ᠤᠯᠠᠭᠠᠨᠪᠠᠯᠭᠠᠰᠣ 2024 ᠣᠨ ᠤ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠢ ᠰᠡᠷᠭᠡᠶᠢᠯᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/29
      ᠤᠯᠠᠭᠠᠨᠪᠠᠯᠭᠠᠰᠣ 2024 ᠣᠨ ᠤ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠢ ᠰᠡᠷᠭᠡᠶᠢᠯᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠬᠥᠨᠥᠭᠡᠯ ᠦᠭᠡᠢ ᠰᠢᠢᠳᠪᠦᠷᠢᠯᠡᠬᠦ᠂ ᠬᠥᠮᠥᠨ ᠮᠠᠯ ᠳᠤ ᠪᠦᠷ ᠣᠷᠣᠳᠠᠭ ᠡᠪᠡᠳᠴᠢᠨ ᠢ ᠰᠡᠷᠭᠡᠶᠢᠯᠡᠬᠦ᠂ ᠮᠠᠯ ᠠᠵᠤ ᠠᠬᠤᠢ ᠶᠢ ᠨᠢᠭᠡ ᠴᠣᠭᠴᠠᠵᠢᠭᠤᠯᠬᠤ ᠰᠢᠰᠲ᠋ᠧᠮ ᠤᠨ ᠶᠡᠷᠦᠩᠬᠡᠶᠢᠯᠡᠭᠰᠡᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠬᠢᠵᠤ᠂ ᠪᠠᠯᠭᠠᠰᠤᠨ ᠤ ᠲᠠᠷᠢᠶᠠᠯᠠᠩ ᠮᠠᠯ ᠠᠵᠤ ᠠᠬᠤᠢ ᠶᠢ ᠬᠤᠪᠢᠶᠡᠨ ᠬᠠᠮᠢᠶᠠᠷᠬᠤ ᠤᠳᠤᠷᠢᠳᠤᠯᠭ᠎ᠠ᠂ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠤᠨ ᠪᠥᠬᠦ ᠠᠵᠢᠯᠲᠠᠨ᠂ ᠮᠦ ᠺᠠᠨᠭ᠌ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠤᠨ ᠬᠠᠷᠢᠭᠤᠴᠠᠯᠭᠠᠲᠠᠨ ᠵᠢᠴᠢ ᠡᠯ᠎ᠡ ᠭᠠᠴᠠᠭ᠎ᠠ ᠲᠣᠰᠬᠤᠨ ᠤ ᠬᠢᠵᠢᠭ ᠰᠡᠷᠭᠡᠶᠢᠯᠡᠭᠴᠢ ᠬᠤᠷᠠᠯ ᠳᠤ ᠣᠷᠣᠯᠴᠠᠪᠠ᠃ᠬᠤᠷᠠᠯ ᠠᠴᠠ᠂ 2024 ᠣᠨ ᠤ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠲᠤᠬᠠᠢ ᠣᠲᠤᠭ ᠬᠤᠰᠢᠭᠤᠨ ᠤ ᠠᠮᠢᠲᠠᠨ ᠤ ᠪᠠᠴᠢᠮ ᠬᠢᠵᠢᠭ ᠢ ᠰᠡᠷᠭᠡᠶᠢᠯᠡᠬᠦ ᠵᠥᠪᠯᠡᠯ ᠤᠨ ᠮᠡᠳᠡᠭᠳᠡᠯ ᠤᠨ ᠱᠠᠭᠠᠷᠳᠠᠯᠭ᠎ᠠ ᠶᠣᠰᠣᠭᠠᠷ᠂ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠢ ᠪᠥᠬᠦ ᠲᠠᠯ᠎ᠠ ᠪᠠᠷ ᠲᠣᠬᠢᠷᠠᠭᠤᠯᠤᠨ ᠪᠠᠶᠢᠷᠢᠯᠠᠭᠤᠯᠵᠤ᠂ ᠬᠠᠪᠤᠷ ᠤᠨ ᠤᠯᠠᠷᠢᠯ ᠤᠨ ᠬᠢᠵᠢᠭ ᠢ ᠰᠡᠷᠭᠡᠶᠢᠯᠡᠬᠦ᠂ ᠬᠢᠵᠢᠭ ᠢ ᠪᠠᠶᠢᠴᠠᠭᠠᠬᠤ ᠬᠢᠨᠠᠨ ᠬᠠᠮᠢᠶᠠᠷᠬᠤ᠂ ᠪᠷᠦ᠋ᠼᠧᠯ ᠡᠪᠡᠳᠴᠢᠨ ᠢ ᠰᠡᠷᠭᠡᠶᠢᠯᠡᠬᠦ ᠵᠡᠷᠭᠡ ᠠᠵᠢᠯ ᠤᠨ ᠡᠭᠦᠷᠭᠡ ᠶᠢ ᠲᠣᠳᠣᠷᠬᠠᠢ ᠲᠣᠭᠲᠠᠭᠠᠵᠠᠢ᠃      ᠬᠤᠷᠠᠯ ᠠᠴᠠ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠦᠯᠦ ᠬᠠᠯᠳᠠᠭᠠᠬᠤ ᠡᠭᠦᠷᠭᠡ ᠶᠢ ᠲᠣᠳᠣᠷᠬᠠᠶᠢᠯᠠᠵᠤ᠂ ᠬᠠᠯᠳᠠᠪᠤᠷᠢᠯᠠᠬᠤ ᠲᠦᠭᠰᠢᠭᠦᠷᠢ ᠶᠢ ᠪᠠᠭᠠᠰᠬᠠᠨ᠂ ᠮᠠᠨ ᠤ ᠪᠠᠯᠭᠠᠰᠤᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠬᠦ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠵᠤ᠂ ᠬᠠᠪᠤᠷ ᠤᠨ ᠰᠡᠷᠭᠡᠶᠢᠯᠡᠯᠭᠡ ᠶᠢᠨ ᠲᠠᠷᠢᠯᠭ᠎ᠠ ᠲᠠᠷᠢᠬᠤ ᠠᠵᠢᠯ ᠤᠨ ᠡᠭᠦᠷᠭᠡ ᠶᠢᠨ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠬᠡᠷᠡᠭᠲᠡᠢ︔ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠠᠮᠢᠲᠠᠨ ᠤ ᠬᠢᠵᠢᠭ ᠢ ᠰᠡᠷᠭᠡᠶᠢᠯᠡᠬᠦ᠂ ᠡᠪᠡᠳᠴᠢᠨ ᠢᠶᠠᠷ ᠦᠬᠦᠭᠰᠡᠨ ᠮᠠᠯ ᠢ ᠬᠥᠨᠥᠭᠡᠯ ᠦᠭᠡᠢ ᠪᠠᠷ ᠰᠢᠢᠳᠪᠦᠷᠢᠯᠡᠬᠦ ᠵᠡᠷᠭᠡ ᠮᠡᠳᠡᠯᠭᠡ ᠶᠢ ᠥᠷᠭᠡᠨ ᠢᠶᠠᠷ ᠤᠬᠠᠭᠤᠯᠤᠨ᠂ ᠣᠯᠠᠨ ᠲᠦᠮᠡᠨ ᠤ ᠬᠦᠨᠳᠦ ᠶᠡᠭᠡ ᠠᠮᠢᠲᠠᠨ ᠤ  ᠬᠢᠵᠢᠭ ᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠵᠦ᠂ ᠣᠯᠠᠨ ᠲᠦᠮᠡᠨ ᠢ ᠠᠮᠢᠲᠠᠨ ᠤ ᠡᠭᠡᠯᠢᠯᠡᠭᠡ ᠶᠢᠨ ᠲᠠᠷᠢᠯᠭ᠎ᠠ ᠳᠤ ᠢᠳᠡᠪᠬᠢᠲᠡᠢ ᠣᠷᠣᠯᠴᠠᠭᠤᠯᠬᠤ ᠬᠡᠷᠡᠭᠲᠡᠢ︔ ᠡᠭᠡᠯᠢᠯᠡᠭᠡ ᠶᠢᠨ ᠲᠠᠷᠢᠯᠭ᠎ᠠ ᠶᠢᠨ ᠠᠵᠢᠯ ᠢ ᠰᠠᠶᠢᠲᠤᠷ ᠨᠠᠶᠢᠳᠠᠪᠤᠷᠢᠵᠢᠭᠤᠯᠵᠤ᠂ ᠡᠯ᠎ᠡ ᠭᠠᠴᠠᠭ᠎ᠠ ᠲᠣᠰᠬᠤᠨ ᠤ ᠱᠠᠲᠤᠨ ᠤ ᠬᠢᠵᠢᠭ ᠰᠡᠷᠭᠡᠶᠢᠯᠡᠭᠴᠢ ᠠᠴᠠ ᠡᠭᠡᠯᠢᠯᠡᠭᠡ ᠶᠢᠨ ᠲᠠᠷᠢᠯᠭ᠎ᠠ ᠲᠠᠷᠢᠬᠤ ᠪᠠ ᠨᠥᠬᠦᠵᠦ ᠬᠡᠯᠲᠦᠷᠢᠭᠦᠯᠬᠦ ᠵᠡᠷᠭᠡ ᠡᠬᠡ ᠲᠠᠩᠰᠠ ᠶᠢ ᠵᠢᠷᠤᠮᠵᠢᠭᠤᠯᠤᠨ ᠲᠠᠭᠯᠠᠵᠤ᠂ ᠡᠭᠡᠯᠢᠯᠡᠭᠡ ᠶᠢᠨ ᠲᠠᠷᠢᠯᠭ᠎ᠠ ᠶᠢᠨ ᠠᠬᠢᠴᠠ ᠶᠢ ᠴᠠᠭ ᠲᠤᠬᠠᠢ ᠳᠤᠨᠢ ᠮᠡᠳᠡᠭᠦᠯᠦᠨ ᠬᠦᠷᠭᠡᠬᠦ ᠶᠢᠨ ᠬᠠᠮᠲᠤ᠂ ᠡᠭᠡᠯᠢᠯᠡᠭᠡ ᠶᠢᠨ ᠸᠠᠺᠼᠢᠨ ᠤ ᠬᠠᠳᠠᠭᠠᠯᠠᠯᠲᠠ ᠪᠠ ᠬᠡᠷᠡᠭᠯᠡᠯᠲᠡ ᠶᠢᠨ ᠬᠠᠮᠢᠶᠠᠷᠤᠯᠲᠠ᠂ ᠬᠢᠵᠢᠭ ᠡᠪᠡᠳᠴᠢᠨ ᠤ ᠬᠢᠵᠢᠭ ᠤᠨ ᠪᠠᠶᠢᠴᠠᠭᠠᠯᠲᠠ ᠶᠢᠨ ᠬᠢᠨᠠᠯᠲᠠ ᠬᠠᠮᠢᠶᠠᠷᠤᠯᠲᠠ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠠᠵᠢᠯ ᠢ ᠴᠢᠩᠭᠠᠳᠬᠠᠬᠤ ᠬᠡᠷᠡᠭᠲᠡᠢ︔ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠪᠠ ᠬᠥᠮᠥᠨ ᠮᠠᠯ ᠳᠤ ᠪᠦᠷ ᠣᠷᠣᠳᠠᠭ ᠡᠪᠡᠳᠴᠢᠨ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠨ᠂ ᠡᠩᠨᠡᠭᠡ ᠲᠣᠭᠲᠠᠭᠤᠨ᠂ ᠠᠵᠢᠯ ᠪᠣᠳᠠᠲᠠᠢ᠂ ᠪᠦᠲᠦᠮᠵᠢ ᠰᠠᠶᠢᠨ ᠪᠠᠶᠢᠬᠤ ᠶᠢ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠪᠠ᠃ 
ᠢᠷᠡᠯᠲᠡ᠄ ᠤᠯᠠᠭᠠᠨᠪᠠᠯᠭᠠᠰᠣ