ᠬᠤᠰᠢᠭᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠵᠢᠴᠢ ᠤᠯᠤᠰ ᠤᠨ ᠴᠢᠬᠤᠯᠠ ᠶᠡᠭᠡ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/20
      3 ᠳ᠋ᠤᠭᠠᠷ ᠰᠠᠷ᠎ᠠ ᠶᠢᠨ 19 ᠤ ᠡᠳᠦᠷ᠂ ᠬᠤᠰᠢᠭᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠵᠢᠴᠢ ᠤᠯᠤᠰ ᠤᠨ ᠴᠢᠬᠤᠯᠠ ᠶᠡᠭᠡ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠵᠤ᠂ ᠬᠤᠰᠢᠭᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ ᠬᠤᠷᠠᠯ ᠳᠤ ᠣᠷᠣᠯᠴᠠᠨ ᠶᠠᠷᠢᠶ᠎ᠠ ᠲᠠᠯᠪᠢᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠤ᠋ ᡁᠢ ᠰᠢᠶᠦ᠋ᠡᠭ᠂ ᠬᠤᠰᠢᠭᠤ ᠤᠯᠤᠰ ᠳᠦᠷᠦ ᠶᠢᠨ ᠵᠥᠪᠯᠡᠯᠭᠡᠨ ᠤ ᠲᠡᠷᠢᠭᠦᠯᠡᠭᠴᠢ ᠰᠠᠷᠠᠨᠲᠤᠶᠠᠭ᠎ᠠ ᠵᠡᠷᠭᠡ ᠬᠤᠰᠢᠭᠤᠨ ᠤ ᠳᠦᠷᠪᠠᠨ ᠶᠡᠭᠡ ᠪᠠᠭ ᠤᠨ ᠤᠳᠤᠷᠢᠳᠤᠯᠭ᠎ᠠ ᠬᠤᠷᠠᠯ ᠳᠤ ᠣᠷᠣᠯᠴᠠᠨ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠢᠶᠧ ᠢᠦᠢ ᠬᠤᠷᠠᠯ ᠡᠷᠬᠢᠯᠡᠪᠡ᠃      ᠬᠤᠷᠠᠯ ᠠᠴᠠ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ  ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠵᠢᠴᠢ ᠤᠯᠤᠰ ᠤᠨ ᠴᠢᠬᠤᠯᠠ ᠶᠡᠭᠡ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ︽ᠤᠲᠤᠭ ᠬᠤᠰᠢᠭᠤᠨ ᠤ ᠮᠠᠯ ᠤᠨ ᠠᠰᠢᠭ ᠰᠢᠮ᠎ᠡ ᠶᠢᠨ ᠪᠣᠷᠤᠯᠠᠭᠤᠯᠭ᠎ᠠ ᠶᠢ ᠠᠬᠢᠭᠤᠯᠬᠤ ᠠᠷᠭ᠎ᠠ ᠬᠡᠮᠵᠢᠶ᠎ᠡ︾᠂ ︽ᠤᠲᠤᠭ ᠬᠤᠰᠢᠭᠤᠨ ᠤ ᠮᠥᠩᠭᠦᠨ ᠭᠦᠢᠯᠭᠡᠭᠡᠨ ᠢᠶᠠᠷ ᠮᠠᠯᠴᠢᠨ ᠲᠠᠷᠢᠶᠠᠴᠢᠨ ᠤ ᠵᠢᠭᠡᠯᠡᠯᠭᠡ ᠶᠢᠨ ᠬᠦᠦ ᠮᠥᠩᠭᠦ ᠶᠢ ᠪᠠᠭᠤᠷᠠᠭᠤᠯᠤᠨ ᠳᠠᠷᠤᠭᠠᠰᠤ ᠶᠢ ᠬᠥᠩᠭᠡᠯᠡᠵᠦ ᠣᠷᠣᠯᠭ᠎ᠠ ᠶᠢ ᠨᠡᠮᠡᠭᠳᠡᠭᠦᠯᠬᠦ ᠠᠵᠢᠯ ᠤᠨ ᠲᠥᠰᠥᠯ︾ ᠢ ᠲᠠᠶᠢᠯᠪᠤᠷᠢᠯᠠᠨ᠂ ᠮᠸᠡᠭ ᠰᠢ ᠪᠠᠯᠭᠠᠰᠤ᠂ ᠠᠷᠪᠠᠰ ᠰᠤᠮᠤᠨ ᠤ ᠬᠠᠷᠢᠭᠤᠴᠠᠯᠭᠠᠲᠠᠨ ᠲᠤᠬᠠᠢ ᠶᠢᠨ ᠲᠠᠯᠠᠪᠠᠢ ᠳᠤ ᠶᠠᠷᠢᠶ᠎ᠠ ᠲᠠᠯᠪᠢᠪᠠ᠃      ᠭᠤᠸ ᠬᠤᠸᠠᠢ ᠵᠢᠩ ᠬᠡᠯᠡᠭᠰᠡᠨ ᠨᠢ᠂ ︽ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠨ︾ ᠤ ᠠᠵᠢᠯ ᠢ ᠰᠠᠶᠢᠲᠤᠷ ᠬᠢᠬᠦ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠬᠢᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠶᠡᠭᠡ ᠡᠭᠦᠷᠭᠡ ᠮᠥᠨ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠠᠭᠤᠷᠢ ᠲᠤᠯᠭᠠᠭᠤᠷᠢ ᠮᠥᠨ᠂ ᠰᠠᠶᠢᠨ ᠰᠠᠶᠢᠬᠠᠨ ᠠᠮᠢᠳᠤᠷᠠᠯ ᠢ ᠪᠡᠶᠡᠯᠡᠭᠦᠯᠬᠦ ᠠᠷᠠᠳ ᠤᠨ ᠰᠡᠳᠬᠢᠯ ᠤᠨ ᠬᠠᠨᠳᠤᠰᠢ ᠮᠥᠨ᠃ ︽ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠨ︾ ᠤ ᠠᠵᠢᠯ ᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠨ᠂ ᠤᠯᠤᠰ ᠲᠥᠷᠥ ᠶᠢᠨ ᠥᠨᠳᠥᠷᠴᠡ ᠠᠴᠠ ︽ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠨ︾ ᠤ ᠠᠵᠢᠯ ᠢ ᠡᠵᠡᠮᠳᠡᠵᠦ᠂ ᠡᠯ᠎ᠡ ᠵᠦᠢᠯ ᠤᠨ ᠬᠠᠷᠠᠯᠲᠠ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠭᠠᠷᠳᠠᠬᠤ ᠴᠡᠭ ᠪᠠ ᠬᠦᠴᠦᠯᠡᠬᠦ ᠴᠡᠭ ᠢ ᠣᠨᠣᠪᠴᠢᠲᠠᠶ ᠣᠯᠵᠤ᠂ ᠬᠦᠴᠦᠨ ᠢᠶᠠᠨ ᠲᠥᠪᠯᠡᠷᠡᠭᠦᠯᠦᠨ ᠮᠠᠯᠴᠢᠨ ᠲᠠᠷᠢᠶᠠᠴᠢᠨ ᠳᠤ ᠮᠡᠳᠡᠷᠡᠭᠳᠡᠬᠦ ᠰᠠᠶᠢᠨ ᠶᠠᠪᠤᠳᠠᠯ ᠪᠣᠳᠠᠲᠤ ᠶᠠᠪᠤᠳᠠᠯ ᠤᠳ ᠢ ᠰᠠᠶᠢᠲᠤᠷ ᠬᠢᠬᠦ ᠬᠡᠷᠡᠭᠲᠡᠢ᠃ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠥᠨᠳᠥᠷᠴᠡ ᠠᠴᠠ ︽ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠨ︾ ᠤ ᠠᠰᠠᠭᠤᠳᠠᠯ ᠢ ᠬᠠᠪᠰᠤᠷᠤᠨ ᠰᠢᠢᠳᠪᠦᠷᠢᠯᠡᠵᠦ᠂ ᠮᠠᠯ ᠲᠠᠷᠢᠶᠠᠯᠠᠩ ᠠᠵᠤ ᠠᠬᠤᠢ ᠶᠢᠨ ᠦᠨᠳᠦᠰᠦᠨ ᠪᠠᠶᠢᠳᠠᠯ ᠢ ᠪᠥᠬᠦ ᠬᠦᠴᠦᠨ ᠢᠶᠠᠷ ᠢᠶᠠᠨ ᠲᠣᠭᠲᠠᠪᠤᠷᠢᠵᠢᠭᠤᠯᠤᠨ᠂ ᠪᠥᠬᠦ ᠬᠤᠰᠢᠭᠤᠨ ᠤ ︽ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠨ︾ ᠤ ᠠᠵᠢᠯ ᠤᠨ ᠰᠠᠶᠢᠨ ᠪᠠᠶᠢᠳᠠᠯ ᠢ ᠪᠠᠬᠢᠵᠢᠭᠦᠯᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ ᠳᠤᠲᠠᠭᠤᠳᠠᠯ ᠢ ᠲᠦᠷᠭᠡᠨ ᠨᠥᠬᠦᠪᠦᠷᠢᠯᠡᠨ᠂ ᠥᠷᠭᠡᠨ ᠤᠯᠠᠨ ᠮᠠᠯᠴᠢᠨ ᠲᠠᠷᠢᠶᠠᠴᠢᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠲᠠᠰᠤᠷᠠᠯᠳᠠ ᠦᠭᠡᠢ ᠬᠠᠩᠭᠠᠵᠤ᠂ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠬᠠᠷᠢᠭᠤᠴᠠᠯᠭᠠᠲᠤ ᠰᠡᠳᠬᠢᠯᠭᠡ ᠪᠣᠯᠣᠨ ᠲᠤᠯᠭᠠᠮ᠎ᠠ ᠰᠡᠳᠬᠢᠯᠭᠡ ᠶᠢ ᠦᠨᠡᠨᠬᠦ ᠴᠢᠩᠭᠠᠳᠬᠠᠬᠤ ᠬᠡᠷᠡᠭᠲᠡᠢ ᠭᠡᠪᠡ᠃      ᠭᠤᠤ ᠬᠤᠸᠠᠢ ᠵᠢᠩ ᠬᠡᠯᠡᠬᠦ ᠳᠡᠭᠡᠨ᠂ ᠭᠤᠣᠯ ᠠᠵᠢᠯ ᠢ ᠴᠢᠩᠭ᠎ᠠ ᠠᠳᠬᠤᠵᠤ᠂ ᠪᠠᠭᠠᠰᠬᠠᠬᠤ᠂ ᠪᠠᠭᠤᠷᠠᠭᠤᠯᠬᠤ᠂ ᠨᠡᠮᠡᠭᠳᠡᠭᠦᠯᠬᠦ᠂ ᠨᠥᠬᠦᠪᠦᠷᠢᠯᠡᠬᠦ ᠵᠡᠷᠭᠡ ᠲᠦᠷᠪᠡᠨ ᠲᠠᠯ᠎ᠠ ᠪᠠᠷ ᠣᠨᠣᠪᠴᠢᠲᠠᠢ ᠬᠦᠴᠦᠯᠡᠨ᠂ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠬᠥᠳᠡᠭᠡ ᠲᠣᠰᠬᠤᠨ ᠤ ᠪᠦᠬᠦ ᠲᠠᠯ᠎ᠠ ᠶᠢᠨ ᠬᠥᠭᠵᠢᠯ ᠮᠠᠨᠳᠤᠯ ᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ ︽ᠪᠠᠭᠠᠰᠬᠠᠬᠤ︾ ᠳᠡᠭᠡᠷ᠎ᠡ ᠬᠦᠴᠦ ᠲᠠᠯᠪᠢᠵᠤ᠂ ᠵᠢᠭᠡᠯᠡᠯᠭᠡ ᠶᠢᠨ ᠬᠦᠦ ᠮᠥᠩᠭᠦ ᠶᠢ ᠪᠥᠬᠦ ᠬᠦᠴᠦᠨ ᠢᠶᠠᠷ ᠢᠶᠠᠨ ᠪᠠᠭᠤᠷᠠᠭᠤᠯᠤᠨ᠂ ᠲᠥᠷᠥ ᠶᠢᠨ ᠪᠣᠳᠣᠯᠭ᠎ᠠ ᠪᠠᠷ ᠪᠣᠷᠤᠯᠠᠭᠤᠯᠭ᠎ᠠ ᠶᠢᠨ ᠳᠠᠷᠤᠭᠠᠰᠤ ᠶᠢ ᠬᠥᠩᠭᠡᠯᠡᠵᠦ᠂ ᠴᠢᠬᠤᠯᠠ ᠪᠤᠰᠤ ᠵᠠᠷᠤᠯᠭ᠎ᠠ ᠶᠢ ᠪᠠᠭᠠᠰᠬᠠᠨ᠂ ᠣᠷᠣᠯᠭ᠎ᠠ ᠪᠠᠨ ᠨᠡᠮᠡᠭᠳᠡᠭᠦᠯᠵᠦ ᠴᠢᠨᠡᠭᠡᠯᠢᠭᠵᠢᠬᠦᠯᠬᠦ ᠪᠠᠷ ᠴᠢᠷᠮᠠᠶᠢᠨ᠎ᠠ᠃ ︽ᠪᠠᠭᠤᠷᠠᠭᠤᠯᠬᠤ︾ ᠳᠡᠭᠡᠷ᠎ᠡ ᠬᠦᠴᠦ ᠲᠠᠯᠪᠢᠵᠤ᠂ ᠵᠣᠬᠢᠬᠤ ᠬᠡᠪᠴᠢᠶᠡᠵᠢᠯ ᠡᠵᠡᠩᠨᠡᠯᠲᠡ ᠪᠠᠷ ᠳᠡᠮᠵᠢᠨ ᠳᠤᠮᠳᠠᠴᠢ ᠥᠪᠡᠷ ᠤᠨ ᠥᠷᠲᠡᠭ ᠢ ᠪᠠᠭᠤᠷᠠᠭᠤᠯᠤᠨ᠂ ᠰᠠᠭᠤᠷᠢ ᠳᠡᠭᠡᠭᠰᠢᠯᠡᠯᠲᠡ ᠪᠠᠷ ᠬᠠᠷᠢᠴᠠᠩᠭᠤᠢ ᠥᠪᠡᠷ ᠤᠨ ᠥᠷᠲᠡᠭ ᠢ ᠪᠠᠭᠤᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠣᠯᠠᠨ ᠡᠰᠢᠲᠦ ᠥᠪᠡᠷ ᠤᠨ ᠥᠷᠲᠡᠭ ᠢ ᠪᠠᠭᠤᠷᠠᠭᠤᠯᠤᠨ᠂ ᠦᠢᠯᠡᠴᠢᠯᠡᠭᠡᠨ ᠤ ᠪᠠᠲᠤᠯᠠᠭ᠎ᠠ ᠪᠠᠷ ᠲᠦᠭᠰᠢᠭᠦᠷᠢ ᠶᠢᠨ ᠥᠪᠡᠷ ᠤᠨ ᠥᠷᠲᠡᠭ ᠢ ᠪᠠᠭᠤᠷᠠᠭᠤᠯᠵᠤ᠂  ᠣᠨᠣᠪᠴᠢᠲᠠᠢ ᠪᠠᠷ ᠲᠣᠰᠣᠯᠠᠭᠤᠯᠵᠤ ᠤᠰᠤᠯᠠᠨ᠂ ᠣᠷᠣᠯᠭ᠎ᠠ ᠪᠠᠨ ᠨᠡᠮᠡᠭᠳᠡᠭᠦᠯᠦᠨ ᠴᠢᠨᠡᠭᠡᠯᠢᠭᠵᠢᠬᠦ ᠢᠲᠡᠭᠡᠯ ᠵᠣᠷᠢᠭ ᠢ ᠬᠥᠪᠴᠢᠯᠡᠬᠦ ᠬᠡᠷᠡᠭᠲᠡᠢ᠃ ︽ᠨᠡᠮᠡᠭᠳᠡᠭᠦᠯᠬᠦ︾ ᠳᠡᠭᠡᠷ᠎ᠡ ᠬᠦᠴᠦ ᠲᠠᠯᠪᠢᠵᠤ᠂ ᠬᠡᠪᠴᠢᠶ᠎ᠡ ᠶᠢ  ᠥᠷᠭᠡᠳᠬᠡᠬᠦ ᠳᠡᠭᠡᠷ᠎ᠡ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠵᠦ᠂ ᠬᠡᠯᠬᠢᠶ᠎ᠡ ᠶᠢ ᠤᠷᠲᠤᠳᠬᠠᠬᠤ ᠳᠡᠭᠡᠷ᠎ᠡ ᠦᠷ᠎ᠡ ᠠᠰᠢᠭ ᠣᠯᠣᠨ᠂ ᠨᠠᠷᠠᠲᠤ ᠲᠡᠮᠳᠡᠭ ᠢ ᠨᠡᠮᠡᠭᠳᠡᠭᠦᠯᠬᠦ ᠳᠡᠭᠡᠷ᠎ᠡ ᠳᠠᠯᠳᠠ ᠬᠦᠴᠦᠨ ᠢ ᠠᠭᠤᠳᠠᠯᠵᠤ᠂ ᠬᠠᠭᠤᠴᠢᠨ ᠢ ᠥᠭᠡᠷᠡᠴᠢᠯᠡᠨ ᠰᠢᠨ᠎ᠡ ᠶᠢ ᠪᠠᠶᠢᠭᠤᠯᠵᠤ᠂ ᠣᠷᠣᠯᠭ᠎ᠠ ᠪᠠᠨ ᠨᠡᠮᠡᠭᠳᠡᠭᠦᠯᠦᠨ ᠴᠢᠨᠡᠭᠡᠯᠢᠭᠵᠢᠬᠦ ᠠᠷᠭ᠎ᠠ ᠵᠠᠮ ᠢ ᠥᠷᠭᠡᠳᠬᠡᠬᠦ ᠬᠡᠷᠡᠭᠲᠡᠢ᠃ ︽ᠨᠥᠬᠦᠪᠦᠷᠢᠯᠡᠬᠦ︾ ᠳᠡᠭᠡᠷ᠎ᠡ ᠬᠦᠴᠦ ᠲᠠᠯᠪᠢᠵᠤ᠂ ᠠᠮᠢ ᠠᠬᠤᠢ ᠶᠢᠨ ᠳᠤᠲᠠᠭᠤᠳᠠᠯ᠂ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ᠂ ᠣᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ ᠨᠥᠬᠦᠪᠦᠷᠢᠯᠡᠨ᠂ ᠤᠷᠲᠤ ᠬᠤᠭᠤᠴᠠᠭ᠎ᠠ ᠪᠠᠷ ᠴᠢᠷᠮᠠᠶᠢᠨ ᠠᠵᠢᠯᠯᠠᠵᠤ᠂ ᠣᠷᠣᠯᠭ᠎ᠠ ᠪᠠᠨ ᠨᠡᠮᠡᠭᠳᠡᠭᠦᠯᠦᠨ ᠴᠢᠨᠡᠭᠡᠯᠢᠭᠵᠢᠬᠦᠯᠬᠦ ᠰᠠᠭᠤᠷᠢ ᠶᠢ ᠪᠠᠲᠤᠳᠬᠠᠬᠤ ᠬᠡᠷᠡᠭᠲᠡᠢ ᠭᠡᠪᠡ᠃      ᠭᠤᠸ ᠬᠤᠸᠠᠢ ᠵᠢᠩ ᠬᠡᠯᠡᠬᠦ ᠳᠡᠭᠡᠨ᠂ ︽ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠨ︾ ᠤ ᠠᠵᠢᠯ ᠳᠠᠬᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠨ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠴᠢᠳᠠᠮᠵᠢ ᠶᠢ ᠴᠢᠩᠭᠠᠷᠠᠭᠤᠯᠬᠤ ᠶᠢ ᠬᠥᠲᠥᠯᠥᠨ ᠵᠢᠯᠤᠭᠤᠳᠴᠤ ᠠᠬᠢᠭᠤᠯᠬᠤ ᠬᠡᠷᠡᠭᠲᠡᠢ︔ ᠠᠵᠤ ᠦᠢᠯᠡᠰ ᠤᠨ ᠵᠠᠭᠪᠤᠷ ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠢ ᠶᠢᠨ ᠬᠥᠭᠵᠢᠯᠲᠡ ᠶᠢ ᠬᠥᠲᠥᠯᠥᠨ ᠳᠠᠭᠠᠭᠤᠯᠵᠤ ᠠᠬᠢᠭᠤᠯᠬᠤ ᠬᠡᠷᠡᠭᠲᠡᠢ︔ ᠴᠢᠳᠠᠪᠤᠷᠢᠲᠠᠨ ᠢ ᠴᠤᠭᠯᠠᠭᠤᠯᠤᠨ ᠤᠶᠤᠨ ᠤᠬᠠᠭᠠᠨ ᠢ ᠬᠤᠷᠠᠮᠳᠤᠭᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠴᠢᠳᠠᠪᠤᠷᠢᠲᠠᠨ ᠢᠶᠠᠷ ᠲᠠᠷᠢᠶᠠᠯᠠᠩ ᠢ ᠬᠦᠴᠦᠷᠬᠡᠭᠵᠢᠭᠦᠯᠬᠦ ᠶᠢ ᠬᠥᠲᠥᠯᠥᠨ ᠳᠠᠭᠠᠭᠤᠯᠬᠤ ᠬᠡᠷᠡᠭᠲᠡᠢ︔ ᠵᠠᠰᠠᠯᠲᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠴᠢᠳᠠᠮᠠᠭᠠᠢ ᠵᠠᠰᠠᠬᠤ ᠶᠢ ᠬᠥᠲᠥᠯᠥᠨ ᠳᠠᠭᠠᠭᠤᠯᠬᠤ ᠬᠡᠷᠡᠭᠲᠡᠢ︔ ᠠᠵᠢᠯ ᠤᠨ ᠴᠢᠳᠠᠪᠤᠷᠢ ᠪᠠᠨ ᠦᠷᠭᠦᠯᠵᠢᠯᠡᠨ ᠴᠢᠩᠭᠠᠳᠬᠠᠵᠤ᠂ ᠰᠤᠷᠲᠠᠯ ᠤᠨ ᠬᠤᠪᠢᠷᠠᠭᠤᠯᠤᠯᠲᠠ ᠶᠢ ᠬᠥᠲᠥᠯᠥᠨ ᠵᠢᠯᠤᠭᠤᠳᠴᠤ ᠠᠬᠢᠭᠤᠯᠤᠨ᠂ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃      ᠰᠤ᠋ ᡁᠢ ᠰᠢᠶᠦ᠋ᠡᠭ ᠬᠡᠯᠡᠬᠦ ᠳᠡᠭᠡᠨ᠂ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠡᠭᠦᠷᠭᠡ ᠬᠦᠨᠳᠦ᠂ ᠬᠠᠷᠢᠭᠤᠴᠠᠯᠭ᠎ᠠ ᠴᠢᠩᠭ᠎ᠠ ᠪᠠᠶᠢᠨ᠎ᠠ᠃ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠶᠡᠭᠡ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠬᠤ ᠪᠠ ᠪᠥᠬᠦ ᠬᠤᠲᠠ ᠶᠢᠨ ᠳᠡᠯᠡᠬᠡᠢ ᠶᠢᠨ ᠲᠠᠰ ᠤᠨ ᠨᠤᠤᠯᠤᠭᠤᠷ ᠤᠨ ᠠᠵᠤ ᠦᠢᠯᠡᠰ ᠢ ᠪᠠᠶᠢᠭᠤᠯᠬᠤ᠂ ︽ᠨᠢᠭᠡᠳᠦᠭᠡᠷ ᠠᠵᠦ ᠦᠢᠯᠡᠰ ᠢ ᠳᠠᠬᠢᠨ ᠱᠤᠭᠤᠬᠤ︾ ᠴᠢᠬᠤᠯᠠ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠳᠬᠤᠨ᠂ ᠬᠤᠰᠢᠭᠤ ᠨᠠᠮ ᠤᠨ ᠬᠤᠷᠢᠶ᠎ᠠ ᠶᠢᠨ ︽ᠠᠵᠤ ᠦᠢᠯᠡᠳᠪᠦᠷᠢ ᠪᠠᠷ ᠲᠠᠷᠢᠶᠠᠯᠠᠩ ᠮᠠᠯ ᠠᠵᠦ ᠠᠬᠤᠢ ᠶᠢ ᠨᠥᠬᠦᠪᠦᠷᠢᠯᠡᠬᠦ︾ ᠠᠵᠢᠯ ᠤᠨ ᠠᠷᠭ᠎ᠠ ᠵᠠᠮ ᠤᠨ ᠲᠣᠭᠤᠷᠢᠨ ᠳᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠪᠠ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠷᠭᠡᠳᠬᠡᠨ ᠪᠡᠶᠡᠯᠡᠭᠦᠯᠬᠦ ᠬᠡᠷᠡᠭᠲᠡᠢ᠃ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠪᠠᠶᠢᠯᠳᠤᠬᠤ ᠪᠣᠳᠣᠯᠭ᠎ᠠ ᠶᠢᠨ ᠰᠡᠳᠬᠢᠬᠦᠢ ᠪᠠᠨ ᠴᠢᠩᠭᠠᠳᠬᠠᠨ᠂ ᠳᠠᠷᠢᠵᠤ ᠲᠡᠵᠢᠭᠡᠨ ᠦᠷᠡᠵᠢᠭᠦᠯᠬᠦ ᠶᠢ ᠨᠢᠭᠡ ᠴᠣᠭᠴᠠᠵᠢᠭᠤᠯᠤᠨ ᠪᠣᠶᠢᠵᠢᠭᠤᠯᠬᠤ᠂ ᠪᠣᠯᠪᠠᠰᠤᠷᠠᠭᠤᠯᠬᠤ ᠨᠠᠷᠠᠲᠤ ᠲᠡᠮᠳᠡᠭ ᠢ ᠪᠣᠷᠣᠯᠠᠭᠤᠯᠬᠤ ᠶᠢ ᠨᠢᠭᠡ ᠴᠣᠭᠴᠠᠵᠢᠭᠤᠯᠤᠨ ᠪᠠᠶᠢᠭᠤᠯᠬᠤ᠂ ᠠᠵᠤ ᠠᠬᠤᠶᠢᠯᠠᠯ ᠲᠠᠷᠢᠶᠠᠴᠢᠨ ᠮᠠᠯᠴᠢᠨ ᠡᠷᠦᠬᠡ ᠪᠠ ᠵᠠᠰᠠᠭ ᠤᠨ ᠣᠷᠳᠣᠨ ᠬᠠᠮᠲᠤᠪᠠᠷ ᠬᠦᠴᠦᠯᠡᠬᠦ᠂ ᠲᠥᠷᠥ ᠶᠢᠨ ᠪᠣᠳᠣᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠯᠡ ᠮᠥᠩᠭᠦ ᠶᠢ ᠨᠢᠭᠡ ᠴᠣᠭᠴᠠᠵᠢᠭᠤᠯᠤᠨ ᠲᠤᠯᠭᠠᠭᠤᠷᠢᠯᠠᠬᠤ ᠶᠢ ᠪᠠᠷᠢᠮᠲᠠᠯᠠᠵᠤ᠂ ︽ᠲᠠᠷᠢᠶᠠᠯᠠᠩ ᠮᠠᠯ ᠠᠵᠤ ᠠᠬᠤᠢ ᠶᠢᠨ ᠬᠦᠴᠦᠷᠬᠡᠭ︾ ᠢ ᠰᠢᠨ᠎ᠡ ᠴᠠᠭ ᠦᠶ᠎ᠡ ᠶᠢᠨ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ ᠪᠠᠲᠤ ᠪᠠᠬᠢ ᠰᠠᠭᠤᠷᠢ ᠪᠣᠯᠭᠠᠬᠤ ᠬᠡᠷᠡᠭᠲᠡᠢ᠃ ᠠᠵᠢᠯ ᠤᠨ ᠬᠠᠮᠲᠤᠷᠠᠯ ᠬᠦᠴᠦᠨ ᠢ ᠨᠢᠭᠲᠠᠷᠠᠭᠤᠯᠵᠤ᠂ ᠰᠢᠰᠲ᠋ᠧᠮᠲᠦ ᠰᠡᠳᠬᠢᠬᠦᠢ ᠪᠠᠨ ᠴᠢᠩᠭᠠᠳᠬᠠᠨ᠂ ᠬᠤᠳᠠ ᠬᠥᠳᠡᠭᠡ ᠶᠢᠨ ᠬᠥᠭᠵᠢᠯᠲᠡ ᠶᠢ ᠨᠢᠮᠪᠠᠢ ᠲᠥᠯᠥᠪᠵᠢᠭᠦᠯᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠨᠠᠷᠢᠯᠢᠭ ᠪᠠᠶᠢᠭᠤᠯᠤᠨ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠨᠠᠷᠢᠯᠢᠭ ᠬᠠᠮᠢᠶᠠᠷᠴᠤ᠂ ᠠᠮᠢ ᠠᠬᠤᠢ ᠶᠢᠨ ᠣᠷᠴᠢᠨ ᠲᠣᠭᠤᠷᠢᠨ ᠢ ᠣᠨᠣᠪᠴᠢᠲᠠᠢ ᠬᠠᠮᠠᠭᠠᠯᠠᠨ᠂ ︽ᠮᠠᠯᠵᠢᠬᠤ ᠲᠠᠷᠢᠶᠠᠯᠠᠬᠤ ᠣᠷᠣᠨ ᠤ ᠦᠵᠡᠰᠬᠦᠯᠡᠩᠲᠦ ᠰᠠᠶᠢᠬᠠᠨ︾ ᠢ ᠰᠢᠨ᠎ᠡ ᠴᠠᠭ ᠦᠶ᠎ᠡ ᠶᠢᠨ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ ᠢᠯᠡ ᠲᠣᠳᠣ ᠢᠯᠡᠳᠬᠡᠮᠵᠢ ᠲᠡᠮᠳᠡᠭ ᠪᠣᠯᠭᠠᠬᠤ ᠬᠡᠷᠡᠭᠲᠡᠢ᠃ ᠬᠠᠮᠲᠤᠪᠠᠷ ᠴᠢᠨᠡᠭᠡᠯᠢᠭᠵᠢᠬᠦ ᠤᠳᠤᠷᠢᠳᠤᠮᠵᠢ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠷᠢᠭ᠎ᠠ ᠱᠤᠭᠤᠮ ᠤᠨ ᠰᠡᠳᠬᠢᠬᠦᠢ ᠶᠢ ᠴᠢᠩᠭᠠᠳᠬᠠᠨ᠂ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠦᠭᠡᠢ ᠬᠤᠷᠢᠭ᠎ᠠ ᠱᠤᠭᠤᠮ ᠢ ᠪᠠᠲᠤ ᠰᠠᠬᠢᠵᠦ᠂ ᠠᠷᠭ᠎ᠠ ᠪᠦᠬᠦᠨ ᠢ ᠰᠦᠪᠡᠭᠴᠢᠯᠡᠨ ᠮᠠᠯᠴᠢᠨ ᠲᠠᠷᠢᠶᠠᠴᠢᠨ ᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠴᠥᠬᠦᠷᠡᠰᠢ ᠦᠭᠡᠢ ᠨᠡᠮᠡᠭᠳᠡᠭᠦᠯᠦᠨ᠂ ︽ᠮᠠᠯᠴᠢᠨ ᠲᠠᠷᠢᠶᠠᠴᠢᠨ ᠢ ᠴᠢᠨᠡᠭᠡᠯᠢᠭᠵᠢᠬᠦᠯᠬᠦ︾ ᠶᠢ ᠰᠢᠨ᠎ᠡ ᠴᠠᠭ ᠦᠶ᠎ᠡ ᠶᠢᠨ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ ᠬᠠᠮᠤᠭ ᠤᠨ ᠭᠡᠷᠡᠯ ᠰᠠᠴᠤᠷᠠᠩᠭᠤᠢ ᠰᠠᠭᠤᠷᠢ ᠥᠩᠭᠡ ᠪᠣᠯᠭᠠᠬᠤ ᠬᠡᠷᠡᠭᠲᠡᠢ ᠭᠡᠪᠡ᠃      ᠬᠤᠷᠠᠯ ᠢ ᠬᠠᠷᠠᠭᠠᠨ ᠳᠠᠪᠲᠠᠮᠵᠢ ᠶᠢᠨ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠰᠤᠮᠤ ᠪᠠᠯᠭᠠᠰᠤᠨ ᠳᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃ ᠡᠯ᠎ᠡ ᠰᠤᠮᠤ ᠪᠠᠯᠭᠠᠰᠤᠨ ᠤ ᠨᠠᠮ ᠵᠠᠰᠠᠭ ᠤᠨ ᠭᠤᠣᠯ ᠤᠳᠤᠷᠢᠳᠤᠯᠭ᠎ᠠ᠂ ᠬᠤᠰᠢᠭᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠢᠭᠡᠴᠢ ᠪᠣᠯᠣᠨ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ ᠶᠢᠨ ᠭᠤᠣᠯ ᠬᠠᠷᠢᠭᠤᠴᠠᠯᠭᠠᠲᠠᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ᠂ ᠡᠯ᠎ᠡ ᠬᠠᠮᠢᠶ᠎ᠠ ᠪᠦᠬᠦᠢ ᠮᠥᠩᠭᠦᠨ ᠭᠦᠢᠯᠭᠡᠭᠡᠨ ᠤ ᠰᠢᠰᠲ᠋ᠧᠮ ᠤᠨ ᠭᠤᠣᠯ ᠬᠠᠷᠢᠭᠤᠴᠠᠯᠭᠠᠲᠠᠨ ᠵᠢᠴᠢ ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠣᠶ ᠰᠢᠭᠤᠢ ᠪᠠ ᠡᠪᠡᠰᠦ ᠪᠡᠯᠴᠢᠭᠡᠷ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠪ ᠤᠨ ᠤᠳᠤᠷᠢᠳᠬᠤ ᠪᠠᠭ ᠤᠨ ᠪᠦᠷᠢᠯᠳᠦᠭᠦᠨ ᠵᠢᠴᠢ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠤᠨ ᠬᠠᠷᠢᠭᠤᠴᠠᠯᠭᠠᠲᠠᠨ᠂ ︽ᠲᠦᠮᠡᠨ ᠠᠵᠤ ᠠᠬᠤᠶᠢᠯᠠᠯ ᠢᠶᠠᠷ ᠲᠦᠮᠡᠨ ᠭᠠᠴᠠᠭ᠎ᠠ ᠲᠣᠰᠬᠤᠨ ᠢ ᠮᠠᠨᠳᠤᠭᠤᠯᠬᠤ︾ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠠᠵᠢᠯᠯᠠᠭ᠎ᠠ ᠪᠠᠷ ᠠᠵᠤ ᠠᠬᠤᠶᠢᠯᠠᠯ ᠤᠨ ᠲᠥᠯᠥᠭᠡᠯᠡᠭᠴᠢ ᠶᠢ ᠬᠠᠪᠰᠤᠷᠤᠨ ᠲᠡᠳᠬᠦᠵᠦ᠂ ︽ᠬᠤᠶᠠᠳᠤᠭᠠᠷ ᠠᠵᠤ ᠦᠢᠯᠡᠰ ᠢᠶᠠᠷ ᠨᠢᠭᠡᠳᠦᠭᠡᠷ ᠠᠵᠤ ᠦᠢᠯᠡᠰ ᠢ ᠳᠠᠶᠢᠴᠢᠯᠠᠬᠤ᠂ ᠠᠵᠤ ᠦᠢᠯᠡᠳᠪᠦᠷᠢ ᠪᠠᠷ ᠲᠠᠷᠢᠶᠠᠯᠠᠩ ᠢ ᠲᠡᠳᠬᠦᠬᠦ︾ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠠᠵᠤ ᠠᠬᠤᠶᠢᠯᠠᠯ ᠤᠨ ᠲᠥᠯᠥᠭᠡᠯᠡᠭᠴᠢ᠂ ᠲᠠᠷᠢᠶᠠᠯᠠᠩ ᠮᠠᠯ ᠠᠵᠦ ᠠᠬᠤᠢ ᠶᠢᠨ ᠳᠠᠭᠠᠭᠤᠯᠤᠭᠴᠢ ᠠᠵᠤ ᠠᠬᠤᠶᠢᠯᠠᠯ ᠤᠨ ᠲᠥᠯᠥᠭᠡᠯᠡᠭᠴᠢ᠂ ᠬᠤᠷᠰᠢᠶ᠎ᠠ ᠶᠢᠨ ᠲᠥᠯᠥᠭᠡᠯᠡᠭᠴᠢ ᠬᠤᠷᠠᠯ ᠳᠤ ᠣᠷᠣᠯᠴᠠᠪᠠ᠃ 
ᠢᠷᠡᠯᠲᠡ᠄ ᠣᠲᠤᠭ ᠨᠡᠶᠢᠲᠡᠯᠡᠯ