1-2 ᠳ᠋ᠤᠭᠠᠷ ᠰᠠᠷ᠎ᠠ ᠳᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠢᠳᠡᠪᠬᠢᠲᠡᠢ ᠨᠡᠮᠡᠭᠳᠡᠬᠦ ᠬᠠᠨᠳᠤᠰᠢ ᠲᠠᠢ ᠪᠣᠯᠪᠠ | | 2024 ᠣᠨ ᠤ ᠡᠬᠢᠨ ᠳᠤ᠂ ᠬᠤᠰᠢᠭᠤ ᠳᠠᠶᠠᠭᠠᠷ ᠢᠶᠠᠨ ᠲᠥᠷᠥᠯ ᠵᠦᠢᠯ ᠢ ᠰᠡᠷᠭᠦᠭᠡᠵᠦ ᠡᠬᠢᠯᠡᠭᠦᠯᠬᠦ ᠪᠠᠶᠢᠭᠤᠯᠤᠯᠲᠠ ᠶᠢᠨ ᠡᠷᠴᠢᠮ ᠢ ᠢᠳᠡᠪᠬᠢᠲᠡᠢ | ᠠᠬᠢᠭᠤᠯᠵᠤ᠂ 1-2 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 14. | 7% ᠪᠠᠷ ᠨᠡᠮᠡᠭᠳᠡᠨ᠂ ᠪᠥᠬᠦ ᠤᠯᠤᠰ ᠤᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ︵4.2%︶ ᠠᠴᠠ ᠵᠠᠭᠤᠨ ᠤ 10.5 ᠬᠤᠪᠢ ᠳᠠᠪᠠᠵᠤ᠂ | ᠢᠳᠡᠪᠬᠢᠲᠡᠢ ᠨᠡᠮᠡᠭᠳᠡᠯ ᠤᠨ ᠬᠠᠨᠳᠤᠰᠢ ᠲᠠᠢ ᠪᠣᠯᠵᠤ᠂ ᠪᠥᠬᠦ ᠵᠢᠯ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠡᠷᠭᠢᠯᠲᠡ ᠳᠤ ᠰᠠᠶᠢᠨ ᠰᠠᠭᠤᠷᠢ ᠶᠢ | ᠲᠠᠯᠪᠢᠵᠤ ᠥᠭᠪᠡ᠃ | ᠲᠣᠮᠣ ᠲᠥᠷᠥᠯ ᠵᠦᠢᠯ ᠤᠨ ᠰᠠᠭᠤᠷᠢ ᠪᠣᠯᠬᠤ ᠦᠢᠯᠡᠳᠦᠯ ᠲᠣᠪᠣᠶᠢᠮ᠎ᠠ ᠪᠣᠯᠪᠠ | 2 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠰᠢᠭᠤᠨ ᠤ ᠬᠥᠮᠥᠷᠭᠡ ᠳᠠᠬᠢ ᠪᠡᠯᠡ ᠣᠷᠣᠭᠤᠯᠤᠯᠲᠠ ᠶᠢᠨ ᠲᠥᠷᠥᠯ ᠵᠦᠢᠯ 64 ︵ᠭᠡᠷ ᠪᠠᠶᠢᠰᠢᠩ | ᠭᠠᠵᠠᠷ ᠬᠥᠷᠥᠩᠭᠡ ᠶᠢᠨ 7 ᠲᠥᠷᠥᠯ ᠵᠦᠢᠯ ᠪᠠᠭᠲᠠᠨ᠎ᠠ︶ ᠪᠠᠶᠢᠵᠤ᠂ ᠡᠭᠦᠨ ᠳᠤ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ 31 ᠪᠠᠶᠢᠵᠤ᠂ | ᠪᠡᠯᠡ ᠣᠷᠣᠭᠤᠯᠤᠯᠲᠠ ᠶᠢᠨ ᠬᠡᠮᠵᠢᠶ᠎ᠡ ᠨᠢ ᠪᠥᠬᠦ ᠬᠤᠰᠢᠭᠤᠨ ᠤ ᠪᠡᠯᠡ ᠣᠷᠣᠭᠤᠯᠤᠯᠲᠠ ᠶᠢᠨ 96.7% ᠶᠢ ᠡᠵᠡᠯᠡᠨ᠂ ᠠᠳᠠᠯᠢ ᠬᠤᠭᠤᠴᠠᠭᠠᠨ ᠤ ᠬᠢ ᠠᠴᠠ 25. | 5% ᠪᠠᠷ ᠨᠡᠮᠡᠭᠳᠡᠵᠦ᠂ ᠪᠥᠬᠦ ᠬᠤᠰᠢᠭᠤᠨ ᠤ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ 22.6 ᠬᠤᠪᠢ ᠠᠬᠢᠭᠤᠯᠤᠨ᠂ ᠲᠣᠮᠣ ᠲᠥᠷᠥᠯ ᠵᠦᠢᠯ ᠤᠨ | ᠰᠠᠭᠤᠷᠢ ᠪᠣᠯᠬᠤ ᠦᠢᠯᠡᠳᠦᠯ ᠢᠯᠡᠳᠲᠡ ᠪᠣᠯᠪᠠ᠃ | ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠶᠢᠨ ᠲᠠᠲᠠᠬᠤ ᠬᠦᠴᠦᠨ ᠴᠢᠩᠭᠠᠷᠠᠪᠠ | 1-2 ᠳ᠋ᠤᠭᠠᠷ ᠰᠠᠷ᠎ᠠ ᠳᠤ᠂ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠶᠢᠨ ᠪᠥᠬᠦ ᠪᠡᠯᠡ ᠣᠷᠣᠭᠤᠯᠤᠯᠲᠠ ᠳᠠᠬᠢ ᠡᠵᠡᠯᠡᠬᠦ ᠬᠤᠪᠢ ᠶᠢᠨ ᠵᠢᠩ ᠨᠢ 77. | 4% ᠪᠠᠶᠢᠵᠤ᠂ ᠠᠳᠠᠯᠢ ᠬᠤᠭᠤᠴᠠᠭᠠᠨ ᠤ ᠬᠢ ᠠᠴᠠ 4.7 ᠳᠠᠬᠢᠨ ᠨᠡᠮᠡᠭᠳᠡᠨ᠂ ᠪᠥᠬᠦ ᠬᠤᠰᠢᠭᠤᠨ ᠤ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠴᠠ | ᠵᠠᠭᠤᠨ ᠤ 459.1 ᠬᠤᠪᠢ ᠥᠨᠳᠥᠷ ᠪᠣᠯᠵᠤ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ 73.3 ᠬᠤᠪᠢ ᠳᠠᠶᠢᠴᠢᠯᠠᠪᠠ᠃ ᠭᠤᠣᠯ | ᠲᠤᠯᠭᠠᠭᠤᠷᠢᠯᠠᠯ ᠤᠨ ᠲᠦᠷᠦᠯ ᠵᠦᠢᠯ ᠳᠤ ᠱᠤᠸᠠᠩ ᠰᠢᠨ ᠴᠠᠬᠢᠯᠭᠠᠨ ᠬᠦᠴᠦᠨ ᠤ ᠬᠦᠢᠲᠡᠨ ᠢᠶᠠᠷ ᠤᠰᠤ ᠠᠷᠪᠢᠯᠠᠬᠤ ᠲᠦᠷᠦᠯ ᠵᠦᠢᠯ᠂ 10 ᠲᠦᠮᠡᠨ ᠲᠣᠨ | ᠠᠨᠲᠷᠠᠼᠧᠨ ᠲᠣᠰᠣ ᠶᠢ ᠨᠠᠷᠢᠯᠢᠭ ᠪᠣᠯᠪᠠᠰᠤᠷᠠᠭᠤᠯᠬᠤ ᠲᠦᠷᠦᠯ ᠵᠦᠢᠯ᠂ ᠳ᠋ᠦᠩ ᠿᠢ ᠨᠦᠳᠦᠵᠦ ᠬᠡᠦᠷᠰᠢᠭᠦᠯᠬᠦ ᠲᠦᠷᠦᠯ ᠵᠦᠢᠯ ᠵᠡᠷᠭᠡ ᠪᠤᠢ᠃ | ᠳᠡᠭᠡᠳᠦ ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ ᠶᠢᠨ ᠨᠦᠭᠡᠴᠡ ᠬᠦᠴᠦᠨ ᠴᠢᠩᠭᠠᠷᠠᠪᠠ | 1-2 ᠳ᠋ᠤᠭᠠᠷ ᠰᠠᠷ᠎ᠠ ᠳᠤ᠂ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠪᠥᠬᠦ ᠬᠤᠰᠢᠭᠤᠨ ᠤ ᠪᠡᠯᠡ ᠣᠷᠣᠭᠤᠯᠤᠯᠲᠠ ᠳᠠᠬᠢ | ᠡᠵᠡᠯᠡᠬᠦ ᠬᠤᠪᠢ ᠶᠢᠨ ᠵᠢᠩ ᠨᠢ 0.9% ᠪᠠᠶᠢᠵᠤ᠂ ᠠᠳᠠᠯᠢ ᠬᠤᠭᠤᠴᠠᠭᠠᠨ ᠤ ᠬᠢ ᠠᠴᠠ 7.9 ᠳᠠᠬᠢᠨ ᠨᠡᠮᠡᠭᠳᠡᠨ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ | ᠵᠠᠭᠤᠨ ᠤ 0.9 ᠬᠤᠪᠢ ᠳᠠᠶᠢᠴᠢᠯᠠᠪᠠ᠃ ᠡᠭᠦᠨ ᠳᠤ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠶᠢᠨ ᠡᠵᠡᠯᠡᠬᠦ ᠬᠠᠷᠢᠴᠠᠯ | 100% ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 100% ᠪᠠᠷ ᠨᠡᠮᠡᠭᠳᠡᠨ᠂ ᠪᠥᠬᠦ ᠬᠤᠰᠢᠭᠤᠨ ᠤ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ | 1.0 ᠬᠤᠪᠢ ᠳᠠᠶᠢᠴᠢᠯᠠᠵᠤ᠂ ᠪᠥᠬᠦ ᠬᠤᠰᠢᠭᠤᠨ ᠤ ᠳᠡᠭᠡᠳᠦ ᠮᠡᠷᠭᠡᠵᠢᠯ ᠤᠨ ᠠᠵᠤ ᠦᠢᠯᠡᠰ ᠤᠨ ᠲᠠᠰᠤᠷᠠᠯᠲᠠ ᠦᠭᠡᠢ ᠰᠠᠶᠢᠵᠢᠷᠠᠨ ᠬᠥᠭᠵᠢᠬᠦ ᠶᠢ ᠠᠬᠢᠭᠤᠯᠪᠠ᠃ | | | |