ᠭᠡᠷᠡᠴᠢ ᠪᠠᠷᠢᠮᠳᠠ ᠪᠢᠴᠢᠬᠦ ᠳᠤ ᠠᠩᠬᠠᠷᠬᠤ ᠬᠡᠳᠣᠨ ᠵᠦᠢᠯ
ᠨᠡᠶᠢᠲᠡᠯᠡᠭᠰᠡᠨ ᠴᠠᠭ᠄
2024/3/25
      ᠶᠠᠮᠠᠷ ᠨᠢᠭᠡᠨ ᠵᠢᠭᠤᠷᠠᠯᠳᠣᠭᠠᠨ ᠤ ᠵᠠᠷᠭᠤ ᠳᠤ ᠬᠤᠯᠪᠣᠭᠳᠠᠪᠠᠯ ᠭᠡᠷᠡᠴᠢ ᠪᠠᠷᠢᠮᠳᠠ ᠲᠦᠢᠯ ᠤᠨ ᠴᠢᠬᠤᠯᠠ ᠪᠠᠶᠢᠳᠠᠭ᠃ ᠣᠷᠳᠣ ᠬᠤᠭᠤᠴᠠᠭᠠᠨ ᠤ ᠲᠣᠷᠰᠢ ᠮᠠᠯᠴᠢᠨ ᠲᠦᠮᠡᠨ ᠤ ᠭᠡᠷᠡᠴᠢ ᠪᠠᠷᠢᠮᠳᠠ ᠶᠢᠨ ᠴᠢᠬᠤᠯᠠ ᠴᠢᠨᠠᠷ ᠤᠨ ᠲᠠᠯ᠎ᠠ ᠪᠠᠷ ᠬᠢ ᠲᠠᠨᠢᠯᠳᠠ ᠲᠣᠳᠠᠮᠠᠭ ᠪᠠᠶᠢᠵᠣ᠂ ᠵᠦᠪᠬᠡᠨ ᠦᠪᠡᠷ ᠤᠨ ᠲᠣᠭᠠᠴᠢᠯᠳᠠ ᠪᠠᠷ ᠢᠶᠠᠨ ᠬᠡᠷᠡᠭ ᠶᠠᠪᠣᠳᠠᠯ ᠢ ᠢᠯᠡ ᠪᠣᠯᠭᠠᠬᠤ ᠶᠢ ᠪᠣᠳᠣᠳᠠᠭ᠃ ᠢᠩᠬᠢᠭᠡᠳ ᠭᠡᠷᠡᠴᠢ ᠪᠠᠷᠢᠮᠳᠠ ᠦᠭᠡᠢ ᠪᠣᠶᠣ ᠭᠡᠷᠡᠴᠢ ᠪᠠᠷᠢᠮᠳᠠ ᠲᠣᠳᠠᠮᠠᠭ ᠠᠴᠠ ᠪᠣᠯᠵᠣ ᠵᠠᠷᠭᠤ ᠳᠤ ᠢᠯᠠᠭᠳᠠᠳᠠᠭ ᠦᠵᠡᠭᠳᠡᠯ ᠦᠷᠭᠦᠯᠵᠢ ᠲᠣᠬᠢᠶᠠᠯᠳᠣᠳᠠᠭ ᠮᠦᠷᠳᠡᠭᠡᠨ ᠡᠭᠦᠨ ᠤ ᠣᠯᠠᠮ ᠢᠶᠠᠷ ᠰᠢᠭᠦᠬᠦ ᠬᠤᠷᠢᠶᠠᠨ ᠳᠤ ᠠᠳᠡᠭᠦᠣ ᠣᠶᠢᠯᠭᠠᠯᠳᠠ ᠲᠠᠢ ᠪᠣᠯᠵᠣ ︽ᠪᠢ ᠲᠢᠩᠬᠢᠮ ᠲᠡᠭᠡᠷ᠎ᠡ ᠲᠡᠳᠣᠢ ᠣᠯᠠᠨ ᠶᠠᠷᠢᠵᠣ ᠮᠢᠨᠣ ᠣᠴᠢᠷ ᠦᠨᠡᠨ ᠪᠣᠳᠠᠳᠠᠢ ᠪᠠᠶᠢᠬᠤ ᠳᠤ ᠶᠠᠭᠤᠨ ᠳᠤ ᠨᠣᠳᠠᠯᠠᠬᠤ ᠦᠭᠡᠢ ᠪᠣᠢ︖︾ ᠭᠡᠵᠣ ᠰᠠᠨᠠᠯ ᠢᠶᠠᠨ ᠳᠤᠷᠠᠳᠳᠠᠭ᠃ ᠲᠣᠣᠷ᠎ᠠ ᠪᠢ ᠮᠠᠯᠴᠢᠨ ᠲᠦᠮᠡᠨ ᠳᠡᠭᠡᠨ ᠭᠡᠷᠡᠴᠢ ᠪᠠᠷᠢᠮᠳᠠ ᠪᠢᠴᠢᠬᠦ ᠳᠤ ᠠᠩᠬᠠᠷᠬᠤ ᠬᠡᠳᠣᠨ ᠵᠦᠢᠯ ᠢ ᠰᠠᠨᠠᠭᠤᠯᠣᠶ᠎ᠠ᠃       ᠨᠢᠭᠡ᠂ ᠭᠡᠷᠡᠴᠢ ᠪᠠᠷᠢᠮᠳᠠ ᠶᠢᠨ ᠠᠭᠤᠯᠭ᠎ᠠ ᠶᠢ ᠪᠦᠷᠢᠨ ᠭᠦᠢᠴᠡᠳ ᠪᠢᠴᠢᠬᠦ ᠬᠡᠷᠡᠭᠳᠠᠢ᠃ ᠭᠡᠷᠡᠴᠢ ᠪᠢᠴᠢᠬᠦ ᠳᠡᠭᠡᠨ ᠵᠠᠪᠠᠯ ᠬᠦᠮᠣᠨ᠂ ᠴᠠᠭ ᠬᠤᠭᠤᠴᠠᠭ᠎ᠠ᠂ ᠭᠠᠵᠠᠷ ᠣᠷᠣᠨ᠂ ᠦᠭᠴᠣ ᠠᠪᠬᠤ᠂ ᠪᠣᠳᠠᠳᠣ ᠠᠭᠤᠯᠭ᠎ᠠ᠂ ᠵᠣᠭᠤᠰ ᠮᠦᠩᠬᠦ ᠶᠢᠨ ᠲᠤᠭ᠎ᠠ᠂ ᠴᠢᠨᠠᠭᠰᠢᠯᠠᠪᠠᠯ ᠬᠠᠣᠯᠢ ᠶᠢᠨ ᠬᠠᠷᠢᠭᠤᠴᠠᠯᠭ᠎ᠠ ᠭᠡᠬᠦ ᠮᠡᠳᠣ ᠶᠢᠨ ᠠᠭᠤᠯᠭ᠎ᠠ ᠶᠢ ᠪᠦᠷᠢᠨ ᠭᠦᠢᠴᠡᠳ ᠪᠢᠴᠢᠭᠰᠡᠨ ᠪᠠᠶᠢᠬᠤ ᠬᠡᠷᠡᠭᠳᠠᠢ᠃       ᠬᠤᠶᠠᠷ᠂ ᠵᠣᠭᠤᠰ ᠤᠨ ᠪᠠᠷᠢᠮᠳᠠ ᠪᠠᠨ ᠵᠠᠪᠠᠯ ᠲᠣᠮᠣ ᠪᠢᠴᠢᠯᠭᠡ ᠪᠣᠯᠣᠨ ᠪᠠᠭ᠎ᠠ ᠪᠢᠴᠢᠯᠭᠡ ᠪᠠᠷ ᠪᠦᠷ ᠪᠢᠴᠢᠬᠦ ᠶᠢ ᠴᠢᠬᠤᠯᠠᠴᠢᠯᠠᠬᠤ ᠬᠡᠷᠡᠭᠳᠠᠢ᠃       ᠭᠤᠷᠪᠠ᠂ ᠦᠪᠡᠷ ᠤᠨ ᠣᠭ ᠰᠠᠨᠠᠭ᠎ᠠ ᠴᠢᠨᠢ ᠲᠣᠳᠣᠷᠬᠠᠢ ᠪᠠᠶᠢᠬᠤ ᠬᠡᠷᠡᠭᠳᠠᠢ᠃ ᠲᠠᠷᠣᠢ ᠬᠤᠶᠠᠷ ᠲᠠᠯ᠎ᠠ ᠶᠢᠨ ᠵᠦᠪᠳᠡᠯᠴᠡᠭᠡᠷ ᠬᠡᠯᠡᠯᠴᠡᠭᠡᠷ ᠴᠢᠨᠢ ᠬᠤᠶᠠᠷ ᠲᠠᠯ᠎ᠠ ᠶᠢᠨ ᠣᠭ ᠰᠠᠨᠠᠭ᠎ᠠ ᠪᠠᠶᠢᠬᠤ ᠶᠢ ᠴᠢᠬᠤᠯᠠᠴᠢᠯᠠᠬᠤ ᠬᠡᠷᠡᠭᠳᠠᠢ᠂ ᠬᠠᠷᠢᠨ ᠣᠭ ᠰᠠᠨᠠᠭ᠎ᠠ ᠶᠢ ᠲᠡᠷᠰᠯᠡᠭᠰᠡᠨ ᠠᠭᠤᠯᠭ᠎ᠠ ᠶᠢ ᠪᠢᠴᠢᠵᠣ ᠪᠣᠯᠬᠤ ᠦᠭᠡᠢ᠃       ᠲᠦᠷᠪᠡ᠂ ᠭᠡᠷᠡᠴᠢ ᠪᠠᠷᠢᠮᠳᠠ ᠪᠢᠴᠢᠬᠦ ᠳᠡᠭᠡᠨ ᠬᠦᠩᠭᠡᠨ ᠬᠠᠭᠤᠳᠠᠮ ᠪᠠᠶᠢᠵᠣ ᠪᠣᠯᠬᠤ ᠦᠭᠡᠢ᠃ ᠵᠢᠱᠢᠶᠡᠯᠡᠪᠡᠯ᠂ ᠵᠠᠷᠢᠮ ᠬᠦᠮᠣᠨ ᠭᠡᠷᠡᠴᠢ ᠪᠠᠷᠢᠮᠳᠠ ᠶᠢᠨ ᠦᠨᠡᠨ ᠬᠤᠳᠠᠯ᠂ ᠠᠭᠤᠯᠭ᠎ᠠ ᠵᠡᠷᠭᠡ ᠶᠢ ᠠᠩᠬᠠᠷᠬᠤ ᠦᠭᠡᠢ ᠪᠠᠷ ᠵᠢᠭᠡᠯᠡᠯᠭᠡ  ᠶᠢᠨ ᠪᠠᠷᠢᠮᠳᠠ ᠲᠡᠭᠡᠷ᠎ᠡ ᠰᠢᠭᠤᠳ ᠨᠡᠷ᠎ᠡ ᠪᠠᠨ ᠪᠢᠴᠢᠬᠦ᠃ ᠦᠨᠡᠨ ᠳᠡᠭᠡᠨ ᠵᠣᠭᠤᠰ ᠤᠨ ᠵᠢᠭᠡᠯᠡᠯᠭᠡ ᠪᠠᠶᠢᠳᠠᠯ᠎ᠠ ᠨᠦᠭᠦᠭᠡ ᠡᠳᠡᠭᠡᠳ ᠨᠢ ᠬᠤᠨᠢ ᠪᠣᠴᠠᠭᠠᠬᠤ ᠣᠴᠢᠷ ᠪᠣᠯᠭᠠᠨ ᠪᠢᠴᠢᠭᠰᠡᠨ ᠪᠠᠶᠢᠬᠤ ᠳᠤ ᠠᠩᠬᠠᠷᠣᠯ ᠳᠠᠭᠠᠨ ᠠᠪᠬᠤ ᠦᠭᠡᠢ᠃ ᠪᠠᠰᠠ ᠵᠣᠭᠤᠰ ᠤᠨ ᠬᠦᠣ ᠮᠦᠩᠬᠦ ᠨᠢ ᠨᠢᠭᠡᠨᠳᠡ ᠡᠬᠡ ᠵᠣᠭᠤᠰᠣᠨ ᠳᠤ ᠣᠷᠣᠵᠣ᠂ ᠲᠠᠬᠢᠨ ᠬᠦᠣ ᠠᠴᠠ ᠨᠢ ᠬᠦᠣ ᠲᠦᠷᠦᠵᠣ ᠪᠠᠶᠢᠬᠤ ᠶᠢ ᠴᠣ᠋ ᠠᠩᠬᠠᠷᠬᠤ ᠦᠭᠡᠢ ᠪᠠᠷ ᠭᠡᠷᠡᠴᠢ ᠪᠠᠷᠢᠮᠳᠠ ᠪᠢᠴᠢᠳᠡᠭ᠃       ᠲᠠᠪᠤ᠂ ᠨᠣᠳᠤᠭ ᠪᠡᠯᠴᠢᠭᠡᠷ ᠤᠨ ᠬᠡᠷ᠎ᠡ ᠪᠣᠶᠣ ᠲᠡᠭᠦᠨ ᠲᠠᠢ ᠬᠠᠮᠢᠶᠠᠳᠠᠢ ᠭᠡᠷᠡᠴᠢ ᠬᠢᠬᠦ ᠳᠡᠭᠡᠨ ᠰᠣᠮᠣ ᠭᠠᠴᠠᠭᠠᠨ  ᠤ ᠬᠠᠮᠢᠶᠠᠳᠠᠢ ᠪᠠᠶᠢᠭᠤᠯᠭ᠎ᠠ ᠶᠢ ᠲᠠᠮᠵᠢᠬᠤ ᠬᠡᠷᠡᠭᠳᠠᠢ᠃       ᠵᠢᠷᠭᠤᠭ᠎ᠠ᠂ ᠬᠦᠴᠣᠷᠬᠡᠭᠯᠡᠯ᠂ ᠰᠦᠷᠳᠡᠭᠦᠯᠣᠯ᠂ ᠬᠠᠪᠴᠢᠨ ᠰᠢᠬᠠᠯᠳᠠ ᠶᠢᠨ ᠪᠠᠶᠢᠳᠠᠯ ᠲᠣᠣᠷ᠎ᠠ ᠭᠡᠷᠡᠴᠢ ᠪᠠᠷᠢᠮᠳᠠ ᠪᠢᠴᠢᠵᠣ ᠪᠣᠯᠬᠤ ᠦᠭᠡᠢ᠃       ᠲᠣᠯᠤᠭ᠎ᠠ᠂ ᠭᠡᠷᠡᠴᠢ ᠪᠠᠷᠢᠮᠳᠠ ᠬᠢᠭᠰᠡᠨ ᠤ ᠲᠠᠷᠠᠭ᠎ᠠ ᠬᠤᠶᠠᠷ ᠡᠳᠡᠭᠡᠳ ᠢᠶᠠᠷ ᠢᠶᠠᠨ ᠲᠣᠰ ᠪᠦᠷᠢ ᠨᠢᠭᠡ ᠬᠤᠪᠢ ᠦᠯᠡᠳᠡᠭᠡᠬᠦ ᠶᠢᠨ ᠬᠠᠮᠳᠣ ᠭᠡᠷᠡᠴᠢᠯᠡᠬᠦ ᠬᠦᠮᠣᠨ᠂ ᠪᠠᠳᠣᠯᠠᠬᠤ ᠬᠦᠮᠣᠨ᠂ ᠨᠡᠩ ᠴᠣ᠋ ᠠᠯᠪᠠᠨ ᠭᠡᠷᠡᠴᠢᠯᠡᠭᠡ ᠵᠡᠷᠭᠡ ᠶᠢ ᠲᠠᠭᠠᠯᠳᠣᠭᠤᠯᠪᠠᠯ ᠨᠡᠩ ᠰᠠᠶᠢᠨ᠃       ᠨᠠᠶᠢᠮᠠ᠂ ᠭᠡᠷᠡᠴᠢ ᠪᠠᠷᠢᠮᠳᠠ ᠶᠢᠨ ᠦᠭᠡ ᠦᠰᠦᠭ ᠴᠡᠪᠡᠷ ᠲᠣᠳᠣᠷᠬᠠᠢ᠂ ᠢᠯᠭᠤᠮ ᠣᠶᠢᠯᠠᠭᠠᠮᠵᠢᠲᠠᠢ᠂ ᠨᠡᠶᠢᠴᠡᠪᠦᠷᠢᠳᠠᠢ ᠪᠠᠶᠢᠬᠤ ᠶᠢ ᠪᠠᠳᠣᠯᠠᠬᠤ ᠬᠡᠷᠡᠭᠳᠠᠢ᠃ ᠭᠡᠷᠡᠴᠢ ᠪᠠᠷᠢᠮᠳᠠ ᠨᠢ ᠵᠠᠪᠠᠯ ᠬᠢᠨᠠᠨ ᠰᠢᠯᠭᠠᠯᠳᠠ ᠶᠢ ᠲᠠᠮᠵᠢᠨ ᠦᠨᠡᠨ ᠪᠣᠳᠠᠳᠠᠢ ᠪᠠᠶᠢᠪᠠᠯ ᠰᠠᠶ᠋ᠢ ᠪᠣᠳᠠᠳᠣ ᠬᠡᠷᠡᠭ ᠲᠤ ᠨᠣᠳᠠᠯᠠᠬᠤ ᠪᠠᠷᠢᠮᠳᠠ ᠪᠣᠯᠳᠠᠭ᠃ ᠬᠠᠣᠯᠢ ᠶᠢᠨ ᠲᠣᠭᠳᠠᠭᠠᠯ ᠢᠶᠠᠷ ᠣᠯᠠᠩᠬᠢ ᠳᠠᠭᠠᠨ ︵ᠬᠡᠨ ᠵᠣᠷᠢᠯᠳᠠ ᠲᠣᠷᠠᠳᠪᠠᠯ ᠲᠡᠷᠡ ᠭᠡᠷᠡᠴᠢ ᠭᠠᠷᠭᠠᠵᠣ ᠦᠭᠳᠡᠭ﹀᠃       ᠡᠶᠢᠮᠣ ᠠᠴᠠ ᠮᠠᠯᠴᠢᠨ ᠲᠦᠮᠡᠨ ᠮᠢᠨᠢ ᠭᠡᠷᠡᠴᠢ ᠪᠠᠷᠢᠮᠳᠠ ᠶᠢᠨ ᠴᠢᠬᠤᠯᠠ ᠴᠢᠨᠠᠷ ᠢ ᠭᠦᠢᠴᠡᠳ ᠲᠠᠨᠢᠵᠣ᠂ ᠭᠡᠷᠡᠴᠢ ᠪᠠᠷᠢᠮᠳᠠ ᠪᠢᠴᠢᠬᠦ ᠳᠡᠭᠡᠨ ᠬᠢᠨᠠᠮᠠᠭᠠᠢ ᠯᠠᠪᠳᠠᠭᠤᠨ ᠪᠠᠶᠢᠪᠠᠯ ᠵᠣᠬᠢᠨ᠎ᠠ᠃  
ᠢᠷᠡᠯᠲᠡ᠄ ᠬᠤᠯᠪᠤᠭ᠎ᠠ ᠪᠦᠷᠭᠡ ᠰᠦᠯᠵᠢᠶ᠎ᠡ