ᠠᠷᠪᠠᠰ ᠰᠤᠮᠤ 2024 ᠣᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/29
      ᠠᠷᠪᠠᠰ ᠰᠤᠮᠤ 2024 ᠣᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠢᠵᠦ᠂ ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠤᠮᠤᠨ ᠳᠠᠷᠤᠭ᠎ᠠ ᠵᠠᠩ ᠶᠠᠨ ᠰᠢᠨ ᠬᠤᠷᠠᠯ ᠢ ᠡᠷᠭᠢᠯᠡᠭᠰᠡᠨ ᠪᠥᠭᠡᠳ 2024 ᠣᠨ ᠤ ᠬᠤᠯᠤᠭᠠᠨ᠎ᠠ ᠶᠢᠨ ᠬᠢᠵᠢᠭ ᠪᠷᠦ᠋ᠼᠧᠯ ᠡᠪᠡᠳᠴᠢᠨ ᠢ ᠬᠠᠮᠲᠤ ᠳᠤᠨᠢ ᠰᠡᠷᠭᠡᠶᠢᠯᠡᠬᠦ ᠠᠵᠢᠯ ᠤᠨ ᠭᠤᠣᠯᠳᠠᠯᠭ᠎ᠠ ᠲᠠᠢ ᠡᠭᠦᠷᠭᠡ ᠶᠢᠨ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ᠂ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠵᠢᠴᠢ ᠬᠠᠮᠢᠶ᠎ᠠ ᠪᠦᠬᠦᠢ ᠬᠥᠮᠥᠰ ᠬᠤᠷᠠᠯ ᠳᠤ ᠣᠷᠣᠯᠴᠠᠵᠠᠢ᠃      ᠬᠤᠷᠠᠯ ᠠᠴᠠ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠬᠤᠷᠠᠯ ᠪᠣᠯᠣᠨ ᠪᠥᠬᠦ ᠬᠤᠰᠢᠭᠤᠨ ᠤ ᠬᠤᠯᠤᠭᠠᠨ᠎ᠠ ᠶᠢᠨ ᠬᠢᠵᠢᠭ ᠪᠷᠦ᠋ᠼᠧᠯ ᠡᠪᠡᠳᠴᠢᠨ ᠢ ᠬᠠᠮᠲᠤ ᠳᠤᠨᠢ ᠰᠡᠷᠭᠡᠶᠢᠯᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ 2023 ᠣᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠠᠵᠢᠯ ᠢ ᠨᠠᠷᠢᠨ ᠬᠢᠨᠠᠮᠠᠭᠠᠢ ᠳ᠋ᠦᠩᠨᠡᠨ᠂ 2024 ᠣᠨ ᠤ ᠬᠤᠯᠤᠭᠠᠨ᠎ᠠ ᠶᠢᠨ ᠬᠢᠵᠢᠭ ᠪᠷᠦ᠋ᠼᠧᠯ ᠡᠪᠡᠳᠴᠢᠨ ᠢ ᠬᠠᠮᠲᠤ ᠳᠤᠨᠢ ᠰᠡᠷᠭᠡᠶᠢᠯᠡᠬᠦ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠨᠢᠭᠡ ᠳᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠨ᠂ ᠬᠠᠷᠢᠭᠤᠴᠠᠯᠭ᠎ᠠ ᠶᠢᠨ ᠲᠣᠭᠲᠠᠯᠴᠠᠭ᠎ᠠ ᠪᠠ ︽ᠤᠳᠤᠷᠢᠳᠬᠤ ᠪᠠᠭ ᠤᠨ ᠪᠦᠷᠢᠯᠳᠦᠭᠦᠨ + ᠬᠤᠪᠢᠶᠡᠨ ᠳᠠᠭᠠᠭᠠᠴᠢᠯᠠᠭᠰᠠᠨ ᠤᠳᠤᠷᠢᠳᠤᠯᠭ᠎ᠠ + ᠭᠠᠴᠠᠭᠠᠨ ᠤ ᠱᠦᠵᠢ + ᠬᠤᠯᠪᠣᠭᠠᠴᠢᠨ + ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ︾ ᠲᠠᠪᠤᠨ ᠱᠠᠲᠤᠨ ᠤ ᠰᠡᠷᠭᠡᠶᠢᠯᠡᠨ ᠡᠵᠡᠮᠳᠡᠬᠦ ᠵᠣᠬᠢᠶᠠᠨ ᠪᠠᠶᠢᠭᠤᠯᠤᠯᠲᠠ ᠶᠢᠨ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠬᠤ᠂ ᠬᠤᠪᠢᠶᠡᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠣᠳᠠᠲᠠᠢ ᠠᠳᠬᠤᠬᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠤᠨ᠂ ᠡᠭᠦᠷᠭᠡ ᠶᠢ ᠪᠣᠳᠠᠲᠠᠢ ᠬᠤᠪᠢᠶᠠᠷᠢᠯᠠᠬᠤ᠂ ᠬᠠᠷᠢᠭᠤᠴᠠᠯᠭ᠎ᠠ ᠶᠢ ᠲᠣᠳᠣᠷᠬᠠᠢ ᠨᠠᠶᠢᠳᠠᠪᠤᠷᠢᠵᠢᠭᠤᠯᠬᠤ᠂ ᠠᠷᠭ᠎ᠠ ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠬᠤᠶᠠᠷ ᠲᠤ ᠪᠠᠶᠢᠳᠠᠯ ᠤᠨ ᠲᠤᠬᠠᠢ ᠪᠠᠶᠢᠴᠠᠭᠠᠯᠲᠠ ᠶᠢ ᠴᠢᠩᠭᠠᠳᠬᠠᠵᠤ᠂ ᠠᠵᠢᠯᠲᠠᠨ ᠤ ᠡᠬᠡ ᠲᠠᠩᠰᠠ ᠶᠢ ᠲᠡᠭᠦᠯᠳᠡᠷᠵᠢᠭᠦᠯᠦᠨ᠂ ᠬᠠᠷᠢᠶ᠎ᠠ ᠣᠷᠣᠨ ᠤ ᠮᠠᠯᠴᠢᠨ ᠲᠠᠷᠢᠶᠠᠴᠢᠨ᠂ ᠬᠡᠭᠡᠷ᠎ᠡ ᠭᠠᠳᠠᠨ᠎ᠠ ᠠᠵᠢᠯᠯᠠᠵᠤ ᠪᠠᠶᠢᠭ᠎ᠠ ᠬᠥᠮᠥᠰ᠂ ᠬᠤᠨᠢᠴᠢᠨ᠂ ᠭᠠᠵᠠᠷ ᠰᠢᠷᠣᠢ ᠳᠠᠭᠠᠭᠠᠴᠢᠯᠠᠭᠰᠠᠨ ᠡᠷᠦᠬᠡ᠂ ᠬᠥᠯᠥᠰᠦᠨ ᠠᠵᠢᠯ ᠬᠢᠭᠰᠡᠳ᠂ ᠬᠤᠳᠳᠤᠭ ᠥᠷᠥᠮᠳᠡᠬᠦ ᠠᠩᠭᠢ ᠵᠡᠷᠭᠡ ᠭᠤᠣᠯᠳᠠᠯᠭ᠎ᠠ ᠲᠠᠢ ᠬᠥᠮᠥᠰ ᠢ ᠪᠠᠭᠲᠠᠭᠠᠭᠰᠠᠨ ᠭᠠᠳᠠᠨ᠎ᠠ ᠠᠴᠠ ᠢᠷᠡᠭᠰᠡᠨ ᠬᠥᠮᠥᠰ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠬᠡ ᠲᠠᠩᠰᠠ ᠪᠠᠶᠢᠭᠤᠯᠤᠨ᠂ ᠮᠡᠳᠡᠭᠡ ᠵᠠᠩᠭᠢ ᠶᠢ ᠲᠡᠭᠦᠯᠳᠡᠷᠵᠢᠭᠦᠯᠵᠦ᠂ ᠲᠤᠭ᠎ᠠ ᠪᠦᠷᠢᠳᠬᠡᠯ ᠢ ᠲᠣᠳᠣᠷᠬᠠᠶᠢᠯᠠᠨ᠂ ᠲᠤᠭ᠎ᠠ ᠪᠠᠷᠢᠮᠲᠠ ᠶᠢ ᠣᠨᠣᠪᠴᠢᠲᠠᠶ ᠪᠣᠯᠭᠠᠬᠤ ᠬᠡᠷᠡᠭᠲᠡᠢ᠃ ᠭᠤᠷᠪᠠ ᠳᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠲᠠᠢ ᠤᠶᠠᠯᠳᠤᠭᠤᠯᠤᠨ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠪᠠᠶᠢᠩᠭᠤ ᠥᠷᠨᠢᠭᠦᠯᠵᠦ᠂ ᠬᠠᠪᠤᠷ ᠤᠨ ᠬᠤᠯᠤᠭᠠᠨ᠎ᠠ ᠤᠰᠠᠳᠬᠠᠬᠤ ᠬᠠᠮᠤᠭ ᠤᠨ ᠰᠠᠶᠢᠨ ᠴᠠᠭ ᠢ ᠠᠰᠢᠭᠯᠠᠨ᠂ ᠰᠠᠭᠤᠭᠠᠯᠢ ᠠᠷᠠᠳ ᠲᠥᠪᠯᠡᠷᠡᠭᠰᠡᠨ ᠣᠷᠣᠨ᠂ ᠵᠠᠮ ᠳᠠᠭᠠᠤ ᠣᠷᠣᠨ᠂ ᠮᠠᠯᠵᠢᠬᠤ ᠲᠠᠷᠢᠶᠠᠯᠠᠬᠤ ᠡᠷᠦᠬᠡ ᠶᠢᠨ ᠭᠡᠷ ᠪᠠᠶᠢᠰᠢᠩ ᠤᠨ ᠡᠷᠭᠢᠨ ᠲᠣᠭᠤᠷᠢᠨ ᠵᠡᠷᠭᠡ ᠭᠤᠣᠯᠳᠠᠯᠭ᠎ᠠ ᠲᠠᠢ ᠭᠠᠵᠠᠷ ᠤᠨ ᠣᠷᠴᠢᠨ ᠲᠣᠭᠤᠷᠢᠨ ᠢ ᠴᠡᠪᠡᠷᠯᠡᠵᠦ᠂ ᠪᠥᠬᠦ ᠲᠠᠯ᠎ᠠ ᠪᠠᠷ ᠠᠷᠢᠭᠤᠳᠬᠠᠨ᠂ ᠬᠤᠯᠤᠭᠠᠨ᠎ᠠ ᠶᠢᠨ ᠬᠢᠵᠢᠭ ᠤᠨ ᠬᠠᠯᠳᠠᠪᠤᠷᠢᠯᠠᠬᠤ ᠵᠠᠮ ᠢ ᠲᠠᠰᠤᠯᠵᠤ᠂ ᠬᠤᠯᠤᠭᠠᠨ᠎ᠠ ᠶᠢᠨ ᠬᠢᠵᠢᠭ ᠤᠨ ᠬᠠᠯᠳᠠᠪᠤᠷᠢᠯᠠᠬᠤ ᠲᠦᠭᠰᠢᠭᠦᠷᠢ ᠶᠢ ᠪᠠᠭᠠᠰᠬᠠᠬᠤ ᠬᠡᠷᠡᠭᠲᠡᠢ᠃ ᠳᠥᠷᠪᠡ ᠳᠤ ᠭᠤᠣᠯᠳᠠᠯᠭ᠎ᠠ ᠲᠠᠢ ᠲᠠᠯᠠᠪᠤᠷ ᠲᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠤᠯᠤᠰ ᠤᠨ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ ᠶᠢ ᠡᠭᠦᠳᠦᠨ ᠪᠠᠶᠢᠭᠤᠯᠬᠤ ᠠᠵᠢᠯᠯᠠᠭ᠎ᠠ ᠲᠠᠢ ᠤᠶᠠᠯᠳᠤᠭᠤᠯᠤᠨ᠂ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠲᠠᠯᠠᠪᠤᠷ ᠲᠤ ᠠᠵᠢᠯ ᠤᠨ ᠶᠠᠪᠤᠴᠠ ᠶᠢᠨ ᠬᠢᠨᠠᠯᠲᠠ ᠬᠠᠮᠢᠶᠠᠷᠤᠯᠲᠠ᠂ ᠲᠦᠭᠰᠢᠭᠦᠷᠢ ᠶᠢᠨ ᠡᠵᠡᠮᠳᠡᠯ᠂ ᠮᠥᠷᠳᠡᠵᠦ ᠪᠣᠯᠬᠤ ᠬᠠᠮᠢᠶᠠᠷᠤᠯᠲᠠ ᠶᠢ ᠬᠡᠷᠡᠭᠵᠢᠭᠦᠯᠵᠦ᠂ ᠬᠢᠨᠠᠯᠲᠠ ᠲᠠᠯᠪᠢᠬᠤ ᠲᠠᠩᠰᠠ ᠡᠪᠬᠡᠮᠡᠯ ᠢ ᠪᠠᠶᠢᠭᠤᠯᠵᠤ ᠪᠦᠷᠢᠨᠰᠢᠭᠦᠯᠣᠨ᠂ ᠬᠤᠯᠤᠭᠠᠨ᠎ᠠ ᠶᠢᠨ ᠬᠢᠵᠢᠭ ᠤᠨ ᠡᠭᠦᠰᠬᠦ  ᠪᠠ ᠳᠡᠯᠭᠡᠷᠡᠬᠦ ᠠᠷᠭ᠎ᠠ ᠵᠠᠮ ᠢ ᠦᠨᠡᠨᠬᠦ ᠬᠤᠷᠢᠭᠯᠠᠬᠤ ᠬᠡᠷᠡᠭᠲᠡᠢ᠃ ᠲᠠᠪᠤ ᠳᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠤᠬᠠᠭᠤᠯᠭ᠎ᠠ ᠬᠥᠮᠦᠵᠢᠯ ᠤᠨ ᠡᠷᠴᠢᠮ ᠢ ᠴᠢᠩᠭᠠᠷᠠᠭᠤᠯᠤᠨ᠂ ᠭᠠᠳᠠᠨ᠎ᠠ ᠠᠴᠠ ᠢᠷᠡᠭᠰᠡᠨ ᠬᠥᠮᠥᠰ ᠲᠤ ᠭᠤᠣᠯᠳᠠᠯᠭ᠎ᠠ ᠲᠠᠢ ᠤᠬᠠᠭᠤᠯᠭ᠎ᠠ ᠬᠢᠵᠤ᠂ ᠨᠢᠭᠡ ᠡᠷᠦᠬᠡ ᠶᠢ ᠴᠤ ᠣᠷᠬᠢᠭᠳᠠᠭᠤᠯᠬᠤ ᠦᠭᠡᠢ᠂ ᠨᠢᠭᠡ ᠬᠥᠮᠥᠨ ᠢ ᠴᠤ ᠭᠡᠭᠡᠭᠳᠡᠭᠦᠯᠬᠦ ᠦᠭᠡᠢ ᠪᠠᠶᠢᠬᠤ ᠶᠢ ᠪᠡᠶᠡᠯᠡᠭᠦᠯᠦᠨ᠂ ᠸᠢᠴᠠᠲ ᠤᠨ ᠣᠯᠠᠨ ᠨᠡᠶᠢᠲᠡ ᠶᠢᠨ ᠲᠠᠪᠴᠠᠩ ᠳᠤ ᠨᠡᠶᠢᠲᠡᠯᠡᠬᠦ᠂ ᠡᠷᠦᠬᠡ ᠳᠤ ᠬᠦᠷᠴᠦ ᠰᠤᠷᠪᠤᠯᠵᠢᠯᠠᠬᠤ᠂ ᠤᠬᠠᠭᠤᠯᠭ᠎ᠠ ᠶᠢᠨ ᠤᠷᠢᠶ᠎ᠠ ᠯᠣᠽᠦ᠋ᠩ ᠢ ᠡᠯᠭᠦᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ︽ᠭᠤᠷᠪᠠ ᠶᠢ ᠥᠯᠦ ᠬᠢᠬᠦ ᠭᠤᠷᠪᠠ ᠶᠢ ᠵᠠᠪᠠᠯ ᠬᠢᠬᠦ ᠭᠤᠷᠪᠡ ᠶᠢ ᠬᠠᠮᠠᠭᠠᠯᠠᠬᠤ︾ ᠵᠡᠷᠭᠡ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠵᠠᠰᠠᠬᠤ ᠮᠡᠳᠡᠯᠭᠡ ᠶᠢ ᠶᠡᠬᠡᠪᠡᠷ ᠲᠦᠭᠡᠮᠡᠯᠵᠢᠭᠦᠯᠵᠦ᠂ ᠬᠤᠯᠤᠭᠠᠨ᠎ᠠ ᠶᠢᠨ ᠬᠢᠵᠢᠭ ᠤᠨ ᠬᠤᠣᠷ ᠬᠥᠨᠥᠭᠡᠯ᠂ ᠬᠠᠯᠳᠠᠪᠤᠷᠢᠯᠠᠬᠤ ᠠᠷᠭ᠎ᠠ ᠮᠠᠶ᠋ᠢᠭ᠂ ᠡᠮᠴᠢᠯᠡᠭᠡᠨ ᠤ ᠢᠯᠡᠷᠡᠯ᠂ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠵᠡᠷᠭᠡ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠮᠡᠳᠡᠯᠭᠡ ᠶᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠦᠨ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ  ᠠᠷᠭ᠎ᠠ ᠬᠡᠮᠵᠢᠶ᠎ᠡ ᠶᠢ ᠬᠥᠮᠥᠨ ᠪᠣᠯᠭᠠᠨ ᠮᠡᠳᠡᠬᠦ᠂ ᠡᠷᠦᠬᠡ ᠪᠣᠯᠭᠠᠨ ᠨᠠᠶᠢᠳᠠᠪᠤᠷᠢᠵᠢᠭᠤᠯᠬᠤ ᠶᠢ ᠬᠦᠴᠦᠯᠡᠨ ᠪᠡᠶᠡᠯᠡᠭᠦᠯᠵᠦ᠂ ᠣᠯᠠᠨ ᠲᠦᠮᠡᠨ ᠤ ᠥᠪᠡᠷ ᠢ ᠪᠠᠨ ᠬᠠᠮᠠᠭᠠᠯᠠᠬᠤ ᠪᠠ ᠰᠠᠨᠠᠭᠠᠴᠢᠯᠠᠭ᠎ᠠ ᠠᠴᠠ ᠪᠠᠨ ᠣᠷᠣᠯᠴᠠᠬᠤ ᠤᠬᠠᠮᠰᠠᠷ ᠴᠢᠳᠠᠪᠤᠷᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠤ ᠱᠠᠭᠠᠷᠳᠠᠪᠠ᠃ 
ᠢᠷᠡᠯᠲᠡ᠄ ᠠᠷᠪᠠᠰ ᠰᠤᠮᠤ