ᠣᠲᠤᠭ ᠬᠤᠰᠢᠭᠤᠨ ᠤ ᠤᠳᠬ᠎ᠠ ᠤᠷᠠᠯᠢᠭ ᠢ ᠤᠷᠮᠠᠰᠢᠭᠤᠯᠤᠨ ᠲᠡᠳᠬᠦᠬᠦ ᠢᠨᠵᠧᠨᠧᠷᠢᠩ ᠤᠨ ᠬᠡᠷᠡᠭᠵᠢᠭᠦᠯᠬᠦ ᠠᠷᠭ᠎ᠠ ᠶᠢ | ᠳᠠᠷᠤᠮᠠᠯᠯᠠᠨ ᠲᠠᠷᠬᠠᠭᠠᠬᠤ ᠲᠤᠬᠠᠢ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | ᠣᠲᠤᠭ ᠵᠠᠰᠠᠭ ᠠᠯᠪᠠᠨ ᠲᠠᠷᠬᠠᠭᠠᠭᠰᠠᠨ ﹇2024﹈ 15 ᠳ᠋ᠤᠭᠠᠷ ᠲᠣᠭᠠᠲᠤ | | ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠳᠤ᠄ | ᠡᠳᠦᠭᠡ ︽ᠣᠲᠤᠭ ᠬᠤᠰᠢᠭᠤᠨ ᠤ ᠤᠳᠬ᠎ᠠ ᠤᠷᠠᠯᠢᠭ ᠢ ᠤᠷᠮᠠᠰᠢᠭᠤᠯᠤᠨ ᠲᠡᠳᠬᠦᠬᠦ ᠢᠨᠵᠧᠨᠧᠷᠢᠩ ᠤᠨ ᠬᠡᠷᠡᠭᠵᠢᠭᠦᠯᠬᠦ ᠠᠷᠭ᠎ᠠ︾ ᠶᠢ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ 2024 ᠣᠨ ᠤ ᠬᠤᠶᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠰᠤᠳᠤᠯᠤᠨ ᠵᠥᠪᠰᠢᠶᠡᠷᠡᠭᠦᠯᠦᠭᠡᠳ ᠲᠠᠨᠠᠷ ᠲᠤ | ᠳᠠᠷᠤᠮᠠᠯᠯᠠᠨ ᠲᠠᠷᠬᠠᠭᠠᠯ᠎ᠠ᠂ ᠰᠠᠶᠢᠲᠤᠷ ᠲᠣᠭᠤᠰᠢᠯᠠᠭᠤᠯᠤᠨ ᠬᠡᠷᠡᠭᠵᠢᠭᠦᠯᠲᠦᠭᠡᠢ᠃ | ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 3 ᠳ᠋ᠤᠭᠠᠷ ᠰᠠᠷ᠎ᠠ ᠶᠢᠨ 12 ᠤᠨ ᠡᠳᠦᠷ | | ᠳᠠᠭᠠᠯᠳᠤᠭᠤᠯᠤᠯ᠄ | | ᠣᠲᠤᠭ ᠬᠤᠰᠢᠭᠤᠨ ᠤ ᠤᠳᠬ᠎ᠠ ᠤᠷᠠᠯᠢᠭ ᠢ ᠤᠷᠮᠠᠰᠢᠭᠤᠯᠤᠨ ᠲᠡᠳᠬᠦᠬᠦ ᠢᠨᠵᠧᠨᠧᠷᠢᠩ ᠤᠨ ᠬᠡᠷᠡᠭᠵᠢᠭᠦᠯᠬᠦ ᠠᠷᠭ᠎ᠠ | | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ | ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠲᠤᠭ ᠬᠤᠰᠢᠭᠤᠨ ᠤ ᠰᠢᠯᠢᠳᠡᠭ ᠤᠷᠠᠨ ᠪᠦᠲᠦᠭᠡᠯ ᠤᠨ ᠵᠣᠬᠢᠶᠠᠨ ᠪᠦᠲᠦᠭᠡᠯᠲᠡ ᠶᠢ ᠠᠬᠢᠭᠤᠯᠤᠨ᠂ ᠤᠳᠬ᠎ᠠ | ᠤᠷᠠᠯᠢᠭ ᠤᠨ ᠴᠢᠳᠠᠪᠤᠷᠢᠲᠠᠨ ᠤ ᠡᠷᠡᠭᠦᠯ ᠢᠶᠠᠷ ᠦᠰᠦᠨ ᠪᠣᠶᠢᠵᠢᠬᠤ ᠶᠢ ᠵᠣᠷᠢᠭᠵᠢᠭᠤᠯᠵᠤ᠂ ᠪᠦᠬᠦ ᠬᠤᠰᠢᠭᠤᠨ ᠤ ᠥᠷᠭᠡᠨ ᠣᠯᠠᠨ ᠤᠳᠬ᠎ᠠ ᠤᠷᠠᠯᠢᠭᠴᠢᠳ ᠤᠨ | ᠢᠳᠡᠪᠬᠢᠵᠢᠯ ᠢ ᠳᠠᠶᠢᠴᠢᠯᠠᠨ᠂ ᠪᠦᠬᠦ ᠬᠤᠰᠢᠭᠤᠨ ᠤ ᠤᠳᠬ᠎ᠠ ᠤᠷᠠᠯᠢᠭ ᠤᠨ ᠦᠢᠯᠡᠰ ᠤᠨ ᠴᠡᠴᠡᠭᠯᠡᠯᠲᠡ ᠶᠢ ᠴᠢᠨᠠᠭᠰᠢᠳᠠ ᠠᠬᠢᠭᠤᠯᠬᠤ ᠶᠢᠨ ᠲᠤᠰᠡᠳᠡ᠂ ︽︿ | ᠣᠷᠳᠣᠰ ᠬᠤᠲᠠ ᠶᠢᠨ ᠴᠠᠬᠢᠷᠮ᠎ᠠ ᠴᠡᠴᠡᠭ ᠤᠳᠬ᠎ᠠ ᠤᠷᠠᠯᠢᠭ ᠢ ᠤᠷᠮᠠᠰᠢᠭᠤᠯᠤᠨ ᠲᠡᠳᠬᠦᠬᠦ ᠢᠨᠵᠧᠨᠧᠷᠢᠩ ᠤᠨ ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ ᠲᠠᠷᠬᠠᠭᠠᠬᠤ | ᠲᠤᠬᠠᠢ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠣᠷᠳᠣᠰ ᠵᠠᠰᠠᠭ ᠲᠠᠷᠬᠠᠭᠠᠭᠰᠠᠨ ﹇2021﹈ 329 ᠳ᠋ᠦ᠋ᠭᠡᠷ ᠲᠣᠭᠠᠲᠤ︶ ᠢ | ᠦᠨᠳᠦᠰᠦᠯᠡᠵᠦ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ | ᠱᠠᠭᠠᠷᠳᠠᠯᠭ᠎ᠠ ᠲᠠᠢ ᠤᠶᠠᠯᠳᠤᠭᠤᠯᠤᠨ᠂ ︽︿ᠣᠲᠤᠭ ᠬᠤᠰᠢᠭᠤᠨ ᠤ ᠤᠳᠬ᠎ᠠ ᠤᠷᠠᠯᠢᠭ ᠤᠨ ᠰᠣᠳᠣᠨ ᠪᠦᠲᠦᠭᠡᠯ ᠤᠨ ᠵᠣᠬᠢᠶᠠᠨ ᠪᠦᠲᠦᠭᠡᠯᠲᠡ ᠶᠢ ᠱᠠᠩᠨᠠᠨ | ᠬᠥᠬᠢᠭᠦᠯᠬᠦ ᠠᠷᠭ᠎ᠠ﹀ ᠶᠢ ᠳᠠᠷᠤᠮᠠᠯᠯᠠᠨ ᠲᠠᠷᠬᠠᠭᠠᠬᠤ ᠲᠤᠬᠠᠢ ᠣᠲᠤᠭ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠭᠡᠷ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠭᠡᠷ ᠤᠨ ᠮᠡᠳᠡᠭᠳᠡᠯ︾ ︵ᠣᠲᠤᠭ ᠬᠤᠰᠢᠭᠤ ᠠᠯᠪᠠᠨ ᠲᠠᠷᠬᠠᠭᠠᠭᠰᠠᠨ ﹇2017﹈ 8 ᠳ᠋ᠤᠭᠠᠷ ᠲᠣᠭᠠᠲᠤ︶ ᠳᠤ ᠵᠠᠰᠠᠪᠤᠷᠢ ᠣᠷᠣᠭᠤᠯᠵᠤ᠂ ︽ | ᠣᠲᠤᠭ ᠬᠤᠰᠢᠭᠤᠨ ᠤ ᠤᠳᠬ᠎ᠠ ᠤᠷᠠᠯᠢᠭ ᠢ ᠤᠷᠮᠠᠰᠢᠭᠤᠯᠤᠨ ᠲᠡᠳᠬᠦᠬᠦ ᠢᠨᠵᠧᠨᠧᠷᠢᠩ ᠤᠨ ᠬᠡᠷᠡᠭᠵᠢᠭᠦᠯᠬᠦ ᠠᠷᠭ᠎ᠠ︾ ᠶᠢ ᠲᠣᠭᠲᠠᠭᠠᠨ ᠬᠡᠷᠡᠭᠵᠢᠭᠦᠯᠦᠨ᠎ᠡ᠃ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠵᠢᠯᠤᠭᠤᠳᠬᠤ ᠦᠵᠡᠯ ᠰᠠᠨᠠᠭ᠎ᠠ᠃ ᠣᠲᠤᠭ ᠬᠤᠰᠢᠭᠤᠨ ᠤ ᠤᠳᠬ᠎ᠠ ᠤᠷᠠᠯᠢᠭ ᠢ ᠤᠷᠮᠠᠰᠢᠭᠤᠯᠵᠤ ᠲᠡᠳᠬᠦᠬᠦ ᠢᠨᠵᠧᠨᠧᠷᠢᠩ ᠨᠢ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ᠂ ᠠᠷᠠᠳ | ᠲᠦᠮᠡᠨ ᠢᠶᠠᠷ ᠭᠤᠣᠯ ᠪᠣᠯᠭᠠᠬᠤ ᠠᠵᠢᠯ ᠤᠨ ᠤᠳᠤᠷᠢᠳᠤᠮᠵᠢ ᠶᠢ ᠪᠠᠷᠢᠮᠲᠠᠯᠠᠵᠤ᠂ ︽ᠤᠳᠬ᠎ᠠ ᠤᠷᠠᠯᠢᠭ ᠢ ᠠᠷᠠᠳ ᠲᠦᠮᠡᠨ ᠪᠠ ᠨᠡᠶᠢᠭᠡᠮ ᠵᠢᠷᠤᠮ ᠳᠤ ᠦᠢᠯᠡᠴᠢᠯᠡᠭᠦᠯᠬᠦ︾ | ᠴᠢᠭᠯᠡᠯ ᠪᠠ ︽ᠴᠡᠴᠡᠭ ᠪᠦᠬᠦᠨ ᠢ ᠵᠡᠷᠭᠡᠪᠡᠷ ᠳᠡᠯᠭᠡᠷᠡᠭᠦᠯᠵᠦ ᠡᠷᠳᠡᠮᠲᠡᠨ ᠪᠦᠬᠦᠨ ᠢ ᠴᠢᠯᠦᠭᠡᠲᠡᠢ ᠶᠠᠷᠢᠯᠴᠠᠭᠤᠯᠬᠤ︾ ᠴᠢᠭᠯᠡᠯᠲᠡ ᠶᠢ ᠪᠠᠷᠢᠮᠲᠠᠯᠠᠨ᠂ ᠮᠣᠷᠠᠯ ᠴᠢᠳᠠᠪᠤᠷᠢ | ᠬᠤᠣᠰᠯᠠᠬᠤ ᠪᠠᠷ ᠪᠠᠷᠢᠮᠵᠢᠶ᠎ᠠ ᠪᠣᠯᠭᠠᠵᠤ᠂ ︽ᠨᠡᠶᠢᠭᠡᠮ ᠳᠤ ᠬᠠᠨᠳᠤᠭᠤᠯᠬᠤ᠂ ᠢᠯᠡ ᠲᠣᠳᠣ ᠪᠠᠶᠢᠯᠭᠠᠬᠤ᠂ ᠨᠢᠭᠡᠳᠦᠯᠲᠡᠢ ᠲᠥᠯᠥᠪᠯᠡᠵᠦ ᠨᠡᠶᠢᠲᠡ ᠳᠤᠨᠢ ᠬᠠᠷᠠᠭᠠᠯᠵᠠᠬᠤ᠂ | ᠭᠤᠣᠯᠳᠠᠯᠭ᠎ᠠ ᠶᠢ ᠳᠣᠪᠤᠶᠢᠯᠭᠠᠬᠤ︾ ᠵᠠᠷᠴᠢᠮ ᠢ ᠪᠠᠷᠢᠮᠲᠠᠯᠠᠨ᠂ ᠪᠥᠬᠦ ᠬᠤᠰᠢᠭᠤᠨ ᠤ ᠤᠳᠬ᠎ᠠ ᠤᠷᠠᠯᠢᠭ ᠤᠨ ᠠᠵᠢᠯᠲᠠᠳ ᠤᠨ ᠥᠭᠡᠳᠡᠯᠡᠨ ᠲᠠᠪᠰᠢᠬᠤ ᠰᠢᠯᠢᠳᠡᠭ | ᠤᠯᠠᠮᠵᠢᠯᠠᠯ ᠢ ᠬᠥᠭᠡᠭᠡᠴᠡᠯᠳᠦᠬᠦ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠠᠳᠠᠷᠠᠭᠤᠯᠬᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ | ᠰᠣᠶᠣᠯ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠢᠯᠡᠷᠡᠭᠦᠯᠬᠦ᠂ ᠰᠢᠨ᠎ᠡ ᠴᠠᠭ ᠦᠶ᠎ᠡ ᠶᠢᠨ ᠵᠣᠷᠢᠭ ᠰᠠᠨᠠᠭᠠᠨ ᠤ ᠵᠢᠷᠤᠭ ᠢ ᠵᠢᠷᠤᠭᠯᠠᠬᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠤᠳᠤᠭ ᠬᠤᠰᠢᠭᠤᠨ ᠤ ᠣᠷᠣᠨ ᠨᠤᠲᠤᠭ ᠤᠨ ᠣᠨᠴᠠᠯᠢᠭ ᠪᠣᠯᠣᠨ ᠰᠣᠶᠣᠯ | ᠢᠷᠭᠡᠨᠰᠢᠯ ᠤᠨ ᠵᠣᠷᠢᠭ ᠰᠠᠨᠠᠭ᠎ᠠ ᠶᠢ ᠬᠠᠷᠠᠭᠤᠯᠤᠭᠰᠠᠨ ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠵᠣᠬᠢᠶᠠᠨ ᠪᠦᠲᠦᠭᠡᠬᠦ ᠶᠢ ᠬᠥᠲᠥᠯᠥᠨ ᠵᠢᠯᠣᠭᠤᠳᠤᠨ᠎ᠠ᠃ | ᠬᠤᠶᠠᠳᠤᠭᠠᠷ ᠵᠦᠢᠯ ᠵᠣᠷᠢᠯᠭ᠎ᠠ ᠪᠠ ᠠᠴᠢ ᠬᠤᠯᠪᠣᠭᠳᠠᠯ᠃ ᠬᠤᠰᠢᠭᠤᠨ ᠤ ᠤᠳᠬ᠎ᠠ ᠤᠷᠠᠯᠢᠭ ᠤᠨ ᠴᠢᠳᠠᠪᠤᠷᠢᠲᠠᠨ ᠢ ᠬᠥᠮᠥᠵᠢᠭᠦᠯᠬᠦ᠂ ᠬᠤᠰᠢᠭᠤᠨ ᠤ | ᠤᠳᠬ᠎ᠠ ᠤᠷᠠᠯᠢᠭ ᠤᠨ ᠨᠠᠷᠠᠲᠤ ᠲᠡᠮᠳᠡᠭ ᠢ ᠡᠭᠦᠳᠬᠦ᠂ ᠤᠳᠬ᠎ᠠ ᠤᠷᠠᠯᠢᠭ ᠤᠨ ᠰᠣᠳᠣᠨ ᠪᠦᠲᠦᠭᠡᠯ ᠭᠠᠷᠬᠤ ᠶᠢ ᠠᠬᠢᠭᠤᠯᠬᠤ᠂ ᠬᠤᠰᠢᠭᠤᠨ ᠤ ᠤᠳᠬ᠎ᠠ | ᠤᠷᠠᠯᠢᠭ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠬᠦ᠂ ᠰᠣᠶᠣᠯ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢ ᠠᠬᠢᠭᠤᠯᠬᠤ᠂ ᠬᠤᠰᠢᠭᠤᠨ ᠤ | ᠤᠳᠬ᠎ᠠ ᠤᠷᠠᠯᠢᠭ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠬᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠬᠠᠷᠠᠯᠲᠠ ᠪᠠᠨ ᠪᠣᠯᠭᠠᠵᠤ᠂ ︽ᠣᠷᠳᠣᠰ ᠬᠤᠲᠠ ᠶᠢᠨ ᠴᠠᠬᠢᠷᠮ᠎ᠠ ᠴᠡᠴᠡᠭ | ᠤᠳᠬ᠎ᠠ ᠤᠷᠠᠯᠢᠭ ᠢ ᠤᠷᠮᠠᠰᠢᠭᠤᠯᠤᠨ ᠲᠡᠳᠬᠦᠬᠦ ᠢᠨᠵᠧᠨᠧᠷᠢᠩ ᠤᠨ ᠬᠡᠷᠡᠭᠵᠢᠭᠦᠯᠬᠦ ᠠᠷᠭ᠎ᠠ︾ ᠶᠢ ᠦᠨᠳᠦᠰᠦᠯᠡᠨ᠂ ᠤᠳᠬ᠎ᠠ ᠤᠷᠠᠯᠢᠭ ᠤᠨ ᠵᠣᠬᠢᠶᠠᠨ | ᠪᠦᠲᠦᠭᠡᠯᠭᠡ ᠶᠢ ᠤᠷᠮᠠᠰᠢᠭᠤᠯᠤᠨ ᠵᠣᠷᠢᠭᠵᠢᠭᠤᠯᠬᠤ᠂ ᠤᠳᠬ᠎ᠠ ᠤᠷᠠᠯᠢᠭ ᠤᠨ ᠪᠦᠲᠦᠭᠡᠯ ᠢ ᠲᠡᠳᠬᠦᠨ ᠳᠡᠮᠵᠢᠬᠦ᠂ ᠤᠳᠬ᠎ᠠ ᠤᠷᠠᠯᠢᠭ ᠤᠨ ᠰᠣᠳᠣᠨ ᠪᠦᠲᠦᠭᠡᠯ ᠢ | ᠱᠠᠩᠨᠠᠨ ᠬᠥᠬᠢᠭᠦᠯᠬᠦ᠂ ᠤᠳᠬ᠎ᠠ ᠤᠷᠠᠯᠢᠭ ᠤᠨ ᠴᠢᠳᠠᠪᠤᠷᠢᠲᠠᠨ ᠢ ᠬᠥᠮᠥᠵᠢᠭᠦᠯᠬᠦ ᠵᠡᠷᠭᠡ ᠣᠯᠠᠨ ᠲᠠᠯ᠎ᠠ ᠠᠴᠠ ᠭᠠᠷᠳᠠᠵᠤ᠂ ᠲᠥᠷᠥᠯ ᠬᠤᠪᠢᠶᠠᠵᠤ ᠵᠢᠯᠣᠭᠤᠳᠤᠨ᠂ | ᠨᠠᠷᠢᠯᠢᠭ ᠣᠨᠣᠪᠴᠢᠲᠠᠢ ᠪᠠᠷ ᠲᠡᠳᠬᠦᠨ ᠳᠡᠮᠵᠢᠵᠦ᠂ ᠤᠳᠤᠷᠢᠳᠤᠮᠵᠢ ᠪᠠᠷ ᠲᠣᠳᠣᠷᠬᠠᠢ᠂ ᠣᠨᠴᠠᠯᠢᠭ ᠢᠶᠠᠷ ᠳᠣᠪᠣᠶᠢᠮ᠎ᠡ ᠤᠳᠬ᠎ᠠ ᠤᠷᠠᠯᠢᠭ ᠤᠨ ᠴᠢᠳᠠᠪᠤᠷᠢᠲᠠᠨ | ᠬᠥᠮᠥᠵᠢᠭᠦᠯᠬᠦ ᠶᠢ ᠤᠷᠮᠠᠰᠢᠭᠤᠯᠤᠨ ᠲᠡᠳᠬᠦᠬᠦ ᠪᠠ ᠱᠠᠩᠨᠠᠨ ᠬᠥᠬᠢᠭᠦᠯᠬᠦ ᠲᠣᠭᠲᠠᠯᠴᠠᠭ᠎ᠠ ᠶᠢ ᠪᠣᠶ ᠪᠣᠯᠭᠠᠨ᠎ᠠ᠃ | ᠭᠤᠷᠪᠠᠳᠤᠭᠠᠷ ᠵᠦᠢᠯ ᠤᠳᠤᠷᠢᠳᠬᠤ ᠪᠠᠶᠢᠭᠤᠯᠤᠮᠵᠢ᠃ ᠣᠲᠤᠭ ᠬᠤᠰᠢᠭᠤᠨ ᠤ ᠤᠳᠬ᠎ᠠ ᠤᠷᠠᠯᠢᠭ ᠢ ᠤᠷᠮᠠᠰᠢᠭᠤᠯᠵᠤ ᠲᠡᠳᠬᠦᠬᠦ ᠢᠨᠵᠧᠨᠧᠷᠢᠩ ᠤᠨ | ᠤᠳᠤᠷᠢᠳᠬᠤ ᠳᠤᠭᠤᠶᠢᠯᠠᠩ ︵ᠳᠣᠷᠣᠭᠰᠢ ᠤᠳᠤᠷᠢᠳᠬᠤ ᠳᠤᠭᠤᠶᠢᠯᠠᠩ ᠭᠡᠵᠦ ᠨᠡᠷᠡᠶᠢᠳᠦᠨ᠎ᠡ︶ ᠢ ᠪᠠᠶᠢᠭᠤᠯᠵᠤ᠂ ᠬᠤᠰᠢᠭᠤᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠨ᠂ ᠪᠦᠷᠢᠯᠳᠦᠭᠦᠨ ᠢ ᠬᠤᠰᠢᠭᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠡᠷᠭᠡ ᠬᠠᠮᠢᠶ᠎ᠠ ᠪᠦᠬᠦᠢ ᠪᠠᠶᠢᠭᠤᠯᠭ᠎ᠠ ᠶᠢᠨ ᠬᠠᠷᠢᠭᠤᠴᠠᠯᠭᠠᠲᠠᠨ ᠢᠶᠠᠷ ᠪᠦᠷᠢᠯᠳᠦᠭᠦᠯᠦᠨ᠎ᠡ᠃ ᠤᠳᠤᠷᠢᠳᠬᠤ | ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠳᠤ ᠲᠣᠬᠢᠷᠠᠭᠤᠯᠤᠨ᠂ | ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠲᠡᠷᠢᠭᠦᠯᠡᠭᠴᠢ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠦ᠂ ᠪᠦᠷᠢᠯᠳᠦᠭᠦᠨ ᠢ | ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠤᠳᠤᠷᠢᠳᠬᠤ ᠪᠠᠭ ᠤᠨ ᠭᠡᠰᠢᠭᠦᠨ᠂ ᠨᠡᠶᠢᠭᠡᠮᠯᠢᠭ ᠤᠨ ᠬᠠᠷᠢᠭᠤᠴᠠᠯᠭᠠᠲᠠᠨ ᠢᠶᠠᠷ ᠪᠦᠷᠢᠯᠳᠦᠭᠦᠯᠦᠨ᠂ | ᠤᠳᠬ᠎ᠠ ᠤᠷᠠᠯᠢᠭ ᠢ ᠤᠷᠮᠠᠰᠢᠭᠤᠯᠵᠤ ᠲᠡᠳᠬᠦᠬᠦ ᠢᠨᠵᠧᠨᠧᠷᠢᠩ ᠤᠨ ᠡᠯ᠎ᠡ ᠵᠦᠢᠯ ᠤᠨ ᠡᠳᠦᠷ ᠲᠤᠲᠤᠮ ᠤᠨ ᠠᠵᠢᠯ ᠢ ᠬᠠᠷᠢᠭᠤᠴᠠᠭᠤᠯᠤᠨ᠎ᠠ᠃ ᠡᠯ᠎ᠡ ᠵᠦᠢᠯ ᠤᠨ | ᠬᠢᠨᠠᠨ ᠲᠣᠭᠲᠠᠭᠠᠬᠤ ᠠᠵᠢᠯ ᠢ ᠦᠵᠡᠯ ᠤᠬᠠᠮᠰᠠᠷ ᠤᠨ ᠬᠡᠯᠪᠡᠷᠢ ᠶᠢᠨ ᠭᠤᠣᠯᠯᠠᠨ ᠬᠠᠮᠢᠶᠠᠷᠬᠤ ᠪᠠᠶᠢᠭᠤᠯᠭ᠎ᠠ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠪᠠᠶᠢᠭᠤᠯᠭ᠎ᠠ᠂ ᠪᠤᠰᠤᠳ ᠬᠠᠮᠢᠶ᠎ᠠ ᠪᠦᠬᠦᠢ ᠪᠠᠶᠢᠭᠤᠯᠭ᠎ᠠ᠂ ᠤᠳᠬ᠎ᠠ ᠤᠷᠠᠯᠢᠭ ᠤᠨ ᠴᠢᠳᠠᠪᠤᠷᠢᠲᠠᠨ ᠪᠠ ᠲᠤᠰᠬᠠᠢ ᠮᠡᠷᠭᠡᠵᠢᠯᠲᠡᠨ ᠢᠶᠠᠷ ᠪᠦᠷᠢᠯᠳᠦᠭᠰᠡᠨ ᠲᠤᠰᠬᠠᠢ | ᠮᠡᠷᠭᠡᠵᠢᠯᠲᠡᠨ ᠤ ᠬᠢᠨᠠᠨ ᠲᠣᠭᠲᠠᠭᠠᠬᠤ ᠵᠥᠪᠯᠡᠯ ᠠᠴᠠ ᠪᠣᠳᠠᠲᠠᠢ ᠬᠠᠷᠢᠭᠤᠴᠠᠨ᠎ᠠ᠃ | ᠬᠤᠶᠠᠳᠤᠭᠠᠷ ᠪᠦᠯᠦᠭ ᠤᠳᠬ᠎ᠠ ᠤᠷᠠᠯᠢᠭ ᠢ ᠤᠷᠮᠠᠰᠢᠭᠤᠯᠵᠤ ᠲᠡᠳᠬᠦᠬᠦ ᠬᠦᠷᠢᠶ᠎ᠡ ᠬᠡᠪᠴᠢᠶ᠎ᠡ ᠬᠢᠭᠡᠳ ᠪᠡᠯᠡ ᠮᠥᠩᠭᠦᠨ ᠤ ᠪᠠᠷᠢᠮᠵᠢᠶ᠎ᠠ | ᠳᠥᠷᠪᠡᠳᠦᠭᠡᠷ ᠵᠦᠢᠯ ᠵᠣᠬᠢᠶᠠᠨ ᠪᠦᠲᠦᠭᠡᠯᠲᠡ ᠶᠢ ᠤᠷᠮᠠᠰᠢᠭᠤᠯᠤᠨ ᠲᠡᠳᠬᠦᠬᠦ | ︵ᠨᠢᠭᠡ︶ ᠲᠡᠳᠬᠦᠬᠦ ᠲᠥᠷᠥᠯ ᠵᠦᠢᠯ | ⒈ ᠤᠷᠠᠨ ᠵᠣᠬᠢᠶᠠᠯ ᠤᠨ ᠠᠩᠬᠠᠨ ᠤ ᠪᠦᠲᠦᠭᠡᠯ ᠪᠠ ᠤᠳᠬ᠎ᠠ ᠤᠷᠠᠯᠢᠭ ᠤᠨ ᠰᠢᠭᠦᠮᠵᠢ᠄ ᠷᠣᠮᠠᠨ᠂ ᠮᠡᠳᠡᠭᠡᠯᠡᠯ ᠤᠨ ᠤᠷᠠᠨ ᠵᠣᠬᠢᠶᠠᠯ᠂ ᠪᠣᠳᠠᠲᠤ | ᠲᠡᠮᠳᠡᠭᠯᠡᠯ ᠤᠨ ᠤᠷᠠᠨ ᠵᠣᠬᠢᠶᠠᠯ᠂ ᠲᠤᠭᠤᠵᠢᠰ ᠤᠨ ᠲᠡᠭᠦᠪᠦᠷᠢ᠂ ᠰᠢᠯᠦᠭ ᠳᠠᠭᠤᠤ ᠶᠢᠨ ᠲᠡᠭᠦᠪᠦᠷᠢ᠂ ᠨᠠᠶᠢᠷᠠᠭᠤᠯᠤᠯ ᠤᠨ ᠲᠡᠭᠦᠪᠦᠷᠢ ︵ᠰᠤᠯᠠ ᠵᠣᠬᠢᠶᠠᠯ ᠪᠠ ᠰᠤᠯᠠ | ᠪᠢᠴᠢᠯᠭᠡ ᠶᠢᠨ ᠲᠡᠭᠦᠪᠦᠷᠢ ᠪᠠᠭᠲᠠᠨ᠎ᠠ︶᠂ ᠠᠷᠠᠳ ᠤᠨ ᠠᠮᠠᠨ ᠵᠣᠬᠢᠶᠠᠯ ᠤᠨ ᠲᠡᠭᠦᠪᠦᠷᠢ᠂ ᠰᠦᠯᠵᠢᠶᠡᠨ ᠤ ᠤᠷᠠᠨ ᠵᠣᠬᠢᠶᠠᠯ ᠤᠨ ᠲᠡᠭᠦᠪᠦᠷᠢ᠂ ᠤᠳᠬ᠎ᠠ ᠤᠷᠠᠯᠢᠭ ᠤᠨ | ᠰᠢᠭᠦᠮᠵᠢ ᠶᠢᠨ ᠲᠡᠭᠦᠪᠦᠷᠢ ᠵᠡᠷᠭᠡ᠃ | ⒉ ᠺᠢᠨᠣ᠋ ᠲᠧᠯᠸᠢᠰ ᠵᠦᠴᠦᠭᠡ ᠶᠢᠨ ᠵᠣᠬᠢᠶᠠᠨ ᠪᠦᠲᠦᠭᠡᠯ᠄ ᠵᠣᠬᠢᠶᠠᠨ ᠪᠦᠲᠦᠭᠡᠭᠰᠡᠨ ᠪᠠ ᠥᠭᠡᠷᠡᠴᠢᠯᠡᠨ ᠨᠠᠶᠢᠷᠠᠭᠤᠯᠤᠭᠰᠠᠨ ᠺᠢᠨᠣ᠋ ᠲᠧᠯᠸᠢᠰ ᠵᠦᠴᠦᠭᠡ ︵ | ᠣᠬᠤᠷ ᠺᠢᠨᠣ᠋ ᠪᠠᠭᠲᠠᠨ᠎ᠠ︶᠂ ᠪᠠᠷᠢᠮᠲᠠᠲᠤ ᠺᠢᠨᠣ᠋᠂ ᠷᠠᠳᠢᠣ᠋ ᠵᠦᠴᠦᠭᠡ᠂ ᠰᠦᠯᠵᠢᠶᠡᠨ ᠤ ᠵᠦᠴᠦᠭᠡ ᠶᠢᠨ ᠳᠡᠪᠲᠡᠷ ᠤᠨ ᠵᠣᠬᠢᠶᠠᠨ ᠪᠦᠲᠦᠭᠡᠯ᠃ | ⒊ᠲᠠᠶᠢᠰᠠᠨ ᠤ ᠤᠷᠠᠯᠢᠭ ᠤᠨ ᠵᠣᠬᠢᠶᠠᠨ ᠪᠦᠲᠦᠭᠡᠯ᠄ ᠰᠢ ᠵᠦᠴᠦᠭᠡ ︵ᠪᠠᠭ᠎ᠠ ᠬᠡᠯᠪᠡᠷᠢ ᠶᠢᠨ ᠵᠦᠴᠦᠭᠡ ᠶᠢᠨ ᠭᠠᠷᠴᠠᠭ︶ ᠶᠢᠨ ᠳᠡᠪᠲᠡᠷ ᠤᠨ ᠵᠣᠬᠢᠶᠠᠨ | ᠪᠦᠲᠦᠭᠡᠯ᠃ | ︵ᠬᠤᠶᠠᠷ︶ ᠲᠡᠳᠬᠦᠬᠦ ᠪᠡᠯᠡ ᠮᠥᠩᠭᠦ | ⒈ᠷᠣᠮᠠᠨ᠂ ᠮᠡᠳᠡᠭᠡᠯᠡᠯ ᠤᠨ ᠤᠷᠠᠨ ᠵᠣᠬᠢᠶᠠᠯ᠂ ᠪᠣᠳᠠᠲᠤ ᠲᠡᠮᠳᠡᠭᠯᠡᠯ ᠤᠨ ᠤᠷᠠᠨ ᠵᠣᠬᠢᠶᠠᠯ᠂ ᠰᠢ ᠵᠦᠴᠦᠭᠡ ᠶᠢᠨ ᠳᠡᠪᠲᠡᠷ᠂ ᠺᠢᠨᠣ᠋ ᠲᠧᠯᠸᠢᠰ ᠵᠦᠴᠦᠭᠡ ᠶᠢᠨ | ᠳᠡᠪᠲᠡᠷ᠂ ᠳᠡᠪᠲᠡᠷ ᠪᠦᠷᠢ ᠳᠤ 3 ᠲᠦᠮᠡᠨ ᠲᠥᠭᠦᠷᠢᠭ᠃ | ⒉ᠲᠤᠭᠤᠵᠢ ᠥᠭᠦᠯᠡᠯᠭᠡ ᠶᠢᠨ ᠲᠡᠭᠦᠪᠦᠷᠢ᠂ ᠰᠢᠯᠦᠭ ᠳᠠᠭᠤᠤ ᠶᠢᠨ ᠲᠡᠭᠦᠪᠦᠷᠢ᠂ ᠨᠠᠶᠢᠷᠠᠭᠤᠯᠤᠯ ᠤᠨ ᠲᠡᠭᠦᠪᠦᠷᠢ ︵ᠰᠤᠯᠠ ᠲᠡᠮᠳᠡᠭᠯᠡᠯ ᠪᠠ ᠰᠤᠯᠠ | ᠵᠣᠬᠢᠶᠠᠯ ᠤᠨ ᠲᠡᠭᠦᠪᠦᠷᠢ ᠪᠠᠭᠲᠠᠨ᠎ᠠ︶᠂ ᠠᠷᠠᠳ ᠤᠨ ᠠᠮᠠᠨ ᠵᠣᠬᠢᠶᠠᠯ ᠤᠨ ᠲᠡᠭᠦᠪᠦᠷᠢ᠂ ᠰᠦᠯᠵᠢᠶᠡᠨ ᠤ ᠤᠷᠠᠨ ᠵᠣᠬᠢᠶᠠᠯ ᠤᠨ ᠲᠡᠭᠦᠪᠦᠷᠢ᠂ ᠲᠡᠭᠦᠪᠦᠷᠢ ᠪᠦᠷᠢ ᠳᠤ 2 | ᠲᠦᠮᠡᠨ ᠲᠥᠭᠦᠷᠢᠭ᠃ | ⒊ᠺᠢᠨᠣ᠋ ᠲᠧᠯᠸᠢᠰ ᠵᠦᠴᠦᠭᠡ ᠶᠢᠨ ᠳᠡᠪᠲᠡᠷ᠂ ᠪᠠᠷᠢᠮᠲᠠᠲᠤ ᠺᠢᠨᠣ᠋ ᠶᠢᠨ ᠵᠦᠴᠦᠭᠡ ᠶᠢᠨ ᠳᠡᠪᠲᠡᠷ᠂ ᠷᠠᠳᠢᠣ᠋ ᠵᠦᠴᠦᠭᠡ ᠶᠢᠨ ᠳᠡᠪᠲᠡᠷ᠂ ᠰᠦᠯᠵᠢᠶᠡᠨ ᠤ | ᠵᠦᠴᠦᠭᠡ ᠶᠢᠨ ᠳᠡᠪᠲᠡᠷ᠂ ᠪᠠᠭ᠎ᠠ ᠬᠡᠯᠪᠡᠷᠢ ᠶᠢᠨ ᠵᠦᠴᠦᠭᠡ ᠶᠢᠨ ᠭᠠᠷᠴᠠᠭ ᠤᠨ ᠳᠡᠪᠲᠡᠷ᠂ ᠳᠡᠪᠲᠡᠷ ᠪᠦᠷᠢ ᠳᠤ 2 ᠲᠦᠮᠡᠨ ᠲᠥᠭᠦᠷᠢᠭ᠃ | ᠳᠡᠭᠡᠷ᠎ᠡ ᠳᠤᠷᠠᠳᠤᠭᠰᠠᠨ 3 ᠲᠥᠷᠥᠯ ᠳᠤ᠂ ᠲᠥᠷᠥᠯ ᠨᠢᠭᠡᠪᠦᠷᠢ ᠶᠢᠨ ᠲᠡᠳᠬᠦᠬᠦ ᠲᠤᠭ᠎ᠠ ᠬᠡᠮᠵᠢᠶ᠎ᠡ ᠶᠢ ᠵᠠᠷᠴᠢᠮ ᠳᠡᠭᠡᠷ᠎ᠡ ᠪᠠᠨ ᠵᠢᠯ ᠪᠦᠷᠢ 3 ᠠᠴᠠ | ᠳᠠᠪᠠᠭᠤᠯᠵᠤ ᠪᠣᠯᠬᠤ ᠦᠭᠡᠢ᠃ | ᠲᠠᠪᠤᠳᠤᠭᠠᠷ ᠵᠦᠢᠯ ᠦᠷ᠎ᠡ ᠪᠦᠲᠦᠭᠡᠯ ᠢ ᠤᠷᠮᠠᠰᠢᠭᠤᠯᠤᠨ ᠲᠡᠳᠬᠦᠬᠦ | ︵ᠨᠢᠭᠡ︶ ᠲᠡᠳᠬᠦᠬᠦ ᠠᠭᠤᠯᠭ᠎ᠠ | ⒈ᠵᠣᠬᠢᠶᠠᠨ ᠪᠦᠲᠦᠭᠡᠯ ᠤᠨ ᠦᠷ᠎ᠡ ᠪᠦᠲᠦᠭᠡᠯ ᠤᠨ ᠲᠥᠷᠥᠯ | (1) ᠤᠯᠤᠰ ᠤᠨ ᠳᠡᠰ ᠤᠨ ᠤᠳᠬ᠎ᠠ ᠵᠣᠬᠢᠶᠠᠯ ᠤᠨ ᠰᠣᠨᠢᠨ ᠰᠡᠳᠬᠦᠯ ᠳᠡᠭᠡᠷ᠎ᠡ ᠨᠡᠶᠢᠲᠡᠯᠡᠭᠦᠯᠦᠭᠰᠡᠨ ᠤᠳᠬ᠎ᠠ ᠵᠣᠬᠢᠶᠠᠯ ᠤᠨ ᠠᠩᠬᠠᠨ ᠤ ᠪᠦᠲᠦᠭᠡᠯ᠃ | ᠤᠯᠤᠰ ᠤᠨ ᠳᠣᠲᠣᠭᠠᠳᠤ ᠶᠢᠨ ᠨᠢᠭᠡᠳᠦᠯᠲᠡᠢ ᠦᠷᠭᠦᠯᠵᠢᠯᠡᠭᠰᠡᠨ ᠬᠡᠪᠯᠡᠯ ᠤᠨ ᠳ᠋ᠤᠭᠠᠷ ︵CN ᠳ᠋ᠤᠭᠠᠷ︶᠂ ᠣᠯᠠᠨ ᠤᠯᠤᠰ ᠤᠨ ᠪᠠᠷᠢᠮᠵᠢᠶ᠎ᠠ ᠶᠢᠨ ᠦᠷᠭᠦᠯᠵᠢᠯᠡᠭᠰᠡᠨ | ᠬᠡᠪᠯᠡᠯ ᠤᠨ ᠳ᠋ᠤᠭᠠᠷ ︵ISSN ᠳ᠋ᠤᠭᠠᠷ︶᠂ ᠰᠢᠤᠳᠠᠨ ᠢᠶᠠᠷ ᠲᠠᠷᠬᠠᠭᠠᠬᠤ ᠣᠷᠣᠯᠠᠬᠤ ᠳ᠋ᠤᠭᠠᠷ ᠲᠠᠢ᠂ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ | ᠬᠤᠯᠪᠣᠭ᠎ᠠ᠂ ᠳᠤᠮᠳᠠᠳᠤ ᠤᠯᠤᠰ ᠤᠨ ᠵᠣᠬᠢᠶᠠᠯᠴᠢᠳ ᠤᠨ ᠨᠡᠶᠢᠬᠡᠮᠯᠢᠭ᠂ ᠤᠯᠤᠰ ᠤᠨ ᠲᠠᠰ ᠤᠨ ᠬᠡᠪᠯᠡᠯ ᠤᠨ ᠬᠤᠷᠢᠶ᠎ᠠ ᠠᠴᠠ ᠭᠤᠣᠯᠯᠠᠨ ᠡᠷᠭᠢᠯᠡᠵᠦ ᠪᠠᠶᠢᠭ᠎ᠠ ᠤᠳᠬ᠎ᠠ | ᠵᠣᠬᠢᠶᠠᠯ ᠤᠨ ᠰᠣᠨᠢᠨ ᠰᠡᠳᠬᠦᠯ ︵ᠰᠣᠩᠭᠤᠮᠠᠯ ᠬᠡᠪᠯᠡᠯ︶ ᠳᠡᠭᠡᠷ᠎ᠡ ᠨᠡᠶᠢᠲᠡᠯᠡᠭᠦᠯᠦᠭᠰᠡᠨ ᠷᠤᠮᠠᠨ ᠲᠤᠭᠤᠵᠢᠰ ᠦᠭᠦᠯᠡᠯᠭᠡ᠂ ᠮᠡᠳᠡᠭᠡᠯᠡᠯ ᠤᠨ ᠤᠷᠠᠨ ᠵᠣᠬᠢᠶᠠᠯ᠂ | ᠪᠣᠳᠠᠲᠤ ᠲᠡᠮᠳᠡᠭᠯᠡᠯ ᠤᠨ ᠤᠷᠠᠨ ᠵᠣᠬᠢᠶᠠᠯ᠂ ᠰᠢᠯᠦᠭ ᠳᠠᠭᠤᠤ᠂ ᠨᠠᠶᠢᠷᠠᠭᠤᠯᠤᠯ ︵ᠰᠤᠯᠠ ᠵᠣᠬᠢᠶᠠᠯ ᠪᠠ ᠰᠤᠯᠠ ᠲᠡᠮᠳᠡᠭᠯᠡᠯ ᠪᠠᠭᠲᠠᠨ᠎ᠠ︶᠂ ᠵᠦᠴᠦᠭᠡ ᠶᠢᠨ ᠵᠣᠬᠢᠶᠠᠯ᠂ | ᠤᠳᠬ᠎ᠠ ᠤᠷᠠᠯᠢᠭ ᠤᠨ ᠰᠢᠭᠦᠮᠵᠢ ︵ᠡᠷᠳᠡᠮ ᠰᠢᠨᠵᠢᠯᠡᠭᠡᠨ ᠤ ᠥᠭᠦᠯᠡᠯ ᠪᠠᠭᠲᠠᠨ᠎ᠠ︶ ᠵᠡᠷᠭᠡ︔ ᠤᠯᠤᠰ ᠤᠨ ᠳᠣᠲᠣᠭᠠᠳᠤ ᠶᠢᠨ ᠨᠢᠭᠡᠳᠦᠯᠲᠡᠢ ᠦᠷᠭᠦᠯᠵᠢᠯᠡᠭᠰᠡᠨ | ᠬᠡᠪᠯᠡᠯ ᠤᠨ ᠳ᠋ᠤᠭᠠᠷ ︵CN ᠳ᠋ᠤᠭᠠᠷ︶᠂ ᠣᠯᠠᠨ ᠤᠯᠤᠰ ᠤᠨ ᠪᠠᠷᠢᠮᠵᠢᠶ᠎ᠠ ᠶᠢᠨ ᠦᠷᠭᠦᠯᠵᠢᠯᠡᠭᠰᠡᠨ ᠬᠡᠪᠯᠡᠯ ᠤᠨ ᠳ᠋ᠤᠭᠠᠷ ︵ISSN ᠳ᠋ᠤᠭᠠᠷ︶᠂ ᠰᠢᠤᠳᠠᠨ ᠢᠶᠠᠷ | ᠲᠠᠷᠬᠠᠭᠠᠬᠤ ᠣᠷᠣᠯᠠᠬᠤ ᠳ᠋ᠤᠭᠠᠷ ᠲᠠᠢ᠂ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠳᠤᠮᠳᠠᠳᠤ ᠤᠯᠤᠰ ᠤᠨ ᠵᠣᠬᠢᠶᠠᠯᠴᠢᠳ ᠤᠨ | ᠨᠡᠶᠢᠬᠡᠮᠯᠢᠭ᠂ ᠤᠯᠤᠰ ᠤᠨ ᠲᠠᠰ ᠤᠨ ᠬᠡᠪᠯᠡᠯ ᠤᠨ ᠬᠤᠷᠢᠶ᠎ᠠ ᠠᠴᠠ ᠭᠤᠣᠯᠯᠠᠨ ᠡᠷᠭᠢᠯᠡᠵᠦ ᠪᠠᠶᠢᠭ᠎ᠠ ᠤᠳᠬ᠎ᠠ ᠤᠷᠠᠯᠢᠭ ᠤᠨ ᠰᠣᠨᠢᠨ ᠰᠡᠳᠬᠦᠯ ︵ᠰᠣᠩᠭᠤᠮᠠᠯ ᠬᠡᠪᠯᠡᠯ︶ | ᠳᠡᠭᠡᠷ᠎ᠡ ᠨᠡᠶᠢᠲᠡᠯᠡᠭᠦᠯᠦᠭᠰᠡᠨ ᠳᠠᠭᠤᠤ ᠬᠥᠭᠵᠢᠮ ︵ᠦᠭᠡ ᠠᠶ᠎ᠠ︶᠂ ᠤᠷᠠᠨ ᠪᠢᠴᠢᠯᠭᠡ᠂ ᠤᠷᠠᠨ ᠵᠢᠷᠤᠭ᠂ ᠬᠡᠷᠡᠯ ᠵᠢᠷᠤᠭ᠂ ᠰᠢ ᠵᠦᠴᠦᠭᠡ᠂ ᠳᠠᠭᠤᠷᠢᠯᠢᠭ᠂ | ᠠᠷᠠᠳ ᠤᠨ ᠤᠳᠬ᠎ᠠ ᠤᠷᠠᠯᠢᠭ ᠵᠡᠷᠭᠡ ᠪᠦᠲᠦᠭᠡᠯ᠃ | (2) ᠮᠤᠵᠢ᠂ ᠥᠪᠡᠷᠲᠡᠭᠡᠨ ᠵᠠᠰᠠᠬᠤ ᠣᠷᠣᠨ ᠤ ᠲᠡᠰ ᠤᠨ ᠤᠳᠬ᠎ᠠ ᠵᠣᠬᠢᠶᠠᠯ ᠤᠨ ᠰᠣᠨᠢᠨ ᠰᠡᠳᠬᠦᠯ ᠳᠡᠭᠡᠷ᠎ᠡ ᠨᠡᠶᠢᠲᠡᠯᠡᠭᠦᠯᠦᠭᠰᠡᠨ ᠤᠳᠬ᠎ᠠ ᠵᠣᠬᠢᠶᠠᠯ ᠤᠨ | ᠪᠦᠲᠦᠭᠡᠯ᠃ ᠤᠯᠤᠰ ᠤᠨ ᠳᠣᠲᠣᠭᠠᠳᠤ ᠶᠢᠨ ᠨᠢᠭᠡᠳᠦᠯᠲᠡᠢ ᠦᠷᠭᠦᠯᠵᠢᠯᠡᠭᠰᠡᠨ ᠬᠡᠪᠯᠡᠯ ᠤᠨ ᠳ᠋ᠤᠭᠠᠷ ︵CN ᠨᠣᠮᠧᠷ︶᠂ ᠣᠯᠠᠨ ᠤᠯᠤᠰ ᠤᠨ ᠪᠠᠷᠢᠮᠵᠢᠶ᠎ᠠ ᠶᠢᠨ | ᠦᠷᠭᠦᠯᠵᠢᠯᠡᠭᠰᠡᠨ ᠬᠡᠪᠯᠡᠯ ᠤᠨ ᠳ᠋ᠤᠭᠠᠷ ︵ISSN ᠨᠣᠮᠧᠷ︶᠂ ᠰᠢᠤᠳᠠᠨ ᠢᠶᠠᠷ ᠲᠠᠷᠬᠠᠭᠠᠬᠤ ᠣᠷᠣᠯᠠᠬᠤ ᠨᠣᠮᠧᠷ ᠲᠠᠢ᠂ ᠮᠤᠵᠢ᠂ ᠥᠪᠡᠷᠲᠡᠭᠡᠨ ᠵᠠᠰᠠᠬᠤ ᠣᠷᠣᠨ ᠤ | ᠲᠡᠰ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠮᠤᠵᠢ᠂ ᠥᠪᠡᠷᠲᠡᠭᠡᠨ ᠵᠠᠰᠠᠬᠤ ᠣᠷᠣᠨ ᠤ ᠵᠣᠬᠢᠶᠠᠯᠴᠢᠳ ᠤᠨ ᠨᠡᠶᠢᠬᠡᠮᠯᠢᠭ ᠵᠡᠷᠭᠡ ᠶᠢᠨ ᠭᠤᠣᠯᠯᠠᠨ | ᠡᠷᠬᠢᠯᠡᠭᠰᠡᠨ ᠨᠥᠯᠥᠭᠡᠯᠡᠬᠦ ᠬᠦᠴᠦᠨ ᠪᠦᠬᠦᠢ ᠤᠳᠬ᠎ᠠ ᠵᠣᠬᠢᠶᠠᠯ ᠤᠨ ᠰᠣᠨᠢᠨ ᠰᠡᠳᠬᠦᠯ ︵ᠰᠣᠩᠭᠤᠮᠠᠯ ᠬᠡᠪᠯᠡᠯ︶ ᠳᠡᠭᠡᠷ᠎ᠡ ᠨᠡᠶᠢᠲᠡᠯᠡᠭᠦᠯᠦᠭᠰᠡᠨ ᠷᠤᠮᠠᠨ ᠲᠤᠭᠤᠵᠢᠰ | ᠦᠭᠦᠯᠡᠯᠭᠡ᠂ ᠮᠡᠳᠡᠭᠡᠯᠡᠯ ᠤᠨ ᠤᠷᠠᠨ ᠵᠣᠬᠢᠶᠠᠯ᠂ ᠪᠣᠳᠠᠲᠤ ᠲᠡᠮᠳᠡᠭᠯᠡᠯ ᠤᠨ ᠤᠷᠠᠨ ᠵᠣᠬᠢᠶᠠᠯ᠂ ᠰᠢᠯᠦᠭ ᠳᠠᠭᠤᠤ᠂ ᠨᠠᠶᠢᠷᠠᠭᠤᠯᠤᠯ ︵ᠰᠤᠯᠠ ᠵᠣᠬᠢᠶᠠᠯ ᠪᠠ ᠰᠤᠯᠠ | ᠲᠡᠮᠳᠡᠭᠯᠡᠯ ᠪᠠᠭᠲᠠᠨ᠎ᠠ︶᠂ ᠵᠦᠴᠦᠭᠡ ᠶᠢᠨ ᠵᠣᠬᠢᠶᠠᠯ᠂ ᠤᠳᠬ᠎ᠠ ᠤᠷᠠᠯᠢᠭ ᠤᠨ ᠰᠢᠭᠦᠮᠵᠢ ︵ᠡᠷᠳᠡᠮ ᠰᠢᠨᠵᠢᠯᠡᠭᠡᠨ ᠤ ᠥᠭᠦᠯᠡᠯ ᠪᠠᠭᠲᠠᠨ᠎ᠠ︶ ᠵᠡᠷᠭᠡ︔ ᠤᠯᠤᠰ ᠤᠨ | ᠳᠣᠲᠣᠭᠠᠳᠤ ᠶᠢᠨ ᠨᠢᠭᠡᠳᠦᠯᠲᠡᠢ ᠦᠷᠭᠦᠯᠵᠢᠯᠡᠭᠰᠡᠨ ᠬᠡᠪᠯᠡᠯ ᠤᠨ ᠳ᠋ᠤᠭᠠᠷ ︵CN ᠳ᠋ᠤᠭᠠᠷ︶᠂ ᠣᠯᠠᠨ ᠤᠯᠤᠰ ᠤᠨ ᠪᠠᠷᠢᠮᠵᠢᠶ᠎ᠠ ᠶᠢᠨ ᠦᠷᠭᠦᠯᠵᠢᠯᠡᠭᠰᠡᠨ ᠬᠡᠪᠯᠡᠯ ᠤᠨ | ᠳ᠋ᠤᠭᠠᠷ ︵ISSN ᠳ᠋ᠤᠭᠠᠷ︶᠂ ᠰᠢᠤᠳᠠᠨ ᠢᠶᠠᠷ ᠲᠠᠷᠬᠠᠭᠠᠬᠤ ᠣᠷᠣᠯᠠᠬᠤ ᠳ᠋ᠤᠭᠠᠷ ᠲᠠᠢ᠂ ᠮᠤᠵᠢ᠂ ᠥᠪᠡᠷᠲᠡᠭᠡᠨ ᠵᠠᠰᠠᠬᠤ ᠣᠷᠣᠨ ᠤ ᠲᠡᠰ ᠤᠨ ᠤᠳᠬ᠎ᠠ | ᠤᠷᠠᠯᠢᠭ ᠤᠨ ᠬᠢᠨ ᠤ ᠬᠤᠯᠪᠣᠭ᠎ᠠ᠂ ᠮᠤᠵᠢ᠂ ᠥᠪᠡᠷᠲᠡᠭᠡᠨ ᠵᠠᠰᠠᠬᠤ ᠣᠷᠣᠨ ᠤ ᠵᠣᠬᠢᠶᠠᠯᠴᠢᠳ ᠤᠨ ᠨᠡᠶᠢᠬᠡᠮᠯᠢᠭ ᠵᠡᠷᠭᠡ ᠶᠢᠨ ᠭᠤᠣᠯᠯᠠᠨ ᠡᠷᠬᠢᠯᠡᠭᠰᠡᠨ ᠨᠥᠯᠥᠭᠡᠯᠡᠬᠦ | ᠬᠦᠴᠦᠨ ᠪᠦᠬᠦᠢ ᠤᠳᠬ᠎ᠠ ᠤᠷᠠᠯᠢᠭ ᠤᠨ ᠰᠣᠨᠢᠨ ᠰᠡᠳᠬᠦᠯ ︵ᠰᠣᠩᠭᠤᠮᠠᠯ ᠬᠡᠪᠯᠡᠯ︶ ᠳᠡᠭᠡᠷ᠎ᠡ ᠨᠡᠶᠢᠲᠡᠯᠡᠭᠦᠯᠦᠭᠰᠡᠨ ᠳᠠᠭᠤᠤ ᠬᠥᠭᠵᠢᠮ ︵ᠦᠭᠡ ᠠᠶ᠎ᠠ︶᠂ ᠤᠷᠠᠨ | ᠪᠢᠴᠢᠯᠭᠡ᠂ ᠤᠷᠠᠨ ᠵᠢᠷᠤᠭ᠂ ᠬᠡᠷᠡᠯ ᠵᠢᠷᠤᠭ᠂ ᠰᠢ ᠵᠦᠴᠦᠭᠡ᠂ ᠳᠠᠭᠤᠷᠢᠯᠢᠭ᠂ ᠠᠷᠠᠳ ᠤᠨ ᠤᠳᠬ᠎ᠠ ᠤᠷᠠᠯᠢᠭ ᠵᠡᠷᠭᠡ ᠤᠷᠠᠯᠢᠭ ᠤᠨ ᠪᠦᠲᠦᠭᠡᠯ᠃ | (3) ᠨᠣᠮ ᠬᠡᠪᠯᠡᠯ᠃ ᠨᠣᠮ ᠪᠢᠴᠢᠭ ᠢ ᠬᠡᠪᠯᠡᠯ ᠳᠤ ᠭᠠᠷᠴᠠᠭᠯᠠᠭᠰᠠᠨ ᠲᠤᠭ᠎ᠠ ᠪᠠᠷᠢᠮᠲᠠ ︵CIP︶ ᠲᠠᠢ᠂ ᠵᠢᠩᠬᠢᠨᠢ ᠪᠠᠷ ᠬᠡᠪᠯᠡᠨ ᠲᠠᠷᠬᠠᠭᠠᠭᠰᠠᠨ ᠷᠣᠮᠠᠨ᠂ | ᠲᠣᠭᠤᠵᠢᠰ ᠥᠭᠦᠯᠡᠯᠭᠡ ᠶᠢᠨ ᠲᠡᠭᠦᠪᠦᠷᠢ᠂ ᠰᠢᠯᠦᠭ ᠳᠠᠭᠤᠤ ᠶᠢᠨ ᠲᠡᠭᠦᠪᠦᠷᠢ᠂ ᠨᠠᠶᠢᠷᠠᠭᠤᠯᠤᠯ ᠤᠨ ᠲᠡᠭᠦᠪᠦᠷᠢ ︵ᠰᠤᠯᠠ ᠵᠣᠬᠢᠶᠠᠯ ᠪᠠ ᠰᠤᠯᠠ ᠪᠢᠴᠢᠯᠭᠡ ᠶᠢᠨ | ᠲᠡᠭᠦᠪᠦᠷᠢ ᠪᠠᠭᠲᠠᠨ᠎ᠠ︶᠂ ᠤᠳᠬ᠎ᠠ ᠤᠷᠠᠯᠢᠭ ᠤᠨ ᠰᠢᠭᠦᠮᠵᠢ ︵ᠡᠷᠳᠡᠮ ᠰᠢᠨᠵᠢᠯᠡᠭᠡᠨ ᠤ ᠥᠭᠦᠯᠡᠯ ᠪᠠᠭᠲᠠᠨ᠎ᠠ︶ ᠶᠢᠨ ᠲᠡᠭᠦᠪᠦᠷᠢ ᠵᠡᠷᠭᠡ᠃ ᠤᠷᠠᠨ ᠵᠢᠷᠤᠭ᠂ ᠤᠷᠠᠨ | ᠪᠢᠴᠢᠯᠭᠡ᠂ ᠭᠡᠷᠡᠯ ᠵᠢᠷᠤᠭ᠂ ᠳᠠᠭᠤᠤ ᠬᠥᠭᠵᠢᠮ ᠤᠨ ᠪᠦᠲᠦᠭᠡᠯ᠂ ᠠᠷᠠᠳ ᠤᠨ ᠤᠳᠬ᠎ᠠ ᠤᠷᠠᠯᠢᠭ᠂ ᠰᠣᠶᠣᠯ ᠲᠡᠦᠬᠡ ᠶᠢᠨ ᠰᠤᠳᠤᠯᠭᠠᠨ ᠤ ᠵᠣᠬᠢᠶᠠᠯ ᠤᠨ ᠲᠡᠭᠦᠪᠦᠷᠢ | ︵ᠵᠢᠩᠬᠢᠨᠢ ᠡᠯᠧᠺᠲᠷᠣᠨ ᠬᠡᠪᠯᠡᠭᠳᠡᠬᠦᠨ ISBN ᠨᠣᠮ ᠤᠨ ᠳ᠋ᠤᠭᠠᠷ ᠲᠠᠢ ᠡᠯᠧᠺᠲᠷᠣᠨ ᠨᠣᠮ ᠪᠠᠭᠲᠠᠨ᠎ᠠ︶ ᠵᠡᠷᠭᠡ᠃ | ⒉ᠳᠡᠯᠭᠡᠨ ᠦᠵᠡᠭᠦᠯᠭᠡ ᠶᠢᠨ ᠲᠦᠷᠦᠯ | (1) ᠲᠥᠪ ᠤᠨ ᠤᠬᠠᠭᠤᠯᠬᠤ ᠶᠠᠮᠤᠨ᠂ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠰᠣᠶᠣᠯ ᠪᠠ ᠵᠢᠭᠤᠯᠴᠢᠯᠠᠯ ᠤᠨ ᠶᠠᠮᠤᠨ ᠵᠢᠴᠢ | ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠡᠯ᠎ᠡ ᠤᠳᠬ᠎ᠠ ᠤᠷᠠᠯᠢᠭᠴᠢᠳ ᠤᠨ ᠨᠡᠶᠢᠭᠡᠮᠯᠢᠭ ᠤᠨ ᠭᠤᠣᠯᠯᠠᠨ ᠡᠷᠬᠢᠯᠡᠭᠰᠡᠨ᠂ ᠤᠯᠤᠰ ᠤᠨ | ᠲᠡᠰ ᠤᠨ ᠲᠤᠰᠬᠠᠢ ᠲᠠᠯᠠᠪᠤᠷ ᠲᠤ ᠳᠡᠯᠭᠡᠨ ᠦᠵᠡᠭᠦᠯᠦᠭᠰᠡᠨ ᠤᠷᠠᠨ ᠪᠢᠴᠢᠯᠭᠡ᠂ ᠤᠷᠠᠨ ᠵᠢᠷᠤᠭ᠂ ᠭᠡᠷᠡᠯ ᠵᠢᠷᠤᠭ᠂ ᠱᠤᠭᠤᠮᠠᠯ᠂ ᠠᠷᠠᠳ ᠤᠨ ᠭᠠᠷ ᠤᠷᠠᠯᠠᠯ ᠵᠡᠷᠭᠡ | ᠲᠣᠮᠣ ᠬᠡᠯᠪᠡᠷᠢ ᠶᠢᠨ ᠦᠵᠡᠭᠦᠯᠭᠡ ᠳᠤ ᠰᠣᠩᠭᠤᠭᠳᠠᠭᠰᠠᠨ ᠬᠤᠪᠢ ᠬᠥᠮᠥᠨ ᠤ ᠪᠦᠲᠦᠭᠡᠯ᠃ | (2) ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ | ᠬᠤᠯᠪᠣᠭ᠎ᠠ᠂ ᠰᠣᠶᠣᠯ ᠪᠠ ᠵᠢᠭᠤᠯᠴᠢᠯᠠᠯ ᠤᠨ ᠲᠢᠩᠬᠢᠮ ᠵᠢᠴᠢ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠡᠯ᠎ᠡ ᠤᠳᠬ᠎ᠠ | ᠤᠷᠠᠯᠢᠭᠴᠢᠳ ᠤᠨ ᠨᠡᠶᠢᠭᠡᠮᠯᠢᠭ ᠤᠨ ᠭᠤᠣᠯᠯᠠᠨ ᠡᠷᠬᠢᠯᠡᠭᠰᠡᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠤᠰᠬᠠᠢ ᠲᠠᠯᠠᠪᠤᠷ ᠣᠷᠳᠣᠨ ᠳᠤ ᠳᠡᠯᠭᠡᠨ | ᠦᠵᠡᠭᠦᠯᠦᠭᠰᠡᠨ ᠤᠷᠠᠨ ᠪᠢᠴᠢᠯᠭᠡ᠂ ᠤᠷᠠᠨ ᠵᠢᠷᠤᠭ᠂ ᠬᠡᠷᠡᠯ ᠵᠢᠷᠤᠭ᠂ ᠱᠤᠭᠤᠮᠠᠯ᠂ ᠠᠷᠠᠳ ᠤᠨ ᠭᠠᠷ ᠤᠷᠠᠯᠠᠯ ᠵᠡᠷᠭᠡ ᠲᠣᠮᠣ ᠬᠡᠯᠪᠡᠷᠢ ᠶᠢᠨ ᠦᠵᠡᠭᠦᠯᠭᠡ ᠳᠤ | ᠰᠣᠩᠭᠤᠭᠳᠠᠭᠰᠠᠨ ᠬᠤᠪᠢ ᠬᠥᠮᠥᠨ ᠤ ᠪᠦᠲᠦᠭᠡᠯ᠃ | | (3) ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠬᠤᠲᠠ ᠶᠢᠨ ᠰᠣᠶᠣᠯ ᠪᠠ | ᠵᠢᠭᠤᠯᠴᠢᠯᠠᠯ ᠤᠨ ᠲᠣᠪᠴᠢᠶ᠎ᠠ ᠵᠢᠴᠢ ᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠡᠯ᠎ᠡ ᠤᠳᠬ᠎ᠠ ᠤᠷᠠᠯᠢᠭᠴᠢᠳ ᠤᠨ ᠨᠡᠶᠢᠭᠡᠮᠯᠢᠭ ᠤᠨ ᠭᠤᠣᠯᠯᠠᠨ | ᠡᠷᠬᠢᠯᠡᠭᠰᠡᠨ᠂ ᠬᠤᠲᠠ ᠶᠢᠨ ᠲᠠᠰ ᠤᠨ ᠲᠤᠰᠬᠠᠢ ᠲᠠᠯᠠᠪᠣᠷ ᠣᠷᠳᠣᠨ ᠳᠤ ᠳᠡᠯᠭᠡᠨ ᠦᠵᠡᠭᠦᠯᠦᠭᠰᠡᠨ ᠤᠷᠠᠨ ᠪᠢᠴᠢᠯᠭᠡ᠂ ᠤᠷᠠᠨ ᠵᠢᠷᠤᠭ᠂ ᠬᠡᠷᠡᠯ ᠵᠢᠷᠤᠭ᠂ ᠱᠤᠭᠤᠮᠠᠯ᠂ | ᠠᠷᠠᠳ ᠤᠨ ᠭᠠᠷ ᠤᠷᠠᠯᠠᠯ ᠵᠡᠷᠭᠡ ᠲᠣᠮᠣ ᠬᠡᠯᠪᠡᠷᠢ ᠶᠢᠨ ᠦᠵᠡᠭᠦᠯᠭᠡ ᠳᠤ ᠰᠣᠩᠭᠤᠭᠳᠠᠭᠰᠠᠨ ᠬᠤᠪᠢ ᠬᠥᠮᠥᠨ ᠤ ᠪᠦᠲᠦᠭᠡᠯ᠃ | ︵ᠬᠤᠶᠠᠷ︶ ᠲᠡᠳᠬᠦᠮᠵᠢ ᠶᠢᠨ ᠮᠥᠩᠭᠦ | ⒈ᠤᠯᠤᠰ ᠤᠨ ᠲᠠᠰ ᠤᠨ ᠤᠳᠬ᠎ᠠ ᠵᠣᠬᠢᠶᠠᠯ ᠤᠨ ᠰᠣᠨᠢᠨ ᠰᠡᠳᠬᠦᠯ ᠳᠡᠭᠡᠷ᠎ᠡ ᠨᠡᠶᠢᠲᠡᠯᠡᠭᠦᠯᠦᠭᠰᠡᠨ ᠤᠳᠬ᠎ᠠ ᠵᠣᠬᠢᠶᠠᠯ ᠤᠨ ᠠᠩᠬᠠᠨ ᠤ ᠪᠦᠲᠦᠭᠡᠯ᠃ ᠷᠣᠮᠠᠨ᠂ | ᠮᠡᠳᠡᠭᠡᠯᠡᠯ ᠤᠨ ᠤᠷᠠᠨ ᠵᠣᠬᠢᠶᠠᠯ᠂ ᠪᠣᠳᠠᠲᠤ ᠲᠡᠮᠳᠡᠭᠯᠡᠯ ᠤᠨ ᠤᠷᠠᠨ ᠵᠣᠬᠢᠶᠠᠯ 5 ᠲᠦᠮᠡᠨ ᠲᠥᠭᠦᠷᠢᠭ / ᠪᠦᠲᠦᠭᠡᠯ᠂ ᠲᠤᠭᠤᠵᠢ᠂ ᠮᠡᠳᠡᠭᠡᠯᠡᠯ ᠤᠨ ᠤᠷᠠᠨ | ᠵᠣᠬᠢᠶᠠᠯ᠂ ᠪᠣᠳᠠᠲᠤ ᠲᠡᠮᠳᠡᠭᠯᠡᠯ ᠤᠨ ᠤᠷᠠᠨ ᠵᠣᠬᠢᠶᠠᠯ 3 ᠲᠦᠮᠡᠨ ᠲᠥᠭᠦᠷᠢᠭ / ᠪᠦᠲᠦᠭᠡᠯ᠂ ᠥᠭᠦᠯᠡᠯᠭᠡ᠂ ᠮᠡᠳᠡᠭᠡᠯᠡᠯ ᠤᠨ ᠤᠷᠠᠨ ᠵᠣᠬᠢᠶᠠᠯ᠂ ᠪᠣᠳᠠᠲᠤ | ᠲᠡᠮᠳᠡᠭᠯᠡᠯ ᠤᠨ ᠤᠷᠠᠨ ᠵᠣᠬᠢᠶᠠᠯ᠂ ᠰᠢᠯᠦᠭ ᠳᠠᠭᠤᠤ᠂ ᠨᠠᠶᠢᠷᠠᠭᠤᠯᠤᠯ ︵ᠰᠤᠯᠠ ᠵᠣᠬᠢᠶᠠᠯ᠂ ᠰᠤᠯᠠ ᠲᠡᠮᠳᠡᠭᠯᠡᠯ︶᠂ ᠤᠳᠬ᠎ᠠ ᠤᠷᠠᠯᠢᠭ ᠤᠨ ᠰᠢᠭᠦᠮᠵᠢ ︵ᠡᠷᠳᠡᠮ | ᠰᠢᠨᠵᠢᠯᠡᠭᠡᠨ ᠤ ᠥᠭᠦᠯᠡᠯ ᠪᠠᠭᠲᠠᠨ᠎ᠠ︶ ᠶᠢᠨ ᠪᠦᠲᠦᠭᠡᠯ 1 ᠲᠦᠮᠡᠨ ᠲᠥᠭᠦᠷᠢᠭ / ᠪᠦᠲᠦᠭᠡᠯ᠃ | ᠤᠯᠤᠰ ᠤᠨ ᠳᠡᠰ ᠤᠨ ᠤᠳᠬ᠎ᠠ ᠵᠣᠬᠢᠶᠠᠯ ᠤᠨ ᠰᠣᠩᠭᠤᠮᠠᠯ ᠰᠡᠳᠭᠦᠯ ︵ᠰᠣᠨᠢᠨ︶ ᠳᠤ ᠰᠣᠩᠭᠤᠭᠳᠠᠨ ᠨᠡᠶᠢᠲᠡᠯᠡᠭᠳᠡᠭᠰᠡᠨ ᠪᠦᠲᠦᠭᠡᠯ᠃ ᠷᠣᠮᠠᠨ᠂ | ᠮᠡᠳᠡᠭᠡᠯᠡᠯ ᠤᠨ ᠤᠷᠠᠨ ᠵᠣᠬᠢᠶᠠᠯ᠂ ᠪᠣᠳᠠᠲᠤ ᠲᠡᠮᠳᠡᠭᠯᠡᠯ ᠤᠨ ᠤᠷᠠᠨ ᠵᠣᠬᠢᠶᠠᠯ 7 ᠲᠦᠮᠡᠨ ᠲᠥᠭᠦᠷᠢᠭ / ᠪᠦᠲᠦᠭᠡᠯ᠂ ᠲᠤᠭᠤᠵᠢ᠂ ᠮᠡᠳᠡᠭᠡᠯᠡᠯ ᠤᠨ ᠤᠷᠠᠨ ᠵᠣᠬᠢᠶᠠᠯ᠂ | ᠪᠣᠳᠠᠲᠤ ᠲᠡᠮᠳᠡᠭᠯᠡᠯ ᠤᠨ ᠤᠷᠠᠨ ᠵᠣᠬᠢᠶᠠᠯ 5 ᠲᠦᠮᠡᠨ ᠲᠥᠭᠦᠷᠢᠭ / ᠪᠦᠲᠦᠭᠡᠯ᠂ ᠥᠭᠦᠯᠡᠯᠭᠡ᠂ ᠮᠡᠳᠡᠭᠡᠯᠡᠯ ᠤᠨ ᠤᠷᠠᠨ ᠵᠣᠬᠢᠶᠠᠯ᠂ ᠪᠣᠳᠠᠲᠤ ᠲᠡᠮᠳᠡᠭᠯᠡᠯ ᠤᠨ | ᠤᠷᠠᠨ ᠵᠣᠬᠢᠶᠠᠯ᠂ ᠰᠢᠯᠦᠭ ᠳᠠᠭᠤᠤ᠂ ᠨᠠᠶᠢᠷᠠᠭᠤᠯᠤᠯ ︵ᠶᠣᠵᠣᠲᠤ ᠵᠣᠬᠢᠶᠠᠯ᠂ ᠰᠤᠯᠠ ᠲᠡᠮᠳᠡᠭᠯᠡᠯ︶᠂ ᠤᠳᠬ᠎ᠠ ᠤᠷᠠᠯᠢᠭ ᠤᠨ ᠰᠢᠭᠦᠮᠵᠢ ︵ᠡᠷᠳᠡᠮ ᠰᠢᠨᠵᠢᠯᠡᠭᠡᠨ ᠤ | ᠥᠭᠦᠯᠡᠯ ᠪᠠᠭᠲᠠᠨ᠎ᠠ︶ ᠶᠢᠨ ᠪᠦᠲᠦᠭᠡᠯ 3 ᠲᠦᠮᠡᠨ ᠲᠥᠭᠦᠷᠢᠭ / ᠪᠦᠲᠦᠭᠡᠯ᠃ | ⒉ᠤᠯᠤᠰ ᠤᠨ ᠲᠠᠰ ᠤᠨ ᠤᠳᠬ᠎ᠠ ᠤᠷᠠᠯᠢᠭ ᠤᠨ ᠰᠣᠨᠢᠨ ᠰᠡᠳᠬᠦᠯ ᠳᠡᠭᠡᠷ᠎ᠡ ᠨᠡᠶᠢᠲᠡᠯᠡᠭᠦᠯᠦᠭᠰᠡᠨ ᠳᠠᠭᠤᠤ ᠬᠥᠭᠵᠢᠮ ︵ᠦᠭᠡ ᠠᠶ᠎ᠠ︶᠂ ᠤᠷᠠᠨ ᠪᠢᠴᠢᠯᠭᠡ᠂ | ᠤᠷᠠᠨ ᠵᠢᠷᠤᠭ᠂ ᠬᠡᠷᠡᠯ ᠵᠢᠷᠤᠭ᠂ ᠰᠢ ᠵᠦᠴᠦᠭᠡ᠂ ᠳᠠᠭᠤᠷᠢᠯᠢᠭ᠂ ᠠᠷᠠᠳ ᠤᠨ ᠤᠳᠬ᠎ᠠ ᠤᠷᠠᠯᠢᠭ ᠵᠡᠷᠭᠡ 0.5 ᠲᠦᠮᠡᠨ ᠲᠥᠭᠦᠷᠢᠭ / ᠪᠦᠲᠦᠭᠡᠯ᠃ | ⒊ᠮᠤᠵᠢ᠂ ᠥᠪᠡᠷᠲᠡᠭᠡᠨ ᠵᠠᠰᠠᠬᠤ ᠣᠷᠣᠨ ᠤ ᠲᠡᠰ ᠤᠨ ᠤᠳᠬ᠎ᠠ ᠵᠣᠬᠢᠶᠠᠯ ᠤᠨ ᠰᠣᠨᠢᠨ ᠰᠡᠳᠬᠦᠯ ᠳᠡᠭᠡᠷ᠎ᠡ ᠨᠡᠶᠢᠲᠡᠯᠡᠭᠦᠯᠦᠭᠰᠡᠨ ᠤᠳᠬ᠎ᠠ ᠵᠣᠬᠢᠶᠠᠯ ᠤᠨ | ᠪᠦᠲᠦᠭᠡᠯ᠃ ᠷᠣᠮᠠᠨ᠂ ᠮᠡᠳᠡᠭᠡᠯᠡᠯ ᠤᠨ ᠤᠷᠠᠨ ᠵᠣᠬᠢᠶᠠᠯ᠂ ᠪᠣᠳᠠᠲᠤ ᠲᠡᠮᠳᠡᠭᠯᠡᠯ ᠤᠨ ᠤᠷᠠᠨ ᠵᠣᠬᠢᠶᠠᠯ 1 ᠲᠦᠮᠡᠨ ᠲᠥᠭᠦᠷᠢᠭ /ᠪᠦᠲᠦᠭᠡᠯ᠂ ᠲᠤᠭᠤᠵᠢ᠂ | ᠮᠡᠳᠡᠭᠡᠯᠡᠯ ᠤᠨ ᠤᠷᠠᠨ ᠵᠣᠬᠢᠶᠠᠯ᠂ ᠪᠣᠳᠠᠲᠤ ᠲᠡᠮᠳᠡᠭᠯᠡᠯ ᠤᠨ ᠤᠷᠠᠨ ᠵᠣᠬᠢᠶᠠᠯ 0.3 ᠲᠦᠮᠡᠨ ᠲᠥᠭᠦᠷᠢᠭ / ᠪᠦᠲᠦᠭᠡᠯ᠂ ᠥᠭᠦᠯᠡᠯᠭᠡ᠂ ᠮᠡᠳᠡᠭᠡᠯᠡᠯ ᠤᠨ ᠤᠷᠠᠨ | ᠵᠣᠬᠢᠶᠠᠯ᠂ ᠪᠣᠳᠠᠲᠤ ᠲᠡᠮᠳᠡᠭᠯᠡᠯ ᠤᠨ ᠤᠷᠠᠨ ᠵᠣᠬᠢᠶᠠᠯ᠂ ᠰᠢᠯᠦᠭ ᠳᠠᠭᠤᠤ᠂ ᠨᠠᠶᠢᠷᠠᠭᠤᠯᠤᠯ ︵ᠰᠤᠯᠠ ᠵᠣᠬᠢᠶᠠᠯ᠂ ᠰᠤᠯᠠ ᠲᠡᠮᠳᠡᠭᠯᠡᠯ︶᠂ ᠤᠳᠬ᠎ᠠ ᠤᠷᠠᠯᠢᠭ ᠤᠨ | ᠰᠢᠭᠦᠮᠵᠢ ︵ᠡᠷᠳᠡᠮ ᠰᠢᠨᠵᠢᠯᠡᠭᠡᠨ ᠤ ᠥᠭᠦᠯᠡᠯ ᠪᠠᠭᠲᠠᠨ᠎ᠠ︶ ᠶᠢᠨ ᠪᠦᠲᠦᠭᠡᠯ 0.2 ᠲᠦᠮᠡᠨ ᠲᠥᠭᠦᠷᠢᠭ / ᠪᠦᠲᠦᠭᠡᠯ᠃ ᠬᠥᠮᠥᠨ ᠪᠦᠷᠢ ᠶᠢᠨ ᠲᠡᠳᠬᠦᠮᠵᠢ ᠶᠢᠨ | ᠮᠥᠩᠭᠦ ᠶᠢ ᠵᠢᠯ ᠳᠤ 5 ᠠᠴᠠ ᠳᠠᠪᠠᠭᠤᠯᠵᠤ ᠪᠣᠯᠬᠤ ᠦᠭᠡᠢ᠃ ᠵᠢᠯ ᠪᠦᠷᠢ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠵᠥᠪᠯᠡᠯ ᠠᠴᠠ ︽ᠬᠢᠨᠠᠨ ᠲᠣᠭᠲᠠᠭᠠᠬᠤ | ᠨᠠᠷᠢᠨ ᠳᠦᠷᠢᠮ︾ ᠢ ᠦᠨᠳᠦᠰᠦᠯᠡᠨ ᠰᠣᠩᠭᠤᠨ ᠠᠪᠴᠤ ᠤᠷᠮᠠᠰᠢᠭᠤᠯᠵᠤ ᠲᠡᠳᠬᠦᠬᠦ ᠪᠦᠲᠦᠭᠡᠯ ᠤᠨ ᠲᠤᠭ᠎ᠠ ᠶᠢ 60 ᠠᠴᠠ ᠳᠠᠪᠠᠭᠤᠯᠵᠤ ᠪᠣᠯᠬᠤ ᠦᠭᠡᠢ᠃ | ᠮᠤᠵᠢ᠂ ᠥᠪᠡᠷᠲᠡᠭᠡᠨ ᠵᠠᠰᠠᠬᠤ ᠣᠷᠣᠨ ᠤ ᠲᠡᠰ ᠤᠨ ᠤᠳᠬ᠎ᠠ ᠵᠣᠬᠢᠶᠠᠯ ᠤᠨ ᠰᠣᠩᠭᠤᠮᠠᠯ ᠬᠡᠪᠯᠡᠯ ︵ᠰᠣᠨᠢᠨ︶ ᠳᠤ ᠰᠣᠩᠭᠤᠭᠳᠠᠨ ᠨᠡᠶᠢᠲᠡᠯᠡᠭᠳᠡᠭᠰᠡᠨ | ᠤᠳᠬ᠎ᠠ ᠵᠣᠬᠢᠶᠠᠯ ᠤᠨ ᠪᠦᠲᠦᠭᠡᠯ᠃ ᠷᠣᠮᠠᠨ᠂ ᠮᠡᠳᠡᠭᠡᠯᠡᠯ ᠤᠨ ᠤᠷᠠᠨ ᠵᠣᠬᠢᠶᠠᠯ᠂ ᠪᠣᠳᠠᠲᠤ ᠲᠡᠮᠳᠡᠭᠯᠡᠯ ᠤᠨ ᠤᠷᠠᠨ ᠵᠣᠬᠢᠶᠠᠯ 1.5 ᠲᠦᠮᠡᠨ ᠲᠥᠭᠦᠷᠢᠭ / | ᠪᠦᠲᠦᠭᠡᠯ᠂ ᠲᠤᠭᠤᠵᠢ᠂ ᠮᠡᠳᠡᠭᠡᠯᠡᠯ ᠤᠨ ᠤᠷᠠᠨ ᠵᠣᠬᠢᠶᠠᠯ᠂ ᠪᠣᠳᠠᠲᠤ ᠲᠡᠮᠳᠡᠭᠯᠡᠯ ᠤᠨ ᠤᠷᠠᠨ ᠵᠣᠬᠢᠶᠠᠯ 0.5 ᠲᠦᠮᠡᠨ ᠲᠥᠭᠦᠷᠢᠭ /ᠪᠦᠲᠦᠭᠡᠯ᠂ ᠥᠭᠦᠯᠡᠯᠭᠡ᠂ | ᠮᠡᠳᠡᠭᠡᠯᠡᠯ ᠤᠨ ᠤᠷᠠᠨ ᠵᠣᠬᠢᠶᠠᠯ᠂ ᠪᠣᠳᠠᠲᠤ ᠲᠡᠮᠳᠡᠭᠯᠡᠯ ᠤᠨ ᠤᠷᠠᠨ ᠵᠣᠬᠢᠶᠠᠯ᠂ ᠰᠢᠯᠦᠭ ᠳᠠᠭᠤᠤ᠂ ᠨᠠᠶᠢᠷᠠᠭᠤᠯᠤᠯ ︵ᠰᠤᠯᠠ ᠵᠣᠬᠢᠶᠠᠯ᠂ ᠰᠤᠯᠠ ᠲᠡᠮᠳᠡᠭᠯᠡᠯ︶᠂ | ᠤᠳᠬ᠎ᠠ ᠤᠷᠠᠯᠢᠭ ᠤᠨ ᠰᠢᠭᠦᠮᠵᠢ ︵ᠡᠷᠳᠡᠮ ᠰᠢᠨᠵᠢᠯᠡᠭᠡᠨ ᠤ ᠥᠭᠦᠯᠡᠯ ᠪᠠᠭᠲᠠᠨ᠎ᠠ︶ ᠶᠢᠨ ᠪᠦᠲᠦᠭᠡᠯ 0.3 ᠲᠦᠮᠡᠨ ᠲᠥᠭᠦᠷᠢᠭ /ᠪᠦᠲᠦᠭᠡᠯ᠃ ᠵᠢᠯ ᠪᠦᠷᠢ | ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠵᠥᠪᠯᠡᠯ ᠠᠴᠠ ︽ᠬᠢᠨᠠᠨ ᠲᠣᠭᠲᠠᠭᠠᠬᠤ ᠨᠠᠷᠢᠨ ᠳᠦᠷᠢᠮ︾ ᠢ ᠦᠨᠳᠦᠰᠦᠯᠡᠨ ᠰᠣᠩᠭᠤᠨ ᠠᠪᠴᠤ ᠤᠷᠮᠠᠰᠢᠭᠤᠯᠵᠤ | ᠲᠡᠳᠬᠦᠬᠦ ᠪᠦᠲᠦᠭᠡᠯ ᠤᠨ ᠲᠤᠭ᠎ᠠ ᠶᠢ 24 ᠠᠴᠠ ᠳᠠᠪᠠᠭᠤᠯᠵᠤ ᠪᠣᠯᠬᠤ ᠦᠭᠡᠢ᠃ | ⒋ᠮᠤᠵᠢ᠂ ᠥᠪᠡᠷᠲᠡᠭᠡᠨ ᠵᠠᠰᠠᠬᠤ ᠣᠷᠣᠨ ᠤ ᠲᠡᠰ ᠤᠨ ᠤᠳᠬ᠎ᠠ ᠤᠷᠠᠯᠢᠭ ᠤᠨ ᠰᠣᠨᠢᠨ ᠰᠡᠳᠬᠦᠯ ᠳᠡᠭᠡᠷ᠎ᠡ ᠨᠡᠶᠢᠲᠡᠯᠡᠭᠦᠯᠦᠭᠰᠡᠨ ᠳᠠᠭᠤᠤ ᠬᠥᠭᠵᠢᠮ ︵ | ᠦᠭᠡ ᠠᠶ᠎ᠠ︶᠂ ᠤᠷᠠᠨ ᠪᠢᠴᠢᠯᠭᠡ᠂ ᠤᠷᠠᠨ ᠵᠢᠷᠤᠭ᠂ ᠭᠡᠷᠡᠯ ᠵᠢᠷᠤᠭ᠂ ᠰᠢ ᠵᠦᠴᠦᠭᠡ᠂ ᠳᠠᠭᠤᠷᠢᠯᠢᠭ᠂ ᠠᠷᠠᠳ ᠤᠨ ᠤᠳᠬ᠎ᠠ ᠤᠷᠠᠯᠢᠭ ᠵᠡᠷᠭᠡ ᠪᠦᠲᠦᠭᠡᠯ 0.2 | ᠲᠦᠮᠡᠨ ᠲᠥᠭᠦᠷᠢᠭ /ᠪᠦᠲᠦᠭᠡᠯ᠃ ᠵᠢᠯ ᠪᠦᠷᠢ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠵᠥᠪᠯᠡᠯ ᠠᠴᠠ ︽ᠬᠢᠨᠠᠨ ᠲᠣᠭᠲᠠᠭᠠᠬᠤ ᠨᠠᠷᠢᠨ ᠳᠦᠷᠢᠮ︾ ᠢ | ᠦᠨᠳᠦᠰᠦᠯᠡᠨ ᠰᠣᠩᠭᠤᠨ ᠠᠪᠴᠤ ᠤᠷᠮᠠᠰᠢᠭᠤᠯᠵᠤ ᠲᠡᠳᠬᠦᠬᠦ ᠪᠦᠲᠦᠭᠡᠯ ᠤᠨ ᠲᠤᠭ᠎ᠠ ᠶᠢ 24 ᠠᠴᠠ ᠳᠠᠪᠠᠭᠤᠯᠵᠤ ᠪᠣᠯᠬᠤ ᠦᠭᠡᠢ᠃ | ⒌ᠤᠳᠬ᠎ᠠ ᠤᠷᠠᠯᠢᠭ ᠤᠨ ᠤᠷᠲᠦ ᠪᠦᠲᠦᠭᠡᠯ᠂ ᠤᠳᠬ᠎ᠠ ᠵᠣᠬᠢᠶᠠᠯ ᠤᠨ ᠣᠷᠴᠢᠭᠤᠯᠭ᠎ᠠ ᠶᠢᠨ ᠪᠦᠲᠦᠭᠡᠯ 3 ᠲᠦᠮᠡᠨ ᠲᠥᠭᠦᠷᠢᠭ /ᠪᠦᠲᠦᠭᠡᠯ︔ ᠪᠤᠰᠤᠳ | ᠤᠳᠬ᠎ᠠ ᠤᠷᠠᠯᠢᠭ ᠤᠨ ᠪᠦᠲᠦᠭᠡᠯ᠂ ᠤᠳᠬ᠎ᠠ ᠵᠣᠬᠢᠶᠠᠯ ᠤᠨ ᠣᠷᠴᠢᠭᠤᠯᠭ᠎ᠠ ᠶᠢᠨ ᠪᠦᠲᠦᠭᠡᠯ 2 ᠲᠦᠮᠡᠨ ᠲᠥᠭᠦᠷᠢᠭ / ᠪᠦᠲᠦᠭᠡᠯ᠃ | ⒍ᠤᠯᠤᠰ ᠤᠨ ᠲᠠᠰ ᠤᠨ ᠦᠵᠡᠭᠦᠯᠭᠡ ᠳᠤ ᠰᠣᠩᠭᠤᠭᠳᠠᠨ ᠣᠷᠣᠭᠰᠠᠨ ᠪᠦᠲᠦᠭᠡᠯ᠂ 2 ᠲᠦᠮᠡᠨ ᠲᠥᠭᠦᠷᠢᠭ /ᠲᠠᠯᠠᠪᠣᠷ︔ ᠥᠪᠡᠷᠲᠡᠭᠡᠨ ᠵᠠᠰᠠᠬᠤ | ᠣᠷᠣᠨ ᠤ ᠲᠠᠰ ᠤᠨ ᠦᠵᠡᠭᠦᠯᠭᠡ ᠳᠤ ᠰᠣᠩᠭᠤᠭᠳᠠᠨ ᠣᠷᠣᠭᠰᠠᠨ ᠪᠦᠲᠦᠭᠡᠯ᠂ 0.1 ᠲᠦᠮᠡᠨ ᠲᠥᠭᠦᠷᠢᠭ /ᠲᠠᠯᠠᠪᠣᠷ︔ ᠬᠤᠲᠠ ᠶᠢᠨ ᠳᠡᠰ ᠤᠨ ᠦᠵᠡᠭᠦᠯᠭᠡ ᠳᠤ | ᠰᠣᠩᠭᠤᠭᠳᠠᠨ ᠣᠷᠣᠭᠰᠠᠨ ᠪᠦᠲᠦᠭᠡᠯ᠂ 0.05 ᠲᠦᠮᠡᠨ ᠲᠥᠭᠦᠷᠢᠭ / ᠲᠠᠯᠠᠪᠠᠶ᠃ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠵᠥᠪᠯᠡᠯ ᠠᠴᠠ ︽ᠬᠢᠨᠠᠨ | ᠲᠣᠭᠲᠠᠭᠠᠬᠤ ᠨᠠᠷᠢᠨ ᠳᠦᠷᠢᠮ︾ ᠢ ᠦᠨᠳᠦᠰᠦᠯᠡᠨ ᠬᠢᠨᠠᠨ ᠲᠣᠭᠲᠠᠭᠠᠬᠤ ᠳᠠᠭᠠᠨ ᠵᠠᠷᠴᠢᠮ ᠳᠡᠭᠡᠷ᠎ᠡ ᠪᠠᠨ ᠵᠢᠯ ᠪᠦᠷᠢ 50 ᠲᠠᠯᠠᠪᠣᠷ ᠠᠴᠠ ᠳᠠᠪᠠᠭᠤᠯᠵᠤ ᠪᠣᠯᠬᠤ | ᠦᠭᠡᠢ᠃ | ᠵᠢᠷᠭᠤᠳᠤᠭᠠᠷ ᠵᠦᠢᠯ ᠠᠵᠢᠯᠯᠠᠭ᠎ᠠ ᠶᠢ ᠤᠷᠮᠠᠰᠢᠭᠤᠯᠵᠤ ᠲᠡᠳᠬᠦᠬᠦ | ︵ᠨᠢᠭᠡ︶ ᠲᠡᠳᠬᠦᠬᠦ ᠠᠭᠤᠯᠭ᠎ᠠ | ⒈ᠭᠤᠣᠯ ᠰᠡᠳᠦᠪᠲᠦ ᠠᠵᠢᠯᠯᠠᠭ᠎ᠠ ᠶᠢᠨ ᠲᠦᠷᠦᠯ | (1) ᠲᠥᠪ ᠤᠨ ᠤᠬᠠᠭᠤᠯᠬᠤ ᠶᠠᠮᠤᠨ᠂ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠰᠣᠶᠣᠯ ᠪᠠ ᠵᠢᠭᠤᠯᠴᠢᠯᠠᠯ ᠤᠨ ᠶᠠᠮᠤᠨ ᠵᠢᠴᠢ | ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠡᠯ᠎ᠡ ᠤᠳᠬ᠎ᠠ ᠤᠷᠠᠯᠢᠭᠴᠢᠳ ᠤᠨ ᠨᠡᠶᠢᠭᠡᠮᠯᠢᠭ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠠᠷᠠᠳ ᠤᠨ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠮᠠᠨ ᠤ ᠬᠤᠰᠢᠭᠤ ᠲᠠᠢ | ᠬᠠᠮᠲᠤᠷᠠᠨ ᠡᠷᠭᠢᠯᠡᠭᠰᠡᠨ ᠪᠤᠶᠤ ᠲᠤᠰᠢᠶᠠᠨ ᠡᠷᠬᠢᠯᠡᠭᠦᠯᠦᠭᠰᠡᠨ ᠪᠥᠬᠦ ᠤᠯᠤᠰ ᠤᠨ ᠴᠢᠨᠠᠷᠲᠠᠢ᠂ ᠣᠯᠠᠨ ᠤᠯᠤᠰ ᠤᠨ ᠴᠢᠨᠠᠷᠲᠠᠢ ᠨᠥᠯᠥᠭᠡᠯᠡᠬᠦ ᠬᠦᠴᠦᠨ ᠲᠠᠢ ᠴᠢᠬᠤᠯᠠ | ᠶᠡᠭᠡ ᠤᠳᠬ᠎ᠠ ᠤᠷᠠᠯᠢᠭ ᠤᠨ ᠠᠵᠢᠯᠯᠠᠭ᠎ᠠ ᠶᠢᠨ ᠪᠣᠳᠠᠲᠤ ᠪᠠᠶᠢᠳᠠᠯ ᠢ ᠦᠨᠳᠦᠰᠦᠯᠡᠨ ᠲᠡᠳᠬᠦᠮᠵᠢ ᠶᠢᠨ ᠮᠥᠩᠭᠦ ᠶᠢ ᠲᠣᠬᠢᠷᠠᠭᠤᠯᠤᠨ᠎ᠠ᠃ | (2) ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ | ᠬᠤᠯᠪᠣᠭ᠎ᠠ᠂ ᠰᠣᠶᠣᠯ ᠪᠠ ᠵᠢᠭᠤᠯᠴᠢᠯᠠᠯ ᠤᠨ ᠲᠢᠩᠬᠢᠮ ᠵᠢᠴᠢ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠡᠯ᠎ᠡ ᠤᠳᠬ᠎ᠠ | ᠤᠷᠠᠯᠢᠭᠴᠢᠳ ᠤᠨ ᠨᠡᠶᠢᠭᠡᠮᠯᠢᠭ ᠠᠴᠠ ᠮᠠᠨ ᠤ ᠬᠤᠰᠢᠭᠤ ᠲᠠᠢ ᠬᠠᠮᠲᠤᠷᠠᠨ ᠡᠷᠭᠢᠯᠡᠭᠰᠡᠨ ᠪᠤᠶᠤ ᠲᠤᠰᠢᠶᠠᠨ ᠡᠷᠬᠢᠯᠡᠭᠦᠯᠦᠭᠰᠡᠨ ᠪᠠᠶᠢᠩᠭᠤ ᠶᠢᠨ ᠴᠢᠨᠠᠷᠲᠠᠢ᠂ ᠨᠡᠯᠢᠶᠡᠳ | ᠶᠡᠭᠡ ᠨᠥᠯᠥᠭᠡᠯᠡᠬᠦ ᠬᠦᠴᠦᠨ ᠲᠠᠢ ᠤᠳᠬ᠎ᠠ ᠤᠷᠠᠯᠢᠭ ᠤᠨ ᠠᠵᠢᠯᠯᠠᠭ᠎ᠠ ᠶᠢᠨ ᠪᠣᠳᠠᠲᠠᠢ ᠪᠠᠶᠢᠳᠠᠯ ᠢ ᠦᠨᠳᠦᠰᠦᠯᠡᠨ ᠲᠡᠳᠬᠦᠮᠵᠢ ᠶᠢᠨ ᠮᠥᠩᠭᠦ ᠶᠢ ᠲᠣᠬᠢᠷᠠᠭᠤᠯᠤᠨ᠎ᠠ᠃ | (3) ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠬᠤᠲᠠ ᠶᠢᠨ ᠰᠣᠶᠣᠯ ᠪᠠ | ᠵᠢᠭᠤᠯᠴᠢᠯᠠᠯ ᠤᠨ ᠲᠣᠪᠴᠢᠶ᠎ᠠ ᠵᠢᠴᠢ ᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠡᠯ᠎ᠡ ᠤᠳᠬ᠎ᠠ ᠤᠷᠠᠯᠢᠭᠴᠢᠳ ᠤᠨ ᠨᠡᠶᠢᠭᠡᠮᠯᠢᠭ ᠠᠴᠠ ᠮᠠᠨ ᠤ | ᠬᠤᠰᠢᠭᠤ ᠲᠠᠢ ᠬᠠᠮᠲᠤᠷᠠᠨ ᠡᠷᠭᠢᠯᠡᠭᠰᠡᠨ ᠪᠤᠶᠤ ᠲᠤᠰᠢᠶᠠᠨ ᠡᠷᠬᠢᠯᠡᠭᠦᠯᠦᠭᠰᠡᠨ ᠪᠦᠭᠡᠳ ᠬᠤᠲᠠ ᠶᠢᠨ ᠭᠤᠣᠯᠳᠠᠯᠭ᠎ᠠ ᠲᠠᠢ ᠬᠥᠮᠥᠵᠢᠭᠦᠯᠬᠦ ᠨᠡᠷᠡᠰ ᠲᠤ | ᠵᠢᠭᠰᠠᠭᠠᠭᠳᠠᠭᠰᠠᠨ ᠪᠠᠶᠢᠩᠭᠤ ᠶᠢᠨ ᠴᠢᠨᠠᠷᠲᠠᠢ᠂ ᠨᠡᠷᠡᠲᠦ ᠲᠡᠮᠳᠡᠭ ᠤᠨ ᠵᠣᠬᠢᠬᠤ ᠨᠥᠯᠥᠭᠡᠯᠡᠬᠦ ᠬᠦᠴᠦᠨ ᠲᠠᠢ ᠤᠳᠬ᠎ᠠ ᠤᠷᠠᠯᠢᠭ ᠤᠨ ᠠᠵᠢᠯᠯᠠᠭ᠎ᠠ ᠶᠢᠨ ᠪᠣᠳᠠᠲᠠᠢ | ᠪᠠᠶᠢᠳᠠᠯ ᠢ ᠦᠨᠳᠦᠰᠦᠯᠡᠨ ᠲᠡᠳᠬᠦᠮᠵᠢ ᠶᠢᠨ ᠮᠥᠩᠭᠦ ᠶᠢ ᠲᠣᠬᠢᠷᠠᠭᠤᠯᠤᠨ᠎ᠠ᠃ | (4) ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠬᠤᠰᠢᠭᠤᠨ ᠤ ᠰᠣᠶᠣᠯ | ᠪᠠ ᠵᠢᠭᠤᠯᠴᠢᠯᠠᠯ ᠤᠨ ᠲᠣᠪᠴᠢᠶ᠎ᠠ ᠵᠢᠴᠢ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠡᠯ᠎ᠡ ᠤᠳᠬ᠎ᠠ ᠤᠷᠠᠯᠢᠭᠴᠢᠳ ᠤᠨ ᠨᠡᠶᠢᠭᠡᠮᠯᠢᠭ ᠤᠨ | ᠬᠠᠮᠲᠤᠷᠠᠨ ᠡᠷᠭᠢᠯᠡᠭᠰᠡᠨ ᠪᠤᠶᠤ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠡᠯ᠎ᠡ ᠤᠳᠬ᠎ᠠ ᠤᠷᠠᠯᠢᠭᠴᠢᠳ ᠤᠨ ᠨᠡᠶᠢᠭᠡᠮᠯᠢᠭ ᠤᠨ ᠭᠤᠣᠯᠯᠠᠨ | ᠡᠷᠭᠢᠯᠡᠭᠰᠡᠨ ᠡᠯ᠎ᠡ ᠲᠥᠷᠥᠯ ᠤᠨ ᠤᠳᠬ᠎ᠠ ᠤᠷᠠᠯᠢᠭ ᠤᠨ ᠠᠵᠢᠯᠯᠠᠭ᠎ᠠ ᠶᠢᠨ ᠪᠣᠳᠠᠲᠠᠢ ᠪᠠᠶᠢᠳᠠᠯ ᠢ ᠦᠨᠳᠦᠰᠦᠯᠡᠨ ᠲᠡᠳᠬᠦᠮᠵᠢ ᠶᠢᠨ ᠮᠥᠩᠭᠦ ᠶᠢ ᠲᠣᠬᠢᠷᠠᠭᠤᠯᠤᠨ᠎ᠠ᠃ | ⒉ᠳᠡᠯᠭᠡᠨ ᠦᠵᠡᠭᠦᠯᠭᠡ ᠶᠢᠨ ᠲᠦᠷᠦᠯ | (1) ᠲᠥᠪ ᠤᠨ ᠤᠬᠠᠭᠤᠯᠬᠤ ᠶᠠᠮᠤᠨ᠂ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠰᠣᠶᠣᠯ ᠪᠠ ᠵᠢᠭᠤᠯᠴᠢᠯᠠᠯ ᠤᠨ ᠶᠠᠮᠤᠨ ᠵᠢᠴᠢ | ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠡᠯ᠎ᠡ ᠤᠳᠬ᠎ᠠ ᠤᠷᠠᠯᠢᠭᠴᠢᠳ ᠤᠨ ᠨᠡᠶᠢᠭᠡᠮᠯᠢᠭ ᠤᠨ ᠭᠤᠣᠯᠯᠠᠨ ᠡᠷᠬᠢᠯᠡᠭᠰᠡᠨ ᠤᠷᠠᠨ | ᠪᠢᠴᠢᠯᠭᠡ᠂ ᠤᠷᠠᠨ ᠵᠢᠷᠤᠭ᠂ ᠭᠡᠷᠡᠯ ᠵᠢᠷᠤᠭ᠂ ᠱᠤᠭᠤᠮᠠᠯ᠂ ᠠᠷᠠᠳ ᠤᠨ ᠭᠠᠷ ᠤᠷᠠᠯᠠᠯ ᠵᠡᠷᠭᠡ ᠲᠣᠮᠣ ᠬᠡᠯᠪᠡᠷᠢ ᠶᠢᠨ ᠬᠤᠪᠢ ᠬᠥᠮᠥᠨ ᠤ ᠭᠤᠣᠯ ᠰᠡᠳᠦᠪᠲᠦ | ᠦᠵᠡᠭᠦᠯᠭᠡ᠃ | (2) ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ | ᠬᠤᠯᠪᠣᠭ᠎ᠠ᠂ ᠰᠣᠶᠣᠯ ᠪᠠ ᠵᠢᠭᠤᠯᠴᠢᠯᠠᠯ ᠤᠨ ᠲᠢᠩᠬᠢᠮ ᠵᠢᠴᠢ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠡᠯ᠎ᠡ ᠤᠳᠬ᠎ᠠ | ᠤᠷᠠᠯᠢᠭᠴᠢᠳ ᠤᠨ ᠨᠡᠶᠢᠭᠡᠮᠯᠢᠭ ᠤᠨ ᠭᠤᠣᠯᠯᠠᠨ ᠡᠷᠬᠢᠯᠡᠭᠰᠡᠨ ᠤᠷᠠᠨ ᠪᠢᠴᠢᠯᠭᠡ᠂ ᠤᠷᠠᠨ ᠵᠢᠷᠤᠭ᠂ ᠭᠡᠷᠡᠯ ᠵᠢᠷᠤᠭ᠂ ᠱᠤᠭᠤᠮᠠᠯ᠂ ᠠᠷᠠᠳ ᠤᠨ ᠭᠠᠷ ᠤᠷᠠᠯᠠᠯ ᠵᠡᠷᠭᠡ | ᠲᠣᠮᠣ ᠬᠡᠯᠪᠡᠷᠢ ᠶᠢᠨ ᠬᠤᠪᠢ ᠬᠥᠮᠥᠨ ᠤ ᠭᠤᠣᠯ ᠰᠡᠳᠦᠪᠲᠦ ᠦᠵᠡᠭᠦᠯᠭᠡ᠃ | (3) ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠰᠣᠶᠣᠯ ᠪᠠ | ᠵᠢᠭᠤᠯᠴᠢᠯᠠᠯ ᠤᠨ ᠲᠣᠪᠴᠢᠶ᠎ᠠ ᠵᠢᠴᠢ ᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠡᠯ᠎ᠡ ᠤᠳᠬ᠎ᠠ ᠤᠷᠠᠯᠢᠭᠴᠢᠳ ᠤᠨ ᠨᠡᠶᠢᠭᠡᠮᠯᠢᠭ ᠤᠨ ᠭᠤᠣᠯᠯᠠᠨ | ᠡᠷᠭᠢᠯᠡᠭᠰᠡᠨ ᠤᠷᠠᠨ ᠪᠢᠴᠢᠯᠭᠡ᠂ ᠤᠷᠠᠨ ᠵᠢᠷᠤᠭ᠂ ᠬᠡᠷᠡᠯ ᠵᠢᠷᠤᠭ᠂ ᠱᠤᠭᠤᠮᠠᠯ᠂ ᠠᠷᠠᠳ ᠤᠨ ᠭᠠᠷ ᠤᠷᠠᠯᠠᠯ ᠵᠡᠷᠭᠡ ᠲᠣᠮᠣ ᠬᠡᠯᠪᠡᠷᠢ ᠶᠢᠨ ᠬᠤᠪᠢ ᠬᠥᠮᠥᠨ ᠤ ᠭᠤᠣᠯ | ᠰᠡᠳᠦᠪᠲᠦ ᠦᠵᠡᠭᠦᠯᠭᠡ᠃ | ⒊ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠵᠢᠴᠢ ᠲᠡᠭᠦᠨ ᠳᠤ ᠬᠠᠷᠢᠶᠠᠯᠠᠭᠳᠠᠬᠤ ᠡᠯ᠎ᠡ ᠤᠳᠬ᠎ᠠ ᠤᠷᠠᠯᠢᠭᠴᠢᠳ ᠤᠨ | ᠨᠡᠶᠢᠭᠡᠮᠯᠢᠭ ᠤᠨ ᠵᠣᠬᠢᠶᠠᠨ ᠪᠠᠶᠢᠭᠤᠯᠤᠭᠰᠠᠨ ᠪᠠ ᠭᠤᠣᠯᠯᠠᠨ ᠡᠷᠬᠢᠯᠡᠭᠰᠡᠨ ᠬᠤᠪᠢ ᠬᠥᠮᠥᠨ ᠤ ᠪᠦᠲᠦᠭᠡᠯ ᠤᠨ ᠰᠤᠳᠤᠯᠤᠨ ᠶᠠᠷᠢᠯᠴᠠᠬᠤ ᠬᠤᠷᠠᠯ᠂ ᠪᠦᠲᠦᠭᠡᠯ ᠤᠨ | ᠠᠩᠬ᠎ᠠ ᠲᠠᠷᠬᠠᠭᠠᠬᠤ ᠶᠣᠰᠣᠯᠠᠯ᠃ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠵᠢᠴᠢ ᠲᠡᠭᠦᠨ ᠳᠤ ᠬᠠᠷᠢᠶᠠᠯᠠᠭᠳᠠᠬᠤ ᠡᠯ᠎ᠡ ᠤᠳᠬ᠎ᠠ | ᠤᠷᠠᠯᠢᠭᠴᠢᠳ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠤᠭᠰᠠᠨ᠂ ᠭᠤᠣᠯᠯᠠᠨ ᠡᠷᠭᠢᠯᠡᠭᠰᠡᠨ ᠬᠤᠪᠢ ᠬᠥᠮᠥᠨ ᠤ ᠪᠦᠲᠦᠭᠡᠯ ᠤᠨ ᠰᠤᠳᠤᠯᠤᠨ ᠶᠠᠷᠢᠯᠴᠠᠬᠤ ᠬᠤᠷᠠᠯ᠂ | ᠪᠦᠲᠦᠭᠡᠯ ᠤᠨ ᠠᠩᠬ᠎ᠠ ᠲᠠᠷᠬᠠᠭᠠᠬᠤ ᠶᠣᠰᠣᠯᠠᠯ᠃ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠤᠳᠬ᠎ᠠ ᠤᠷᠠᠯᠢᠭ ᠤᠨ ᠬᠢᠨ ᠤ | ᠬᠤᠯᠪᠣᠭ᠎ᠠ ᠵᠢᠴᠢ ᠲᠡᠭᠦᠨ ᠳᠤ ᠬᠠᠷᠢᠶᠠᠯᠠᠭᠳᠠᠬᠤ ᠡᠯ᠎ᠡ ᠤᠳᠬ᠎ᠠ ᠤᠷᠠᠯᠢᠭᠴᠢᠳ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠤᠭᠰᠠᠨ᠂ ᠭᠤᠣᠯᠯᠠᠨ ᠡᠷᠭᠢᠯᠡᠭᠰᠡᠨ ᠬᠤᠪᠢ | ᠬᠥᠮᠥᠨ ᠤ ᠪᠦᠲᠦᠭᠡᠯ ᠤᠨ ᠰᠤᠳᠤᠯᠤᠨ ᠶᠠᠷᠢᠯᠴᠠᠬᠤ ᠬᠤᠷᠠᠯ᠂ ᠪᠦᠲᠦᠭᠡᠯ ᠤᠨ ᠠᠩᠬ᠎ᠠ ᠲᠠᠷᠬᠠᠭᠠᠬᠤ ᠶᠣᠰᠣᠯᠠᠯ᠃ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ | ᠬᠡᠯᠲᠡᠰ᠂ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠵᠢᠴᠢ ᠲᠡᠭᠦᠨ ᠳᠤ ᠬᠠᠷᠢᠶᠠᠯᠠᠭᠳᠠᠬᠤ ᠡᠯ᠎ᠡ ᠤᠳᠬ᠎ᠠ ᠤᠷᠠᠯᠢᠭᠴᠢᠳ ᠤᠨ ᠨᠡᠶᠢᠭᠡᠮᠯᠢᠭ ᠤᠨ | ᠵᠣᠬᠢᠶᠠᠨ ᠪᠠᠶᠢᠭᠤᠯᠤᠭᠰᠠᠨ ᠭᠤᠣᠯᠯᠠᠨ ᠡᠷᠭᠢᠯᠡᠭᠰᠡᠨ ᠬᠤᠪᠢ ᠬᠥᠮᠥᠨ ᠤ ᠪᠦᠲᠦᠭᠡᠯ ᠤᠨ ᠰᠤᠳᠤᠯᠤᠨ ᠶᠠᠷᠢᠯᠴᠠᠬᠤ ᠬᠤᠷᠠᠯ᠂ ᠪᠦᠲᠦᠭᠡᠯ ᠤᠨ ᠠᠩᠬ᠎ᠠ ᠲᠠᠷᠬᠠᠭᠠᠬᠤ | ᠶᠣᠰᠣᠯᠠᠯ᠃ | ︵ᠬᠤᠶᠠᠷ︶ ᠲᠡᠳᠬᠦᠮᠵᠢ ᠶᠢᠨ ᠮᠥᠩᠭᠦ | ⒈ᠭᠤᠣᠯ ᠰᠡᠳᠦᠪᠲᠦ ᠠᠵᠢᠯᠯᠠᠭ᠎ᠠ ᠶᠢᠨ ᠲᠥᠷᠥᠯ ᠢ ᠪᠣᠳᠠᠲᠠᠢ ᠪᠠᠶᠢᠳᠠᠯ ᠢᠶᠠᠷ ᠨᠢ ᠲᠡᠳᠬᠦᠨ᠎ᠡ᠂ ᠵᠠᠷᠴᠢᠮ ᠳᠡᠭᠡᠷ᠎ᠡ ᠪᠠᠨ ᠵᠢᠯ ᠪᠦᠷᠢ ᠲᠡᠳᠬᠦᠬᠦ ᠠᠵᠢᠯᠯᠠᠭ᠎ᠠ ᠶᠢ | 5 ᠲᠠᠯᠠᠪᠤᠷ ᠠᠴᠠ ᠳᠠᠪᠠᠭᠤᠯᠵᠤ ᠪᠣᠯᠬᠤ ᠦᠭᠡᠢ᠃ | ⒉ᠲᠥᠪ ᠤᠨ ᠤᠬᠠᠭᠤᠯᠬᠤ ᠬᠡᠯᠲᠡᠰ᠂ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠰᠣᠶᠣᠯ ᠪᠠ ᠵᠢᠭᠤᠯᠴᠢᠯᠠᠯ ᠤᠨ ᠶᠠᠮᠤᠨ ᠵᠢᠴᠢ | ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠡᠯ᠎ᠡ ᠤᠳᠬ᠎ᠠ ᠤᠷᠠᠯᠢᠭᠴᠢᠳ ᠤᠨ ᠨᠡᠶᠢᠭᠡᠮᠯᠢᠭ ᠤᠨ ᠭᠤᠣᠯᠯᠠᠨ ᠡᠷᠭᠢᠯᠡᠭᠰᠡᠨ ᠤᠷᠠᠨ | ᠪᠢᠴᠢᠯᠭᠡ᠂ ᠤᠷᠠᠨ ᠵᠢᠷᠤᠭ᠂ ᠬᠡᠷᠡᠯ ᠵᠢᠷᠤᠭ᠂ ᠱᠤᠭᠤᠮᠠᠯ᠂ ᠠᠷᠠᠳ ᠤᠨ ᠭᠠᠷ ᠤᠷᠠᠯᠠᠯ ᠵᠡᠷᠭᠡ ᠲᠣᠮᠣ ᠬᠡᠯᠪᠡᠷᠢ ᠶᠢᠨ ᠬᠤᠪᠢ ᠬᠥᠮᠥᠨ ᠤ ᠭᠤᠣᠯ ᠰᠡᠳᠦᠪᠲᠦ | ᠦᠵᠡᠭᠦᠯᠭᠡ ᠪᠤᠶᠤ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠵᠢᠴᠢ ᠲᠡᠭᠦᠨ ᠳᠤ ᠬᠠᠷᠢᠶᠠᠯᠠᠭᠳᠠᠬᠤ ᠡᠯ᠎ᠡ ᠤᠳᠬ᠎ᠠ ᠤᠷᠠᠯᠢᠭᠴᠢᠳ ᠤᠨ | ᠨᠡᠶᠢᠭᠡᠮᠯᠢᠭ ᠤᠨ ᠭᠤᠣᠯᠯᠠᠨ ᠡᠷᠭᠢᠯᠡᠭᠰᠡᠨ ᠪᠦᠲᠦᠭᠡᠯ ᠢ ᠰᠤᠳᠤᠯᠤᠨ ᠶᠠᠷᠢᠯᠴᠠᠬᠤ᠂ ᠠᠩᠬ᠎ᠠ ᠲᠠᠷᠬᠠᠭᠠᠬᠤ ᠶᠣᠰᠣᠯᠠᠯ ᠤᠨ ᠲᠠᠯᠠᠪᠤᠷ ᠪᠦᠷᠢ ᠶᠢᠨ ᠲᠡᠳᠬᠦᠮᠵᠢ ᠶᠢᠨ ᠮᠥᠩᠭᠦ | ᠶᠢ ᠵᠠᠷᠴᠢᠮ ᠳᠡᠭᠡᠷ᠎ᠡ ᠪᠠᠨ 20 ᠲᠦᠮᠡᠨ ᠲᠥᠭᠦᠷᠢᠭ ᠠᠴᠠ ᠳᠠᠪᠠᠭᠤᠯᠵᠤ ᠪᠣᠯᠬᠤ ᠦᠭᠡᠢ᠃ | ⒊ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ | ᠬᠤᠯᠪᠣᠭ᠎ᠠ᠂ ᠰᠣᠶᠣᠯ ᠪᠠ ᠵᠢᠭᠤᠯᠴᠢᠯᠠᠯ ᠤᠨ ᠲᠢᠩᠬᠢᠮ ᠵᠢᠴᠢ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠡᠯ᠎ᠡ ᠤᠳᠬ᠎ᠠ | ᠤᠷᠠᠯᠢᠭᠴᠢᠳ ᠤᠨ ᠨᠡᠶᠢᠭᠡᠮᠯᠢᠭ ᠤᠨ ᠭᠤᠣᠯᠯᠠᠨ ᠡᠷᠬᠢᠯᠡᠭᠰᠡᠨ ᠤᠷᠠᠨ ᠪᠢᠴᠢᠯᠭᠡ᠂ ᠤᠷᠠᠨ ᠵᠢᠷᠤᠭ᠂ ᠭᠡᠷᠡᠯ ᠵᠢᠷᠤᠭ᠂ ᠱᠤᠭᠤᠮᠠᠯ᠂ ᠠᠷᠠᠳ ᠤᠨ ᠭᠠᠷ ᠤᠷᠠᠯᠠᠯ ᠵᠡᠷᠭᠡ | ᠲᠣᠮᠣ ᠬᠡᠯᠪᠡᠷᠢ ᠶᠢᠨ ᠬᠤᠪᠢ ᠬᠥᠮᠥᠨ ᠤ ᠦᠵᠡᠭᠦᠯᠭᠡ ᠶᠢᠨ ᠭᠤᠣᠯ ᠰᠡᠳᠦᠪᠲᠦ ᠦᠵᠡᠭᠦᠯᠭᠡ ᠪᠤᠶᠤ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ | ᠬᠤᠯᠪᠣᠭ᠎ᠠ ᠵᠢᠴᠢ ᠲᠡᠭᠦᠨ ᠳᠤ ᠬᠠᠷᠢᠶᠠᠯᠠᠭᠳᠠᠬᠤ ᠡᠯ᠎ᠡ ᠤᠳᠬ᠎ᠠ ᠤᠷᠠᠯᠢᠭᠴᠢᠳ ᠤᠨ ᠨᠡᠶᠢᠭᠡᠮᠯᠢᠭ ᠤᠨ ᠭᠤᠣᠯᠯᠠᠨ ᠡᠷᠬᠢᠯᠡᠭᠰᠡᠨ ᠪᠦᠲᠦᠭᠡᠯ ᠤᠨ ᠰᠤᠳᠤᠯᠤᠨ ᠶᠠᠷᠢᠯᠴᠠᠬᠤ᠂ | ᠠᠩᠬ᠎ᠠ ᠲᠠᠷᠬᠠᠭᠠᠬᠤ ᠶᠣᠰᠣᠯᠠᠯ ᠤᠨ ᠲᠠᠯᠠᠪᠤᠷ ᠪᠦᠷᠢ ᠶᠢᠨ ᠲᠡᠳᠬᠦᠮᠵᠢ ᠶᠢᠨ ᠮᠥᠩᠭᠦ ᠶᠢ ᠵᠠᠷᠴᠢᠮ ᠳᠡᠭᠡᠷ᠎ᠡ ᠪᠠᠨ 5 ᠲᠦᠮᠡᠨ ᠲᠥᠭᠦᠷᠢᠭ ᠠᠴᠠ ᠳᠠᠪᠠᠭᠤᠯᠵᠤ ᠪᠣᠯᠬᠤ | ᠦᠭᠡᠢ᠂ ᠵᠢᠯ ᠪᠦᠷᠢ 5 ᠲᠠᠯᠠᠪᠤᠷ ᠠᠴᠠ ᠳᠠᠪᠠᠭᠤᠯᠵᠤ ᠪᠣᠯᠬᠤ ᠦᠭᠡᠢ᠃ | ⒋ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠬᠤᠲᠠ ᠶᠢᠨ ᠰᠣᠶᠣᠯ ᠪᠠ | ᠵᠢᠭᠤᠯᠴᠢᠯᠠᠯ ᠤᠨ ᠲᠣᠪᠴᠢᠶ᠎ᠠ ᠵᠢᠴᠢ ᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠡᠯ᠎ᠡ ᠤᠳᠬ᠎ᠠ ᠤᠷᠠᠯᠢᠭᠴᠢᠳ ᠤᠨ ᠨᠡᠶᠢᠭᠡᠮᠯᠢᠭ ᠤᠨ ᠭᠤᠣᠯᠯᠠᠨ | ᠡᠷᠭᠢᠯᠡᠭᠰᠡᠨ ᠤᠷᠠᠨ ᠪᠢᠴᠢᠯᠭᠡ᠂ ᠤᠷᠠᠨ ᠵᠢᠷᠤᠭ᠂ ᠬᠡᠷᠡᠯ ᠵᠢᠷᠤᠭ᠂ ᠱᠤᠭᠤᠮᠠᠯ᠂ ᠠᠷᠠᠳ ᠤᠨ ᠭᠠᠷ ᠤᠷᠠᠯᠠᠯ ᠵᠡᠷᠭᠡ ᠲᠣᠮᠣ ᠬᠡᠯᠪᠡᠷᠢ ᠶᠢᠨ ᠬᠤᠪᠢ ᠬᠥᠮᠥᠨ ᠤ | ᠦᠵᠡᠭᠦᠯᠭᠡ᠂ ᠭᠤᠣᠯ ᠰᠡᠳᠦᠪᠲᠦ ᠦᠵᠡᠭᠦᠯᠭᠡ ᠪᠤᠶᠤ ᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠵᠢᠴᠢ ᠲᠡᠭᠦᠨ ᠳᠤ ᠬᠠᠷᠢᠶᠠᠯᠠᠭᠳᠠᠬᠤ ᠡᠯ᠎ᠡ ᠤᠳᠬ᠎ᠠ | ᠤᠷᠠᠯᠢᠭᠴᠢᠳ ᠤᠨ ᠨᠡᠶᠢᠭᠡᠮᠯᠢᠭ ᠤᠨ ᠭᠤᠣᠯᠯᠠᠨ ᠡᠷᠭᠢᠯᠡᠭᠰᠡᠨ ᠪᠦᠲᠦᠭᠡᠯ ᠤᠨ ᠰᠤᠳᠤᠯᠤᠨ ᠶᠠᠷᠢᠯᠴᠠᠬᠤ᠂ ᠠᠩᠬ᠎ᠠ ᠲᠠᠷᠬᠠᠭᠠᠬᠤ ᠶᠣᠰᠣᠯᠠᠯ ᠤᠨ ᠲᠠᠯᠠᠪᠤᠷ ᠪᠦᠷᠢ ᠶᠢᠨ | ᠲᠡᠳᠬᠦᠮᠵᠢ ᠶᠢᠨ ᠮᠥᠩᠭᠦ ᠶᠢ ᠵᠠᠷᠴᠢᠮ ᠳᠡᠭᠡᠷ᠎ᠡ ᠪᠠᠨ 2 ᠲᠦᠮᠡᠨ ᠲᠥᠭᠦᠷᠢᠭ ᠠᠴᠠ ᠳᠠᠪᠠᠭᠤᠯᠵᠤ ᠪᠣᠯᠬᠤ ᠦᠭᠡᠢ᠂ ᠵᠢᠯ ᠪᠦᠷᠢ 5 ᠲᠠᠯᠠᠪᠤᠷ ᠠᠴᠠ ᠳᠠᠪᠠᠭᠤᠯᠵᠤ | ᠪᠣᠯᠬᠤ ᠦᠭᠡᠢ᠃ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠬᠤᠰᠢᠭᠤᠨ ᠤ | ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠵᠢᠴᠢ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠡᠯ᠎ᠡ ᠤᠳᠬ᠎ᠠ ᠤᠷᠠᠯᠢᠭᠴᠢᠳ ᠤᠨ | ᠨᠡᠶᠢᠭᠡᠮᠯᠢᠭ ᠤᠨ ᠭᠤᠣᠯᠯᠠᠨ ᠡᠷᠬᠢᠯᠡᠭᠰᠡᠨ ᠤᠷᠠᠨ ᠪᠢᠴᠢᠯᠭᠡ᠂ ᠤᠷᠠᠨ ᠵᠢᠷᠤᠭ᠂ ᠭᠡᠷᠡᠯ ᠵᠢᠷᠤᠭ᠂ ᠱᠤᠭᠤᠮᠠᠯ᠂ ᠠᠷᠠᠳ ᠤᠨ ᠭᠠᠷ ᠤᠷᠠᠯᠠᠯ ᠵᠡᠷᠭᠡ ᠲᠣᠮᠣ ᠬᠡᠯᠪᠡᠷᠢ ᠶᠢᠨ | ᠬᠤᠪᠢ ᠬᠥᠮᠥᠨ ᠤ ᠦᠵᠡᠭᠦᠯᠭᠡ᠂ ᠭᠤᠣᠯ ᠰᠡᠳᠦᠪᠲᠦ ᠦᠵᠡᠭᠦᠯᠭᠡ ᠪᠤᠶᠤ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠵᠢᠴᠢ ᠲᠡᠭᠦᠨ ᠳᠤ | ᠬᠠᠷᠢᠶᠠᠯᠠᠭᠳᠠᠬᠤ ᠡᠯ᠎ᠡ ᠤᠳᠬ᠎ᠠ ᠤᠷᠠᠯᠢᠭᠴᠢᠳ ᠤᠨ ᠨᠡᠶᠢᠭᠡᠮᠯᠢᠭ ᠤᠨ ᠭᠤᠣᠯᠯᠠᠨ ᠡᠷᠬᠢᠯᠡᠭᠰᠡᠨ ᠪᠦᠲᠦᠭᠡᠯ ᠤᠨ ᠰᠤᠳᠤᠯᠤᠨ ᠶᠠᠷᠢᠯᠴᠠᠬᠤ᠂ ᠠᠩᠬ᠎ᠠ ᠲᠠᠷᠬᠠᠭᠠᠬᠤ | ᠶᠣᠰᠣᠯᠠᠯ ᠤᠨ ᠲᠠᠯᠠᠪᠤᠷ ᠪᠦᠷᠢ ᠶᠢᠨ ᠲᠡᠳᠬᠦᠮᠵᠢ ᠶᠢᠨ ᠮᠥᠩᠭᠦ ᠶᠢ 1 ᠲᠦᠮᠡᠨ ᠲᠥᠭᠦᠷᠢᠭ ᠠᠴᠠ ᠳᠠᠪᠠᠭᠤᠯᠵᠤ ᠪᠣᠯᠬᠤ ᠦᠭᠡᠢ᠂ ᠵᠢᠯ ᠪᠦᠷᠢ 5 ᠲᠠᠯᠠᠪᠤᠷ ᠠᠴᠠ | ᠳᠠᠪᠠᠭᠤᠯᠵᠤ ᠪᠣᠯᠬᠤ ᠦᠭᠡᠢ᠃ | ᠳᠣᠯᠣᠳᠤᠭᠠᠷ ᠵᠦᠢᠯ ᠤᠳᠬ᠎ᠠ ᠤᠷᠠᠯᠢᠭ ᠤᠨ ᠴᠢᠳᠠᠪᠤᠷᠢᠲᠠᠨ ᠢ ᠲᠡᠳᠬᠦᠬᠦ | ︵ᠨᠢᠭᠡ︶ ᠲᠡᠳᠬᠦᠬᠦ ᠠᠭᠤᠯᠭ᠎ᠠ | ⒈ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠳᠤ ᠬᠠᠷᠢᠶᠠᠯᠠᠭᠳᠠᠬᠤ ᠡᠯ᠎ᠡ ᠤᠳᠬ᠎ᠠ ᠤᠷᠠᠯᠢᠭᠴᠢᠳ ᠤᠨ ᠨᠡᠶᠢᠭᠡᠮᠯᠢᠭ ᠲᠤ | ᠣᠷᠣᠭᠰᠠᠨ ᠪᠥᠭᠡᠳ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠡᠯ᠎ᠡ ᠤᠳᠬ᠎ᠠ ᠤᠷᠠᠯᠢᠭᠴᠢᠳ ᠤᠨ ᠨᠡᠶᠢᠭᠡᠮᠯᠢᠭ ᠤᠨ ᠵᠣᠬᠢᠶᠠᠨ | ᠪᠠᠶᠢᠭᠤᠯᠤᠭᠰᠠᠨ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠢᠳᠡᠪᠬᠢᠲᠡᠢ ᠣᠷᠣᠯᠴᠠᠭᠰᠠᠨ ᠭᠡᠰᠢᠭᠦᠨ᠃ | ⒉ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠳᠤ ᠬᠠᠷᠢᠶᠠᠯᠠᠭᠳᠠᠬᠤ ᠡᠯ᠎ᠡ ᠤᠳᠬ᠎ᠠ ᠤᠷᠠᠯᠢᠭᠴᠢᠳ ᠤᠨ ᠨᠡᠶᠢᠭᠡᠮᠯᠢᠭ ᠲᠤ | ᠣᠷᠣᠭᠰᠠᠨ ᠪᠥᠭᠡᠳ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠡᠯ᠎ᠡ ᠤᠳᠬ᠎ᠠ ᠤᠷᠠᠯᠢᠭᠴᠢᠳ ᠤᠨ ᠨᠡᠶᠢᠭᠡᠮᠯᠢᠭ ᠤᠨ ᠵᠣᠬᠢᠶᠠᠨ | ᠪᠠᠶᠢᠭᠤᠯᠤᠭᠰᠠᠨ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠢᠳᠡᠪᠬᠢᠲᠡᠢ ᠣᠷᠣᠯᠴᠠᠭᠰᠠᠨ ᠭᠡᠰᠢᠭᠦᠨ᠃ | ⒊ᠬᠤᠳᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠳᠤ ᠬᠠᠷᠢᠶᠠᠯᠠᠭᠳᠠᠬᠤ ᠡᠯ᠎ᠡ ᠤᠳᠬ᠎ᠠ ᠤᠷᠠᠯᠢᠭᠴᠢᠳ ᠤᠨ ᠨᠡᠶᠢᠭᠡᠮᠯᠢᠭ ᠲᠤ ᠣᠷᠣᠭᠰᠠᠨ ᠪᠥᠭᠡᠳ | ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠡᠯ᠎ᠡ ᠤᠳᠬ᠎ᠠ ᠤᠷᠠᠯᠢᠭᠴᠢᠳ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠤᠭᠰᠠᠨ ᠤᠳᠬ᠎ᠠ | ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠢᠳᠡᠪᠬᠢᠲᠡᠢ ᠣᠷᠣᠯᠴᠠᠭᠰᠠᠨ ᠭᠡᠰᠢᠭᠦᠨ᠃ | ︵ᠬᠤᠶᠠᠷ︶ ᠲᠡᠳᠬᠦᠮᠵᠢ ᠶᠢᠨ ᠮᠥᠩᠭᠦ | ⒈ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠳᠤ ᠬᠠᠷᠢᠶᠠᠯᠠᠭᠳᠠᠬᠤ ᠡᠯ᠎ᠡ ᠲᠤᠰᠬᠠᠢ ᠮᠡᠷᠭᠡᠵᠢᠯ ᠤᠨ ᠤᠳᠬ᠎ᠠ ᠤᠷᠠᠯᠢᠭᠴᠢᠳ ᠤᠨ | ᠨᠡᠶᠢᠭᠡᠮᠯᠢᠭ ᠲᠤ ᠣᠷᠣᠭᠰᠠᠳ ᠪᠦᠷᠢ ᠶᠢ ᠨᠢᠭᠡ ᠯᠠ ᠤᠳᠠᠭ᠎ᠠ ᠳᠡᠭᠡᠷ᠎ᠡ 2 ᠲᠦᠮᠡᠨ ᠲᠥᠭᠦᠷᠢᠭ ᠢᠶᠠᠷ ᠲᠡᠳᠬᠦᠨ᠎ᠡ᠃ | ⒉ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠳᠤ ᠬᠠᠷᠢᠶᠠᠯᠠᠭᠳᠠᠬᠤ ᠡᠯ᠎ᠡ ᠲᠤᠰᠬᠠᠢ ᠮᠡᠷᠭᠡᠵᠢᠯ ᠤᠨ ᠤᠳᠬ᠎ᠠ | ᠤᠷᠠᠯᠢᠭᠴᠢᠳ ᠤᠨ ᠨᠡᠶᠢᠭᠡᠮᠯᠢᠭ ᠲᠤ ᠣᠷᠣᠭᠰᠠᠳ ᠪᠦᠷᠢ ᠶᠢ ᠨᠢᠭᠡ ᠯᠠ ᠤᠳᠠᠭ᠎ᠠ ᠳᠡᠭᠡᠷ᠎ᠡ 0.2 ᠲᠦᠮᠡᠨ ᠲᠥᠭᠦᠷᠢᠭ ᠢᠶᠠᠷ ᠲᠡᠳᠬᠦᠨ᠎ᠡ᠃ | ⒊ᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠳᠤ ᠬᠠᠷᠢᠶᠠᠯᠠᠭᠳᠠᠬᠤ ᠡᠯ᠎ᠡ ᠲᠤᠰᠬᠠᠢ ᠮᠡᠷᠭᠡᠵᠢᠯ ᠤᠨ ᠤᠳᠬ᠎ᠠ ᠤᠷᠠᠯᠢᠭᠴᠢᠳ ᠤᠨ | ᠨᠡᠶᠢᠭᠡᠮᠯᠢᠭ ᠲᠤ ᠣᠷᠣᠭᠰᠠᠳ ᠪᠦᠷᠢ ᠶᠢ ᠨᠢᠭᠡ ᠯᠡ ᠤᠳᠠᠭ᠎ᠠ ᠳᠡᠭᠡᠷ᠎ᠡ 0.1 ᠲᠦᠮᠡᠨ ᠲᠥᠭᠦᠷᠢᠭ ᠢᠶᠠᠷ ᠲᠡᠳᠬᠦᠨ᠎ᠡ᠃ | ᠭᠤᠷᠪᠠᠳᠤᠭᠠᠷ ᠪᠦᠯᠦᠭ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠱᠠᠩᠨᠠᠨ ᠬᠥᠬᠢᠭᠦᠯᠬᠦ ᠬᠦᠷᠢᠶ᠎ᠡ ᠬᠡᠪᠴᠢᠶ᠎ᠡ ᠬᠢᠭᠡᠳ ᠪᠡᠯᠡ ᠮᠥᠩᠭᠦᠨ ᠤ ᠪᠠᠷᠢᠮᠵᠢᠶ᠎ᠠ | ᠨᠠᠢᠮᠠᠳᠤᠭᠠᠷ ᠵᠦᠢᠯ ᠱᠠᠩᠨᠠᠨ ᠬᠥᠬᠢᠭᠦᠯᠬᠦ ᠬᠦᠷᠢᠶ᠎ᠡ ᠬᠡᠪᠴᠢᠶ᠎ᠡ | ︵ᠨᠢᠭᠡ︶ ᠳᠣᠣᠷᠠᠬᠢ ᠱᠠᠩᠨᠠᠯ ᠤᠳ ᠢ ᠬᠦᠷᠲᠡᠭᠰᠡᠨ ᠶᠡᠷᠦᠩᠬᠡᠶᠢᠯᠡᠭᠰᠡᠨ ᠲᠥᠷᠥᠯ ᠤᠨ ᠲᠠᠰ ᠤᠨ ᠱᠠᠩᠨᠠᠯ ᠵᠢᠴᠢ ᠲᠠᠩ ᠲᠥᠷᠥᠯ ᠤᠨ ᠱᠠᠩᠨᠠᠯ ᠢ ᠬᠦᠷᠲᠡᠭᠰᠡᠨ | ᠬᠠᠮᠲᠤ ᠨᠡᠶᠢᠲᠡ ᠪᠤᠶᠤ ᠬᠤᠪᠢ ᠬᠥᠮᠥᠨ ᠴᠥᠮ ᠣᠲᠤᠭ ᠬᠤᠰᠢᠭᠤᠨ ᠤ ᠤᠳᠬ᠎ᠠ ᠤᠷᠠᠯᠢᠭ ᠢ ᠤᠷᠮᠠᠰᠢᠭᠤᠯᠵᠤ ᠲᠡᠳᠬᠦᠬᠦ ᠢᠨᠵᠧᠨᠧᠷᠢᠩ ᠤᠨ ᠰᠣᠳᠣᠨ | ᠪᠦᠲᠦᠭᠡᠯ ᠤᠨ ᠱᠠᠩᠨᠠᠯ ᠬᠥᠬᠢᠭᠦᠯᠦᠯ ᠢ ᠭᠤᠶᠤᠴᠢᠯᠠᠨ ᠮᠡᠳᠡᠭᠦᠯᠵᠦ ᠪᠣᠯᠣᠨ᠎ᠠ᠃ | ⒈ ︽︿ᠪᠥᠬᠦ ᠤᠯᠤᠰ ᠤᠨ ᠴᠢᠨᠠᠷᠲᠠᠢ ᠤᠳᠬ᠎ᠠ ᠤᠷᠠᠯᠢᠭ ᠰᠣᠨᠢᠨ ᠮᠡᠳᠡᠭᠡ ᠬᠡᠪᠯᠡᠯ ᠤᠨ ᠰᠢᠯᠭᠠᠷᠠᠭᠤᠯᠤᠯᠲᠠ ᠶᠢ ᠴᠡᠭᠴᠡᠯᠡᠨ ᠰᠠᠶᠢᠵᠢᠷᠠᠭᠤᠯᠬᠤ ᠶᠡᠷᠦᠩᠬᠡᠢ | ᠲᠥᠰᠥᠯ﹀ ᠢ ᠳᠠᠷᠤᠮᠠᠯᠯᠠᠨ ᠲᠠᠷᠬᠠᠭᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠬᠠᠭᠤᠯᠬᠤ ᠶᠠᠮᠤᠨ ᠤ ᠮᠡᠳᠡᠭᠳᠡᠯ︾ ︵ᠲᠥᠪ | ᠤᠬᠠᠭᠤᠯᠬᠤ ᠲᠠᠷᠬᠠᠭᠠᠭᠰᠠᠨ ﹇2005﹈ 14 ᠳ᠋ᠦ᠋ᠭᠡᠷ ᠲᠣᠭᠠᠲᠤ︶ ︵ᠳᠣᠷᠣᠭᠰᠢ ︽ᠶᠡᠷᠦᠩᠬᠡᠢ ᠲᠥᠰᠥᠯ︾ ᠭᠡᠵᠦ ᠲᠣᠪᠴᠢᠯᠠᠨ᠎ᠠ︶ ᠳᠤ ᠭᠠᠷᠭᠠᠭᠰᠠᠨ | ᠱᠠᠩᠨᠠᠯ ᠤᠨ ᠲᠥᠷᠥᠯ᠃ ᠡᠭᠦᠨ ᠳᠤ᠄ | | (1) ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ︽ᠲᠠᠪᠤᠨ ᠨᠢᠭᠡ ᠶᠢᠨ ᠢᠨᠵᠧᠨᠧᠷᠢᠩ︾ ᠤᠨ ᠱᠠᠩᠨᠠᠯ︔ | (2) ᠳᠤᠮᠳᠠᠳᠤ ᠤᠯᠤᠰ ᠤᠨ ᠰᠣᠶᠣᠯ ᠤᠷᠠᠯᠢᠭ ᠤᠨ ᠵᠠᠰᠠᠭ ᠤᠨ ᠣᠷᠳᠣᠨ ᠤ ᠱᠠᠩᠨᠠᠯ ︵ᠸᠧᠨ ᠬᠤᠸᠠ ᠱᠠᠩᠨᠠᠯ᠂ ᠴᠢᠶᠦ᠋ᠨ ᠰᠢᠩ ᠱᠠᠩᠨᠠᠯ︶︔ | (3) ᠳᠤᠮᠳᠠᠳᠤ ᠤᠯᠤᠰ ᠤᠨ ᠷᠠᠳᠢᠣ᠋ ᠺᠢᠨᠣ᠋ ᠲᠧᠯᠸᠢᠰ ᠤᠨ ᠲᠣᠮᠣ ᠱᠠᠩᠨᠠᠯ ︵ᠳᠤᠮᠳᠠᠳᠤ ᠤᠯᠤᠰ ᠤᠨ ᠺᠢᠨᠣ᠋ ᠶᠢᠨ ᠬᠤᠸ᠋ᠨ ᠪᠢᠶᠤᠤ ᠱᠠᠩᠨᠠᠯ᠂ ᠳᠤᠮᠳᠠᠳᠤ | ᠤᠯᠤᠰ ᠤᠨ ᠲᠧᠯᠸᠢᠰ ᠵᠦᠴᠦᠭᠡ ᠶᠢᠨ ︽ ᠹᠸᠢ ᠲᠢᠶᠡᠨ ᠱᠠᠩᠨᠠᠯ︾︶︔ | (4) ᠳᠤᠮᠳᠠᠳᠤ ᠤᠯᠤᠰ ᠤᠨ ᠰᠢ ᠵᠦᠴᠦᠭᠡ ᠶᠢᠨ ᠱᠠᠩᠨᠠᠯ︔ | (5) ᠳᠤᠮᠳᠠᠳᠤ ᠤᠯᠤᠰ ᠤᠨ ᠠᠷᠠᠳ ᠤᠨ ᠺᠢᠨᠣ᠋ ᠶᠢᠨ ᠥᠨᠢᠷ ᠴᠡᠴᠡᠭᠲᠦ ᠱᠠᠩᠨᠠᠯ︔ | (6) ᠳᠤᠮᠳᠠᠳᠤ ᠤᠯᠤᠰ ᠤᠨ ᠺᠢᠨᠣ᠋ ᠶᠢᠨ ᠠᠯᠳᠠᠨ ᠲᠠᠬᠢᠶ᠎ᠠ ᠱᠠᠩᠨᠠᠯ︔ | (7) ᠳᠤᠮᠳᠠᠳᠤ ᠤᠯᠤᠰ ᠤᠨ ᠳᠠᠭᠤᠤ ᠬᠥᠭᠵᠢᠮ ᠤᠨ ᠠᠯᠲᠠᠨ ᠴᠠᠭ ᠱᠠᠩᠨᠠᠯ︔ | (8) ᠳᠤᠮᠳᠠᠳᠤ ᠤᠯᠤᠰ ᠤᠨ ᠤᠷᠠᠨ ᠵᠢᠷᠤᠭ ᠤᠨ ᠦᠵᠡᠰᠬᠦᠯᠡᠩ ᠤᠨ ᠱᠠᠩᠨᠠᠯ︔ | (9) ᠳᠤᠮᠳᠠᠳᠤ ᠤᠯᠤᠰ ᠤᠨ ᠳᠠᠭᠤᠷᠢᠶᠠᠯᠢᠭ ᠤᠨ ᠮᠠᠨᠳᠠᠷᠸ᠎ᠠ ᠱᠠᠩᠨᠠᠯ︔ | (10) ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠯᠠᠨ ᠲᠢᠩ ᠱᠠᠩᠨᠠᠯ︔ | (11) ᠳᠤᠮᠳᠠᠳᠤ ᠤᠯᠤᠰ ᠤᠨ ᠼᠢᠷᠺ ᠤᠨ ᠠᠯᠲᠠᠨ ᠤᠳᠪᠠᠯᠠ ᠱᠠᠩᠨᠠᠯ︔ | (12) ᠳᠤᠮᠳᠠᠳᠤ ᠤᠯᠤᠰ ᠤᠨ ᠭᠡᠷᠡᠯ ᠵᠢᠷᠤᠭ ᠤᠨ ᠠᠯᠲᠠᠨ ᠬᠥᠷᠥᠭ ᠱᠠᠩᠨᠠᠯ︔ | (13) ᠳᠤᠮᠳᠠᠳᠤ ᠤᠯᠤᠰ ᠤᠨ ᠠᠷᠠᠳ ᠤᠨ ᠤᠳᠬ᠎ᠠ ᠤᠷᠠᠯᠢᠭ ᠤᠨ ᠠᠭᠤᠯᠠᠨ ᠴᠡᠴᠡᠭ ᠱᠠᠩᠨᠠᠯ︔ | (14) ᠳᠤᠮᠳᠠᠳᠤ ᠤᠯᠤᠰ ᠤᠨ ᠲᠧᠯᠸᠢᠰ ᠤᠨ ᠠᠯᠳᠠᠨ ᠪᠦᠷᠭᠦᠳ ᠱᠠᠩᠨᠠᠯ︔ | (15) ᠳᠤᠮᠳᠠᠳᠤ ᠤᠯᠤᠰ ᠤᠨ ᠪᠥᠵᠢᠭ ᠤᠨ ᠪᠠᠳᠮ᠎ᠠ ᠴᠡᠴᠡᠭ ᠱᠠᠩᠨᠠᠯ︔ | (16) ᠮᠠᠤ ᠳ᠋ᠦᠨ ᠤ ᠤᠳᠬ᠎ᠠ ᠵᠣᠬᠢᠶᠠᠯ ᠤᠨ ᠱᠠᠩᠨᠠᠯ︔ | (17) ᠯᠦ ᠰᠢᠶᠦ᠋ᠨ ᠤ ᠤᠳᠬ᠎ᠠ ᠵᠣᠬᠢᠶᠠᠯ ᠤᠨ ᠱᠠᠩᠨᠠᠯ︔ | (18) ᠪᠦᠬᠦ ᠤᠯᠤᠰ ᠤᠨ ᠰᠢᠯᠢᠳᠡᠭ ᠬᠡᠦᠬᠡᠳ ᠤᠨ ᠤᠳᠬ᠎ᠠ ᠵᠣᠬᠢᠶᠠᠯ ᠤᠨ ᠱᠠᠩᠨᠠᠯ︔ | (19) ᠠᠵᠢᠨᠠᠢ ᠬᠦᠯᠦᠭ ᠱᠠᠩᠨᠠᠯ᠃ | ⒉ᠲᠥᠪ ᠤᠨ ᠤᠬᠠᠭᠤᠯᠬᠤ ᠶᠠᠮᠤᠨ᠂ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠰᠣᠶᠣᠯ ᠪᠠ ᠵᠢᠭᠤᠯᠴᠢᠯᠠᠯ ᠤᠨ ᠶᠠᠮᠤᠨ᠂ | ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠡᠯ᠎ᠡ ᠤᠳᠬ᠎ᠠ ᠤᠷᠠᠯᠢᠭᠴᠢᠳ ᠤᠨ ᠨᠡᠶᠢᠭᠡᠮᠯᠢᠭ ᠤᠨ ᠪᠤᠰᠤᠳ ᠤᠳᠬ᠎ᠠ ᠤᠷᠠᠯᠢᠭ ᠤᠨ | ᠤᠷᠤᠯᠳᠤᠭᠠᠨ ᠤ ᠱᠠᠩᠨᠠᠯ᠃ | ⒊ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠴᠢᠨᠠᠷᠲᠠᠢ ᠤᠳᠬ᠎ᠠ ᠤᠷᠠᠯᠢᠭ ᠤᠨ ᠱᠠᠩᠨᠠᠯ ︵︽ᠲᠠᠪᠤᠨ ᠨᠢᠭᠡ ᠶᠢᠨ ᠢᠨᠵᠧᠨᠧᠷᠢᠩ︾ ᠤᠨ ᠱᠠᠩᠨᠠᠯ᠂ ︽ | ᠰᠠᠷᠠᠨ᠎ᠠ︾ ᠱᠠᠩᠨᠠᠯ᠂ ︽ᠰᠣᠯᠣᠩᠭ᠎ᠠ ᠱᠠᠩᠨᠠᠯ︾ ᠵᠡᠷᠭᠡ︶᠃ | ⒋ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ | ᠬᠤᠯᠪᠣᠭ᠎ᠠ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ | ᠬᠤᠯᠪᠣᠭ᠎ᠠ ᠶᠢᠨ ᠡᠯ᠎ᠡ ᠤᠳᠬ᠎ᠠ ᠤᠷᠠᠯᠢᠭᠴᠢᠳ ᠤᠨ ᠨᠡᠶᠢᠭᠡᠮᠯᠢᠭ ᠤᠨ ᠪᠤᠰᠤᠳ ᠤᠳᠬ᠎ᠠ ᠤᠷᠠᠯᠢᠭ ᠤᠨ ᠤᠷᠤᠯᠳᠤᠭᠠᠨ ᠤ ᠱᠠᠩᠨᠠᠯ᠃ | ⒌ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠬᠤᠲᠠ ᠶᠢᠨ ᠰᠣᠶᠣᠯ ᠪᠠ | ᠵᠢᠭᠤᠯᠴᠢᠯᠠᠯ ᠤᠨ ᠲᠣᠪᠴᠢᠶ᠎ᠠ᠂ ᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠡᠯ᠎ᠡ ᠤᠳᠬ᠎ᠠ ᠤᠷᠠᠯᠢᠭᠴᠢᠳ ᠤᠨ ᠨᠡᠶᠢᠭᠡᠮᠯᠢᠭ ᠤᠨ ᠪᠤᠰᠤᠳ | ᠤᠳᠬ᠎ᠠ ᠤᠷᠠᠯᠢᠭ ᠤᠨ ᠤᠷᠤᠯᠳᠤᠭᠠᠨ ᠤ ᠱᠠᠩᠨᠠᠯ᠃ | ︵ᠬᠤᠶᠠᠷ︶ ᠳᠡᠭᠡᠷ᠎ᠡ ᠳᠤᠷᠠᠳᠤᠭᠰᠠᠨ ᠱᠠᠩᠨᠠᠯ ᠠᠴᠠ ᠭᠠᠳᠠᠨ᠎ᠠ᠂ ᠡᠯ᠎ᠡ ᠲᠥᠷᠥᠯ ᠤᠨ ᠡᠷᠬᠡ ᠰᠦᠷᠲᠦ ᠪᠤᠰᠤ ᠤᠳᠬ᠎ᠠ ᠤᠷᠠᠯᠢᠭ ᠤᠨ ᠤᠷᠤᠯᠳᠤᠭᠠᠨ ᠳᠤ | ᠣᠷᠣᠯᠴᠠᠭᠠᠳ ᠱᠠᠩᠨᠠᠯ ᠬᠦᠷᠲᠡᠭᠰᠡᠳ ︵ᠠᠷᠠᠳ ᠤᠨ ᠡᠯ᠎ᠡ ᠲᠥᠷᠥᠯ ᠤᠨ ᠤᠳᠬ᠎ᠠ ᠤᠷᠠᠯᠢᠭ ᠪᠠ ᠠᠰᠢᠭ ᠣᠷᠣᠯᠭ᠎ᠠ ᠶᠢᠨ ᠴᠢᠨᠠᠷᠲᠠᠢ ᠠᠵᠢᠯ ᠲᠥᠷᠥᠯ ᠤᠨ | ᠨᠡᠶᠢᠭᠡᠮᠯᠢᠭ ᠤᠨ ᠭᠤᠣᠯᠯᠠᠨ ᠡᠷᠭᠢᠯᠡᠭᠰᠡᠨ ᠡᠯ᠎ᠡ ᠲᠥᠷᠥᠯ ᠤᠨ ᠤᠳᠬ᠎ᠠ ᠤᠷᠠᠯᠢᠭ ᠤᠨ ᠤᠷᠤᠯᠳᠤᠭᠠᠨ ᠤ ᠱᠠᠩᠨᠠᠯ ᠢ ᠵᠢᠭᠠᠵᠤ ᠪᠣᠶ︶ ᠢ ᠱᠠᠩᠨᠠᠨ ᠬᠥᠬᠢᠭᠦᠯᠬᠦ | ᠬᠡᠪᠴᠢᠶᠡᠨ ᠳᠤ ᠣᠷᠣᠭᠤᠯᠬᠤ ᠦᠭᠡᠢ᠃ | ᠶᠢᠰᠦᠳᠦᠭᠡᠷ ᠵᠦᠢᠯ ᠱᠠᠩᠨᠠᠯ ᠤᠨ ᠮᠥᠩᠭᠦ ᠶᠢᠨ ᠪᠠᠷᠢᠮᠵᠢᠶ᠎ᠠ | ︵ᠨᠢᠭᠡ︶ ︽ᠶᠡᠷᠦᠩᠬᠡᠢ ᠲᠥᠰᠥᠯ︾ ᠳᠠᠬᠢ ᠤᠳᠬ᠎ᠠ ᠤᠷᠠᠯᠢᠭ ᠤᠨ ᠲᠥᠷᠥᠯ ᠤᠨ ᠨᠣᠮ ᠪᠢᠴᠢᠭ᠂ ᠺᠢᠨᠣ᠋᠂ ᠲᠧᠯᠸᠢᠰ ᠵᠦᠴᠦᠭᠡ ︵ᠹᠢᠯᠢᠮ︶ ᠶᠢᠨ ᠱᠠᠩᠨᠠᠯ | ᠬᠦᠷᠲᠡᠭᠰᠡᠨ ᠪᠠᠶᠢᠪᠠᠯ᠂ ᠲᠥᠷᠥᠯ ᠪᠦᠷᠢ ᠶᠢ ᠨᠢᠭᠡ ᠯᠠ ᠤᠳᠠᠭ᠎ᠠ ᠳᠡᠭᠡᠷ᠎ᠡ 30 ᠲᠦᠮᠡᠨ ᠲᠥᠭᠦᠷᠢᠭ ᠢᠶᠠᠷ ᠱᠠᠩᠨᠠᠨ ᠬᠥᠬᠢᠭᠦᠯᠦᠨ᠎ᠡ᠂ ᠪᠤᠰᠤᠳ ᠱᠠᠩᠨᠠᠯ ᠤᠨ ᠲᠥᠷᠥᠯ | ᠪᠦᠷᠢ ᠶᠢ ᠨᠢᠭᠡ ᠯᠠ ᠤᠳᠠᠭ᠎ᠠ ᠳᠡᠭᠡᠷ᠎ᠡ 8 ᠲᠦᠮᠡᠨ ᠲᠥᠭᠦᠷᠢᠭ ᠢᠶᠠᠷ ᠱᠠᠩᠨᠠᠨ ᠬᠥᠬᠢᠭᠦᠯᠦᠨ᠎ᠡ᠃ | ︵ᠬᠤᠶᠠᠷ︶ ᠲᠥᠪ ᠤᠨ ᠤᠬᠠᠭᠤᠯᠬᠤ ᠶᠠᠮᠤᠨ᠂ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠰᠣᠶᠣᠯ ᠪᠠ ᠵᠢᠭᠤᠯᠴᠢᠯᠠᠯ ᠤᠨ | ᠶᠠᠮᠤᠨ᠂ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠡᠯ᠎ᠡ ᠤᠳᠬ᠎ᠠ ᠤᠷᠠᠯᠢᠭᠴᠢᠳ ᠤᠨ ᠨᠡᠶᠢᠭᠡᠮᠯᠢᠭ ᠤᠨ ᠪᠤᠰᠤᠳ ᠤᠳᠬ᠎ᠠ | ᠤᠷᠠᠯᠢᠭ ᠤᠨ ᠤᠷᠤᠯᠳᠤᠭᠠᠨ ᠤ ᠱᠠᠩᠨᠠᠯ ᠬᠦᠷᠲᠡᠭᠰᠡᠨ ᠪᠣᠯ᠂ ᠨᠢᠭᠡᠳᠦᠭᠡᠷ ᠳᠡᠰ ᠤᠨ ᠱᠠᠩᠨᠠᠯ ᠨᠢᠭᠡᠪᠦᠷᠢ ᠶᠢ 3 ᠲᠦᠮᠡᠨ ᠲᠥᠭᠦᠷᠢᠭ᠂ ᠬᠤᠶᠠᠳᠤᠭᠠᠷ ᠳᠡᠰ ᠤᠨ ᠱᠠᠩᠨᠠᠯ | ᠨᠢᠭᠡᠪᠦᠷᠢ ᠶᠢ 2 ᠲᠦᠮᠡᠨ ᠲᠥᠭᠦᠷᠢᠭ᠂ ᠭᠤᠷᠪᠠᠳᠤᠭᠠᠷ ᠳᠡᠰ ᠤᠨ ᠱᠠᠩᠨᠠᠯ ᠨᠢᠭᠡᠪᠦᠷᠢ ᠶᠢ 1 ᠲᠦᠮᠡᠨ ᠲᠥᠭᠦᠷᠢᠭ᠂ ᠰᠢᠯᠢᠳᠡᠭ ᠱᠠᠩᠨᠠᠯ᠂ ᠭᠠᠭᠴᠠ ᠲᠥᠷᠥᠯ ᠤᠨ | ᠱᠠᠩᠨᠠᠯ ᠪᠤᠶᠤ ᠣᠨᠴᠠᠭᠠᠶ ︵ᠡᠯᠰᠡᠭᠳᠡᠭᠰᠡᠨ᠂ ᠰᠣᠩᠭᠤᠭᠳᠠᠭᠰᠠᠨ︶ ᠱᠠᠩᠨᠠᠯ ᠨᠢᠭᠡᠪᠦᠷᠢ ᠶᠢ 0.3 ᠲᠦᠮᠡᠨ ᠲᠥᠭᠦᠷᠢᠭ ᠢᠶᠠᠷ ᠱᠠᠩᠨᠠᠨ ᠬᠥᠬᠢᠭᠦᠯᠦᠨ᠎ᠡ᠃ | ︵ᠭᠤᠷᠪᠠ︶ ᠬᠦᠷᠲᠡᠭᠰᠡᠨ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠴᠢᠨᠠᠷᠲᠠᠢ ᠤᠳᠬ᠎ᠠ ᠤᠷᠠᠯᠢᠭ ᠤᠨ ᠱᠠᠩᠨᠠᠯ ᠳᠤ ᠳᠡᠰ ᠭᠠᠷᠭᠠᠭᠰᠠᠨ ᠦᠭᠡᠢ | ᠪᠠᠶᠢᠪᠠᠯ᠂ ᠱᠠᠩᠨᠠᠯ ᠨᠢᠭᠡᠪᠦᠷᠢ ᠶᠢ 5 ᠲᠦᠮᠡᠨ ᠲᠥᠭᠦᠷᠢᠭ ᠢᠶᠠᠷ ᠱᠠᠩᠨᠠᠨ ᠬᠥᠬᠢᠭᠦᠯᠦᠨ᠎ᠡ᠃ ᠳᠡᠰ ᠭᠠᠷᠭᠠᠭᠰᠠᠨ ᠪᠣᠯ᠂ ᠨᠢᠭᠡᠳᠦᠭᠡᠷ ᠳᠡᠰ ᠤᠨ ᠱᠠᠩᠨᠠᠯ ᠨᠢᠭᠡᠪᠦᠷᠢ ᠶᠢ 5 | ᠲᠦᠮᠡᠨ ᠲᠥᠭᠦᠷᠢᠭ᠂ ᠬᠤᠶᠠᠳᠤᠭᠠᠷ ᠳᠡᠰ ᠤᠨ ᠱᠠᠩᠨᠠᠯ ᠨᠢᠭᠡᠪᠦᠷᠢ ᠶᠢ 3 ᠲᠦᠮᠡᠨ ᠲᠥᠭᠦᠷᠢᠭ᠂ ᠭᠤᠷᠪᠠᠳᠤᠭᠠᠷ ᠳᠡᠰ ᠤᠨ ᠱᠠᠩᠨᠠᠯ ᠨᠢᠭᠡᠪᠦᠷᠢ ᠶᠢ 1 ᠲᠦᠮᠡᠨ | ᠲᠥᠭᠦᠷᠢᠭ᠂ ᠰᠢᠯᠢᠳᠡᠭ ᠱᠠᠩᠨᠠᠯ᠂ ᠭᠠᠭᠴᠠ ᠲᠥᠷᠥᠯ ᠤᠨ ᠱᠠᠩᠨᠠᠯ ᠪᠤᠶᠤ ᠣᠨᠴᠠᠭᠠᠢ ︵ᠡᠯᠰᠡᠭᠳᠡᠭᠰᠡᠨ᠂ ᠰᠣᠩᠭᠤᠭᠳᠠᠭᠰᠠᠨ ᠢ ᠪᠠᠭᠲᠠᠭᠠᠨ᠎ᠠ︶ ᠱᠠᠩᠨᠠᠯ ᠨᠢᠭᠡᠪᠦᠷᠢ ᠶᠢ | 0.3 ᠲᠦᠮᠡᠨ ᠲᠥᠭᠦᠷᠢᠭ ᠢᠶᠠᠷ ᠱᠠᠩᠨᠠᠨ ᠬᠥᠬᠢᠭᠦᠯᠦᠨ᠎ᠡ᠃ | ︵ᠳᠥᠷᠪᠡ︶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ | ᠬᠢᠨ ᠤ ᠬᠤᠯᠪᠣᠭ᠎ᠠ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ | ᠬᠤᠯᠪᠣᠭ᠎ᠠ ᠶᠢᠨ ᠡᠯ᠎ᠡ ᠤᠳᠬ᠎ᠠ ᠤᠷᠠᠯᠢᠭᠴᠢᠳ ᠤᠨ ᠨᠡᠶᠢᠭᠡᠮᠯᠢᠭ ᠤᠨ ᠪᠤᠰᠤᠳ ᠤᠳᠬ᠎ᠠ ᠤᠷᠠᠯᠢᠭ ᠤᠨ ᠤᠷᠤᠯᠳᠤᠭᠠᠨ ᠤ ᠱᠠᠩᠨᠠᠯ ᠬᠦᠷᠲᠡᠭᠰᠡᠨ ᠪᠣᠯ᠂ ᠨᠢᠭᠡᠳᠦᠭᠡᠷ | ᠳᠡᠰ ᠤᠨ ᠱᠠᠩᠨᠠᠯ ᠨᠢᠭᠡᠪᠦᠷᠢ ᠶᠢ 2 ᠲᠦᠮᠡᠨ ᠲᠥᠭᠦᠷᠢᠭ᠂ ᠬᠤᠶᠠᠳᠤᠭᠠᠷ ᠳᠡᠰ ᠤᠨ ᠱᠠᠩᠨᠠᠯ ᠨᠢᠭᠡᠪᠦᠷᠢ ᠶᠢ 1 ᠲᠦᠮᠡᠨ ᠲᠥᠭᠦᠷᠢᠭ᠂ ᠭᠤᠷᠪᠠᠳᠤᠭᠠᠷ ᠳᠡᠰ ᠤᠨ | ᠱᠠᠩᠨᠠᠯ ᠨᠢᠭᠡᠪᠦᠷᠢ ᠶᠢ 0.5 ᠲᠦᠮᠡᠨ ᠲᠥᠭᠦᠷᠢᠭ᠂ ᠰᠢᠯᠢᠳᠡᠭ ᠱᠠᠩᠨᠠᠯ᠂ ᠭᠠᠭᠴᠠ ᠲᠥᠷᠥᠯ ᠤᠨ ᠱᠠᠩᠨᠠᠯ ᠪᠤᠶᠤ ᠣᠨᠴᠠᠭᠠᠶ ︵ᠡᠯᠰᠡᠭᠳᠡᠭᠰᠡᠨ᠂ ᠰᠣᠩᠭᠤᠭᠳᠠᠭᠰᠠᠨ ᠢ | ᠪᠠᠭᠲᠠᠭᠠᠨ᠎ᠠ︶ ᠱᠠᠩᠨᠠᠯ ᠨᠢᠭᠡᠪᠦᠷᠢ ᠶᠢ 0.2 ᠲᠦᠮᠡᠨ ᠲᠥᠭᠦᠷᠢᠭ ᠢᠶᠠᠷ ᠱᠠᠩᠨᠠᠨ ᠬᠥᠬᠢᠭᠦᠯᠦᠨ᠎ᠡ᠃ | ︵ᠲᠠᠪᠤ︶ ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠳᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠬᠤᠳᠠ ᠶᠢᠨ ᠰᠣᠶᠣᠯ | ᠪᠠ ᠵᠢᠭᠤᠯᠴᠢᠯᠠᠯ ᠤᠨ ᠲᠣᠪᠴᠢᠶ᠎ᠠ᠂ ᠬᠤᠳᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠡᠯ᠎ᠡ ᠤᠳᠬ᠎ᠠ ᠤᠷᠠᠯᠢᠭᠴᠢᠳ ᠤᠨ ᠨᠡᠶᠢᠭᠡᠮᠯᠢᠭ ᠤᠨ ᠪᠤᠰᠤᠳ | ᠤᠳᠬ᠎ᠠ ᠤᠷᠠᠯᠢᠭ ᠤᠨ ᠤᠷᠤᠯᠳᠤᠭᠠᠨ ᠤ ᠱᠠᠩᠨᠠᠯ ᠬᠦᠷᠲᠡᠭᠰᠡᠨ ᠪᠣᠯ᠂ ᠨᠢᠭᠡᠳᠦᠭᠡᠷ ᠳᠡᠰ ᠤᠨ ᠱᠠᠩᠨᠠᠯ ᠨᠢᠭᠡᠪᠦᠷᠢ ᠶᠢ 0.5 ᠲᠦᠮᠡᠨ ᠲᠥᠭᠦᠷᠢᠭ᠂ ᠬᠤᠶᠠᠳᠤᠭᠠᠷ | ᠳᠡᠰ ᠤᠨ ᠱᠠᠩᠨᠠᠯ ᠨᠢᠭᠡᠪᠦᠷᠢ ᠶᠢ 0.3 ᠲᠦᠮᠡᠨ ᠲᠥᠭᠦᠷᠢᠭ᠂ ᠭᠤᠷᠪᠠᠳᠤᠭᠠᠷ ᠳᠡᠰ ᠤᠨ ᠱᠠᠩᠨᠠᠯ ᠨᠢᠭᠡᠪᠦᠷᠢ ᠶᠢ 0.2 ᠲᠦᠮᠡᠨ ᠲᠥᠭᠦᠷᠢᠭ᠂ ᠰᠢᠯᠢᠳᠡᠭ ᠱᠠᠩᠨᠠᠯ᠂ | ᠭᠠᠭᠴᠠ ᠲᠥᠷᠥᠯ ᠤᠨ ᠱᠠᠩᠨᠠᠯ ᠪᠤᠶᠤ ᠣᠨᠴᠠᠭᠠᠶ ︵ᠡᠯᠰᠡᠭᠳᠡᠭᠰᠡᠨ᠂ ᠰᠣᠩᠭᠤᠭᠳᠠᠭᠰᠠᠨ ᠢ ᠪᠠᠭᠲᠠᠭᠠᠨ᠎ᠠ︶ ᠱᠠᠩᠨᠠᠯ ᠨᠢᠭᠡᠪᠦᠷᠢ ᠶᠢ 0.1 ᠲᠦᠮᠡᠨ ᠲᠥᠭᠦᠷᠢᠭ ᠢᠶᠠᠷ | ᠱᠠᠩᠨᠠᠨ ᠬᠥᠬᠢᠭᠦᠯᠦᠨ᠎ᠡ᠃ | ᠳᠥᠷᠪᠡᠳᠦᠭᠡᠷ ᠪᠦᠯᠦᠭ ᠤᠳᠬ᠎ᠠ ᠤᠷᠠᠯᠢᠭ ᠢ ᠤᠷᠮᠠᠰᠢᠭᠤᠯᠵᠤ ᠲᠡᠳᠬᠦᠬᠦ ᠢᠨᠵᠧᠨᠧᠷᠢᠩ ᠤᠨ ᠲᠥᠷᠥᠯ ᠵᠦᠢᠯ ᠢ ᠭᠤᠶᠤᠴᠢᠯᠠᠨ ᠮᠡᠳᠡᠭᠦᠯᠵᠦ ᠬᠢᠨᠠᠨ | ᠬᠠᠷᠭᠤᠭᠤᠯᠬᠤ | ᠠᠷᠪᠠᠳᠤᠭᠠᠷ ᠵᠦᠢᠯ ᠲᠥᠷᠥᠯ ᠵᠦᠢᠯ ᠢ ᠭᠤᠶᠤᠴᠢᠯᠠᠨ ᠮᠡᠳᠡᠭᠦᠯᠵᠦ ᠬᠢᠨᠠᠨ ᠬᠠᠷᠭᠤᠭᠤᠯᠬᠤ | ᠣᠲᠤᠭ ᠬᠤᠰᠢᠭᠤᠨ ᠤ ᠤᠳᠬ᠎ᠠ ᠤᠷᠠᠯᠢᠭ ᠢ ᠤᠷᠮᠠᠰᠢᠭᠤᠯᠵᠤ ᠲᠡᠳᠬᠦᠬᠦ ᠢᠨᠵᠧᠨᠧᠷᠢᠩ ᠤᠨ ᠲᠥᠷᠥᠯ ᠵᠦᠢᠯ ᠢ ᠬᠤᠶᠠᠷ ᠵᠢᠯ ᠳᠤ ᠨᠢᠭᠡ ᠤᠳᠠᠭ᠎ᠠ | ᠰᠢᠯᠭᠠᠷᠠᠭᠤᠯᠤᠨ᠎ᠠ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ ᠬᠢᠨᠠᠨ ᠲᠣᠭᠲᠠᠭᠠᠬᠤ ᠲᠤᠬᠠᠢ ᠶᠢᠨ ᠵᠢᠯ ᠤᠨ ᠡᠬᠢᠨ ᠳᠤ ᠣᠲᠤᠭ ᠬᠤᠰᠢᠭᠤᠨ ᠤ ᠤᠳᠬ᠎ᠠ | ᠤᠷᠠᠯᠢᠭ ᠢ ᠤᠷᠮᠠᠰᠢᠭᠤᠯᠵᠤ ᠲᠡᠳᠬᠦᠬᠦ ᠢᠨᠵᠧᠨᠧᠷᠢᠩ ᠤᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠮᠡᠳᠡᠭᠳᠡᠯ ᠢ ᠳᠠᠷᠤᠮᠠᠯᠯᠠᠨ ᠲᠠᠷᠬᠠᠭᠠᠵᠤ᠂ ᠬᠠᠮᠢᠶ᠎ᠠ ᠪᠦᠬᠦᠢ | ᠱᠠᠭᠠᠷᠳᠠᠯᠭ᠎ᠠ ᠶᠢ ᠲᠣᠳᠣᠷᠬᠠᠶᠢᠯᠠᠨ᠂ ᠪᠠᠶᠢᠭ᠎ᠠ ᠤᠳᠬ᠎ᠠ ᠤᠷᠠᠯᠢᠭᠴᠢᠳ ᠤᠨ ᠨᠡᠶᠢᠭᠡᠮᠯᠢᠭ ᠠᠴᠠ ᠪᠦᠷᠢᠳᠬᠡᠨ ᠮᠡᠳᠡᠭᠦᠯᠵᠦ᠂ ᠤᠳᠤᠷᠢᠳᠬᠤ ᠳᠤᠭᠤᠶᠢᠯᠠᠩ ᠤᠨ ᠠᠯᠪᠠᠨ | ᠭᠡᠷ ᠢᠶᠠᠷ ᠬᠢᠨᠠᠨ ᠬᠠᠷᠭᠤᠭᠤᠯᠵᠤ᠂ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠵᠥᠪᠯᠡᠯ ᠢᠶᠠᠷ ᠬᠢᠨᠠᠨ ᠲᠤᠭᠲᠠᠭᠠᠯᠭᠠᠭᠰᠠᠨ ᠤ ᠳᠠᠷᠠᠭ᠎ᠠ᠂ ᠤᠳᠤᠷᠢᠳᠬᠤ | ᠳᠤᠭᠤᠶᠢᠯᠠᠩ ᠳᠤ ᠮᠡᠳᠡᠭᠦᠯᠵᠦ ᠰᠤᠳᠤᠯᠤᠨ ᠲᠣᠭᠲᠠᠭᠠᠭᠠᠳ ᠲᠥᠷᠥᠯ ᠵᠦᠢᠯ ᠢ ᠲᠣᠭᠲᠠᠭᠠᠨ᠎ᠠ᠃ | ︵ᠨᠢᠭᠡ︶ ᠵᠣᠬᠢᠶᠠᠯ ᠪᠦᠲᠦᠭᠡᠯ ᠢ ᠤᠷᠮᠠᠰᠢᠭᠤᠯᠵᠤ ᠲᠡᠳᠬᠦᠬᠦ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠢᠨᠠᠨ ᠲᠣᠭᠲᠠᠭᠠᠬᠤ ᠲᠤᠬᠠᠢ ᠶᠢᠨ ᠵᠢᠯ ᠤᠨ ᠡᠬᠢᠨ ᠳᠤ ᠳᠠᠷᠤᠮᠠᠯᠯᠠᠨ ᠲᠠᠷᠬᠠᠭᠠᠭᠰᠠᠨ ᠣᠲᠤᠭ | ᠬᠤᠰᠢᠭᠤᠨ ᠤ ᠤᠳᠬ᠎ᠠ ᠤᠷᠠᠯᠢᠭ ᠢ ᠤᠷᠮᠠᠰᠢᠭᠤᠯᠵᠤ ᠲᠡᠳᠬᠦᠬᠦ ᠢᠨᠵᠧᠨᠧᠷᠢᠩ ᠤᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠮᠡᠳᠡᠭᠳᠡᠯ ᠢ ᠦᠨᠳᠦᠰᠦᠯᠡᠨ᠂ | ᠪᠠᠶᠢᠭ᠎ᠠ ᠤᠳᠬ᠎ᠠ ᠤᠷᠠᠯᠢᠭᠴᠢᠳ ᠤᠨ ᠨᠡᠶᠢᠭᠡᠮᠯᠢᠭ ᠠᠴᠠ ᠵᠣᠬᠢᠶᠠᠯ ᠪᠦᠲᠦᠭᠡᠯ ᠤᠨ ᠲᠥᠷᠥᠯ ᠵᠦᠢᠯ ᠤᠨ ᠲᠥᠯᠦᠪᠵᠢᠭᠦᠯᠭᠡ ᠶᠢᠨ ᠲᠥᠰᠥᠯ ᠢ ᠭᠤᠶᠤᠴᠢᠯᠠᠨ | ᠮᠡᠳᠡᠭᠦᠯᠵᠦ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢᠶᠠᠷ ᠬᠢᠨᠠᠨ ᠬᠠᠷᠭᠤᠭᠤᠯᠵᠤ᠂ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠵᠥᠪᠯᠡᠯ ᠢᠶᠠᠷ ᠬᠢᠨᠠᠨ | ᠲᠣᠭᠲᠠᠭᠠᠯᠭᠠᠭᠠᠳ ᠤᠳᠤᠷᠢᠳᠬᠤ ᠳᠤᠭᠤᠶᠢᠯᠠᠩ ᠳᠤ ᠮᠡᠳᠡᠭᠦᠯᠦᠨ ᠰᠤᠳᠤᠯᠤᠨ ᠲᠣᠭᠲᠠᠭᠠᠯᠭᠠᠭᠰᠠᠨ ᠤ ᠳᠠᠷᠠᠭ᠎ᠠ ᠲᠥᠷᠥᠯ ᠵᠦᠢᠯ ᠢ ᠲᠣᠭᠲᠠᠭᠠᠨ᠎ᠠ᠃ ᠬᠥᠮᠥᠨ ᠪᠦᠷᠢ | 5 ᠵᠢᠯ ᠳᠤ ᠨᠢᠭᠡ ᠵᠣᠬᠢᠶᠠᠯ ᠪᠦᠲᠦᠭᠡᠯ ᠤᠨ ᠲᠡᠳᠬᠦᠮᠵᠢ ᠶᠢᠨ ᠲᠥᠷᠥᠯ ᠵᠦᠢᠯ ᠢ ᠭᠤᠶᠤᠴᠢᠯᠠᠨ ᠮᠡᠳᠡᠭᠦᠯᠵᠦ ᠪᠣᠯᠣᠨ᠎ᠠ᠃ | ︵ᠬᠤᠶᠠᠷ︶ ᠦᠷ᠎ᠡ ᠪᠦᠲᠦᠭᠡᠯ ᠢ ᠤᠷᠮᠠᠰᠢᠭᠤᠯᠵᠤ ᠲᠡᠳᠬᠦᠬᠦ | ⒈ ᠵᠣᠬᠢᠶᠠᠯ ᠪᠦᠲᠦᠭᠡᠯ ᠤᠨ ᠦᠷ᠎ᠡ ᠪᠦᠲᠦᠭᠡᠯ ᠤᠨ ᠲᠥᠷᠥᠯ | ᠵᠣᠬᠢᠶᠠᠯ ᠪᠦᠲᠦᠭᠡᠯ ᠨᠡᠶᠢᠲᠡᠯᠡᠭᠦᠯᠦᠭᠰᠡᠨ ᠰᠡᠳᠬᠦᠯ ᠢᠶᠠᠨ ᠬᠠᠩᠭᠠᠨ᠎ᠠ᠂ ᠤᠯᠤᠰ ᠤᠨ ᠳᠣᠲᠣᠭᠠᠳᠤ ᠶᠢᠨ ᠨᠡᠯᠢᠶᠡᠳ ᠶᠡᠭᠡ ᠨᠥᠯᠥᠭᠡᠯᠡᠬᠦ ᠬᠦᠴᠦᠨ ᠲᠠᠢ ᠤᠳᠬ᠎ᠠ | ᠤᠷᠠᠯᠢᠭ ᠤᠨ ᠱᠠᠩᠨᠠᠯ ᠬᠦᠷᠲᠡᠭᠰᠡᠳ ᠦᠨᠡᠮᠯᠡᠯ ᠢᠶᠠᠨ ᠬᠠᠩᠭᠠᠨ᠂ ᠪᠠᠶᠢᠭ᠎ᠠ ᠤᠳᠬ᠎ᠠ ᠤᠷᠠᠯᠢᠭᠴᠢᠳ ᠤᠨ ᠨᠡᠶᠢᠭᠡᠮᠯᠢᠭ ᠲᠤ ᠲᠤᠰᠢᠶᠠᠭᠠᠳ ᠠᠩᠬ᠎ᠠ ᠬᠢᠨᠠᠨ | ᠬᠠᠷᠭᠤᠭᠤᠯᠤᠭᠰᠠᠨ ᠤ ᠳᠠᠷᠠᠭ᠎ᠠ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠨᠢᠭᠡᠳᠦᠯᠲᠡᠢ ᠲᠤᠰᠢᠶᠠᠵᠤ ᠬᠢᠨᠠᠨ ᠬᠠᠷᠭᠤᠭᠤᠯᠤᠭᠠᠳ ᠲᠤᠰᠬᠠᠢ ᠮᠡᠷᠭᠡᠵᠢᠯᠲᠡᠨ ᠤ | ᠬᠢᠨᠠᠨ ᠲᠣᠭᠲᠠᠭᠠᠬᠤ ᠵᠥᠪᠯᠡᠯ ᠢᠶᠠᠷ ᠬᠢᠨᠠᠨ ᠲᠣᠭᠲᠠᠭᠠᠯᠭᠠᠨ᠎ᠠ᠃ | ⒉ᠳᠡᠯᠭᠡᠨ ᠦᠵᠡᠭᠦᠯᠭᠡ ᠶᠢᠨ ᠲᠦᠷᠦᠯ | ᠬᠤᠪᠢ ᠬᠥᠮᠥᠨ ᠤ ᠪᠦᠲᠦᠭᠡᠯ ᠨᠢ ᠤᠯᠤᠰ ᠤᠨ ᠲᠡᠰ ᠤᠨ ᠪᠠ ᠮᠤᠵᠢ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠲᠡᠰ ᠤᠨ ᠦᠵᠡᠭᠦᠯᠭᠡ ᠳᠤ | ᠰᠣᠩᠭᠤᠭᠳᠠᠭᠰᠠᠨ ᠪᠣᠯ᠂ ᠤᠯᠤᠰ᠂ ᠮᠤᠵᠢ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠬᠤᠯᠪᠣᠭᠳᠠᠯ ᠪᠦᠬᠦᠢ ᠪᠠᠶᠢᠭᠤᠯᠭ᠎ᠠ ᠶᠢᠨ ᠤᠷᠢᠯᠭ᠎ᠠ ᠶᠢᠨ ᠵᠠᠬᠢᠳᠠᠯ᠂ | ᠬᠡᠯᠡᠯᠴᠡᠭᠡᠷ ᠤᠨ ᠪᠢᠴᠢᠭ᠂ ᠰᠠᠨᠠᠮᠵᠢ ᠶᠢᠨ ᠪᠢᠴᠢᠭ᠂ ᠦᠵᠡᠭᠦᠯᠭᠡ ᠳᠤ ᠣᠷᠣᠯᠴᠠᠬᠤ ᠦᠨᠡᠮᠯᠡᠯ᠂ ᠬᠠᠷᠢᠶᠠᠯᠠᠭᠳᠠᠬᠤ ᠨᠡᠶᠢᠭᠡᠮᠯᠢᠭ ᠤᠨ ᠰᠠᠨᠠᠯ ᠵᠢᠴᠢ ᠠᠵᠢᠯᠯᠠᠭᠠᠨ ᠤ | ᠲᠥᠰᠥᠯ ᠵᠡᠷᠭᠡ ᠮᠠᠲ᠋ᠧᠷᠢᠶᠠᠯ ᠢ ᠬᠠᠩᠭᠠᠵᠤ᠂ ᠪᠠᠶᠢᠭ᠎ᠠ ᠤᠳᠬ᠎ᠠ ᠤᠷᠠᠯᠢᠭᠴᠢᠳ ᠤᠨ ᠨᠡᠶᠢᠭᠡᠮᠯᠢᠭ ᠠᠴᠠ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ | ᠨᠢᠭᠡᠳᠦᠯᠲᠡᠢ ᠮᠡᠳᠡᠭᠦᠯᠦᠨ ᠬᠢᠨᠠᠨ ᠬᠠᠷᠭᠤᠭᠤᠯᠤᠭᠠᠳ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠵᠥᠪᠯᠡᠯ ᠢᠶᠠᠷ ᠬᠢᠨᠠᠨ ᠲᠣᠭᠲᠠᠭᠠᠯᠭᠠᠨ᠎ᠠ᠃ | ︵ᠭᠤᠷᠪᠠ︶ ᠠᠵᠢᠯᠯᠠᠭ᠎ᠠ ᠶᠢ ᠤᠷᠮᠠᠰᠢᠭᠤᠯᠵᠤ ᠲᠡᠳᠬᠦᠬᠦ | ⒈ᠭᠤᠣᠯ ᠰᠡᠳᠦᠪᠲᠦ ᠠᠵᠢᠯᠯᠠᠭ᠎ᠠ ᠶᠢᠨ ᠲᠦᠷᠦᠯ᠃ ᠭᠤᠣᠯᠯᠠᠨ ᠡᠷᠬᠢᠯᠡᠭᠰᠡᠨ ᠨᠢᠭᠡᠴᠢ ᠪᠤᠶᠤ ᠬᠤᠪᠢ ᠬᠥᠮᠥᠨ ᠠᠴᠠ ᠭᠤᠶᠤᠴᠢᠯᠠᠯ ᠭᠠᠷᠭᠠᠵᠤ᠂ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠢᠶᠠᠷ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠲᠡᠳᠬᠦᠬᠦ ᠰᠠᠨᠠᠭᠤᠯᠭ᠎ᠠ ᠳᠤᠷᠠᠳᠤᠨ᠂ ᠲᠤᠰᠬᠠᠢ ᠮᠡᠷᠭᠡᠵᠢᠯᠲᠡᠨ ᠤ ᠬᠢᠨᠠᠨ | ᠲᠣᠭᠲᠠᠭᠠᠬᠤ ᠵᠥᠪᠯᠡᠯ ᠢᠶᠠᠷ ᠬᠢᠨᠠᠭᠤᠯᠵᠤ ᠲᠣᠭᠲᠠᠭᠠᠯᠭᠠᠨ᠎ᠠ᠃ | ⒉ᠬᠤᠪᠢ ᠬᠥᠮᠥᠨ ᠤ ᠦᠵᠡᠭᠦᠯᠭᠡ᠂ ᠪᠦᠲᠦᠭᠡᠯ ᠤᠨ ᠠᠩᠬ᠎ᠠ ᠲᠠᠷᠬᠠᠭᠠᠬᠤ ᠶᠣᠰᠣᠯᠠᠯ᠂ ᠰᠤᠳᠤᠯᠤᠨ ᠶᠠᠷᠢᠯᠴᠠᠬᠤ ᠬᠤᠷᠠᠯ ᠵᠡᠷᠭᠡ ᠶᠢ ᠡᠷᠬᠢᠯᠡᠬᠦ ᠳᠤ ᠤᠯᠤᠰ᠂ | ᠮᠤᠵᠢ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠬᠤᠯᠪᠣᠭᠳᠠᠯ ᠪᠦᠬᠦᠢ ᠪᠠᠶᠢᠭᠤᠯᠭ᠎ᠠ ᠶᠢᠨ ᠤᠷᠢᠯᠭ᠎ᠠ ᠶᠢᠨ ᠵᠠᠬᠢᠳᠠᠯ᠂ ᠬᠡᠯᠡᠯᠴᠡᠭᠡᠷ ᠤᠨ ᠪᠢᠴᠢᠭ᠂ ᠰᠠᠨᠠᠮᠵᠢ ᠶᠢᠨ | ᠪᠢᠴᠢᠭ᠂ ᠦᠵᠡᠭᠦᠯᠭᠡ ᠳᠤ ᠣᠷᠣᠯᠴᠠᠬᠤ ᠦᠨᠡᠮᠯᠡᠯ᠂ ᠬᠠᠷᠢᠶᠠᠯᠠᠭᠳᠠᠬᠤ ᠨᠡᠶᠢᠭᠡᠮᠯᠢᠭ ᠤᠨ ᠰᠠᠨᠠᠯ ᠵᠢᠴᠢ ᠠᠵᠢᠯᠯᠠᠭᠠᠨ ᠤ ᠲᠥᠰᠥᠯ ᠵᠡᠷᠭᠡ ᠮᠠᠲ᠋ᠧᠷᠢᠶᠠᠯ ᠢ ᠬᠠᠩᠭᠠᠵᠤ᠂ | ᠪᠠᠶᠢᠭ᠎ᠠ ᠤᠳᠬ᠎ᠠ ᠤᠷᠠᠯᠢᠭᠴᠢᠳ ᠤᠨ ᠨᠡᠶᠢᠭᠡᠮᠯᠢᠭ ᠲᠤ ᠮᠡᠳᠡᠭᠦᠯᠦᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠨᠢᠭᠡᠳᠦᠯᠲᠡᠢ ᠮᠡᠳᠡᠭᠦᠯᠦᠭᠡᠳ ᠲᠤᠰᠬᠠᠢ | ᠮᠡᠷᠭᠡᠵᠢᠯᠲᠡᠨ ᠤ ᠬᠢᠨᠠᠨ ᠲᠣᠭᠲᠠᠭᠠᠬᠤ ᠵᠥᠪᠯᠡᠯ ᠢᠶᠠᠷ ᠬᠢᠨᠠᠨ ᠲᠣᠭᠲᠠᠭᠠᠯᠭᠠᠨ᠎ᠠ᠃ | ︵ᠳᠥᠷᠪᠡ︶ ᠤᠳᠬ᠎ᠠ ᠤᠷᠠᠯᠢᠭ ᠤᠨ ᠰᠣᠳᠣᠨ ᠪᠦᠲᠦᠭᠡᠯ ᠤᠨ ᠱᠠᠩᠨᠠᠯ | ⒈ᠭᠤᠶᠤᠴᠢᠯᠠᠨ ᠮᠡᠳᠡᠭᠦᠯᠬᠦ ᠨᠥᠬᠦᠴᠡᠯ ᠳᠤ ᠨᠡᠶᠢᠴᠡᠭᠰᠡᠨ ᠬᠠᠮᠲᠤ ᠨᠡᠶᠢᠲᠡ ᠪᠠ ᠬᠤᠪᠢ ᠬᠥᠮᠥᠨ ᠰᠢᠯᠭᠠᠷᠠᠭᠤᠯᠬᠤ ᠠᠵᠢᠯ ᠢ ᠥᠷᠨᠢᠭᠦᠯᠬᠦ ᠲᠤᠬᠠᠢ ᠶᠢᠨ | ᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠳᠠᠷᠤᠮᠠᠯᠯᠠᠨ ᠲᠠᠷᠬᠠᠭᠠᠭᠰᠠᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ︽ᠣᠲᠤᠭ | ᠬᠤᠰᠢᠭᠤᠨ ᠤ ᠤᠳᠬ᠎ᠠ ᠤᠷᠠᠯᠢᠭ ᠢ ᠤᠷᠮᠠᠰᠢᠭᠤᠯᠵᠤ ᠲᠡᠳᠬᠦᠬᠦ ᠢᠨᠵᠧᠨᠧᠷᠢᠩ ᠤᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠬᠦᠰᠦᠨᠦᠭ︾ ᠢ ᠲᠠᠭᠯᠠᠵᠤ᠂ | ᠱᠠᠩᠨᠠᠯ ᠣᠯᠣᠭᠰᠠᠨ ᠦᠨᠡᠮᠯᠡᠯ ᠤᠨ ᠬᠠᠭᠤᠯᠪᠤᠷᠢ ︵ᠴᠢᠬᠤᠯᠠ ᠲᠠᠢ ᠦᠶ᠎ᠡ ᠳᠤ ᠱᠠᠩᠨᠠᠯ ᠣᠯᠣᠭᠰᠠᠨ ᠦᠨᠡᠮᠯᠡᠯ ᠢ ᠬᠠᠩᠭᠠᠵᠤ ᠪᠠᠶᠢᠴᠠᠭᠠᠬᠤ ᠳᠤ ᠪᠡᠯᠡᠳᠬᠡᠨ᠎ᠡ︶ ᠵᠢᠴᠢ | ᠨᠢᠭᠡ ᠬᠡᠯᠪᠡᠷᠢ ᠶᠢᠨ ᠬᠤᠶᠠᠷ ᠬᠤᠪᠢ ᠶᠢᠨ ᠬᠠᠮᠢᠶ᠎ᠠ ᠪᠦᠬᠦᠢ ᠭᠡᠷᠡᠴᠢᠯᠡᠬᠦ ᠮᠠᠲ᠋ᠧᠷᠢᠶᠠᠯ ᠲᠠᠢ ᠪᠠᠨ ᠬᠠᠮᠲᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ | ᠮᠡᠳᠡᠭᠦᠯᠦᠨ ᠬᠢᠨᠠᠨ ᠬᠠᠷᠭᠤᠭᠤᠯᠵᠤ᠂ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠵᠥᠪᠯᠡᠯ ᠢᠶᠠᠷ ᠬᠢᠨᠠᠨ ᠲᠣᠭᠲᠠᠭᠠᠯᠭᠠᠨ᠎ᠠ᠃ | ⒉ᠬᠠᠮᠲᠤ ᠨᠡᠶᠢᠲᠡ ᠶᠢᠨ ᠱᠠᠩᠨᠠᠯ ᠢ ᠭᠤᠶᠤᠴᠢᠯᠠᠨ ᠮᠡᠳᠡᠭᠦᠯᠬᠦ ᠬᠦᠰᠦᠨᠦᠭ ᠲᠤ ᠭᠤᠣᠯ ᠵᠣᠬᠢᠶᠠᠭᠴᠢ ᠭᠠᠷ ᠤᠨ ᠥᠰᠥᠭ ᠵᠢᠷᠤᠬᠤ ᠶᠢᠨ ᠬᠠᠮᠲᠤ | ᠵᠣᠬᠢᠶᠠᠭᠴᠢ ᠶᠢᠨ ᠣᠪᠣᠭ ᠨᠡᠷ᠎ᠡ ᠶᠢ ᠳᠠᠷᠠᠭᠠᠯᠠᠨ ᠵᠢᠭᠰᠠᠭᠠᠵᠤ᠂ ᠵᠣᠬᠢᠶᠠᠭᠴᠢ ᠶᠢᠨ ᠪᠠᠶᠢᠭ᠎ᠠ ᠪᠠᠶᠢᠭᠤᠯᠭ᠎ᠠ ᠶᠢᠨ ᠬᠠᠷᠢᠭᠤᠴᠠᠯᠭᠠᠲᠠᠨ ᠢᠶᠠᠷ ᠭᠠᠷ ᠤᠨ ᠥᠰᠥᠭ | ᠵᠢᠷᠤᠭᠤᠯᠵᠤ ᠠᠯᠪᠠᠨ ᠲᠠᠮᠠᠭ᠎ᠠ ᠳᠠᠷᠤᠨ᠎ᠠ︔ ᠬᠤᠪᠢ ᠬᠥᠮᠥᠨ ᠤ ᠱᠠᠩᠨᠠᠯ ᠤᠨ ᠭᠤᠶᠤᠴᠢᠯᠠᠨ ᠮᠡᠳᠡᠭᠦᠯᠬᠦ ᠬᠦᠰᠦᠨᠦᠭ ᠢ ᠭᠤᠶᠤᠴᠢᠯᠠᠨ ᠮᠡᠳᠡᠭᠦᠯᠦᠭᠴᠢ ᠥᠪᠡᠷ ᠢᠶᠠᠨ | ᠲᠠᠭᠯᠠᠬᠤ ᠶᠢᠨ ᠬᠠᠮᠲᠤ ᠭᠠᠷ ᠤᠨ ᠥᠰᠥᠭ ᠵᠢᠷᠤᠵᠤ ᠲᠠᠮᠠᠭ᠎ᠠ ᠳᠠᠷᠤᠨ᠎ᠠ᠃ | ᠲᠠᠪᠤᠳᠤᠭᠠᠷ ᠪᠦᠯᠦᠭ ᠲᠥᠷᠥᠯ ᠵᠦᠢᠯ ᠤᠨ ᠬᠠᠮᠢᠶᠠᠷᠤᠯᠲᠠ | ᠠᠷᠪᠠᠨ ᠨᠢᠭᠡᠳᠦᠭᠡᠷ ᠵᠦᠢᠯ ᠣᠲᠤᠭ ᠬᠤᠰᠢᠭᠤᠨ ᠤ ᠤᠳᠬ᠎ᠠ ᠤᠷᠠᠯᠢᠭ ᠢ ᠤᠷᠮᠠᠰᠢᠭᠤᠯᠵᠤ ᠲᠡᠳᠬᠦᠬᠦ ᠢᠨᠵᠧᠨᠧᠷᠢᠩ ᠤᠨ ᠲᠥᠷᠥᠯ ᠵᠦᠢᠯ ᠢ ᠵᠠᠷᠴᠢᠮ | ᠳᠡᠭᠡᠷ᠎ᠡ ᠪᠠᠨ ᠬᠤᠶᠠᠷ ᠵᠢᠯ ᠳᠤ ᠨᠢᠭᠡ ᠤᠳᠠᠭ᠎ᠠ ᠲᠥᠪᠯᠡᠷᠡᠭᠦᠯᠦᠨ ᠭᠤᠶᠤᠴᠢᠯᠠᠨ ᠮᠡᠳᠡᠭᠦᠯᠵᠦ᠂ ᠲᠥᠪᠯᠡᠷᠡᠭᠦᠯᠦᠨ ᠬᠢᠨᠠᠨ ᠲᠣᠭᠲᠠᠭᠠᠯᠭᠠᠨ᠎ᠠ᠃ ᠤᠳᠬ᠎ᠠ ᠤᠷᠠᠯᠢᠭ ᠢ | ᠤᠷᠮᠠᠰᠢᠭᠤᠯᠵᠤ ᠲᠡᠳᠬᠦᠬᠦ ᠢᠨᠵᠧᠨᠧᠷᠢᠩ ᠤᠨ ᠲᠥᠷᠥᠯ ᠵᠦᠢᠯ ᠤᠨ ᠠᠭᠤᠯᠭ᠎ᠠ ᠶᠢ ᠬᠠᠮᠢᠶ᠎ᠠ ᠪᠦᠬᠦᠢ ᠤᠳᠬ᠎ᠠ ᠤᠷᠠᠯᠢᠭ ᠤᠨ ᠰᠢᠯᠭᠠᠷᠠᠭᠤᠯᠤᠯᠲᠠ᠂ ᠢᠨᠵᠧᠨᠧᠷᠢᠩ ᠤᠨ | ᠲᠥᠷᠥᠯ ᠵᠦᠢᠯ ᠤᠨ ᠠᠭᠤᠯᠭ᠎ᠠ ᠶᠢᠨ ᠨᠡᠷᠡᠶᠢᠳᠦᠯ ᠵᠢᠴᠢ ︽ᠬᠢᠨᠠᠨ ᠲᠣᠭᠲᠠᠭᠠᠬᠤ ᠨᠠᠷᠢᠨ ᠳᠦᠷᠢᠮ︾ ᠤᠨ ᠲᠣᠬᠢᠷᠠᠭᠤᠯᠤᠯᠲᠠ ᠶᠢ ᠦᠨᠳᠦᠰᠦᠯᠡᠨ ᠵᠡᠷᠭᠡ ᠳᠤᠨᠢ | ᠲᠣᠬᠢᠷᠠᠭᠤᠯᠤᠨ᠎ᠠ᠃ ᠪᠥᠬᠦ ᠬᠤᠰᠢᠭᠤᠨ ᠤ ᠠᠵᠢᠯ ᠤᠨ ᠶᠡᠭᠡ ᠲᠠᠯ᠎ᠠ ᠶᠢᠨ ᠲᠣᠭᠤᠷᠢᠨ ᠳᠤ ᠵᠣᠬᠢᠶᠠᠨ ᠪᠦᠲᠦᠭᠡᠭᠰᠡᠨ ᠴᠢᠬᠤᠯᠠ ᠶᠡᠭᠡ ᠲᠥᠷᠥᠯ ᠵᠦᠢᠯ ᠪᠣᠯᠬᠤ ᠪᠦᠭᠡᠳ | ᠥᠷᠭᠡᠨ ᠳᠡᠯᠭᠡᠷ ᠨᠡᠶᠢᠭᠡᠮ ᠤᠨ ᠨᠥᠯᠥᠭᠡ ᠲᠠᠢ ᠪᠠᠶᠢᠵᠤ᠂ ᠣᠲᠤᠭ ᠬᠤᠰᠢᠭᠤᠨ ᠤ ᠤᠳᠬ᠎ᠠ ᠤᠷᠠᠯᠢᠭ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠬᠦ ᠳᠤ ᠴᠢᠬᠤᠯᠠ | ᠶᠡᠭᠡ ᠬᠤᠪᠢ ᠨᠡᠮᠡᠷᠢ ᠦᠵᠡᠭᠦᠯᠦᠭᠰᠡᠨ ᠤᠳᠬ᠎ᠠ ᠤᠷᠠᠯᠢᠭ ᠤᠨ ᠪᠦᠲᠦᠭᠡᠯ ᠢ ᠲᠣᠰ ᠠᠷᠭ᠎ᠠ ᠶᠢᠨ ᠬᠠᠮᠢᠶ᠎ᠠ ᠪᠦᠬᠦᠢ ᠲᠣᠭᠲᠠᠭᠠᠯ ᠢᠶᠠᠷ ᠯᠠᠪᠯᠠᠯᠲᠠ ᠪᠣᠯᠭᠠᠨ᠂ ᠴᠠᠭ ᠲᠤᠨᠢ | ᠲᠣᠬᠢᠷᠠᠭᠤᠯᠤᠨ ᠭᠤᠶᠤᠴᠢᠯᠠᠨ ᠮᠡᠳᠡᠭᠦᠯᠵᠦ᠂ ᠤᠴᠢᠷ ᠨᠢᠭᠡᠪᠦᠷᠢ ᠶᠢ ᠠᠰᠳᠠᠭᠠᠨ ᠵᠥᠪᠯᠡᠬᠦ ᠬᠡᠯᠪᠡᠷᠢ ᠪᠠᠷ ᠤᠳᠬ᠎ᠠ ᠤᠷᠠᠯᠢᠭ ᠢ ᠤᠷᠮᠠᠰᠢᠭᠤᠯᠵᠤ ᠲᠡᠳᠬᠦᠬᠦ ᠪᠠ ᠱᠠᠩᠨᠠᠨ | ᠬᠥᠬᠢᠭᠦᠯᠬᠦ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠨ᠎ᠠ᠃ ᠣᠲᠤᠭ ᠬᠤᠰᠢᠭᠤᠨ ᠤ ᠤᠳᠬ᠎ᠠ ᠤᠷᠠᠯᠢᠭ ᠢ ᠤᠷᠮᠠᠰᠢᠭᠤᠯᠵᠤ ᠲᠡᠳᠬᠦᠬᠦ ᠢᠨᠵᠧᠨᠧᠷᠢᠩ ᠤᠨ | ᠲᠥᠷᠥᠯ ᠵᠦᠢᠯ ᠪᠣᠯ ᠲᠦᠷᠦᠭᠦᠸ ᠬᠤᠶᠠᠷ ᠵᠢᠯ ᠤᠨ ᠬᠤᠭᠤᠴᠠᠭᠠᠨ ᠳᠤ ᠬᠡᠷᠡᠭᠵᠢᠭᠦᠯᠦᠭᠰᠡᠨ ᠲᠥᠷᠥᠯ ᠵᠦᠢᠯ ᠪᠣᠯᠣᠨ᠎ᠠ ︵2024 ᠣᠨ ᠳᠤ 2022 ᠣᠨ ᠤ 1 | ᠳ᠋ᠦ᠋ᠭᠡᠷ ᠰᠠᠷ᠎ᠠ ᠶᠢᠨ 1 ᠤ ᠡᠳᠦᠷ ᠠᠴᠠ 2023 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯᠠᠬᠢ ᠤᠳᠬ᠎ᠠ ᠤᠷᠠᠯᠢᠭ ᠢ ᠤᠷᠮᠠᠰᠢᠭᠤᠯᠵᠤ ᠲᠡᠳᠬᠦᠬᠦ | ᠢᠨᠵᠧᠨᠧᠷᠢᠩ ᠤᠨ ᠲᠥᠷᠥᠯ ᠵᠦᠢᠯ ᠢ ᠰᠢᠯᠭᠠᠷᠠᠭᠤᠯᠵᠤ᠂ ᠲᠠᠷᠠᠭᠠᠴᠢ ᠶᠢᠨ ᠣᠨ ᠤ ᠰᠢᠯᠭᠠᠷᠠᠭᠤᠯᠤᠯᠲᠠ ᠶᠢ ᠳᠠᠷᠠᠭᠠᠯᠠᠯ ᠢᠶᠠᠷ ᠨᠢ ᠬᠤᠶᠢᠰᠢᠯᠠᠭᠤᠯᠤᠨ᠎ᠠ︶᠃ | ᠠᠷᠪᠠᠨ ᠬᠤᠶᠠᠳᠤᠭᠠᠷ ᠵᠦᠢᠯ ᠣᠲᠤᠭ ᠬᠤᠰᠢᠭᠤᠨ ᠤ ᠤᠳᠬ᠎ᠠ ᠤᠷᠠᠯᠢᠭ ᠢ ᠤᠷᠮᠠᠰᠢᠭᠤᠯᠵᠤ ᠲᠡᠳᠬᠦᠬᠦ ᠢᠨᠵᠧᠨᠧᠷᠢᠩ ᠤᠨ ᠲᠥᠷᠥᠯ ᠵᠦᠢᠯ ᠢ ᠵᠣᠬᠢᠶᠠᠨ | ᠪᠦᠲᠦᠭᠡᠬᠦ ᠪᠠᠶᠢᠭᠤᠯᠭ᠎ᠠ ᠪᠤᠶᠤ ᠬᠤᠪᠢ ᠬᠥᠮᠥᠨ ᠲᠣᠭᠲᠠᠭᠰᠠᠨ ᠭᠤᠶᠤᠴᠢᠯᠠᠨ ᠮᠡᠳᠡᠭᠦᠯᠬᠦ ᠨᠢᠭᠡᠴᠢ ᠪᠠᠷ ᠳᠠᠮᠵᠢᠭᠤᠯᠤᠨ ᠤᠳᠤᠷᠢᠳᠬᠤ ᠳᠤᠭᠤᠶᠢᠯᠠᠩ ᠤᠨ ᠠᠯᠪᠠᠨ | ᠭᠡᠷ ᠲᠤ ᠭᠤᠶᠤᠴᠢᠯᠠᠨ ᠮᠡᠳᠡᠭᠦᠯᠦᠨ᠎ᠡ᠃ ᠨᠡᠶᠢᠭᠡᠮ ᠤᠨ ᠨᠥᠯᠥᠭᠡ ᠶᠡᠬᠡᠲᠡᠢ ᠣᠨᠴᠠ ᠵᠠᠷᠢᠮ ᠤᠳᠬ᠎ᠠ ᠤᠷᠠᠯᠢᠭ ᠤᠨ ᠲᠥᠷᠥᠯ ᠵᠦᠢᠯ ᠢ ᠵᠣᠬᠢᠶᠠᠨ ᠪᠦᠲᠦᠭᠡᠬᠦ | ᠪᠠᠶᠢᠭᠤᠯᠭ᠎ᠠ ᠪᠤᠶᠤ ᠬᠤᠪᠢ ᠬᠥᠮᠥᠨ ᠠᠴᠠ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠰᠢᠭᠤᠳ ᠭᠤᠶᠤᠴᠢᠯᠠᠨ ᠮᠡᠳᠡᠭᠦᠯᠵᠦ ᠪᠣᠯᠣᠨ᠎ᠠ᠃ ᠲᠥᠷᠥᠯ ᠵᠦᠢᠯ ᠢ | ᠲᠣᠭᠲᠠᠭᠠᠭᠰᠠᠨ ᠤ ᠳᠠᠷᠠᠭ᠎ᠠ᠂ ᠵᠣᠬᠢᠶᠠᠯ ᠪᠦᠲᠦᠭᠡᠯ ᠤᠨ ᠵᠣᠷᠢᠭᠵᠢᠭᠤᠯᠤᠯ ᠲᠡᠳᠬᠦᠮᠵᠢ ᠣᠯᠣᠭᠰᠠᠨ ᠪᠠᠶᠢᠭᠤᠯᠭ᠎ᠠ ᠨᠢᠭᠡᠴᠢ ᠪᠤᠶᠤ ᠬᠤᠪᠢ ᠬᠥᠮᠥᠨ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠤᠨ ᠬᠢᠨ ᠲᠠᠢ ︽ᠣᠲᠤᠭ ᠬᠤᠰᠢᠭᠤᠨ ᠤ ᠤᠳᠬ᠎ᠠ ᠤᠷᠠᠯᠢᠭ ᠢ ᠤᠷᠮᠠᠰᠢᠭᠤᠯᠤᠨ ᠲᠡᠳᠬᠦᠬᠦ ᠬᠡᠯᠡᠯᠴᠡᠭᠡᠷ ᠤᠨ ᠪᠢᠴᠢᠭ︾ ᠲᠣᠭᠲᠠᠨ᠎ᠠ᠃ | | ᠠᠷᠪᠠᠨ ᠭᠤᠷᠪᠠᠳᠤᠭᠠᠷ ᠵᠦᠢᠯ ᠣᠲᠤᠭ ᠬᠤᠰᠢᠭᠤᠨ ᠤ ᠡᠷᠦᠬᠡ ᠠᠮᠠ ᠲᠠᠢ ᠪᠤᠶᠤ ᠣᠶᠢᠷ᠎ᠠ ᠶᠢᠨ ᠭᠤᠷᠪᠠᠨ ᠵᠢᠯ ᠳᠤ ᠣᠲᠤᠭ ᠬᠤᠰᠢᠭᠤᠨ ᠳᠤ ᠠᠵᠢᠯᠯᠠᠵᠤ | ᠠᠮᠢᠳᠤᠷᠠᠵᠤ ᠪᠠᠶᠢᠭ᠎ᠠ ᠮᠥᠷᠲᠡᠭᠡᠨ ᠣᠳᠣᠬᠠᠨ ᠳᠤ ᠮᠥᠨ ᠣᠲᠤᠭ ᠬᠤᠰᠢᠭᠤᠨ ᠳᠤ ᠠᠮᠢᠳᠤᠷᠠᠵᠤ ᠪᠠᠶᠢᠭ᠎ᠠ ᠤᠳᠬ᠎ᠠ ᠤᠷᠠᠯᠢᠭᠴᠢᠳ ᠣᠲᠤᠭ ᠬᠤᠰᠢᠭᠤᠨ ᠤ ᠤᠳᠬ᠎ᠠ | ᠤᠷᠠᠯᠢᠭ ᠢ ᠤᠷᠮᠠᠰᠢᠭᠤᠯᠵᠤ ᠲᠡᠳᠬᠦᠬᠦ ᠢᠨᠵᠧᠨᠧᠷᠢᠩ ᠤᠨ ᠲᠥᠷᠥᠯ ᠵᠦᠢᠯ ᠢ ᠭᠤᠶᠤᠴᠢᠯᠠᠨ ᠮᠡᠳᠡᠭᠦᠯᠵᠦ ᠪᠣᠯᠣᠨ᠎ᠠ᠃ ᠤᠳᠬ᠎ᠠ ᠤᠷᠠᠯᠢᠭ ᠤᠨ ᠵᠣᠷᠢᠭᠵᠢᠭᠤᠯᠤᠯ | ᠲᠡᠳᠬᠦᠮᠵᠢ ᠪᠠ ᠬᠥᠬᠢᠭᠦᠯᠦᠯ ᠢ ᠬᠦᠷᠲᠡᠭᠰᠡᠳ ᠡᠷᠬᠡᠪᠰᠢ ᠲᠤᠰ ᠬᠥᠮᠥᠨ ᠤ ᠪᠡᠶ᠎ᠡ ᠶᠢᠨ ᠦᠨᠡᠮᠯᠡᠯ ᠢᠶᠠᠨ ᠬᠠᠩᠭᠠᠬᠤ ᠬᠡᠷᠡᠭᠲᠡᠢ᠃ | ᠭᠤᠶᠤᠴᠢᠯᠠᠨ ᠮᠡᠳᠡᠭᠦᠯᠦᠭᠰᠡᠨ ᠣᠲᠤᠭ ᠬᠤᠰᠢᠭᠤᠨ ᠤ ᠤᠳᠬ᠎ᠠ ᠤᠷᠠᠯᠢᠭ ᠢ ᠤᠷᠮᠠᠰᠢᠭᠤᠯᠵᠤ ᠲᠡᠳᠬᠦᠬᠦ ᠢᠨᠵᠧᠨᠧᠷᠢᠩ ᠤᠨ ᠲᠥᠷᠥᠯ ᠵᠦᠢᠯ ︵ᠪᠦᠲᠦᠭᠡᠯ︶ | ᠨᠢ ᠡᠷᠬᠡᠪᠰᠢ ᠵᠣᠬᠢᠶᠠᠯ ᠪᠦᠲᠦᠭᠡᠯ ᠤᠨ ᠡᠷᠬᠡ᠂ ᠢᠷᠠᠭᠤ ᠠᠯᠳᠠᠷ ᠤᠨ ᠡᠷᠬᠡ᠂ ᠡᠯ᠎ᠡ ᠲᠥᠷᠥᠯ ᠤᠨ ᠱᠠᠩᠨᠠᠯ ᠢ ᠭᠤᠶᠤᠴᠢᠯᠠᠨ ᠮᠡᠳᠡᠭᠦᠯᠬᠦ ᠡᠷᠬᠡ ᠲᠠᠢ ᠪᠠᠶᠢᠬᠤ ᠬᠡᠷᠡᠭᠲᠡᠢ | ᠮᠥᠷᠲᠡᠭᠡᠨ ᠶᠠᠮᠠᠷᠪᠠ ᠬᠠᠤᠯᠢ ᠴᠠᠭᠠᠵᠠ ᠶᠢᠨ ᠮᠠᠷᠭᠤᠭᠠᠨ ᠦᠭᠡᠢ ᠪᠠᠶᠢᠵᠤ᠂ ᠣᠯᠠᠨ ᠲᠠᠯ᠎ᠠ ᠪᠠᠷ ᠮᠡᠳᠡᠭᠦᠯᠵᠦ ᠪᠣᠯᠬᠤ ᠦᠭᠡᠢ᠃ ᠬᠤᠰᠢᠭᠤᠨ ᠤ ᠳᠣᠲᠣᠷᠠᠬᠢ ᠣᠯᠠᠨ | ᠪᠠᠶᠢᠭᠤᠯᠭ᠎ᠠ ᠨᠢᠭᠡᠴᠢ ︵ᠬᠤᠪᠢ ᠬᠥᠮᠥᠨ︶ ᠶᠢᠨ ᠬᠠᠮᠲᠤᠷᠠᠯᠴᠠᠭ᠎ᠠ ᠳᠤ ᠣᠷᠣᠯᠴᠠᠭᠰᠠᠨ ᠲᠥᠷᠥᠯ ᠵᠦᠢᠯ ︵ᠪᠦᠲᠦᠭᠡᠯ︶ ᠢ ᠭᠤᠣᠯ ᠵᠣᠬᠢᠶᠠᠭᠴᠢ ᠪᠣᠯᠬᠤ ᠪᠠᠶᠢᠭᠤᠯᠭ᠎ᠠ | ᠨᠢᠭᠡᠴᠢ ︵ᠬᠤᠪᠢ ᠬᠥᠮᠥᠨ︶ ᠠᠴᠠ ᠭᠤᠶᠤᠴᠢᠯᠠᠨ ᠮᠡᠳᠡᠭᠦᠯᠵᠦ᠂ ᠬᠠᠮᠲᠤᠷᠠᠯᠴᠠᠭ᠎ᠠ ᠳᠤ ᠣᠷᠣᠯᠴᠠᠭᠰᠠᠨ ᠡᠯ᠎ᠡ ᠪᠠᠶᠢᠭᠤᠯᠭ᠎ᠠ ᠨᠢᠭᠡᠴᠢ ︵ᠬᠤᠪᠢ ᠬᠥᠮᠥᠨ︶ ᠠᠴᠠ | ᠭᠤᠶᠤᠴᠢᠯᠠᠨ ᠮᠡᠳᠡᠭᠦᠯᠬᠦ ᠶᠢ ᠵᠥᠪᠰᠢᠶᠡᠷᠡᠭᠰᠡᠨ ᠪᠢᠴᠢᠭ ᠤᠨ ᠬᠡᠯᠪᠡᠷᠢ ᠶᠢᠨ ᠲᠣᠳᠣᠷᠬᠠᠶᠢᠯᠠᠯᠲᠠ ᠪᠢᠴᠢᠨ᠂ ᠭᠤᠶᠤᠴᠢᠯᠠᠨ ᠮᠡᠳᠡᠭᠦᠯᠦᠭᠴᠢ ᠠᠴᠠ ᠲᠥᠷᠥᠯ ᠵᠦᠢᠯ ︵ | ᠪᠦᠲᠦᠭᠡᠯ︶ ᠳᠤ ᠭᠤᠣᠯ ᠬᠠᠷᠢᠭᠤᠴᠠᠯᠭ᠎ᠠ ᠡᠭᠦᠷᠭᠡᠯᠡᠨ᠎ᠡ᠃ ᠬᠤᠰᠢᠭᠤᠨ ᠤ ᠭᠠᠳᠠᠨᠠᠬᠢ ᠣᠯᠠᠨ ᠪᠠᠶᠢᠭᠤᠯᠭ᠎ᠠ ᠨᠢᠭᠡᠴᠢ ᠲᠠᠢ ᠬᠠᠮᠲᠤᠷᠠᠨ ᠪᠦᠲᠦᠭᠡᠭᠰᠡᠨ ᠲᠥᠷᠥᠯ ᠵᠦᠢᠯ | ︵ᠪᠦᠲᠦᠭᠡᠯ︶ ᠪᠣᠯ᠂ ᠮᠠᠨ ᠤ ᠬᠤᠰᠢᠭᠤᠨ ᠤ ᠭᠡᠰᠢᠭᠦᠨ ᠢᠶᠠᠷ ᠭᠤᠣᠯ ᠵᠣᠬᠢᠶᠠᠨ ᠪᠦᠲᠦᠭᠡᠭᠴᠢ ᠪᠣᠯᠭᠠᠬᠤ ᠶᠢᠨ ᠬᠠᠮᠲᠤ ᠲᠥᠷᠥᠯ ᠵᠦᠢᠯ ︵ᠪᠦᠲᠦᠭᠡᠯ︶ ᠤᠨ | ᠪᠦᠲᠦᠭᠡᠭᠳᠡᠬᠦᠨ ᠭᠠᠷᠭᠠᠬᠤ ᠡᠷᠬᠡ᠂ ᠱᠠᠩᠨᠠᠯ ᠰᠢᠯᠭᠠᠷᠠᠭᠤᠯᠤᠯᠲᠠ ᠶᠢ ᠭᠤᠶᠤᠴᠢᠯᠠᠨ ᠮᠡᠳᠡᠭᠦᠯᠬᠦ ᠡᠷᠬᠡ ᠲᠠᠢ ᠪᠠᠶᠢᠵᠤ᠂ ᠡᠯ᠎ᠡ ᠬᠠᠮᠲᠤᠷᠠᠭᠰᠠᠨ ᠪᠦᠲᠦᠭᠡᠭᠳᠡᠬᠦᠨ | ᠭᠠᠷᠭᠠᠬᠤ ᠨᠢᠭᠡᠴᠢ ᠨᠦᠭᠦᠳ ᠢᠶᠠᠷ ᠭᠤᠶᠤᠴᠢᠯᠠᠨ ᠮᠡᠳᠡᠭᠦᠯᠬᠦ ᠶᠢ ᠵᠥᠪᠰᠢᠶᠡᠷᠡᠭᠰᠡᠨ ᠪᠢᠴᠢᠭ ᠤᠨ ᠬᠡᠯᠪᠡᠷᠢ ᠶᠢᠨ ᠲᠣᠳᠣᠷᠬᠠᠶᠢᠯᠠᠯᠲᠠ ᠪᠢᠴᠢᠭᠦᠯᠦᠨ᠎ᠡ᠃ | ᠠᠷᠪᠠᠨ ᠳᠥᠷᠪᠡᠳᠦᠭᠡᠷ ᠵᠦᠢᠯ ᠬᠢᠨᠠᠨ ᠲᠣᠭᠲᠠᠭᠠᠬᠤ ᠠᠵᠢᠯ ᠢ ᠠᠩᠬ᠎ᠠ ᠰᠢᠯᠭᠠᠷᠠᠭᠤᠯᠬᠤ ᠪᠠ ᠲᠠᠬᠢᠨ ᠰᠢᠯᠭᠠᠷᠠᠭᠤᠯᠬᠤ ᠬᠤᠶᠠᠷ ᠱᠠᠲᠤ ᠬᠤᠪᠢᠶᠠᠨ᠎ᠠ᠃ ︽ | ᠬᠢᠨᠠᠨ ᠲᠣᠭᠲᠠᠭᠠᠬᠤ ᠨᠠᠷᠢᠨ ᠳᠦᠷᠢᠮ︾ ᠶᠣᠰᠣᠭᠠᠷ ᠴᠢᠩᠭ᠎ᠠ ᠬᠢᠨᠠᠨ ᠲᠣᠭᠲᠠᠭᠠᠵᠤ᠂ ᠠᠩᠬ᠎ᠠ ᠬᠢᠨᠠᠨ ᠲᠣᠭᠲᠠᠭᠠᠬᠤ ᠠᠵᠢᠯ ᠢ ᠤᠳᠤᠷᠢᠳᠬᠤ ᠳᠤᠭᠤᠶᠢᠯᠠᠩ ᠤᠨ | ᠠᠯᠪᠠᠨ ᠭᠡᠷ ᠠᠴᠠ ᠬᠠᠷᠢᠭᠤᠴᠠᠨ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠬᠤᠪᠢᠶᠡᠨ ᠦᠵᠡᠵᠦ ᠰᠢᠯᠭᠠᠷᠠᠭᠤᠯᠤᠨ᠂ ᠲᠥᠪᠯᠡᠷᠡᠭᠦᠯᠦᠨ ᠶᠠᠷᠢᠯᠴᠠᠬᠤ ᠶᠢᠨ ᠬᠠᠮᠲᠤ | ᠠᠩᠬ᠎ᠠ ᠬᠢᠨᠠᠨ ᠲᠣᠭᠲᠠᠭᠠᠭᠰᠠᠨ ᠰᠠᠨᠠᠯ ᠭᠠᠷᠭᠠᠵᠤ᠂ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠵᠥᠪᠯᠡᠯ ᠳᠤ ᠲᠤᠰᠢᠶᠠᠵᠤ ᠳᠠᠬᠢᠨ ᠬᠢᠨᠠᠨ ᠰᠢᠯᠭᠠᠷᠠᠭᠤᠯᠤᠨ᠎ᠠ᠃ | ᠳᠠᠬᠢᠨ ᠬᠢᠨᠠᠨ ᠲᠣᠭᠲᠠᠭᠠᠬᠤ ᠳᠤ᠂ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠵᠥᠪᠯᠡᠯ ᠨᠢ ᠤᠷᠢᠳᠠᠪᠠᠷ ᠠᠩᠬ᠎ᠠ ᠬᠢᠨᠠᠨ ᠲᠣᠭᠲᠠᠭᠠᠭᠰᠠᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠨᠠᠷᠢᠨ ᠬᠢᠨᠠᠮᠠᠭᠠᠢ ᠤᠩᠰᠢᠬᠤ ᠶᠢᠨ ᠬᠠᠮᠲᠤ ᠭᠦᠢᠴᠡᠳ ᠶᠠᠷᠢᠯᠴᠠᠭᠠᠳ ᠣᠨᠳᠣᠣ ᠰᠠᠨᠠᠯ | ᠦᠭᠡᠢ ᠪᠣᠯᠤᠭᠰᠠᠨ ᠤ ᠳᠠᠷᠠᠭ᠎ᠠ᠂ ᠳᠠᠬᠢᠨ ᠬᠢᠨᠠᠭᠰᠠᠨ ᠦᠷ᠎ᠡ ᠳ᠋ᠦᠩ ᠢ ᠳᠤᠷᠠᠳᠤᠨ᠎ᠠ᠃ ᠳᠠᠬᠢᠨ ᠬᠢᠨᠠᠭᠰᠠᠨ ᠦᠷ᠎ᠡ ᠳ᠋ᠦᠩ ᠢ ᠣᠲᠤᠭ ᠬᠤᠰᠢᠭᠤᠨ ᠤ ᠤᠳᠬ᠎ᠠ | ᠤᠷᠠᠯᠢᠭ ᠢ ᠤᠷᠮᠠᠰᠢᠭᠤᠯᠵᠤ ᠲᠡᠳᠬᠦᠬᠦ ᠢᠨᠵᠧᠨᠧᠷᠢᠩ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠭᠠᠷ ᠤᠨ ᠥᠰᠥᠭ ᠵᠢᠷᠤᠵᠤ ᠨᠤᠲᠠᠯᠠᠭᠰᠠᠨ ᠤ ᠳᠠᠷᠠᠭ᠎ᠠ | ᠬᠠᠮᠢᠶ᠎ᠠ ᠪᠦᠬᠦᠢ ᠵᠠᠭᠤᠴᠢᠯᠠᠭᠤᠷ ᠢᠶᠠᠷ ᠨᠡᠶᠢᠭᠡᠮ ᠨᠡᠶᠢᠲᠡ ᠳᠤ ᠵᠠᠷᠯᠠᠨ ᠨᠡᠶᠢᠲᠡᠯᠡᠵᠦ᠂ ᠣᠨᠳᠣᠣ ᠰᠠᠨᠠᠯ ᠦᠭᠡᠢ ᠪᠣᠯ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠡᠳ ᠤᠳᠬ᠎ᠠ ᠤᠷᠠᠯᠢᠭ ᠢ ᠤᠷᠮᠠᠰᠢᠭᠤᠯᠤᠨ ᠲᠡᠳᠬᠦᠵᠦ ᠱᠠᠩᠨᠠᠨ᠎ᠠ᠃ | ᠠᠷᠪᠠᠨ ᠲᠠᠪᠤᠳᠤᠭᠠᠷ ᠵᠦᠢᠯ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠵᠥᠪᠯᠡᠯ ᠤᠨ ᠡᠯ᠎ᠡ ᠪᠦᠷᠢᠯᠳᠦᠭᠦᠨ ᠵᠢᠴᠢ ᠤᠳᠤᠷᠢᠳᠬᠤ ᠳᠤᠭᠤᠶᠢᠯᠠᠩ ᠤᠨ | ᠠᠯᠪᠠᠨ ᠭᠡᠷ ᠤᠨ ᠠᠵᠢᠯᠲᠠᠨ ᠬᠢᠨᠠᠨ ᠲᠣᠭᠲᠠᠭᠠᠬᠤ ᠳᠠᠭᠠᠨ ᠬᠡᠷᠪᠡ ᠬᠠᠮᠢᠶ᠎ᠠ ᠪᠦᠬᠦᠢ ᠲᠣᠭᠲᠠᠭᠠᠯ ᠢ ᠵᠥᠷᠢᠴᠡᠵᠦ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ | ᠵᠥᠷᠢᠴᠡᠭᠰᠡᠨ ᠪᠠᠶᠢᠪᠠᠯ᠂ ᠬᠢᠨᠠᠨ ᠲᠣᠭᠲᠠᠭᠠᠭᠴᠢ ᠶᠢᠨ ᠬᠢᠷᠢ ᠬᠡᠮ ᠢ ᠨᠢ ᠬᠦᠴᠦᠨ ᠦᠭᠡᠢ ᠪᠣᠯᠭᠠᠬᠤ ᠶᠢᠨ ᠬᠠᠮᠲᠤ᠂ ᠬᠠᠮᠢᠶ᠎ᠠ ᠪᠦᠬᠦᠢ ᠪᠠᠶᠢᠭᠤᠯᠭ᠎ᠠ ᠠᠴᠠ ᠦᠶᠯᠡ | ᠪᠠᠶᠢᠳᠠᠯ ᠤᠨ ᠬᠦᠨᠳᠦ ᠬᠥᠩᠭᠡᠨ ᠢ ᠨᠢ ᠦᠵᠡᠵᠦ ᠪᠠᠶᠢᠭᠠᠳ ᠬᠠᠤᠯᠢ ᠴᠠᠭᠠᠵᠠ ᠰᠠᠬᠢᠯᠭ᠎ᠠ ᠪᠠᠲᠤ ᠶᠣᠰᠣᠭᠠᠷ ᠰᠢᠢᠳᠪᠦᠷᠢᠯᠡᠨ᠎ᠡ᠃ | ᠠᠷᠪᠠᠨ ᠵᠢᠷᠭᠤᠳᠤᠭᠠᠷ ᠵᠦᠢᠯ ᠭᠤᠶᠤᠴᠢᠯᠠᠨ ᠮᠡᠳᠡᠭᠦᠯᠬᠦ ᠪᠠᠶᠢᠭᠤᠯᠭ᠎ᠠ ᠨᠢᠭᠡᠴᠢ ︵ᠬᠤᠪᠢ ᠬᠥᠮᠥᠨ︶ ᠨᠢ ᠣᠲᠤᠭ ᠬᠤᠰᠢᠭᠤᠨ ᠤ ᠤᠳᠬ᠎ᠠ ᠤᠷᠠᠯᠢᠭ ᠢ | ᠤᠷᠮᠠᠰᠢᠭᠤᠯᠵᠤ ᠲᠡᠳᠬᠦᠬᠦ ᠢᠨᠵᠧᠨᠧᠷᠢᠩ ᠤᠨ ᠲᠥᠷᠥᠯ ᠵᠦᠢᠯ ᠤᠨ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠪᠦᠷᠢᠨ ᠪᠦᠲᠦᠨ | ᠴᠢᠨᠠᠷ ᠢ ᠬᠢᠨᠠᠨ ᠬᠠᠷᠭᠤᠭᠤᠯᠤᠭᠰᠠᠨ ᠤ ᠳᠠᠷᠠᠭ᠎ᠠ ᠲᠠᠮᠠᠭ᠎ᠠ ᠳᠠᠷᠤᠨ᠎ᠠ ︵ᠲᠣᠰ ᠬᠥᠮᠥᠨ ᠭᠠᠷ ᠤᠨ ᠥᠰᠥᠭ ᠵᠢᠷᠤᠨ᠎ᠠ︶᠃ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ | ᠨᠢ ᠬᠤᠳᠠᠯ ᠬᠠᠭᠤᠷᠮᠠᠭ ᠪᠥᠭᠡᠳ ᠣᠲᠤᠭ ᠬᠤᠰᠢᠭᠤᠨ ᠤ ᠤᠳᠬ᠎ᠠ ᠤᠷᠠᠯᠢᠭ ᠢ ᠤᠷᠮᠠᠰᠢᠭᠤᠯᠵᠤ ᠲᠡᠳᠬᠦᠬᠦ ᠢᠨᠵᠧᠨᠧᠷᠢᠩ ᠤᠨ ᠲᠥᠷᠥᠯ ᠵᠦᠢᠯ ᠢ ᠣᠯᠣᠭᠰᠠᠨ | ᠪᠠᠶᠢᠪᠠᠯ᠂ ᠪᠠᠶᠢᠴᠠᠭᠠᠨ ᠲᠣᠳᠣᠯᠠᠭᠰᠠᠨ ᠤ ᠳᠠᠷᠠᠭ᠎ᠠ᠂ ᠬᠤᠯᠪᠣᠭᠳᠠᠯ ᠪᠦᠬᠦᠢ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ ᠬᠠᠤᠯᠢ ᠲᠣᠭᠲᠠᠭᠠᠯ ᠶᠣᠰᠣᠭᠠᠷ | ᠰᠢᠢᠳᠪᠦᠷᠢᠯᠡᠭᠦᠯᠦᠨ᠎ᠡ᠃ ᠬᠤᠳᠠᠯ ᠢᠶᠠᠷ ᠮᠡᠳᠡᠭᠦᠯᠦᠭᠰᠡᠳ ᠤᠨ ᠮᠡᠳᠡᠭᠦᠯᠬᠦ ᠬᠢᠷᠢ ᠬᠡᠮ ᠢ ᠨᠠᠰᠤᠨ ᠲᠤᠷᠰᠢᠲᠠ ᠬᠦᠴᠦᠨ ᠦᠭᠡᠢ ᠪᠣᠯᠭᠠᠨ᠎ᠠ︔ ᠣᠲᠤᠭ ᠬᠤᠰᠢᠭᠤᠨ ᠤ | ᠤᠳᠬ᠎ᠠ ᠤᠷᠠᠯᠢᠭ ᠢ ᠤᠷᠮᠠᠰᠢᠭᠤᠯᠵᠤ ᠲᠡᠳᠬᠦᠬᠦ ᠢᠨᠵᠧᠨᠧᠷᠢᠩ ᠤᠨ ᠲᠥᠷᠥᠯ ᠵᠦᠢᠯ ᠤᠨ ᠮᠥᠩᠭᠦ ᠶᠢ ᠬᠤᠪᠢᠶᠠᠵᠤ ᠪᠠᠷᠠᠭᠰᠠᠨ ᠤ ᠳᠠᠷᠠᠭ᠎ᠠ᠂ ᠪᠠᠶᠢᠴᠠᠭᠠᠭᠠᠳ ᠬᠤᠳᠠᠯ | ᠬᠠᠭᠤᠷᠮᠠᠭ ᠢᠶᠠᠷ ᠵᠣᠬᠢᠶᠠᠭᠰᠠᠨ ᠦᠶᠯᠡ ᠠᠵᠢᠯᠯᠠᠭ᠎ᠠ ᠲᠠᠢ ᠪᠠᠶᠢᠪᠠᠯ᠂ ᠨᠢᠭᠡᠨᠲᠡ ᠣᠯᠣᠭᠰᠠᠨ ᠱᠠᠩᠨᠠᠯ ᠢ ᠨᠢ ᠬᠦᠴᠦᠨ ᠦᠭᠡᠢ ᠪᠣᠯᠭᠠᠵᠤ᠂ ᠭᠤᠶᠤᠴᠢᠯᠠᠨ ᠮᠡᠳᠡᠭᠦᠯᠦᠭᠰᠡᠨ | ᠪᠠᠶᠢᠭᠤᠯᠭ᠎ᠠ ᠨᠢᠭᠡᠴᠢ ᠨᠢ ᠣᠲᠤᠭ ᠬᠤᠰᠢᠭᠤᠨ ᠤ ᠤᠳᠬ᠎ᠠ ᠤᠷᠠᠯᠢᠭ ᠢ ᠤᠷᠮᠠᠰᠢᠭᠤᠯᠵᠤ ᠲᠡᠳᠬᠦᠬᠦ ᠢᠨᠵᠧᠨᠧᠷᠢᠩ ᠤᠨ ᠲᠥᠷᠥᠯ ᠵᠦᠢᠯ ᠤᠨ ᠪᠡᠯᠡ ᠮᠥᠩᠭᠦ ᠶᠢ | ᠨᠡᠬᠡᠮᠵᠢᠯᠡᠨ ᠠᠪᠴᠢᠷᠠᠬᠤ ᠶᠢᠨ ᠬᠠᠮᠲᠤ ᠬᠤᠯᠪᠣᠯᠳᠤᠭᠰᠠᠨ ᠬᠠᠷᠢᠭᠤᠴᠠᠯᠭ᠎ᠠ ᠡᠭᠦᠷᠭᠡᠯᠡᠵᠦ᠂ ᠭᠤᠶᠤᠴᠢᠯᠠᠨ ᠮᠡᠳᠡᠭᠦᠯᠦᠭᠰᠡᠨ ᠬᠤᠪᠢ ᠬᠥᠮᠥᠨ ᠨᠢ ᠣᠲᠤᠭ ᠬᠤᠰᠢᠭᠤᠨ ᠤ | ᠤᠳᠬ᠎ᠠ ᠤᠷᠠᠯᠢᠭ ᠢ ᠤᠷᠮᠠᠰᠢᠭᠤᠯᠵᠤ ᠲᠡᠳᠬᠦᠬᠦ ᠢᠨᠵᠧᠨᠧᠷᠢᠩ ᠤᠨ ᠲᠥᠷᠥᠯ ᠵᠦᠢᠯ ᠤᠨ ᠪᠡᠯᠡ ᠮᠥᠩᠭᠦ ᠶᠢ ᠪᠤᠴᠠᠭᠠᠨ ᠥᠭᠬᠦ ᠶᠢᠨ ᠬᠠᠮᠲᠤ ᠵᠣᠬᠢᠬᠤ ᠬᠠᠷᠢᠭᠤᠴᠠᠯᠭ᠎ᠠ | ᠡᠭᠦᠷᠭᠡᠯᠡᠨ᠎ᠡ︔ ᠲᠥᠷᠥᠯ ᠵᠦᠢᠯ ︵ᠪᠦᠲᠦᠭᠡᠯ︶ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠠᠴᠠ ᠪᠣᠯᠤᠭᠰᠠᠨ ᠮᠠᠷᠭᠤᠭᠠᠨ ᠢ ᠪᠣᠯ ᠭᠤᠶᠤᠴᠢᠯᠠᠨ | ᠮᠡᠳᠡᠭᠦᠯᠦᠭᠰᠡᠨ ᠪᠠᠶᠢᠭᠤᠯᠭ᠎ᠠ ᠨᠢᠭᠡᠴᠢ ︵ᠬᠤᠪᠢ ᠬᠥᠮᠥᠨ︶ ᠠᠴᠠ ᠬᠠᠷᠢᠭᠤᠴᠠᠵᠤ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠥᠪᠡᠷᠲᠡᠭᠡᠨ ᠬᠠᠷᠢᠭᠤᠴᠠᠨ᠎ᠠ᠃ | ᠠᠷᠪᠠᠨ ᠳᠣᠯᠣᠳᠤᠭᠠᠷ ᠵᠦᠢᠯ ᠭᠤᠶᠤᠴᠢᠯᠠᠨ ᠮᠡᠳᠡᠭᠦᠯᠬᠦ ᠪᠠᠶᠢᠭᠤᠯᠭ᠎ᠠ ᠨᠢᠭᠡᠴᠢ ᠨᠢ ᠬᠤᠯᠪᠣᠭᠳᠠᠯ ᠪᠦᠬᠦᠢ ᠪᠠᠶᠢᠭᠤᠯᠭ᠎ᠠ ᠨᠢᠭᠡᠴᠢ ᠪᠤᠶᠤ ᠬᠤᠪᠢ ᠬᠥᠮᠥᠨ ᠤ | ᠪᠡᠯᠡ ᠮᠥᠩᠭᠦ ᠪᠠᠨ ᠵᠣᠬᠢᠰᠲᠠᠢ ᠬᠡᠷᠡᠭᠯᠡᠬᠦ᠂ ᠬᠤᠪᠢᠶᠠᠷᠢᠯᠠᠬᠤ ᠶᠢ ᠱᠠᠭᠠᠷᠳᠠᠨ᠎ᠠ᠃ | ᠠᠷᠪᠠᠨ ᠨᠠᠢᠮᠠᠳᠤᠭᠠᠷ ᠵᠦᠢᠯ ᠡᠯ᠎ᠡ ᠲᠦᠷᠦᠯ ᠤᠨ ᠤᠳᠬ᠎ᠠ ᠤᠷᠠᠯᠢᠭ ᠢ ᠤᠷᠮᠠᠰᠢᠭᠤᠯᠵᠤ ᠲᠡᠳᠬᠦᠬᠦ ᠪᠠ ᠱᠠᠩᠨᠠᠨ ᠬᠥᠬᠢᠭᠦᠯᠬᠦ ᠲᠥᠷᠥᠯ ᠵᠦᠢᠯ ᠳᠤ ᠠᠳᠠᠯᠢ | ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠤᠰᠤᠳ ᠤᠳᠬ᠎ᠠ ᠤᠷᠠᠯᠢᠭ ᠢ ᠤᠷᠮᠠᠰᠢᠭᠤᠯᠵᠤ ᠲᠡᠳᠬᠦᠬᠦ ᠪᠠ ᠱᠠᠩᠨᠠᠨ ᠬᠥᠬᠢᠭᠦᠯᠬᠦ ᠲᠥᠷᠥᠯ ᠵᠦᠢᠯ ᠤᠨ | ᠲᠦᠷᠦ ᠶᠢᠨ ᠪᠣᠳᠣᠯᠭ᠎ᠠ ᠶᠢ ᠬᠦᠷᠲᠡᠭᠡᠵᠦ ᠪᠣᠯᠬᠤ ᠦᠭᠡᠢ᠃ ᠨᠢᠭᠡᠨᠲᠡ ᠤᠳᠬ᠎ᠠ ᠤᠷᠠᠯᠢᠭ ᠤᠨ ᠵᠣᠷᠢᠭᠵᠢᠭᠤᠯᠤᠯ ᠲᠡᠳᠬᠦᠮᠵᠢ ᠪᠠ ᠬᠥᠬᠢᠭᠦᠯᠦᠯ ᠭᠥᠷᠳᠡᠭᠰᠡᠨ | ᠪᠦᠲᠦᠭᠡᠯ ᠢ ᠳᠠᠪᠬᠤᠷᠳᠠᠭᠤᠯᠤᠨ ᠱᠠᠩᠨᠠᠬᠤ ᠦᠭᠡᠢ᠂ ᠠᠳᠠᠯᠢ ᠨᠢᠭᠡ ᠪᠦᠲᠦᠭᠡᠯ ᠨᠢ ᠣᠯᠠᠨ ᠱᠠᠩᠨᠠᠯ ᠭᠥᠷᠳᠡᠭᠰᠡᠨ ᠪᠠᠶᠢᠪᠠᠯ ᠬᠠᠮᠤᠭ ᠤᠨ ᠳᠡᠭᠡᠳᠦ ᠱᠠᠩᠨᠠᠯ ᠢᠶᠠᠷ | ᠱᠠᠩᠨᠠᠨ᠎ᠠ᠃ | ᠠᠷᠪᠠ ᠶᠢᠰᠦᠳᠦᠭᠡᠷ ᠵᠦᠢᠯ ᠣᠲᠤᠭ ᠬᠤᠰᠢᠭᠤᠨ ᠤ ᠤᠳᠬ᠎ᠠ ᠤᠷᠠᠯᠢᠭ ᠢ ᠤᠷᠮᠠᠰᠢᠭᠤᠯᠵᠤ ᠲᠡᠳᠬᠦᠬᠦ ᠢᠨᠵᠧᠨᠧᠷᠢᠩ ᠤᠨ ᠲᠥᠷᠥᠯ ᠵᠦᠢᠯ ᠢ ᠪᠡᠶᠡᠯᠡᠭᠦᠯᠬᠦ | ᠦᠶᠡᠯᠡᠯ ᠤᠨ ᠬᠤᠭᠤᠴᠠᠭ᠎ᠠ ᠶᠢ ᠵᠠᠷᠴᠢᠮ ᠳᠡᠭᠡᠷ᠎ᠡ ᠪᠠᠨ 3 ᠵᠢᠯ ᠠᠴᠠ ᠳᠠᠪᠠᠭᠤᠯᠬᠤ ᠦᠭᠡᠢ᠃ ᠲᠥᠷᠥᠯ ᠵᠦᠢᠯ ᠢ ᠪᠡᠶᠡᠯᠡᠭᠦᠯᠦᠭᠰᠡᠨ ᠤ ᠳᠠᠷᠠᠭ᠎ᠠ᠂ ᠲᠥᠷᠥᠯ ᠵᠦᠢᠯ ᠢ | ᠭᠤᠶᠤᠴᠢᠯᠠᠨ ᠮᠡᠳᠡᠭᠦᠯᠬᠦ ᠪᠠᠶᠢᠭᠤᠯᠭ᠎ᠠ ᠨᠢᠭᠡᠴᠢ ᠪᠤᠶᠤ ᠬᠤᠪᠢ ᠬᠥᠮᠥᠨ ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠳᠠᠯ᠂ ᠪᠡᠯᠡ ᠮᠥᠩᠭᠦ ᠶᠢ ᠬᠡᠷᠡᠭᠯᠡᠭᠰᠡᠨ ᠪᠠᠶᠢᠳᠠᠯ | ᠪᠣᠯᠣᠨ ᠨᠡᠶᠢᠭᠡᠮ᠂ ᠠᠵᠤ ᠠᠬᠤᠢ ᠶᠢᠨ ᠦᠷ᠎ᠡ ᠠᠰᠢᠭ ᠵᠡᠷᠭᠡ ᠪᠠᠶᠢᠳᠠᠯ ᠢᠶᠠᠨ ᠴᠠᠭ ᠲᠤᠬᠠᠢ ᠳᠤᠨᠢ ᠪᠢᠴᠢᠭ ᠤᠨ ᠬᠡᠯᠪᠡᠷᠢ ᠪᠠᠷ ᠳ᠋ᠦᠩᠨᠡᠵᠦ᠂ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠲᠤ ᠦᠷ᠎ᠡ ᠪᠦᠲᠦᠭᠡᠯ ᠢᠶᠠᠨ ᠳ᠋ᠦᠩᠨᠡᠨ ᠰᠢᠯᠭᠠᠨ ᠬᠤᠷᠢᠶᠠᠯᠭᠠᠬᠤ ᠭᠤᠶᠤᠴᠢᠯᠠᠯ ᠳᠤᠷᠠᠳᠤᠨ᠎ᠠ᠃ | ᠬᠤᠷᠢᠳᠤᠭᠠᠷ ᠵᠦᠢᠯ ᠵᠣᠬᠢᠶᠠᠯ ᠪᠦᠲᠦᠭᠡᠯ᠂ ᠠᠵᠢᠯᠯᠠᠭ᠎ᠠ ᠶᠢ ᠤᠷᠮᠠᠰᠢᠭᠤᠯᠵᠤ ᠲᠡᠳᠬᠦᠬᠦ ᠲᠥᠷᠥᠯ ᠵᠦᠢᠯ ᠨᠢ ᠶᠠᠮᠠᠷ ᠨᠢᠭᠡᠨ ᠰᠢᠯᠲᠠᠭᠠᠨ ᠠᠴᠠ ᠪᠣᠯᠵᠤ | ᠲᠥᠯᠥᠪᠯᠡᠭᠡ ᠳᠡᠭᠡᠨ ᠲᠣᠬᠢᠷᠠᠭᠤᠯᠤᠯᠲᠠ ᠬᠢᠬᠦ ᠴᠢᠬᠤᠯᠠᠲᠠᠢ᠂ ᠬᠦᠨᠳᠦ ᠶᠡᠭᠡ ᠬᠤᠷᠢᠭᠯᠠᠵᠤ ᠪᠣᠯᠣᠰᠢ ᠦᠭᠡᠢ ᠬᠡᠷᠡᠭ ᠶᠠᠪᠤᠳᠠᠯ ᠵᠡᠷᠭᠡ ᠪᠡᠶᠡᠴᠢ ᠪᠤᠰᠤ ᠰᠢᠯᠲᠠᠭᠠᠨ ᠠᠴᠠ | ᠪᠣᠯᠵᠤ ᠵᠣᠭᠰᠤᠭᠠᠬᠤ ᠴᠢᠬᠤᠯᠠᠲᠠᠢ ᠪᠠᠶᠢᠪᠠᠯ᠂ ᠭᠤᠶᠤᠴᠢᠯᠠᠨ ᠮᠡᠳᠡᠭᠦᠯᠦᠭᠰᠡᠨ ᠪᠠᠶᠢᠭᠤᠯᠭ᠎ᠠ ᠨᠢᠭᠡᠴᠢ ᠪᠤᠶᠤ ᠬᠤᠪᠢ ᠬᠥᠮᠥᠨ ᠡᠷᠬᠡᠪᠰᠢ ᠴᠠᠭ ᠲᠤᠬᠠᠢ ᠳᠤᠨᠢ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠪᠢᠴᠢᠭ ᠤᠨ ᠮᠡᠳᠡᠭᠦᠯᠦᠯᠲᠡ ᠪᠠᠨ ᠲᠤᠰᠢᠶᠠᠵᠤ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠰᠤᠳᠤᠯᠤᠨ | ᠨᠤᠲᠠᠯᠠᠭᠰᠠᠨ ᠤ ᠳᠠᠷᠠᠭ᠎ᠠ ᠰᠢᠢᠳᠪᠦᠷᠢᠯᠡᠬᠦ ᠰᠠᠨᠠᠯ ᠳᠤᠷᠠᠳᠤᠨ᠎ᠠ᠃ ᠪᠤᠰᠤᠳ ᠴᠢᠬᠤᠯᠠ ᠶᠡᠭᠡ ᠵᠦᠢᠯᠡᠰ ᠢ ᠤᠳᠤᠷᠢᠳᠬᠤ ᠳᠤᠭᠤᠶᠢᠯᠠᠩ ᠤᠨ ᠬᠤᠷᠠᠯ ᠳᠤ ᠳᠡᠪᠰᠢᠭᠦᠯᠦᠨ | ᠰᠤᠳᠤᠯᠤᠭᠤᠯᠤᠨ᠎ᠠ᠃ | ᠵᠢᠷᠭᠤᠳᠤᠭᠠᠷ ᠪᠦᠯᠦᠭ ᠪᠡᠯᠡ ᠮᠥᠩᠭᠦ ᠶᠢ ᠬᠡᠷᠡᠭᠯᠡᠬᠦ ᠪᠠ ᠬᠠᠮᠢᠶᠠᠷᠬᠤ | ᠬᠤᠷᠢᠨ ᠨᠢᠭᠡᠳᠦᠭᠡᠷ ᠵᠦᠢᠯ ᠣᠲᠤᠭ ᠬᠤᠰᠢᠭᠤᠨ ᠤ ᠤᠳᠬ᠎ᠠ ᠤᠷᠠᠯᠢᠭ ᠢ ᠤᠷᠮᠠᠰᠢᠭᠤᠯᠵᠤ ᠲᠡᠳᠬᠦᠬᠦ ᠢᠨᠵᠧᠨᠧᠷᠢᠩ ᠤᠨ ᠲᠥᠷᠥᠯ ᠵᠦᠢᠯ ᠤᠨ ᠲᠤᠰᠬᠠᠢ | ᠪᠡᠯᠡ ᠮᠥᠩᠭᠦ ᠶᠢ ᠣᠨ ᠤ ᠡᠳ᠋ ᠤᠨ ᠵᠠᠰᠠᠭ ᠤᠨ ᠲᠥᠰᠥᠪ ᠲᠤ ᠣᠷᠣᠭᠤᠯᠵᠤ᠂ ᠬᠤᠰᠢᠭᠤᠨ ᠤ ᠡᠳ᠋ ᠤᠨ ᠵᠠᠰᠠᠭ ᠠᠴᠠ ᠵᠠᠷᠤᠳᠠᠯ ᠢ ᠬᠡᠷᠡᠭᠯᠡᠬᠦ ᠲᠣᠭᠲᠠᠭᠠᠯ ᠶᠣᠰᠣᠭᠠᠷ | ᠴᠠᠭ ᠲᠤᠬᠠᠢ ᠳᠤᠨᠢ ᠰᠠᠯᠭᠠᠨ ᠥᠭᠴᠦ ᠨᠠᠶᠢᠳᠠᠪᠤᠷᠢᠵᠢᠭᠤᠯᠤᠨ᠎ᠠ᠃ ᠬᠡᠷᠪᠡ ᠣᠲᠤᠭ ᠬᠤᠰᠢᠭᠤᠨ ᠤ ᠤᠳᠬ᠎ᠠ ᠤᠷᠠᠯᠢᠭ ᠢ ᠤᠷᠮᠠᠰᠢᠭᠤᠯᠵᠤ ᠲᠡᠳᠬᠦᠬᠦ ᠪᠠ ᠱᠠᠩᠨᠠᠬᠤ | ᠪᠡᠯᠡ ᠮᠥᠩᠭᠦ ᠶᠢ ᠲᠤᠬᠠᠢ ᠶᠢᠨ ᠵᠢᠯ ᠳᠤ ᠬᠡᠷᠡᠭᠯᠡᠵᠦ ᠳᠠᠭᠤᠰᠤᠭᠰᠠᠨ ᠦᠭᠡᠢ ᠪᠠᠶᠢᠪᠠᠯ᠂ ᠦᠯᠡᠳᠡᠭᠰᠡᠨ ᠪᠡᠯᠡ ᠮᠥᠩᠭᠦ ᠶᠢ ᠲᠠᠷᠠᠭᠠᠴᠢ ᠶᠢᠨ ᠬᠢᠨᠠᠨ ᠲᠣᠭᠲᠠᠭᠠᠬᠤ | ᠦᠶᠡᠯᠡᠯ ᠤᠨ ᠬᠤᠭᠤᠴᠠᠭᠠᠨ ᠳᠤ ᠰᠢᠯᠵᠢᠭᠦᠯᠦᠨ ᠬᠡᠷᠡᠭᠯᠡᠨ᠎ᠡ︔ ᠲᠤᠬᠠᠢ ᠶᠢᠨ ᠵᠢᠯ ᠤᠨ ᠪᠡᠯᠡ ᠮᠥᠩᠭᠦ ᠨᠢ ᠬᠦᠷᠦᠯᠴᠡᠬᠦ ᠦᠭᠡᠢ ᠪᠠᠶᠢᠪᠠᠯ᠂ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠠᠴᠠ ᠴᠠᠭ ᠲᠤᠬᠠᠢ ᠳᠤᠨᠢ ᠭᠤᠶᠤᠴᠢᠯᠠᠯ ᠭᠠᠷᠭᠠᠵᠤ ᠨᠡᠮᠡᠨ ᠲᠣᠬᠢᠷᠠᠭᠤᠯᠤᠨ᠎ᠠ᠃ | ᠬᠤᠷᠢᠨ ᠬᠤᠶᠠᠳᠤᠭᠠᠷ ᠵᠦᠢᠯ ᠵᠣᠬᠢᠶᠠᠯ ᠪᠦᠲᠦᠭᠡᠯ᠂ ᠠᠵᠢᠯᠯᠠᠭ᠎ᠠ ᠶᠢ ᠤᠷᠮᠠᠰᠢᠭᠤᠯᠤᠨ ᠲᠡᠳᠬᠦᠬᠦ ᠪᠡᠯᠡ ᠮᠥᠩᠭᠦ ᠳᠤ ᠲᠤᠰᠬᠠᠢ ᠵᠣᠭᠤᠰ ᠢ ᠲᠤᠰᠬᠠᠢ | ᠵᠦᠢᠯ ᠳᠤ ᠬᠡᠷᠡᠭᠯᠡᠬᠦ ᠳᠦᠷᠢᠮ ᠢ ᠬᠡᠷᠡᠭᠵᠢᠭᠦᠯᠵᠦ᠂ ᠲᠡᠳᠬᠦᠨ ᠳᠡᠮᠵᠢᠭᠳᠡᠭᠰᠡᠨ ᠭᠡᠰᠢᠭᠦᠳ ᠡᠷᠬᠡᠪᠰᠢ ᠤᠯᠤᠰ ᠤᠨ ᠡᠳ᠋ ᠤᠨ ᠵᠠᠰᠠᠭ᠂ ᠡᠳ᠋ ᠤᠨ ᠶᠠᠪᠤᠳᠠᠯ ᠤᠨ ᠳᠦᠷᠢᠮ | ᠲᠣᠭᠲᠠᠭᠠᠯ ᠪᠠ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠬᠤ ᠬᠡᠷᠡᠭᠲᠡᠢ᠂ ᠪᠡᠯᠡ ᠮᠥᠩᠭᠦ ᠶᠢ ᠬᠡᠷᠡᠭᠯᠡᠬᠦ ᠠᠷᠭ᠎ᠠ ᠵᠠᠮ ᠪᠠ | ᠠᠭᠤᠯᠭ᠎ᠠ ᠶᠢ ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠦᠭᠡᠢ᠃ ᠡᠳ᠋ ᠤᠨ ᠶᠠᠪᠤᠳᠠᠯ ᠤᠨ ᠲᠣᠭᠲᠠᠭᠠᠯ ᠠᠴᠠ ᠵᠥᠷᠢᠴᠡᠭᠰᠡᠨ᠂ ᠤᠷᠮᠠᠰᠢᠭᠤᠯᠵᠤ ᠲᠡᠳᠬᠦᠬᠦ ᠪᠡᠯᠡ | ᠮᠥᠩᠭᠦ ᠶᠢ ᠨᠡᠭᠦᠯᠭᠡᠨ ᠬᠡᠷᠡᠭᠯᠡᠭᠰᠡᠨ᠂ ᠲᠣᠭᠲᠠᠭᠠᠯ ᠶᠣᠰᠣᠭᠠᠷ ᠬᠠᠮᠢᠶ᠎ᠠ ᠪᠦᠬᠦᠢ ᠡᠭᠦᠷᠭᠡ ᠪᠠᠨ ᠡᠰᠡ ᠭᠦᠢᠴᠡᠳᠬᠡᠭᠰᠡᠨ ᠵᠡᠷᠭᠡ ᠪᠠᠶᠢᠳᠠᠯ ᠲᠠᠢ ᠪᠣᠯ᠂ ᠤᠷᠮᠠᠰᠢᠭᠤᠯᠵᠤ | ᠲᠡᠳᠬᠦᠬᠦ ᠪᠡᠯᠡ ᠮᠥᠩᠭᠦ ᠶᠢ ᠬᠤᠷᠢᠶᠠᠨ ᠠᠪᠬᠤ ᠶᠢᠨ ᠬᠠᠮᠲᠤ ᠭᠤᠶᠤᠴᠢᠯᠠᠨ ᠮᠡᠳᠡᠭᠦᠯᠬᠦ ᠬᠢᠷᠢ ᠬᠡᠮ ᠢ ᠨᠢ ᠨᠠᠰᠤᠨ ᠲᠤᠷᠰᠢᠲᠠ ᠬᠦᠴᠦᠨ ᠦᠭᠡᠢ ᠪᠣᠯᠭᠠᠨ᠎ᠠ᠃ ᠶᠠᠮᠠᠷ | ᠨᠢᠭᠡᠨ ᠰᠢᠯᠲᠠᠭᠠᠨ ᠠᠴᠠ ᠪᠣᠯᠣᠭᠰᠠᠨ ᠪᠡᠶᠡᠯᠡᠭᠦᠯᠦᠭᠡᠳᠦᠢ ᠤᠷᠮᠠᠰᠢᠭᠤᠯᠵᠤ ᠲᠡᠳᠬᠦᠬᠦ ᠲᠥᠷᠥᠯ ᠵᠦᠢᠯ ᠢ ᠴᠠᠭ ᠲᠤᠬᠠᠢ ᠳᠤᠨᠢ ᠢᠯᠭᠠᠷᠠᠭᠤᠯᠤᠨ ᠪᠠᠶᠢᠴᠠᠭᠠᠵᠤ᠂ | ᠤᠷᠮᠠᠰᠢᠭᠤᠯᠵᠤ ᠲᠡᠳᠬᠦᠬᠦ ᠪᠡᠯᠡ ᠮᠥᠩᠭᠦ ᠶᠢ ᠬᠤᠷᠢᠶᠠᠨ ᠠᠪᠤᠨ᠎ᠠ᠃ | ᠬᠤᠷᠢᠨ ᠭᠤᠷᠪᠠᠳᠤᠭᠠᠷ ᠵᠦᠢᠯ ᠪᠡᠯᠡ ᠮᠥᠩᠭᠦ ᠬᠡᠷᠡᠭᠯᠡᠬᠦ ᠳᠤ ᠬᠠᠮᠢᠶ᠎ᠠ ᠪᠦᠬᠦᠢ ᠪᠠᠶᠢᠭᠤᠯᠭ᠎ᠠ ᠶᠢᠨ ᠬᠢᠨᠠᠯᠲᠠ ᠪᠠᠶᠢᠴᠠᠭᠠᠯᠲᠠ ᠶᠢ ᠬᠦᠯᠢᠶᠡᠨ᠎ᠡ᠃ | ᠬᠤᠷᠢᠨ ᠳᠥᠷᠪᠡᠳᠦᠭᠡᠷ ᠵᠦᠢᠯ ᠲᠣᠰ ᠠᠷᠭ᠎ᠠ ᠶᠢ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ ᠲᠠᠶᠢᠯᠪᠤᠷᠢᠯᠠᠨ᠎ᠠ᠃ | ᠪᠢᠴᠢᠵᠦ ᠣᠷᠣᠭᠤᠯᠤᠭᠰᠠᠨ ᠦᠭᠡᠢ ᠵᠦᠢᠯᠡᠰ ᠢ ᠤᠳᠤᠷᠢᠳᠬᠤ ᠳᠤᠭᠤᠶᠢᠯᠠᠩ ᠪᠠ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠵᠥᠪᠯᠡᠯ ᠠᠴᠠ ᠰᠤᠳᠤᠯᠤᠨ | ᠲᠣᠭᠲᠠᠭᠠᠨ᠎ᠠ᠃ | ᠬᠤᠷᠢᠨ ᠲᠠᠪᠤᠳᠤᠭᠠᠷ ᠵᠦᠢᠯ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠲᠠᠷᠠᠭ᠎ᠠ ᠬᠡᠷᠡᠭᠵᠢᠭᠦᠯᠦᠨ᠎ᠡ᠃ | ᠬᠠᠮᠢᠶ᠎ᠠ ᠪᠦᠬᠦᠢ ᠲᠥᠷᠥ ᠶᠢᠨ ᠪᠣᠳᠣᠯᠭ᠎ᠠ /ᠲᠠᠶᠢᠯᠤᠮᠵᠢ᠄ ᠣᠲᠤᠭ ᠬᠤᠰᠢᠭᠤᠨ ᠤ ᠤᠳᠬ᠎ᠠ ᠤᠷᠠᠯᠢᠭ ᠢ ᠤᠷᠮᠠᠰᠢᠭᠤᠯᠵᠤ ᠲᠡᠳᠬᠦᠬᠦ ᠢᠨᠵᠧᠨᠧᠷᠢᠩ ᠤᠨ | ᠬᠡᠷᠡᠭᠵᠢᠭᠦᠯᠬᠦ ᠠᠷᠭ᠎ᠠ | | |