ᠭᠤᠸ ᠬᠤᠸᠠᠢ ᠵᠢᠩ ᠨᠠᠮ ᠤᠨ ᠬᠤᠷᠢᠶᠠᠨ ᠤ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ  ᠮᠥᠩᠭᠦᠨ ᠭᠦᠢᠯᠭᠡᠭᠡ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠬᠦᠴᠦ ᠨᠡᠮᠡᠷᠢᠯᠡᠬᠦ ᠲᠤᠬᠠᠢ ᠲᠤᠰᠬᠠᠢ ᠰᠡᠳᠦᠪᠲᠦ ᠲᠣᠬᠢᠷᠠᠭᠤᠯᠤᠯᠲᠠ ᠬᠢᠪᠡ
ᠨᠡᠶᠢᠲᠡᠯᠡᠭᠰᠡᠨ ᠴᠠᠭ᠄
2024/3/28
      3 ᠳ᠋ᠤᠭᠠᠷ ᠰᠠᠷ᠎ᠠ ᠶᠢᠨ 28 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠮᠢᠶ᠎ᠠ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠨ᠂ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠳᠡᠭᠡᠷ᠎ᠡ᠂ ᠠᠷᠠᠳ ᠤᠨ ᠪᠠᠩᠬᠢ ᠶᠢᠨ ᠣᠲᠤᠭ ᠬᠤᠰᠢᠭᠤᠨ ᠤ ᠰᠠᠯᠪᠤᠷᠢ ᠪᠠᠩᠬᠢ᠂ ᠲᠠᠷᠢᠶᠠᠯᠠᠩ ᠤᠨ ᠪᠠᠩᠬᠢ ᠶᠢᠨ ᠣᠲᠤᠭ ᠬᠤᠰᠢᠭᠤᠨ ᠤ ᠰᠠᠯᠪᠤᠷᠢ ᠪᠠᠩᠬᠢ᠂ ᠰᠢᠤᠳᠠᠨ ᠤ ᠬᠠᠳᠠᠭᠠᠯᠠᠮᠵᠢ ᠶᠢᠨ ᠪᠠᠩᠬᠢ ᠶᠢᠨ ᠣᠲᠤᠭ ᠬᠤᠰᠢᠭᠤᠨ ᠤ ᠰᠠᠯᠪᠤᠷᠢ ᠪᠠᠩᠬᠢ᠂ ᠣᠷᠳᠣᠰ ᠤᠨ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠶᠢᠨ ᠣᠲᠤᠭ ᠬᠤᠰᠢᠭᠤᠨ ᠤ ᠰᠠᠯᠪᠤᠷᠢ ᠪᠠᠩᠬᠢ᠂ ᠤᠳᠤᠭ ᠤᠨ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ᠂ ᠫᠢᠩ ᠠᠨ ᠳᠠᠭᠠᠳᠬᠠᠯ᠂ ᠲᠠᠢ ᠫᠢᠡᠭ ᠶᠠᠩ ᠳᠠᠭᠠᠳᠬᠠᠯ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠤᠰ ᠲᠤᠰ ᠮᠥᠩᠭᠦᠨ ᠭᠦᠢᠯᠭᠡᠭᠡᠨ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠠᠵᠢᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠵᠠᠢ᠃      ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠭᠤᠸ ᠬᠤᠸᠠᠢ ᠵᠢᠩ ᠠᠵᠤ ᠠᠬᠤᠢ ᠶᠢᠨ ᠲᠣᠭᠲᠠᠭᠤᠨ ᠡᠷᠭᠢᠯᠲᠡ ᠶᠢ ᠬᠠᠮᠠᠭᠠᠯᠠᠬᠤ᠂ ᠪᠣᠳᠠᠲᠤ ᠴᠣᠭᠴᠠᠲᠤ ᠠᠵᠤ ᠠᠬᠤᠢ ᠶᠢᠨ ᠬᠥᠭᠵᠢᠯᠲᠡ ᠳᠤ ᠦᠢᠯᠡᠴᠢᠯᠡᠬᠦ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠵᠡᠷᠭᠡ ᠲᠠᠯ᠎ᠠ ᠪᠠᠷ ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠭᠰᠡᠨ ᠶᠡᠭᠡ ᠬᠡᠮᠵᠢᠶᠡᠨ ᠤ ᠪᠦᠲᠦᠮᠵᠢᠲᠡᠢ ᠠᠵᠢᠯ ᠢ ᠨᠤᠲᠠᠯᠠᠪᠠ᠃ ᠲᠡᠷᠡ ᠬᠡᠯᠡᠬᠦ ᠳᠡᠭᠡᠨ᠂ ᠮᠥᠩᠭᠦᠨ ᠭᠦᠢᠯᠭᠡᠭᠡ ᠪᠣᠯ ᠠᠵᠤ ᠠᠬᠤᠢ ᠶᠢᠨ ᠠᠵᠢᠯ ᠤᠨ ᠭᠤᠣᠯ ᠠᠮᠢᠨ ᠰᠤᠳᠠᠰᠤ ᠮᠥᠨ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠲᠡᠢ ᠲᠤᠯᠭᠠᠭᠤᠷᠢᠯᠠᠯ ᠮᠥᠨ᠃ 2024 ᠣᠨ ᠪᠣᠯ ᠪᠦᠬᠦ ᠬᠤᠰᠢᠭᠤᠨ ᠤ ᠮᠠᠯᠴᠢᠨ ᠲᠠᠷᠢᠶᠠᠴᠢᠨ ᠤ ᠬᠦᠦ ᠮᠥᠩᠭᠦ ᠶᠢ ᠪᠠᠭᠤᠷᠠᠭᠤᠯᠤᠨ ᠵᠢᠭᠡᠯᠡᠯᠭᠡ ᠶᠢ ᠪᠠᠭᠠᠰᠬᠠᠵᠤ ᠳᠠᠷᠤᠭᠠᠰᠤ ᠶᠢ ᠬᠥᠩᠭᠡᠯᠡᠨ ᠣᠷᠣᠯᠭ᠎ᠠ ᠶᠢ ᠨᠡᠮᠡᠭᠳᠡᠭᠦᠯᠬᠦ ᠵᠢᠯ ᠪᠣᠯᠣᠨ᠎ᠠ᠂ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠮᠥᠩᠭᠦᠨ ᠭᠦᠢᠯᠭᠡᠭᠡᠨ ᠤ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠲᠠᠪᠤᠨ ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾᠂ ︽ᠭᠤᠷᠪᠠᠨ ᠳᠥᠷᠪᠡ︾ ᠪᠣᠯᠣᠨ ︽ᠲᠤᠯᠤᠭᠠᠨ ᠵᠢᠯ︾ ᠤᠨ ᠬᠠᠷᠠᠯᠲᠠ ᠡᠭᠦᠷᠭᠡ ᠶᠢ ᠨᠠᠶᠢᠳᠠᠪᠤᠷᠢᠵᠢᠭᠤᠯᠬᠤ ᠶᠢ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠠᠵᠢᠯ ᠤᠨ ᠠᠭᠤᠯᠭ᠎ᠠ ᠪᠣᠯᠭᠠᠨ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠶᠠᠰᠤ ᠴᠢᠨᠠᠷ ᠦᠷ᠎ᠡ ᠠᠰᠢᠭ ᠢ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ ᠭᠡᠪᠡ᠃      ᠭᠤᠤ ᠬᠤᠸᠠᠢ ᠵᠢᠩ ᠬᠡᠯᠡᠬᠦ ᠳᠡᠭᠡᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠬᠥᠳᠡᠭᠡ ᠲᠣᠰᠬᠤᠨ ᠤ ᠮᠥᠩᠭᠦᠨ ᠭᠦᠢᠯᠭᠡᠭᠡᠨ ᠤ ᠦᠵᠡᠭᠦᠯᠬᠦ ᠴᠢᠬᠤᠯᠠ ᠦᠢᠯᠡᠳᠦᠯ ᠢ ᠭᠦᠨᠵᠡᠭᠡᠢ ᠲᠠᠨᠢᠬᠤ ᠬᠡᠷᠡᠭᠲᠡᠢ᠃ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠬᠥᠭᠵᠢᠯᠲᠡ ᠪᠣᠯᠣᠨ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠳᠡᠮᠵᠢᠬᠦ ᠪᠠᠷ ᠦᠨᠳᠦᠰᠦᠨ ᠵᠣᠷᠢᠯᠲᠠ ᠪᠠᠨ ᠪᠣᠯᠭᠠᠵᠤ᠂ ᠤᠳᠤᠭ ᠤᠨ ᠣᠨᠴᠠᠯᠢᠭ ᠲᠠᠢ᠂ ᠮᠠᠯᠴᠢᠨ ᠲᠠᠷᠢᠶᠠᠴᠢᠨ ᠤ ᠬᠡᠷᠡᠭᠴᠡᠭᠡ ᠳᠤ ᠲᠣᠬᠢᠷᠠᠬᠤ ᠳᠣᠣᠷ᠎ᠠ ᠬᠦᠦ ᠲᠠᠢ ᠮᠥᠩᠭᠦᠨ ᠭᠦᠢᠯᠭᠡᠭᠡᠨ ᠤ ᠪᠦᠲᠦᠭᠡᠭᠳᠡᠬᠦᠨ ᠢ ᠢᠳᠡᠪᠬᠢᠲᠡᠢ ᠨᠡᠭᠡᠭᠡᠵᠦ ᠬᠥᠭᠵᠢᠭᠦᠯᠦᠨ᠂ ᠨᠡᠩ ᠤᠯᠠᠨ ᠰᠢᠯᠢᠳᠡᠭ ᠮᠥᠩᠭᠦᠨ ᠭᠦᠢᠯᠭᠡᠭᠡᠨ ᠤ ᠡᠬᠢ ᠪᠠᠶᠠᠯᠢᠭ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠦᠷᠢᠶ᠎ᠡ ᠪᠣᠯᠣᠨ ᠪᠠᠭᠤᠷᠠᠢ ᠭᠤᠭᠴᠤᠭ᠎ᠠ ᠳᠤ ᠲᠣᠬᠢᠷᠠᠭᠤᠯᠬᠤ ᠶᠢ ᠬᠥᠲᠥᠯᠥᠨ ᠵᠢᠯᠤᠭᠤᠳᠴᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠤᠯᠠᠨ ᠶᠠᠩᠵᠤᠴᠢᠯᠠᠭᠰᠠᠨ᠂ ᠤᠯᠠᠨ ᠲᠡᠰ ᠳᠠᠪᠬᠤᠷᠭ᠎ᠠ ᠶᠢᠨ ᠮᠥᠩᠭᠦᠨ ᠭᠦᠢᠯᠭᠡᠭᠡᠨ ᠤ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠢ᠃ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠵᠢᠭᠡᠯᠡᠯᠭᠡ ᠣᠯᠭᠤᠬᠤ ᠶᠡᠷᠦᠩᠬᠡᠢ ᠲᠤᠭ᠎ᠠ ᠶᠢ ᠰᠢᠨᠵᠢᠯᠡᠬᠦ ᠤᠬᠠᠭᠠᠨᠴᠢ ᠪᠠᠷ ᠦᠨᠡᠯᠡᠵᠦ ᠲᠣᠭᠲᠠᠭᠠᠨ᠂ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠡᠮᠬᠢ ᠵᠢᠷᠤᠮ ᠲᠠᠢ ᠪᠠᠷ ᠪᠠᠭᠤᠷᠠᠭᠤᠯᠵᠤ᠂ ᠥᠨᠳᠥᠷ ᠬᠦᠦ ᠮᠥᠩᠭᠦ ᠲᠠᠢ ᠵᠢᠭᠡᠯᠡᠯᠭᠡ ᠶᠢ ᠰᠣᠯᠢᠬᠤ ᠶᠢ ᠠᠬᠢᠭᠤᠯᠤᠨ᠂ ᠪᠥᠬᠦ ᠬᠦᠴᠦᠨ ᠢᠶᠠᠷ ᠢᠶᠠᠨ ᠬᠦᠦ ᠮᠥᠩᠭᠦ ᠶᠢ ᠪᠠᠭᠤᠷᠠᠭᠤᠯᠵᠤ ᠵᠢᠭᠡᠯᠡᠯᠭᠡ ᠶᠢ ᠪᠠᠭᠠᠰᠬᠠᠬᠤ ᠬᠡᠷᠡᠭᠲᠡᠢ᠃ ᠵᠠᠰᠠᠭ ᠤᠨ ᠣᠷᠳᠣᠨ ᠪᠣᠯᠣᠨ ᠡᠯ᠎ᠡ ᠰᠤᠮᠤ ᠪᠠᠯᠭᠠᠰᠤ ᠴᠢᠩᠭ᠎ᠠ ᠬᠦᠴᠦᠲᠡᠢ ᠵᠣᠬᠢᠶᠠᠨ ᠪᠠᠶᠢᠭᠤᠯᠵᠤ ᠤᠳᠤᠷᠢᠳᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠵᠣᠬᠢᠶᠠᠨ ᠪᠠᠶᠢᠭᠤᠯᠤᠯᠲᠠ ᠶᠢᠨ ᠪᠣᠷᠣ ᠲᠥᠯᠥᠪ ᠢ  ᠵᠣᠬᠢᠶᠠᠨ᠂ ᠬᠡᠷᠡᠭᠵᠢᠭᠦᠯᠬᠦ ᠲᠥᠰᠥᠯ ᠢ ᠨᠠᠷᠢᠯᠢᠭᠵᠢᠭᠤᠯᠵᠤ᠂ ᠴᠠᠭ ᠤᠨ ᠬᠤᠪᠢᠶᠠᠷᠢᠯᠠᠯ᠂ ᠵᠠᠮ ᠱᠤᠭᠤᠮ ᠤᠨ ᠵᠢᠷᠤᠭ ᠶᠣᠰᠣᠭᠠᠷ ᠡᠷᠦᠬᠡ ᠡᠷᠦᠬᠡ ᠪᠠᠷ ᠰᠤᠷᠪᠤᠯᠵᠢᠯᠠᠨ᠂ ᠵᠠᠳᠠᠯᠤᠨ ᠮᠠᠭᠠᠳᠯᠠᠵᠤ᠂ ᠪᠠᠶᠢᠩᠭᠤ ᠶᠢᠨ ᠲᠣᠬᠢᠷᠠᠭᠤᠯᠤᠯᠲᠠ ᠬᠢᠵᠦ᠂ ᠮᠠᠯᠴᠢᠨ ᠲᠠᠷᠢᠶᠠᠴᠢᠨ ᠤ ᠬᠦᠦ ᠮᠥᠩᠭᠦ ᠶᠢ ᠪᠠᠭᠤᠷᠠᠭᠤᠯᠤᠨ ᠵᠢᠭᠡᠯᠡᠯᠭᠡ ᠶᠢ ᠪᠠᠭᠠᠰᠬᠠᠵᠤ ᠳᠠᠷᠤᠭᠠᠰᠤ ᠶᠢ ᠬᠥᠩᠭᠡᠯᠡᠨ ᠣᠷᠣᠯᠭ᠎ᠠ ᠶᠢ ᠨᠡᠮᠡᠭᠳᠡᠭᠦᠯᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠤᠳᠤ ᠦᠶ᠎ᠡ ᠶᠢᠨ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠲᠣᠭᠲᠠᠯᠴᠠᠭ᠎ᠠ ᠶᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠤᠯᠤᠰ ᠤᠨ  ᠥᠮᠴᠢᠯᠡᠯᠲᠦ ᠲᠣᠮᠣ ᠬᠡᠯᠪᠡᠷᠢ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠳᠤ ᠨᠡᠩ ᠥᠨᠳᠥᠷ ᠪᠦᠲᠦᠮᠵᠢᠲᠡᠢ ᠮᠥᠩᠭᠦᠨ ᠭᠦᠢᠯᠭᠡᠭᠡᠨ ᠤ ᠪᠦᠲᠦᠭᠡᠭᠳᠡᠬᠦᠨ ᠬᠠᠩᠭᠠᠬᠤ ᠶᠢ ᠵᠣᠷᠢᠭᠵᠢᠭᠤᠯᠤᠨ᠂ ᠳᠤᠮᠳᠠ ᠪᠠᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠮᠥᠩᠭᠦᠨ ᠭᠦᠢᠯᠭᠡᠭᠡᠨ ᠤ ᠠᠵᠤ ᠦᠢᠯᠡᠰ ᠢᠶᠠᠨ ᠬᠦᠴᠦᠷᠬᠡᠭᠵᠢᠭᠦᠯᠬᠦ ᠶᠢ ᠳᠡᠮᠵᠢᠵᠦ᠂ ᠪᠣᠳᠠᠲᠤ ᠴᠣᠭᠴᠠᠲᠤ ᠠᠵᠤ ᠠᠬᠤᠢ ᠪᠣᠯᠣᠨ ᠮᠠᠯᠴᠢᠨ ᠲᠠᠷᠢᠶᠠᠴᠢᠨ ᠤᠯᠠᠨ ᠲᠦᠮᠡᠨ ᠤ ᠤᠯᠠᠨ ᠶᠠᠩᠵᠤᠴᠢᠯᠠᠭᠰᠠᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠬᠤ ᠬᠡᠷᠡᠭᠲᠡᠢ᠃ ᠮᠥᠩᠭᠦᠨ ᠭᠦᠢᠯᠭᠡᠭᠡᠨ ᠤ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠦᠨ᠂ ᠭᠤᠣᠯᠳᠠᠯᠭ᠎ᠠ ᠲᠠᠢ ᠬᠦᠷᠢᠶᠡᠨ ᠳᠠᠬᠢ ᠮᠥᠩᠭᠦᠨ ᠭᠦᠢᠯᠭᠡᠭᠡᠨ ᠤ ᠲᠦᠭᠰᠢᠭᠦᠷᠢ ᠶᠢ ᠬᠦᠴᠦᠲᠡᠢ ᠪᠥᠭᠡᠳ ᠡᠮᠬᠢ ᠵᠢᠷᠤᠮ ᠲᠠᠢ ᠪᠠᠷ ᠰᠡᠷᠭᠡᠶᠢᠯᠡᠨ ᠠᠷᠢᠯᠭᠠᠵᠤ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠪᠡ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠯᠢᠦ ᠷᠦᠢ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠭᠦᠸᠧ ᠵᠣᠤ ᠬᠤᠶ᠂ ᠡᠯ᠎ᠡ ᠰᠤᠮᠤ ᠪᠠᠯᠭᠠᠰᠤ ᠵᠢᠴᠢ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋ ᠤᠨ ᠵᠠᠰᠠᠭ᠂ ᠲᠠᠷᠢᠶᠠᠯᠠᠩ ᠮᠠᠯ ᠠᠵᠤ ᠠᠬᠤᠢ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠪ ᠵᠡᠷᠭᠡ ᠰᠠᠯᠠᠭ᠎ᠠ ᠮᠥᠴᠢᠷ᠂ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ 
ᠢᠷᠡᠯᠲᠡ᠄ ᠣᠲᠤᠭ ᠨᠡᠶᠢᠲᠡᠯᠡᠯ