ᠭᠤᠤ ᠬᠤᠸᠠᠢ ᠵᠢᠩ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠣᠯᠳᠠᠯᠭ᠎ᠠ ᠲᠠᠢ ᠠᠵᠢᠯ ᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2024/3/14
      3 ᠳ᠋ᠤᠭᠠᠷ ᠰᠠᠷ᠎ᠠ ᠶᠢᠨ 13 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠂ ᠤᠯᠠᠭᠠᠨᠪᠠᠯᠭᠠᠰᠤ᠂ ᠠᠷᠪᠠᠰ ᠰᠤᠮᠤ᠂ ᠰᠦᠮᠡᠲᠦ ᠰᠤᠮᠤᠨ ᠳᠤ ᠭᠦᠨᠵᠡᠭᠡᠶᠢᠷᠡᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠣᠯᠳᠠᠯᠭ᠎ᠠ ᠲᠠᠢ ᠠᠵᠢᠯ ᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠬᠤᠰᠢᠭᠤᠨ ᠤ ᠤᠳᠤᠷᠢᠳᠤᠯᠭ᠎ᠠ ᠯᠢᠦ ᠷᠦᠢ᠂ ᠪᠠᠢ ᠴᠣᠭᠵᠢᠯᠲᠤ᠂ ᠶᠢᠦ ᠵᠢᠶᠠᠨ ᠪᠢᠩ ᠣᠷᠣᠯᠴᠠᠪᠠ᠃      ᠭᠤᠤ ᠬᠤᠸᠠᠢ ᠵᠢᠩ ᠱᠤᠸᠠᠩ ᠰᠢᠨ ᠴᠠᠬᠢᠯᠭᠠᠨ ᠬᠦᠴᠦᠨ ᠤ ᠺᠣᠮᠫᠠᠨᠢ ᠶᠢᠨ 2x200MW ᠮᠠᠰᠢᠨ ᠴᠣᠭᠴᠠᠯᠠᠪᠤᠷᠢ ᠶᠢᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠲᠦᠷᠦᠯ ᠵᠦᠢᠯ᠂ ᠬᠤᠩ ᠶᠢᠩ ᠬᠡᠦᠷᠡᠰᠦ ᠬᠢᠮᠢ ᠶᠢᠨ ᠦᠢᠯᠡᠳᠪᠦᠷᠢ ᠶᠢᠨ ᠬᠡᠳᠦ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠦᠵᠡᠪᠡ᠃ ᠲᠡᠷᠡ ᠬᠡᠯᠡᠬᠦ ᠳᠡᠭᠡᠨ᠂ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠣᠯ ᠤᠯᠤᠰ ᠲᠥᠷᠥ ᠶᠢᠨ ᠬᠠᠷᠢᠭᠤᠴᠠᠯᠭ᠎ᠠ ᠮᠥᠨ᠂ ᠪᠠᠰᠠ ᠴᠦ ᠪᠥᠬᠦ ᠬᠤᠰᠢᠭᠤᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠴᠢᠬᠤᠯᠠ ᠭᠠᠷᠳᠠᠴᠠ ᠮᠥᠨ᠃ 2024 ᠣᠨ ᠪᠣᠯ ᠪᠦᠬᠦ ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠢ ᠲᠣᠭᠠᠨ ᠤ ᠬᠤᠪᠢᠷᠠᠯᠲᠠ ᠠᠴᠠ ᠴᠢᠨᠠᠷ ᠤᠨ ᠬᠤᠪᠢᠷᠠᠯᠲᠠ ᠭᠠᠷᠭᠠᠬᠤ ᠵᠢᠯ ᠪᠣᠯᠣᠨ᠎ᠠ᠃ ᠰᠢ ᠶᠢᠨ ᠫᠢᠩ  ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠣᠨ ᠲᠤᠯᠭᠠᠮ᠎ᠠ ᠰᠡᠳᠬᠢᠯᠭᠡ ᠪᠠᠨ ᠴᠢᠨᠠᠭᠰᠢᠳᠠ ᠴᠢᠩᠭᠠᠳᠬᠠᠨ᠂ ᠬᠠᠮᠤᠭ ᠤᠨ ᠴᠢᠩᠭ᠎ᠠ ᠣᠪᠣᠷ ᠪᠣᠯᠣᠨ ᠬᠠᠮᠤᠭ ᠤᠨ ᠬᠦᠴᠦᠲᠡᠢ ᠠᠷᠭ᠎ᠠ ᠬᠡᠮᠵᠢᠶ᠎ᠡ ᠪᠠᠷ ᠡᠯ᠎ᠡ ᠱᠠᠲᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠪᠠᠷ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠡᠷᠡ ᠶᠣᠰᠣᠭᠠᠷ ᠨᠢ ᠰᠠᠶᠢᠲᠤᠷ ᠠᠳᠬᠤᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠪᠠᠲᠤ ᠰᠠᠬᠢᠨ᠂ ᠴᠢᠨᠠᠷ ᠰᠠᠶᠢᠲᠠᠢ ᠬᠥᠭᠵᠢᠯᠲᠡ ᠶᠢᠨ ᠠᠮᠢ ᠠᠬᠤᠢ ᠶᠢᠨ ᠰᠠᠭᠤᠷᠢ ᠶᠢ ᠦᠷᠭᠦᠯᠵᠢᠯᠡᠨ ᠪᠠᠲᠤᠳᠬᠠᠬᠤ ᠬᠡᠷᠡᠭᠲᠡᠢ ᠭᠡᠪᠡ᠃      ᠭᠤᠤ ᠬᠤᠸᠠᠢ ᠵᠢᠩ ᠴᠢ ᠫᠠᠨ ᠵᠢᠩ ᠠᠵᠤ ᠦᠢᠯᠡᠰ ᠤᠨ ᠬᠦᠷᠢᠶᠡᠯᠡᠩ ᠤᠨ 1 ᠲᠦᠮᠡᠨ ᠲᠣᠨ ᠤ ᠠᠮᠢᠳᠤᠷᠠᠯ ᠤᠨ ᠪᠤᠵᠠᠷ ᠤᠰᠤ ᠶᠢ ᠰᠢᠢᠳᠪᠦᠷᠢᠯᠡᠬᠦ ᠵᠢᠴᠢ ᠪᠤᠵᠠᠷ ᠤᠰᠤ ᠶᠢ ᠡᠭᠡᠭᠦᠯᠦᠨ ᠬᠡᠷᠡᠭᠯᠡᠬᠦ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠪᠤᠵᠠᠷ ᠤᠰᠤ ᠶᠢ ᠰᠢᠢᠳᠪᠦᠷᠢᠯᠡᠬᠦ ᠴᠢᠳᠠᠪᠤᠷᠢ ᠵᠢᠴᠢ ᠶᠠᠪᠤᠴᠠ ᠵᠡᠷᠭᠡ ᠪᠠᠶᠢᠳᠠᠯ ᠢ ᠨᠠᠷᠢᠨ ᠣᠶᠢᠯᠠᠭᠠᠨ᠂ ᠤᠰᠤᠨ ᠤ ᠴᠢᠨᠠᠷ ᠢ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠶᠢ ᠦᠵᠡᠪᠡ᠃ ᠲᠡᠷᠡ ᠬᠡᠯᠡᠬᠦ ᠳᠡᠭᠡᠨ᠂ ᠪᠤᠵᠠᠷ ᠤᠰᠤ ᠰᠢᠢᠳᠪᠦᠷᠢᠯᠡᠬᠦ ᠠᠵᠢᠯ ᠨᠢ ᠬᠦᠷᠢᠶᠡᠯᠡᠩ ᠲᠣᠭᠤᠷᠢᠭ ᠤᠨ ᠠᠮᠤᠷ ᠲᠦᠪᠰᠢᠨ ᠲᠣᠭᠲᠠᠭᠤᠨ ᠡᠷᠭᠢᠯᠲᠡ ᠲᠠᠢ ᠬᠤᠯᠪᠣᠭᠳᠠᠬᠤ ᠪᠣᠯᠬᠤᠷ ᠬᠢᠨᠠᠯᠲᠠ ᠬᠠᠮᠢᠶᠠᠷᠤᠯᠲᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠦᠢᠯᠡᠳᠪᠦᠷᠢᠯᠡᠬᠦ ᠶᠠᠪᠤᠴᠠ ᠶᠢ ᠵᠢᠷᠤᠮᠵᠢᠭᠤᠯᠤᠨ᠂ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠵᠢᠷᠤᠮᠵᠢᠯ ᠲᠠᠢ ᠥᠨᠳᠥᠷ ᠪᠦᠲᠦᠮᠵᠢᠲᠡᠢ ᠠᠵᠢᠯᠯᠠᠬᠤ᠂ ᠤᠰᠤᠨ ᠤ ᠴᠢᠨᠠᠷ ᠢ ᠪᠠᠲᠤᠯᠠᠬᠤ᠂ ᠪᠠᠷᠢᠮᠵᠢᠶ᠎ᠠ ᠳᠤ ᠬᠦᠷᠭᠡᠵᠦ ᠭᠠᠳᠠᠭᠰᠢᠯᠠᠭᠤᠯᠬᠤ ᠶᠢ ᠪᠠᠲᠤᠯᠠᠬᠤ ᠬᠡᠷᠡᠭᠲᠡᠢ ᠭᠡᠪᠡ᠃      ᠭᠤᠸ ᠬᠤᠸᠠᠢ ᠵᠢᠩ ᠰᠢᠶᠠᠠ ᠹᠸᠡᠭ ᠴᠠᠬᠢᠭᠤᠷ ᠤᠨ ᠦᠢᠯᠡᠰ᠂ ᠲᠢᠶᠠᠨ ᠢᠦᠢ ᠬᠢᠮᠢ ᠶᠢᠨ ᠠᠵᠤ ᠦᠢᠯᠡᠳᠪᠦᠷᠢ ᠶᠢᠨ ᠪᠣᠬᠢᠷᠲᠤᠭᠰᠠᠨ ᠬᠥᠷᠥᠰᠥ ᠰᠢᠷᠣᠢ ᠶᠢ ᠵᠠᠰᠠᠨ ᠰᠡᠷᠭᠦᠭᠡᠬᠦ ᠲᠥᠷᠥᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠪᠣᠬᠢᠷᠲᠤᠭᠰᠠᠨ ᠰᠢᠷᠣᠢ ᠶᠢ ᠴᠡᠪᠡᠷᠯᠡᠨ ᠮᠠᠯᠲᠠᠭᠰᠠᠨ᠂ ᠵᠠᠰᠠᠭᠰᠠᠨ᠂ ᠡᠭᠡᠭᠦᠯᠦᠨ ᠪᠥᠭᠯᠡᠭᠰᠡᠨ ᠪᠠᠶᠢᠳᠠᠯ ᠢ ᠪᠠᠶᠢᠴᠠᠭᠠᠵᠤ ᠦᠵᠡᠨ᠂ ᠪᠠᠷᠢᠯᠭ᠎ᠠ ᠶᠢᠨ ᠠᠷᠭ᠎ᠠ ᠬᠡᠮᠵᠢᠶ᠎ᠡ ᠵᠢᠴᠢ ᠲᠥᠷᠥᠯ ᠵᠦᠢᠯ ᠢ ᠪᠡᠶᠡᠯᠡᠭᠦᠯᠦᠭᠰᠡᠨ ᠤ ᠳᠠᠷᠠᠭᠠᠬᠢ ᠭᠠᠵᠠᠷ ᠰᠢᠷᠣᠢ ᠶᠢᠨ ᠠᠰᠢᠭᠯᠠᠯᠲᠠ ᠶᠢᠨ ᠲᠥᠯᠦᠪᠵᠢᠭᠦᠯᠭᠡ ᠶᠢ ᠨᠠᠷᠢᠨ ᠠᠰᠠᠭᠤᠪᠠ᠃ ᠭᠤᠤ ᠬᠤᠸᠠᠢ ᠵᠢᠩ ᠬᠡᠯᠡᠬᠦ ᠳᠡᠭᠡᠨ᠂ ᠪᠦᠬᠦ ᠶᠠᠪᠤᠴᠠ ᠳᠤ ᠵᠢᠷᠤᠮᠵᠢᠯ ᠲᠠᠢ ᠪᠠᠷ ᠪᠠᠷᠢᠯᠭ᠎ᠠ ᠪᠠᠷᠢᠬᠤ᠂ ᠣᠨᠣᠪᠴᠢᠲᠠᠢ ᠵᠠᠰᠠᠬᠤ᠂ ᠴᠢᠩᠭ᠎ᠠ ᠬᠢᠨᠠᠨ ᠬᠠᠮᠢᠶᠠᠷᠬᠤ ᠶᠢ ᠪᠠᠷᠢᠮᠲᠠᠯᠠᠵᠤ᠂ ᠶᠠᠰᠤ ᠴᠢᠨᠠᠷ ᠪᠣᠯᠣᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠲᠦᠷᠦᠯ ᠵᠦᠢᠯ ᠤᠨ ᠠᠬᠢᠴᠠ ᠶᠢ ᠲᠦᠷᠭᠡᠳᠬᠡᠨ᠂ ᠬᠥᠷᠥᠰᠥ ᠰᠢᠷᠣᠢ ᠶᠢ ᠵᠠᠰᠠᠨ ᠰᠡᠷᠭᠦᠭᠡᠬᠦ ᠠᠵᠢᠯ ᠢ ᠥᠨᠳᠥᠷ ᠪᠠᠷᠢᠮᠵᠢᠶ᠎ᠠ ᠪᠠᠷ ᠴᠢᠨᠠᠷᠲᠠᠢ ᠪᠡᠶᠡᠯᠡᠭᠦᠯᠵᠦ᠂ ᠵᠠᠰᠠᠨ ᠰᠡᠷᠭᠦᠭᠡᠬᠦ ᠶᠠᠪᠤᠴᠠ ᠳᠤ ᠡᠷᠬᠢᠨ ᠲᠣᠭᠤᠷᠢᠨ ᠤ ᠣᠷᠴᠢᠨ ᠲᠣᠭᠤᠷᠢᠨ ᠢ ᠬᠤᠶᠠᠳᠠᠭᠢ ᠤᠳᠠᠭ᠎ᠠ ᠪᠣᠬᠢᠷᠲᠤᠭᠤᠯᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠪᠡ᠃      ᠭᠤᠤ ᠬᠤᠸᠠᠢ ᠵᠢᠩ ᠬᠤᠤ ᠰᠢᠨ ᠯᠢᠦᠢ ᠺᠧ᠂ ᠯᠢᠶᠠᠨ ᠴᠤᠸᠠᠩ ᠡᠾᠸᠡᠭ ᠺᠦᠨ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠲᠤᠨᠤᠭ ᠲᠥᠬᠦᠭᠡᠷᠦᠮᠵᠢ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠨᠤᠭ ᠲᠥᠬᠦᠭᠡᠷᠦᠮᠵᠢ᠂ ᠦᠢᠯᠡᠳᠪᠦᠷᠢᠯᠡᠬᠦ ᠶᠠᠪᠤᠴᠠ ᠵᠢᠴᠢ ᠬᠠᠲᠠᠭᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠢᠯᠡᠷᠡᠭᠦᠯᠦᠭᠰᠡᠨ ᠠᠰᠠᠭᠤᠳᠠᠯ ᠤᠨ ᠲᠤᠬᠠᠢ ᠴᠡᠭᠴᠡᠯᠡᠨ ᠰᠠᠶᠢᠵᠢᠷᠠᠭᠤᠯᠬᠤ ᠰᠠᠨᠠᠯ ᠢᠶᠠᠨ ᠳᠤᠷᠠᠳᠪᠠ᠃ ᠭᠤᠤ ᠬᠤᠸᠠᠢ ᠵᠢᠩ ᠬᠡᠯᠡᠬᠦ ᠳᠡᠭᠡᠨ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠪᠣᠯ ᠬᠥᠭᠵᠢᠯᠲᠡ ᠶᠢᠨ ᠠᠰᠠᠭᠤᠳᠠᠯ ᠪᠣᠯᠬᠤ ᠪᠠᠷ ᠪᠠᠷᠠᠬᠤ ᠦᠭᠡᠢ ᠪᠠᠰᠠ ᠴᠤ ᠠᠷᠠᠳ ᠤᠨ ᠠᠮᠢᠳᠤᠷᠠᠯ ᠤᠨ ᠠᠰᠠᠭᠤᠳᠠᠯ ᠪᠣᠯᠣᠨ᠎ᠠ᠂ ᠨᠡᠩ ᠴᠤ ᠤᠯᠤᠰ ᠲᠦᠷᠦ ᠶᠢᠨ ᠡᠭᠦᠷᠭᠡ ᠪᠣᠯᠣᠨ᠎ᠠ᠃ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠪᠣᠳᠠᠲᠠᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠨᠦᠭᠦᠳ ᠢ ᠪᠣᠳᠠᠲᠠᠢ ᠬᠡᠷᠡᠭᠵᠢᠭᠦᠯᠦᠨ᠂ ︽ᠥᠴᠥᠬᠡᠨ ᠴᠦ ᠢᠯᠳᠠᠷ ᠬᠠᠶᠠᠬᠤ ᠦᠭᠡᠢ︾ ᠣᠪᠣᠷ ᠢᠶᠠᠷ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠰᠢᠢᠳᠪᠦᠷᠢᠯᠡᠬᠦ ᠶᠠᠪᠤᠴᠠ ᠶᠢ ᠤᠯᠠᠮ ᠵᠢᠷᠤᠮᠵᠢᠭᠤᠯᠵᠤ᠂ ᠬᠤᠣᠷ ᠦᠭᠡᠢ ᠪᠣᠯᠭᠠᠨ ᠰᠢᠢᠳᠪᠦᠷᠢᠯᠡᠬᠦ ᠪᠠ ᠡᠬᠢ ᠪᠠᠶᠠᠯᠢᠭ ᠪᠣᠯᠭᠠᠨ ᠠᠰᠢᠭᠯᠠᠬᠤ ᠲᠦᠪᠰᠢᠨ ᠢ ᠳᠡᠭᠡᠭᠰᠢᠯᠡᠭᠦᠯᠦᠨ᠂ ᠬᠠᠲᠠᠭᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠠᠰᠠᠭᠤᠳᠠᠯ ᠢ ᠨᠢᠭᠡᠳᠦᠯᠲᠡᠢ ᠲᠥᠯᠥᠪᠯᠡᠨ ᠰᠢᠢᠳᠪᠦᠷᠢᠯᠡᠬᠦ ᠬᠡᠷᠡᠭᠲᠡᠢ᠃ ᠠᠵᠤ ᠠᠬᠤᠶᠢᠯᠠᠯ ᠵᠢᠴᠢ ᠡᠷᠬᠢᠨ ᠲᠣᠭᠤᠷᠢᠨ ᠤ ᠠᠮᠢ ᠠᠬᠤᠢ ᠣᠷᠴᠢᠨ ᠲᠣᠭᠤᠷᠢᠨ ᠢ ᠭᠤᠶᠣᠵᠢᠭᠤᠯᠵᠤ᠂ ᠲᠡᠷᠢᠭᠦᠨ ᠤ ᠪᠠᠷᠢᠮᠵᠢᠶ᠎ᠠ ᠪᠠᠷ ᠪᠦᠲᠦᠭᠡᠨ ᠪᠠᠶᠢᠭᠤᠯᠵᠤ ᠠᠵᠢᠯᠯᠠᠭᠤᠯᠤᠨ᠂ ︽ᠴᠡᠴᠡᠷᠯᠢᠭ ᠮᠠᠶ᠋ᠢᠭ ᠤᠨ ᠦᠢᠯᠡᠳᠪᠦᠷᠢ︾ ᠶᠢ ᠴᠢᠷᠮᠠᠶᠢᠨ ᠪᠠᠶᠢᠭᠤᠯᠬᠤ ᠬᠡᠷᠡᠭᠲᠡᠢ ᠭᠡᠪᠡ᠃ 
ᠢᠷᠡᠯᠲᠡ᠄ ᠣᠲᠤᠭ ᠨᠡᠶᠢᠲᠡᠯᠡᠯ