ᠣᠯᠠᠨ ᠢᠶᠠᠷ ᠢᠶᠠᠨ ᠵᠢᠮᠢᠰ ᠨᠣᠭᠤᠭ᠎ᠠ ᠤᠬᠢᠶᠠᠬᠤ ᠮᠠᠰᠢᠨ ᠠᠪᠴᠤ ᠪᠠᠶᠢᠭ᠎ᠠ ᠨᠢ ᠲᠠᠷᠢᠶᠠᠨ ᠡᠮ ᠤᠨ ᠦᠯᠡᠳᠡᠭᠳᠡᠯ ᠢ ᠰᠡᠷᠭᠡᠶᠢᠯᠡᠵᠦ ᠪᠠᠶᠢᠭ᠎ᠠ ᠶᠠᠪᠤᠳᠠᠯ ᠶᠤᠮ᠃ | ᠭᠡᠪᠡᠴᠦ ᠡᠳᠦᠷ ᠲᠤᠲᠤᠮ ᠤᠨ ᠠᠮᠢᠳᠤᠷᠠᠯ ᠳᠤᠮᠳᠠ᠂ ᠪᠢᠳᠡᠨ ᠤ ᠵᠢᠩᠬᠢᠨᠢ ᠳᠡᠯᠭᠡᠭᠦᠷ ᠠᠴᠠ ᠬᠤᠳᠠᠯᠳᠤᠨ ᠠᠪᠤᠭᠰᠠᠨ ᠣᠯᠠᠩᠬᠢ ᠢᠳᠡᠰᠢᠨ ᠨᠣᠭᠤᠭ᠎ᠠ ᠶᠢᠨ ᠲᠠᠷᠢᠶᠠᠨ | ᠡᠮ ᠤᠨ ᠦᠯᠡᠳᠡᠭᠳᠡᠯ ᠨᠢ ᠪᠦᠷ ᠲᠣᠭᠲᠠᠭᠰᠠᠨ ᠬᠡᠪᠴᠢᠶᠡᠨ ᠳᠤ ᠪᠠᠶᠢᠳᠠᠭ᠃ ᠲᠡᠶᠢᠮᠦ ᠮᠥᠷᠲᠡᠭᠡᠨ ᠵᠢᠮᠢᠰ ᠨᠣᠭᠤᠭ᠎ᠠ ᠤᠬᠢᠶᠠᠬᠤ ᠮᠠᠰᠢᠨ ᠢ ᠬᠡᠷᠡᠭᠯᠡᠬᠦ ᠦᠭᠡᠢ ᠪᠠᠷ | ᠪᠤᠳᠤᠬᠤ ᠳᠤ᠂ ᠡᠳᠦᠷ ᠲᠤᠲᠤᠮ ᠤᠨ ᠮᠠᠰᠢ ᠣᠯᠠᠨ ᠠᠷᠭ᠎ᠠ ᠨᠢ ᠲᠠᠷᠢᠶᠠᠨ ᠡᠮ ᠤᠨ ᠦᠯᠡᠳᠡᠭᠳᠡᠯ ᠢ ᠪᠦᠲᠦᠮᠵᠢᠲᠡᠶ ᠠᠷᠢᠯᠭᠠᠵᠤ ᠴᠢᠳᠠᠨ᠎ᠠ᠂ ᠡᠭᠦᠨ ᠳᠤ ᠳᠣᠣᠷᠠᠬᠢ | ᠮᠡᠲᠦ ᠠᠷᠭ᠎ᠠ ᠶᠢ ᠲᠠᠨᠢᠯᠴᠠᠭᠤᠯᠤᠶ᠎ᠠ᠄ | 1. ᠴᠡᠪᠡᠷ ᠤᠰᠤᠨ ᠳᠤ ᠳᠡᠪᠲᠦᠭᠡᠬᠦ᠃ ᠨᠣᠭᠤᠭ᠎ᠠ ᠪᠠᠨ ᠬᠠᠭᠤᠷᠬᠤ ᠠᠴᠠ ᠡᠮᠦᠨ᠎ᠡ 20℃~25℃ ᠤᠨ ᠴᠡᠪᠡᠷ ᠤᠰᠤᠨ ᠳᠤ 10 ᠮᠢᠨᠦ᠋ᠲ ᠳᠡᠪᠲᠦᠭᠡᠵᠦ | ᠂ ᠲᠠᠷᠠᠭ᠎ᠠ ᠨᠢ ᠴᠡᠪᠡᠷ ᠤᠰᠤ ᠪᠠᠷ 30 ᠰᠧᠺᠦ᠋ᠨ᠋ᠳ᠋ ᠤᠬᠢᠶᠠᠨ᠎ᠠ᠃ | 2. ᠪᠤᠳᠠᠭ᠎ᠠ ᠤᠬᠢᠶᠠᠭᠰᠠᠨ ᠤᠰᠤᠨ ᠳᠤ ᠳᠡᠪᠲᠦᠭᠡᠬᠦ᠃ ᠨᠣᠭᠤᠭ᠎ᠠ ᠪᠠᠨ ᠪᠤᠳᠠᠭ᠎ᠠ ᠤᠬᠢᠶᠠᠭᠰᠠᠨ ᠤᠰᠤ ᠪᠠᠷ 5 ~10 ᠮᠢᠨᠦ᠋ᠲ ᠳᠡᠪᠲᠦᠭᠡᠵᠦ᠂ ᠳᠠᠬᠢᠨ | ᠴᠡᠪᠡᠷ ᠤᠰᠤ ᠪᠠᠷ 30 ᠰᠧᠺᠦ᠋ᠨ᠋ᠳ᠋ ᠤᠬᠢᠶᠠᠨ᠎ᠠ᠃ | 3. ᠳᠠᠪᠤᠰᠤ ᠲᠠᠢ ᠤᠰᠤᠨ ᠳᠤ ᠳᠡᠪᠲᠦᠭᠡᠬᠦ᠃ ᠨᠣᠭᠤᠭ᠎ᠠ ᠪᠠᠨ 1% ᠶᠢᠨ ᠳᠠᠪᠤᠰᠤ ᠲᠠᠢ ᠤᠰᠤ ᠪᠠᠷ ᠲᠡᠪᠳᠡᠭᠡᠵᠤ 20 ᠮᠢᠨᠦ᠋ᠲ ᠤᠨ ᠳᠠᠷᠠᠭ᠎ᠠ ᠤᠬᠢᠶᠠᠨ᠎ᠠ᠃ | ᠳᠠᠪᠤᠰᠤᠨ ᠤ ᠥᠳᠬᠡᠴᠡ ᠶᠢ ᠬᠡᠲᠦᠷᠬᠡᠢ ᠶᠡᠭᠡ ᠪᠠᠶᠢᠯᠭᠠᠵᠤ ᠪᠣᠯᠬᠤ ᠦᠭᠡᠢ᠃ | 4. ᠪᠤᠴᠠᠯᠤᠭᠰᠠᠨ ᠤᠰᠤᠨ ᠳᠤ ᠳᠡᠪᠲᠦᠭᠡᠬᠦ᠃ ᠨᠣᠭᠤᠭ᠎ᠠ ᠪᠠᠨ ᠪᠤᠴᠠᠯᠤᠭᠰᠠᠨ ᠣᠰᠣᠨ ᠳᠤ 2 ᠮᠢᠨᠦ᠋ᠲ ᠲᠡᠪᠳᠡᠭᠡᠨ᠎ᠡ᠃ ᠭᠡᠪᠡᠴᠦ ᠡᠶᠢᠮᠦ ᠠᠷᠭ᠎ᠠ ᠨᠢ | ᠢᠳᠡᠰᠢᠨ ᠨᠣᠭᠤᠭ᠎ᠠ ᠶᠢᠨ ᠬᠡᠰᠡᠭ ᠰᠢᠮ᠎ᠡ ᠲᠡᠵᠢᠭᠡᠯ ᠢ ᠠᠯᠳᠠᠭᠳᠠᠭᠤᠯᠤᠨ᠎ᠠ᠃ ᠳᠡᠭᠡᠷᠡᠬᠢ 4 ᠵᠦᠢᠯ ᠤᠨ ᠠᠷᠭ᠎ᠠ ᠠᠴᠠ ᠭᠠᠳᠠᠨ᠎ᠠ᠂ ᠪᠠᠰᠠ ᠤᠷᠤᠰᠬᠠᠯ ᠤᠰᠤ ᠪᠠᠷ | ᠱᠦᠷᠭᠦᠭᠡᠵᠦ ᠤᠬᠢᠶᠠᠬᠤ᠂ ᠬᠠᠯᠢᠰᠤ ᠶᠢ ᠨᠢ ᠠᠷᠢᠯᠭᠠᠬᠤ᠂ 24 ᠴᠠᠭ ᠲᠠᠯᠪᠢᠬᠤ ᠵᠡᠷᠭᠡ ᠠᠷᠭ᠎ᠠ ᠶᠢ ᠠᠪᠴᠤ ᠪᠣᠯᠣᠨ᠎ᠠ᠂ ᠡᠨᠡ ᠨᠢ ᠨᠣᠭᠤᠭ᠎ᠠ ᠶᠢᠨ ᠳᠣᠲᠣᠷᠠᠬᠢ | ᠲᠠᠷᠢᠶᠠᠨ ᠡᠮ ᠤᠨ ᠦᠯᠡᠳᠡᠭᠳᠡᠯ ᠢ ᠠᠷᠢᠯᠭᠠᠬᠤ ᠳᠤ ᠪᠠᠰᠠ ᠨᠡᠯᠢᠶᠡᠳ ᠰᠠᠶᠢᠨ ᠦᠢᠯᠡᠳᠦᠯ ᠲᠠᠢ ᠶᠤᠮ᠃ | |