ᠲᠠᠷᠮ᠎ᠠ᠄ ᠮᠣᠩᠭᠤᠯ ᠦᠨᠳᠦᠰᠦᠲᠡᠨ᠂ ᠡᠷᠡᠭᠲᠡᠢ᠂ 1945 ᠣᠨ ᠳᠤ ᠬᠠᠩᠭᠢᠨ ᠬᠤᠰᠢᠭᠤᠨ ᠤ ᠬᠤᠷᠣᠭᠠᠨᠴᠠᠶᠢᠳᠠᠮ ᠳᠤ ᠲᠥᠷᠥᠵᠡᠢ᠃ ᠪᠠᠭ᠎ᠠ ᠨᠠᠰᠤᠨ ᠳᠠᠭᠠᠨ | ᠰᠢᠨ᠎ᠡ ᠵᠣᠣ ᠰᠤᠮᠤᠨ ᠳᠤ ᠨᠤᠲᠤᠭᠰᠢᠨ ᠰᠠᠭᠤᠵᠤ᠂ 1959 ᠣᠨ ᠤ 3 ᠳ᠋ᠤᠭᠠᠷ ᠰᠠᠷ᠎ᠠ ᠳᠤ ᠣᠲᠤᠭ ᠬᠤᠰᠢᠭᠤᠨ ᠤ ᠤᠯᠠᠭᠠᠨᠮᠥ᠋ᠴᠢᠷ ᠤᠨ ᠲᠣᠭᠯᠠᠭᠴᠢ ᠪᠣᠯᠵᠠᠢ᠃ | 1965 ᠣᠨ ᠳᠤ ᠤᠯᠠᠭᠠᠨᠮᠥ᠋ᠴᠢᠷ ᠤᠨ ᠪᠦᠬᠦ ᠤᠯᠤᠰ ᠤᠨ ᠲᠣᠭᠤᠷᠢᠨ ᠲᠣᠭᠯᠠᠯᠲᠠ ᠭᠠᠷᠭᠠᠬᠤ ᠠᠩᠭᠢ ᠳᠤ ᠣᠷᠣᠯᠴᠠᠵᠤ᠂ ᠲᠠᠷᠠᠭ᠎ᠠ ᠵᠢᠯ ᠨᠢ ᠥᠪᠥᠷ ᠮᠣᠩᠭᠤᠯ ᠤᠨ | ᠰᠢᠭᠤᠳ ᠬᠠᠷᠢᠶ᠎ᠠ ᠤᠯᠠᠭᠠᠨᠮᠥ᠋ᠴᠢᠷ ᠲᠤ ᠰᠢᠯᠵᠢᠨ ᠣᠷᠣᠵᠠᠢ᠃ ᠲᠡᠷᠡ ᠪᠣᠯ ᠤᠯᠤᠰ ᠤᠨ ᠨᠢᠭᠡᠳᠦᠭᠡᠷ ᠲᠡᠰ ᠤᠨ ᠲᠣᠭᠯᠠᠭᠴᠢ᠂ ᠠᠯᠳᠠᠷᠲᠤ ᠠᠶᠠᠯᠭᠤ ᠵᠣᠬᠢᠶᠠᠭᠴᠢ᠂ | ᠮᠣᠷᠢᠨ ᠬᠤᠭᠤᠷ ᠤᠨ ᠥᠭᠡᠷᠡᠴᠢᠯᠡᠭᠴᠢ ᠮᠥᠷᠲᠡᠭᠡᠨ ᠥᠪᠡᠷᠮᠢᠴᠡ ᠣᠨᠴᠠᠯᠢᠭ ᠲᠠᠢ ᠮᠣᠷᠢᠨ ᠬᠤᠭᠤᠷ ᠤᠨ ᠬᠥᠭᠵᠢᠮᠴᠢᠨ ᠶᠤᠮ᠃ ᠲᠡᠭᠦᠨ ᠤ ᠵᠣᠬᠢᠶᠠᠵᠤ | ᠬᠥᠭᠵᠢᠮᠳᠡᠭᠰᠡᠨ ᠮᠣᠷᠢᠨ ᠬᠤᠭᠤᠷ ᠤᠨ ᠭᠤᠴᠤᠯᠠᠯ ᠬᠥᠭᠵᠢᠮ ︽ᠳᠤᠮᠳᠠᠳᠤ ᠤᠯᠤᠰ ᠤᠨ ᠥᠪᠥᠷ ᠮᠣᠩᠭᠤᠯ ᠤᠨ ᠦᠨᠳᠦᠰᠦᠲᠡᠨ ᠤ ᠬᠥᠭᠵᠢᠮ︾ ᠭᠡᠬᠦ ᠲᠠᠶᠢᠫ ᠨᠢ | 1984 ᠣᠨ ᠳᠤ ᠶᠠᠫᠤᠨ ᠤᠯᠤᠰ ᠲᠤ ᠬᠡᠪᠯᠡᠭᠳᠡᠵᠡᠢ᠃ ᠤᠯᠤᠰ ᠤᠨ ᠳᠣᠲᠣᠭᠠᠳᠤ ᠳᠤ ᠪᠠᠰᠠ ︽ᠢᠷᠦᠭᠡᠯ︾ ᠵᠡᠷᠭᠡ ᠮᠣᠷᠢᠨ ᠬᠤᠭᠤᠷ ᠤᠨ ᠭᠤᠴᠤᠯᠠᠯ | ᠬᠥᠭᠵᠢᠮ ᠤᠨ ᠲᠠᠶᠢᠫ ᠬᠡᠪᠯᠡᠭᠳᠡᠵᠡᠢ᠃ ᠲᠡᠭᠦᠨ ᠤ ᠨᠠᠶᠢᠷᠠᠭᠤᠯᠤᠨ ᠪᠢᠴᠢᠭᠰᠡᠨ ᠮᠣᠷᠢᠨ ᠬᠤᠭᠤᠷ ᠤᠨ ᠬᠥᠭᠵᠢᠮᠳᠡᠬᠦ ᠠᠷᠭ᠎ᠠ ᠨᠢ᠂ 1989 ᠣᠨ ᠳᠤ ᠬᠡᠪᠯᠡᠭᠳᠡᠭᠰᠡᠨ ︽ | ᠮᠣᠩᠭᠤᠯ ᠦᠨᠳᠦᠰᠦᠲᠡᠨ ᠤ ᠬᠥᠭᠵᠢᠮ ᠤᠨ ᠵᠢᠭᠠᠬᠤ ᠮᠠᠲ᠋ᠧᠷᠢᠶᠠᠯ︾ ᠳᠤ ᠠᠰᠢᠭᠯᠠᠭᠳᠠᠵᠠᠢ᠃ ᠲᠤᠰ ᠵᠢᠯ ᠲᠡᠭᠦᠨ ᠤ ᠥᠭᠡᠷᠡᠴᠢᠯᠡᠨ ᠦᠢᠯᠡᠳᠦᠭᠰᠡᠨ ᠮᠣᠷᠢᠨ | ᠬᠤᠭᠤᠷ ᠠᠴᠠ ᠬᠤᠶᠠᠷ ᠵᠦᠢᠯ ᠨᠢ ᠰᠣᠶᠣᠯ ᠤᠨ ᠶᠠᠮᠤᠨ ᠤ ᠰᠢᠨᠵᠢᠯᠡᠬᠦ ᠲᠧᠭᠨᠢᠭ ᠤᠨ ᠳᠠᠪᠰᠢᠯᠲᠠ ᠶᠢᠨ ᠬᠤᠶᠠᠳᠤᠭᠠᠷ᠂ ᠭᠤᠷᠪᠠᠳᠤᠭᠠᠷ ᠲᠡᠰ ᠤᠨ ᠱᠠᠩᠨᠠᠯ ᠢ ᠲᠤᠰ | ᠲᠤᠰ ᠬᠦᠷᠲᠡᠵᠡᠢ᠃ | | ︽ᠣᠲᠤᠭ ᠬᠤᠰᠢᠭᠤᠨ ᠤ ᠣᠶᠢᠯᠠᠯᠭ᠎ᠠ︾ ︽ᠣᠲᠤᠭ ᠬᠤᠰᠢᠭᠤᠨ ᠤ ᠣᠶᠢᠯᠠᠯᠭ᠎ᠠ︾ ᠨᠠᠶᠢᠷᠠᠭᠤᠯᠬᠤ ᠺᠣᠮᠢᠰ ᠨᠠᠶᠢᠷᠠᠭᠤᠯᠪᠠ | |