ᠨᠠᠷᠢᠨ ᠨᠠᠪᠴᠢᠲᠤ ᠬᠠᠷᠭᠠᠨ᠎ᠠ ︵ᠢᠮᠠᠭᠠᠨ ᠬᠠᠷᠭᠠᠨ᠎ᠠ︶
ᠨᠡᠶᠢᠲᠡᠯᠡᠭᠰᠡᠨ ᠴᠠᠭ᠄
2024/3/26
      ᠪᠤᠷᠴᠠᠭ ᠤᠨ ᠢᠵᠠᠭᠤᠷ᠂ ᠬᠠᠷᠭᠠᠨ᠎ᠠ ᠶᠢᠨ ᠲᠥᠷᠥᠯ᠃ ᠪᠣᠭᠤᠨᠢ ᠪᠣᠲᠠ ᠮᠣᠳᠣ᠂ 5 — 6 ᠳ᠋ᠤᠭᠠᠷ ᠰᠠᠷ᠎ᠠ ᠳᠤ ᠴᠡᠴᠡᠭᠯᠡᠵᠦ᠂ 6 — 10 ᠳ᠋ᠤᠭᠠᠷ ᠰᠠᠷ᠎ᠠ ᠳᠤ ᠦᠷᠡᠯᠡᠨ᠎ᠡ᠃      ᠭᠠᠩᠰᠠᠭ ᠵᠢᠵᠢᠭ ᠪᠣᠳᠠ ᠮᠣᠳᠣ᠃ ᠪᠦᠬᠦ ᠬᠤᠰᠢᠭᠤᠨ ᠤ ᠡᠯ᠎ᠡ ᠭᠠᠵᠠᠷ ᠲᠤ ᠤᠷᠭᠤᠳᠠᠭ᠃      ᠨᠡᠯᠢᠶᠡᠳ ᠰᠠᠶᠢᠨ ᠲᠡᠵᠢᠭᠡᠯ ᠤᠷᠭᠤᠮᠠᠯ ᠮᠥᠨ᠃ ᠬᠤᠨᠢ᠂ ᠢᠮᠠᠭ᠎ᠠ ᠲᠡᠭᠦᠨ ᠤ ᠲᠤᠰ ᠵᠢᠯ ᠳᠤ ᠤᠷᠭᠤᠭᠰᠠᠨ ᠰᠠᠯᠠᠭ᠎ᠠ ᠨᠠᠮᠠᠭ᠎ᠠ ᠶᠢ ᠨᠢ ᠢᠳᠡᠬᠦ ᠳᠤᠷᠠᠲᠠᠢ ᠪᠠᠶᠢᠳᠠᠭ᠂ ᠨᠡᠩ ᠢᠯᠠᠩᠭᠤᠶ᠎ᠠ ᠬᠠᠪᠤᠷ ᠤᠨ ᠤᠯᠠᠷᠢᠯ ᠳᠤ ᠴᠡᠴᠡᠭ ᠢ ᠨᠢ ᠬᠠᠮᠤᠭ ᠠᠴᠠ ᠢᠯᠡᠭᠦᠦ ᠢᠳᠡᠬᠦ ᠳᠤᠷᠠᠲᠠᠢ᠂ ᠢᠳᠡᠭᠰᠡᠨ ᠤ ᠳᠠᠷᠠᠭ᠎ᠠ ᠲᠠᠮᠢᠷ ᠲᠡᠩᠬᠡᠭᠡ ᠨᠢ ᠨᠡᠯᠢᠶᠡᠳ ᠲᠦᠷᠭᠡᠨ ᠰᠠᠶᠢᠵᠢᠷᠠᠵᠤ ᠲᠠᠷᠭᠤᠯᠠᠳᠠᠭ᠃ ᠭᠡᠪᠡᠴᠦ ᠲᠡᠭᠦᠨ ᠢ ᠬᠡᠲᠦᠷᠡᠲᠡᠯ᠎ᠡ ᠢᠳᠡᠪᠡᠯ ᠭᠡᠳᠡᠰᠦ ᠨᠢ ᠲᠦᠬᠦᠷᠴᠦ ᠦᠬᠦᠳᠡᠭ᠃ ᠲᠡᠮᠡᠭᠡ ᠵᠢᠯ ᠤᠨ ᠳᠥᠷᠪᠡᠨ ᠤᠯᠠᠷᠢᠯ ᠳᠤ ᠪᠦᠷ ᠰᠠᠯᠠᠭ᠎ᠠ ᠨᠠᠮᠠᠭ᠎ᠠ ᠶᠢ ᠨᠢ ᠢᠳᠡᠳᠡᠭ᠃                    ︽ᠤᠲᠤᠭ ᠤᠨ ᠠᠮᠢᠳᠤ ᠪᠤᠳᠠᠰ ᠤᠨ ᠡᠬᠢ ᠪᠠᠶᠠᠯᠢᠭ︾  ᠪᠠᠭᠠᠲᠤᠷ ᠨᠠᠶᠢᠷᠠᠭᠤᠯᠤᠨ ᠵᠤᠬᠢᠶᠠᠪᠠ
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ