ᠣᠲᠤᠭ ᠬᠤᠰᠢᠭᠤᠨ ᠤ ᠮᠧᠩ ᠰᠢ ᠪᠠᠯᠭᠠᠰᠤ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠤ ᠴᠢᠳᠠᠪᠤᠷᠢ ᠪᠣᠯᠪᠠᠰᠤᠷᠠᠯ ᠢ ᠳᠡᠭᠡᠭᠰᠢᠯᠡᠭᠦᠯᠵᠦ  ᠦᠨᠳᠦᠰᠦᠨ ᠱᠠᠲᠤᠨ ᠤ ᠵᠠᠰᠠᠯᠲᠠ ᠶᠢᠨ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠪᠡ
ᠨᠡᠶᠢᠲᠡᠯᠡᠭᠰᠡᠨ ᠴᠠᠭ᠄
2024/3/29
      ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠤ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠤᠯᠠᠮ ᠴᠢᠩᠭᠠᠳᠬᠠᠵᠤ᠂ ᠲᠣᠣᠷᠴᠢᠯᠠᠭᠰᠠᠨ ᠦᠢᠯᠡᠴᠢᠯᠡᠭᠡᠨ ᠤ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠰᠠᠶᠢᠵᠢᠷᠠᠭᠤᠯᠤᠨ᠂ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠤ ᠤᠯᠤᠰ ᠲᠥᠷᠥ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠤ ᠡᠩᠨᠡᠭᠡ ᠶᠢ ᠬᠦᠴᠦᠷᠬᠡᠭᠵᠢᠭᠦᠯᠬᠦ ᠶᠢᠨ ᠲᠥᠯᠥᠭᠡ᠂ ᠮᠧᠩ ᠰᠢ ᠪᠠᠯᠭᠠᠰᠤᠨ ᠤ ᠯᠦᠩ ᠠᠨ ᠨᠡᠶᠢᠭᠡᠮ ᠲᠣᠭᠤᠷᠢᠭ ᠲᠤ ᠲᠣᠣᠷᠴᠢᠯᠠᠭᠰᠠᠨ  ᠬᠠᠮᠢᠶᠠᠷᠤᠯᠲᠠ ᠶᠢᠨ ᠠᠵᠢᠯᠲᠠᠨ ᠤ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠬᠢᠪᠡ᠃      ᠡᠩ ᠲᠡᠷᠢᠭᠦᠨ ᠳᠤ ᠨᠡᠶᠢᠭᠡᠮ ᠲᠣᠭᠤᠷᠢᠭ ᠤᠨ ᠱᠦᠵᠢ ᠯᠢᠦ ᠵᠢᠶᠧ ᠪᠥᠬᠦ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠳᠤ ︽ᠮᠧᠩ ᠰᠢ ᠪᠠᠯᠭᠠᠰᠤᠨ ᠤ ᠲᠣᠣᠷᠴᠢᠯᠠᠭᠰᠠᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠮᠧᠩ ᠰᠢ ᠪᠠᠯᠭᠠᠰᠤᠨ ᠤ ᠬᠤᠷᠢᠶ᠎ᠠ ᠮᠧᠩ ᠰᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ᠢ ᠣᠩᠰᠢᠨ ᠨᠡᠶᠢᠲᠡᠯᠡᠵᠦ᠂ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠤ ᠦᠢᠯᠡᠴᠢᠯᠡᠭᠡᠨ ᠤ ᠲᠣᠭᠲᠠᠴᠠ᠂ ᠰᠠᠬᠢᠯᠭ᠎ᠠ ᠪᠠᠲᠤ᠂ ᠣᠯᠠᠨ ᠡᠰᠢᠲᠦ ᠬᠠᠮᠢᠶᠠᠷᠤᠯᠲᠠ ᠵᠢᠴᠢ ᠬᠢᠨᠠᠨ ᠰᠢᠯᠭᠠᠷᠠᠭᠤᠯᠬᠤ ᠳᠦᠷᠢᠮ ᠵᠡᠷᠭᠡ ᠶᠢ ᠲᠣᠳᠣᠷᠬᠠᠶᠢᠯᠠᠪᠠ᠃      ᠪᠣᠯᠪᠠᠰᠤᠷᠠᠯ ᠤᠨ ᠬᠤᠷᠠᠯ ᠠᠴᠠ ᠲᠣᠣᠷᠴᠢᠯᠠᠭᠰᠠᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠥᠷᠨᠢᠭᠦᠯᠬᠦ ᠶᠢᠨ ᠴᠢᠬᠤᠯᠠ ᠴᠢᠨᠠᠷ ᠢ ᠲᠣᠳᠣᠷᠬᠠᠶᠢᠯᠠᠨ ᠥᠭᠦᠯᠡᠵᠦ᠂ ᠲᠤᠤᠷᠴᠢᠯᠠᠭᠰᠠᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠦᠨᠳᠦᠰᠦᠨ ᠱᠠᠲᠤᠨ ᠤ ᠨᠡᠶᠢᠭᠡᠮ ᠤᠨ ᠬᠠᠮᠢᠶᠠᠷᠤᠯᠲᠠ ᠶᠢ ᠴᠢᠩᠭᠠᠳᠬᠠᠬᠤ᠂ ᠦᠨᠳᠦᠰᠦᠨ ᠱᠠᠲᠤᠨ ᠤ ᠨᠡᠶᠢᠬᠡᠮ ᠤᠨ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠪᠠ ︽ᠲᠠᠩᠰᠤᠭ ᠰᠠᠶᠢᠬᠠᠨ ᠮᠸᠡᠭ ᠰᠢ ᠶᠢᠨ ᠵᠢᠷᠤᠭᠲᠤ ᠬᠠᠭᠤᠳᠠᠰᠤ︾ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠶᠢᠨ ᠴᠢᠬᠤᠯᠠ ᠭᠠᠷᠳᠠᠴᠠ ᠪᠣᠯᠭᠠᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠥᠪᠡᠷ ᠥᠪᠡᠷ ᠤᠨ ᠢᠶᠠᠨ ᠲᠤᠤᠷᠴᠢᠯᠠᠭᠰᠠᠨ ᠬᠠᠮᠢᠶᠠᠷᠤᠯᠲᠠ ᠶᠢᠨ ᠬᠦᠷᠢᠶᠡᠨ ᠳᠠᠬᠢ ᠦᠨᠳᠦᠰᠦᠨ ᠪᠠᠶᠢᠳᠠᠯ ᠢ ᠣᠶᠢᠯᠠᠭᠠᠵᠤ᠂ ᠲᠤᠭ᠎ᠠ ᠲᠣᠳᠣᠷᠬᠠᠢ᠂ ᠪᠠᠶᠢᠳᠠᠯ ᠲᠣᠳᠣᠷᠬᠠᠢ ᠪᠠᠶᠢᠬᠤ ᠶᠢ ᠪᠡᠶᠡᠯᠡᠭᠦᠯᠦᠨ᠂ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢᠶᠠᠨ ᠦᠨᠡᠨᠬᠦ ᠳᠡᠭᠡᠭᠰᠢᠯᠡᠭᠦᠯᠵᠦ᠂ ᠣᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠪᠠᠶᠢᠭᠠᠳ ᠦᠨᠳᠦᠰᠦᠨ ᠱᠠᠲᠤᠨ ᠤ ᠲᠣᠭᠲᠠᠭᠤᠨ ᠡᠷᠭᠢᠯᠲᠡ ᠶᠢ ᠠᠬᠢᠭᠤᠯᠬᠤ ᠬᠡᠷᠡᠭᠲᠡᠢ︔ ᠠᠵᠢᠯ ᠤᠨ ᠭᠤᠣᠯᠳᠠᠯᠭ᠎ᠠ ᠪᠠᠨ ᠴᠢᠬᠤᠯᠠᠴᠢᠯᠠᠵᠤ᠂ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠤ ᠰᠠᠭᠤᠷᠢ ᠮᠡᠳᠡᠭᠡ ᠵᠠᠩᠭᠢ ᠴᠤᠭᠯᠠᠭᠤᠯᠬᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠴᠤᠭᠯᠠᠭᠤᠯᠬᠤ᠂ ᠠᠮᠤᠷ ᠲᠦᠪᠰᠢᠨ ᠤ ᠳᠠᠯᠳᠡ ᠬᠡᠮ ᠢ ᠳᠠᠷᠠᠭᠠᠯᠠᠨ ᠪᠠᠶᠢᠴᠠᠭᠠᠬᠤ᠂ ᠵᠥᠷᠢᠴᠡᠯ ᠵᠢᠭᠤᠷᠠᠯᠳᠤᠭᠠᠨ ᠢ ᠠᠷᠢᠯᠭᠠᠬᠤ᠂ ᠬᠢᠵᠢᠭ ᠢ ᠪᠠᠶᠢᠩᠭᠤ ᠰᠡᠷᠭᠡᠶᠢᠯᠡᠬᠦ᠂ ᠵᠠᠬᠢᠳᠠᠯ ᠰᠣᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ᠂ ᠭᠤᠣᠯᠳᠠᠯᠭ᠎ᠠ ᠲᠠᠢ ᠬᠥᠮᠥᠰ ᠢ ᠬᠢᠨᠠᠨ ᠡᠵᠡᠮᠳᠡᠬᠦ᠂ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠬᠤ ᠵᠡᠷᠭᠡ ᠶᠢ ᠴᠠᠭᠳᠠᠨ ᠪᠠᠶᠢᠴᠠᠭᠠᠬᠤ ᠲᠠᠯ᠎ᠠ ᠪᠠᠷ ᠪᠦᠲᠦᠮᠵᠢᠲᠡᠶ ᠦᠢᠯᠡᠳᠦᠯ ᠭᠠᠷᠭᠠᠬᠤ ᠶᠢ ᠱᠠᠭᠠᠷᠳᠠᠨ᠂ ᠤᠯᠠᠨ ᠲᠦᠮᠡᠨ ᠳᠤ ᠦᠢᠯᠡᠴᠢᠯᠡᠬᠦ ᠠᠵᠢᠯ ᠢ ᠨᠠᠷᠢᠯᠢᠭ ᠭᠦᠨᠵᠡᠭᠡᠢ ᠬᠢᠵᠦ᠂ ᠲᠤᠤᠷᠴᠢᠯᠠᠭᠰᠠᠨ ᠬᠠᠮᠢᠶᠠᠷᠤᠯᠲᠠ ᠶᠢᠨ ᠦᠢᠯᠡᠴᠢᠯᠡᠭᠡᠨ ᠤ ᠠᠵᠢᠯ ᠢ ᠤᠯᠠᠨ ᠲᠦᠮᠡᠨ ᠤ ᠳᠤᠮᠳᠠ  ᠭᠦᠨᠵᠡᠭᠡᠶᠢᠷᠡᠭᠦᠯᠦᠨ᠂ ᠬᠥᠮᠥᠰ ᠤᠨ ᠰᠡᠳᠬᠢᠯ ᠳᠤ ᠬᠠᠳᠠᠩᠰᠢᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠴᠢᠳᠠᠪᠤᠷᠢ ᠪᠠ ᠵᠠᠰᠠᠯᠲᠠ ᠶᠢᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠦᠨ᠂ ᠲᠤᠤᠷᠴᠢᠯᠠᠭᠰᠠᠨ ᠬᠠᠮᠢᠶᠠᠷᠤᠯᠲᠠ ᠶᠢᠨ ᠠᠵᠢᠯᠯᠠᠭ᠎ᠠ ᠶᠢ ᠰᠠᠶᠢᠲᠤᠷ ᠡᠬᠢᠯᠡᠭᠦᠯᠵᠦ᠂ ᠰᠠᠶᠢᠨ ᠡᠬᠢᠯᠡᠯᠲᠡ ᠲᠠᠢ ᠪᠣᠯᠭᠠᠬᠤ ᠶᠢ ᠪᠠᠲᠤᠯᠠᠬᠤ ᠬᠡᠷᠡᠭᠲᠡᠢ ᠭᠡᠪᠡ᠃      ᠲᠣᠰ ᠤᠳᠠᠭᠠᠨ ᠤ ᠪᠣᠯᠪᠠᠰᠤᠷᠠᠯ ᠢᠶᠠᠷ ᠳᠠᠮᠵᠢᠨ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠤ ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ ᠶᠢᠨ ᠲᠤᠬᠠᠢ ᠲᠠᠨᠢᠯᠲᠠ ᠣᠶᠢᠯᠠᠭᠠᠯᠲᠠ ᠶᠢ ᠭᠦᠨᠵᠡᠭᠡᠶᠢᠷᠡᠭᠦᠯᠦᠨ᠂ ᠴᠢᠷᠮᠠᠶᠢᠬᠤ ᠴᠢᠭᠯᠡᠯ ᠪᠠ ᠡᠭᠦᠷᠭᠡᠯᠡᠵᠦ ᠪᠠᠶᠢᠭ᠎ᠠ ᠡᠭᠦᠷᠭᠡ ᠶᠢ ᠲᠣᠳᠣᠷᠬᠠᠶᠢᠯᠠᠵᠤ᠂ ᠶᠡᠷᠦᠩᠬᠡᠢ ᠬᠡᠪ ᠪᠣᠯᠪᠠᠰᠤᠷᠠᠯ ᠵᠢᠴᠢ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠂ ᠠᠵᠢᠯ ᠤᠨ ᠢᠲᠡᠭᠡᠯ ᠢ ᠪᠠᠲᠤᠳᠬᠠᠵᠤ᠂ ᠲᠠᠷᠠᠭᠠᠴᠢ ᠶᠢᠨ ᠠᠵᠢᠯ ᠤᠨ ᠰᠡᠳᠬᠢᠮᠵᠢ ᠶᠢ ᠲᠣᠳᠣᠷᠬᠠᠢ ᠪᠣᠯᠭᠠᠨ᠂ ᠠᠵᠢᠯ ᠤᠨ ᠴᠢᠭᠯᠡᠯ ᠢ ᠲᠣᠳᠣᠷᠬᠠᠶᠢᠯᠠᠵᠤ ᠥᠭᠪᠡ᠃ 
ᠢᠷᠡᠯᠲᠡ᠄ ᠮᠧᠩ ᠰᠢ ᠪᠠᠯᠭᠠᠰᠤ