᠤᠷᠢᠳᠤᠯᠭ᠎ᠠ ᠰᠢᠦᠢ ᠷᠦᠢ ᠹᠸᠡᠭ᠂ ᠯᠢ ᡁᠢ ᠪᠢᠶᠣᠣ᠂ ᠭᠦᠸᠧ ᠵᠣᠤ ᠬᠤᠢ᠂ ᠦ᠋ ᠶᠦᠩ ᠨᠢᠩ ᠵᠢᠴᠢ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ 
ᠢᠷᠡᠯᠲᠡ᠄ ᠣᠲᠤᠭ ᠨᠡᠶᠢᠲᠡᠯᠡᠯ