ᠰᠡᠩᠭᠡ᠄ ᠮᠣᠩᠭᠤᠯ ᠦᠨᠳᠦᠰᠦᠲᠡᠨ᠂ ᠡᠷᠡᠭᠲᠡᠢ᠂ ᠬᠢᠲᠠᠳ ᠨᠡᠷ᠎ᠡ ᠨᠢ ᠶᠠᠩ ᠱᠢ ᠮᠢᠠ ᠭᠡᠳᠡᠭ᠃ ᠴᠠᠭᠠᠨᠨᠠᠭᠤᠷ ᠰᠤᠮᠤᠨ ᠤ ᠬᠦᠮᠦᠨ᠂ 1938 ᠣᠨ ᠤ 12 | ᠳ᠋ᠤᠭᠠᠷ ᠰᠠᠷ᠎ᠠ ᠳᠤ ᠲᠥᠷᠥᠵᠡᠢ᠃ 1963 ᠣᠨ ᠳᠤ ᠥᠪᠥᠷ ᠮᠣᠩᠭᠤᠯ ᠤᠨ ᠡᠮᠨᠡᠯᠭᠡ ᠶᠢᠨ ᠳᠡᠭᠡᠳᠦ ᠰᠤᠷᠭᠠᠭᠤᠯᠢ ᠶᠢᠨ ᠬᠢᠲᠠᠳ ᠮᠣᠩᠭᠤᠯ ᠡᠮᠨᠡᠯᠭᠡ ᠶᠢᠨ | ᠰᠠᠯᠪᠤᠷᠢ ᠠᠴᠠ ᠲᠡᠭᠦᠰᠴᠦ᠂ ᠤᠷᠢᠳ ᠬᠤᠵᠢᠳ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠤᠨ ᠲᠢᠩᠬᠢᠮ᠂ ᠥᠪᠥᠷ ᠮᠣᠩᠭᠤᠯ ᠤᠨ ᠣᠷᠣᠨ ᠨᠤᠲᠤᠭ ᠤᠨ | ᠡᠪᠡᠳᠴᠢᠨ ᠢ ᠰᠡᠷᠭᠡᠶᠢᠯᠡᠨ ᠵᠠᠰᠠᠬᠤ ᠭᠠᠵᠠᠷ᠂ ᠥᠪᠥᠷ ᠮᠣᠩᠭᠤᠯ ᠤᠨ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠳᠤ ᠠᠵᠢᠯᠯᠠᠵᠤ ᠥᠩᠭᠡᠷᠡᠵᠡᠢ᠃ ᠥᠪᠥᠷ | ᠮᠣᠩᠭᠤᠯ ᠤᠨ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢᠨ ᠳᠡᠳ᠋ ᠡᠷᠬᠢᠯᠡᠭᠴᠢ ᠡᠮᠴᠢ᠂ ᠳᠤᠮᠳᠠᠳᠤ ᠤᠯᠤᠰ ᠤᠨ ᠬᠢᠲᠠᠳ ᠡᠸᠦ᠋ᠷᠦᠫᠡ ᠡᠮᠴᠢᠯᠡᠭᠡ ᠶᠢ | ᠤᠶᠠᠯᠳᠤᠭᠤᠯᠬᠤ ᠡᠪᠯᠡᠯ ᠤᠨ ᠥᠪᠥᠷ ᠮᠣᠩᠭᠤᠯ ᠤᠨ ᠬᠤᠪᠢᠶᠠᠷᠢ ᠡᠪᠯᠡᠯ ᠤᠨ ᠭᠡᠰᠢᠭᠦᠨ᠂ ᠳᠤᠮᠳᠠᠳᠤ ᠶᠢᠨ ᠡᠮ ᠡᠮᠨᠡᠯᠭᠡ ᠶᠢᠨ ᠰᠤᠳᠤᠯᠭᠠᠨ ᠤ ᠡᠪᠯᠡᠯ ᠤᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠡᠮ ᠡᠮᠨᠡᠯᠭᠡ ᠶᠢᠨ ᠰᠤᠳᠤᠯᠭᠠᠨ ᠤ ᠡᠪᠯᠡᠯ ᠤᠨ ᠬᠡᠷᠡᠭ ᠡᠷᠬᠢᠯᠡᠭᠴᠢ᠂ ᠥᠪᠥᠷ ᠮᠣᠩᠭᠤᠯ ᠤᠨ ᠰᠢᠨᠵᠢᠯᠡᠬᠦ | ᠤᠬᠠᠭᠠᠨ ᠲᠦᠭᠡᠮᠡᠯᠵᠢᠭᠦᠯᠬᠦ ᠨᠡᠶᠢᠭᠡᠮᠯᠢᠭ ᠤᠨ ᠭᠡᠰᠢᠭᠦᠨ᠂ ︽ᠮᠣᠩᠭᠤᠯ ᠡᠮ ᠡᠮᠨᠡᠯᠭᠡ︾ ᠰᠡᠳᠬᠦᠯ ᠤᠨ ᠪᠠᠶᠢᠩᠭᠤ ᠶᠢᠨ ᠨᠠᠶᠢᠷᠠᠭᠤᠯᠤᠭᠴᠢ ᠵᠡᠷᠭᠡ ᠲᠤᠰᠢᠶᠠᠯ ᠢ | ᠬᠠᠷᠢᠭᠤᠴᠠᠵᠤ ᠪᠠᠶᠢᠪᠠ᠃ ᠲᠡᠭᠦᠨ ᠤ ᠪᠢᠴᠢᠭᠰᠡᠨ ︽ᠮᠣᠩᠭᠤᠯ ᠦᠨᠳᠦᠰᠦᠲᠡᠨ ᠤ ᠡᠮ ᠡᠮᠨᠡᠯᠭᠡ ᠶᠢᠨ ᠬᠥᠭᠵᠢᠯ ᠤᠨ ᠲᠤᠶᠢᠮᠤ︾ ᠭᠡᠬᠦ ᠦᠬᠦᠯᠡᠯ ᠨᠢ 1987 | ᠣᠨ ᠳᠤ ᠪᠣᠯᠣᠭᠰᠠᠨ ᠳᠤᠮᠳᠠᠳᠤ ᠶᠢᠨ ᠡᠮ ᠡᠮᠨᠡᠯᠭᠡ ᠶᠢᠨ ᠰᠤᠳᠤᠯᠭᠠᠨ ᠤ ᠡᠪᠯᠡᠯ ᠤᠨ ᠳᠣᠯᠣᠳᠤᠭᠠᠷ ᠬᠤᠭᠤᠴᠠᠭᠠᠨ ᠤ ᠡᠮᠨᠡᠯᠭᠡ ᠶᠢᠨ ᠲᠡᠦᠬᠡ ᠶᠢᠨ ᠰᠤᠳᠤᠯᠬᠤ ᠬᠤᠷᠠᠯ | ᠳᠡᠭᠡᠷ᠎ᠡ ᠡᠷᠳᠡᠮᠲᠡᠳ ᠤᠨ ᠰᠠᠶᠢᠨ ᠦᠨᠡᠯᠡᠯᠲᠡ ᠶᠢ ᠣᠯᠵᠠᠢ᠃ ᠲᠤᠰ ᠦᠬᠦᠯᠡᠯ ᠨᠢ 1989 ᠣᠨ ᠳᠤ ᠮᠣᠩᠭᠤᠯ ᠤᠯᠤᠰ ᠤᠨ ︽ᠮᠣᠩᠭᠤᠯ ᠡᠮ ᠡᠮᠨᠡᠯᠭᠡ︾ | ᠰᠡᠳᠬᠦᠯ ᠳᠡᠭᠡᠷ᠎ᠡ ᠨᠡᠶᠢᠲᠡᠯᠡᠭᠳᠡᠵᠡᠢ᠃ ᠲᠡᠷᠡ ᠪᠠᠰᠠ ︽ᠨᠠᠷᠤ ᠲᠠᠷᠢᠯᠭ᠎ᠠ ᠶᠢᠨ ᠡᠮ︾ ᠢ ᠰᠤᠳᠤᠯᠤᠨ ᠪᠦᠲᠦᠭᠡᠬᠦ ᠳᠤ ᠣᠷᠣᠯᠴᠠᠵᠤ᠂ ᠤᠯᠤᠰ ᠤᠨ ᠶᠠᠮᠤᠨ ᠤ ᠲᠡᠰ ᠤᠨ | ᠬᠤᠶᠠᠳᠤᠭᠠᠷ ᠲᠡᠰ ᠤᠨ ᠱᠠᠩᠨᠠᠯ ᠬᠦᠷᠲᠡᠵᠡᠢ᠃ 1989 ᠣᠨ ᠤ 9 ᠳ᠋ᠦ᠋ᠭᠡᠷ ᠰᠠᠷ᠎ᠠ ᠳᠤ ᠲᠡᠷᠭᠡᠨ ᠤ ᠠᠳᠡᠯ ᠢᠶᠠᠷ ᠵᠠᠪᠰᠢᠶᠠᠨ ᠪᠤᠰᠤ ᠨᠠᠰᠤ ᠪᠠᠷᠠᠵᠠᠢ᠃ | | ︽ᠣᠲᠤᠭ ᠬᠤᠰᠢᠭᠤᠨ ᠤ ᠣᠶᠢᠯᠠᠯᠭ᠎ᠠ︾ ︽ᠣᠲᠤᠭ ᠬᠤᠰᠢᠭᠤᠨ ᠤ ᠣᠶᠢᠯᠠᠯᠭ᠎ᠠ︾ ᠨᠠᠶᠢᠷᠠᠭᠤᠯᠬᠤ ᠺᠣᠮᠢᠰ ᠨᠠᠶᠢᠷᠠᠭᠤᠯᠪᠠ | | |