ᠥᠪᠥᠷ ᠮᠣᠩᠭᠤᠯ ᠤᠨ ᠣᠲᠤᠭ ᠬᠤᠰᠢᠭᠤᠨ ᠤ ᠠᠷᠪᠠᠰ ᠰᠤᠮᠤ ᠶᠢᠨ ᠬᠠᠮᠲᠤᠷᠠᠭᠰᠠᠨ ᠨᠠᠮ ᠤᠨ ᠡᠭᠦᠷ ᠮᠠᠯᠴᠢᠨ ᠲᠠᠷᠢᠶᠠᠴᠢᠨ ᠢᠶᠠᠨ ᠳᠠᠭᠠᠭᠤᠯᠤᠨ ᠴᠢᠨᠡᠭᠡᠯᠢᠭᠵᠢᠯ ᠤᠨ ᠵᠠᠮ ᠢᠶᠠᠷ ᠵᠠᠮᠨᠠᠨ᠎ᠠ
ᠨᠡᠶᠢᠲᠡᠯᠡᠭᠰᠡᠨ ᠴᠠᠭ᠄
2024/3/29
      ︽ᠡᠨᠡ ᠰᠦᠷᠦᠭ ᠲᠠᠷᠭᠤ ᠬᠦᠴᠦ ᠲᠡᠩᠴᠡᠭᠰᠡᠨ ᠢᠮᠠᠭ᠎ᠠ ᠪᠣᠯ ᠪᠦᠷ ᠮᠢᠨᠤ ᠠᠮᠢ ᠰᠢᠤ᠂ ᠡᠨᠡ ᠬᠡᠳᠦᠨ ᠡᠳᠦᠷ ᠬᠠᠪᠤᠷ ᠤᠨ ᠲᠥᠯ ᠲᠣᠰᠣᠭᠠᠳ ᠶᠠᠭᠠᠷᠠᠵᠤ ᠪᠠᠶᠢᠨ᠎ᠠ᠂ ᠣᠯᠠᠨ ᠢᠬᠡᠷᠡᠯᠡᠭᠰᠡᠨ ᠠᠴᠠ ᠮᠢᠨᠤ ᠣᠷᠣᠯᠭ᠎ᠠ ᠨᠢᠭᠡ ᠯᠡ ᠳᠡᠭᠡᠷ᠎ᠡ 10 ᠭᠠᠷᠤᠢ ᠲᠦᠮᠡ ᠨᠡᠮᠡᠭᠳᠡᠯ᠎ᠡ︾ ᠭᠡᠵᠦ ᠮᠠᠯᠴᠢᠨ ᠪᠤᠶᠠᠨᠴᠣᠭᠲᠤ ᠢᠮᠠᠭᠠᠨ ᠤ ᠢᠶᠠᠨ ︽ᠣᠷᠣᠢ ᠶᠢᠨ ᠬᠤᠭᠤᠯᠠ︾ ᠶᠢ ᠪᠡᠯᠡᠳᠬᠡᠬᠦ ᠵᠠᠭᠤᠷ᠎ᠠ ᠡᠨᠡ ᠵᠢᠯ ᠤᠨ ᠣᠷᠣᠯᠭ᠎ᠠ ᠪᠠᠨ ᠪᠤᠳᠤᠵᠤ ᠪᠠᠶᠢᠯ᠎ᠠ᠃      ᠪᠤᠶᠠᠨᠴᠣᠭᠲᠤ ᠪᠣᠯ ᠥᠪᠥᠷ ᠮᠣᠩᠭᠤᠯ ᠤᠨ ᠣᠷᠳᠣᠰ ᠬᠤᠲᠠ ᠶᠢᠨ ᠣᠲᠤᠭ ᠬᠤᠰᠢᠭᠤᠨ ᠤ ᠠᠷᠪᠠᠰ ᠰᠤᠮᠤ ᠶᠢᠨ ᠤᠯᠠᠭᠠᠬᠤᠰᠤ ᠭᠠᠴᠠᠭᠠᠨ ᠤ ᠮᠠᠯᠴᠢᠨ ᠶᠤᠮ᠃ ᠨᠢᠳᠤᠨᠤᠨ ᠲᠡᠷᠡ ᠭᠠᠴᠠᠭ᠎ᠠ ᠶᠢᠨ ᠬᠠᠮᠲᠤᠷᠠᠭᠰᠠᠨ ᠨᠠᠮ ᠤᠨ ᠡᠭᠦᠷ ᠠᠴᠠ ᠠᠷᠪᠠᠰ ᠤᠨ ᠨᠤᠤᠯᠤᠭᠤᠷ ᠤᠨ ᠴᠠᠭᠠᠨ ᠢᠮᠠᠭᠠᠨ ᠤ ᠠᠵᠤ ᠦᠢᠯᠡᠰ ᠤᠨ ᠬᠤᠯᠪᠣᠭᠠᠲᠤ ᠴᠣᠭᠴᠠ ᠶᠢ ᠪᠠᠶᠢᠭᠤᠯᠵᠤ᠂ ︽ᠨᠠᠮ ᠤᠨ ᠡᠭᠦᠷ + ᠠᠵᠤ ᠠᠬᠤᠶᠢᠯᠠᠯ + ᠬᠤᠷᠰᠢᠶ᠎ᠡ + ᠮᠠᠯᠴᠢᠨ ᠲᠠᠷᠢᠶᠠᠴᠢᠨ ᠡᠷᠦᠬᠡ︾ ᠶᠢᠨ ᠵᠠᠭᠪᠤᠷ ᠢᠶᠠᠷ ᠵᠢᠱᠢᠶ᠎ᠡ ᠦᠵᠡᠭᠦᠯᠬᠦ ᠮᠠᠯᠴᠢᠨ ᠡᠷᠦᠬᠡ ᠶᠢ ᠪᠣᠢ ᠪᠣᠯᠭᠠᠨ᠎ᠠ ᠬᠡᠮᠡᠬᠦ ᠴᠢᠮᠡᠭᠡ ᠶᠢ ᠰᠣᠨᠣᠰᠤᠭᠰᠠᠨ ᠤ ᠳᠠᠷᠠᠭ᠎ᠠ᠂ ᠤᠷᠢᠶᠠᠯᠠᠭ᠎ᠠ ᠶᠢ ᠢᠳᠡᠪᠬᠢᠲᠡᠢ ᠳᠠᠭᠠᠵᠤ ᠭᠠᠴᠠᠭᠠᠨ ᠤ ᠨᠢᠭᠡᠳᠦᠭᠡᠷ ᠪᠦᠯᠦᠭ ᠤᠨ ᠵᠢᠱᠢᠶ᠎ᠡ ᠦᠵᠡᠭᠦᠯᠬᠦ ᠡᠷᠦᠬᠡ ᠪᠣᠯᠤᠭᠰᠠᠨ ᠪᠠᠶᠢᠨ᠎ᠠ᠃      ︽ᠨᠠᠳᠠ ᠳᠤ 520 ᠨᠤᠤᠯᠤᠭᠤᠷ ᠤᠨ ᠢᠮᠠᠭ᠎ᠠ ᠲᠠᠢ᠂ ᠡᠭᠦᠨ ᠳᠤ 300 ᠨᠢ ᠬᠤᠯᠪᠣᠭᠠᠲᠤ ᠨᠠᠮ ᠤᠨ ᠡᠭᠦᠷ ᠠᠴᠠ ᠥᠭᠭᠦᠭᠰᠡᠨ ᠣᠨᠴᠠ ᠨᠠᠷᠢᠨ ᠨᠤᠤᠯᠤᠭᠤᠷ  ᠲᠠᠢ ᠰᠠᠶᠢᠨ ᠡᠮ᠎ᠡ ᠢᠮᠠᠭ᠎ᠠ ᠪᠣᠯᠣᠨ᠎ᠠ᠂ ᠡᠨᠡ ᠵᠢᠯ ᠤᠨ ᠨᠤᠤᠯᠤᠭᠤᠷ ᠰᠠᠶᠢᠨ᠂ ᠤᠷᠳᠤ ᠪᠥᠭᠡᠳ ᠨᠠᠷᠢᠨ᠂ ᠦᠵᠡᠲᠡᠯ᠎ᠡ ᠣᠷᠣᠯᠭ᠎ᠠ ᠪᠠᠰᠠ ᠯᠠ ᠨᠡᠮᠡᠭᠳᠡᠬᠦ ᠶᠤᠮ ᠪᠠᠶᠢᠨ᠎ᠠ ︕︾ ᠭᠡᠵᠦ ᠪᠤᠶᠠᠨᠴᠣᠭᠲᠤ ᠪᠠᠶᠠᠷᠯᠠᠭᠰᠠᠨ ᠰᠡᠳᠬᠢᠯ ᠢᠶᠠᠨ ᠳᠠᠷᠤᠵᠤ ᠶᠠᠳᠠᠨ ᠶᠠᠷᠢᠨ᠎ᠠ᠃ ᠪᠤᠶᠠᠨᠴᠣᠭᠲᠤ ᠶᠢᠨ ᠬᠡᠯᠡᠵᠦ ᠪᠠᠶᠢᠭ᠎ᠠ ᠬᠠᠮᠲᠤᠷᠠᠭᠰᠠᠨ ᠨᠠᠮ ᠤᠨ ᠡᠭᠦᠷ ᠪᠣᠯ ᠤᠯᠠᠭᠠᠬᠤᠰᠤ ᠭᠠᠴᠠᠭ᠎ᠠ ᠪᠣᠯᠣᠨ ᠣᠷᠳᠣᠰ ᠢᠮᠠᠭᠠᠨ ᠨᠤᠤᠯᠤᠭᠤᠷ ᠤᠨ ᠪᠦᠯᠦᠭᠯᠡᠯ ᠤᠨ ᠬᠠᠮᠲᠤ ᠪᠠᠷ ᠪᠠᠶᠢᠭᠤᠯᠤᠭᠰᠠᠨ ᠨᠠᠮ ᠤᠨ ᠡᠭᠦᠷ ᠢ ᠵᠢᠭᠠᠵᠤ ᠪᠣᠢ᠂ ᠤᠯᠠᠭᠠᠬᠤᠰᠤ  ᠨᠢ ᠰᠢᠯᠢᠳᠡᠭ ᠨᠤᠤᠯᠤᠭᠤᠷ ᠤᠨ ᠭᠤᠣᠯ ᠭᠠᠷᠤᠯᠲᠠ ᠶᠢᠨ ᠣᠷᠣᠨ᠂ ᠣᠷᠳᠣᠰ ᠪᠦᠯᠦᠭᠯᠡᠯ ᠨᠢ ᠪᠦᠬᠦ ᠤᠯᠤᠰ ᠲᠤ ᠨᠡᠷᠡᠲᠡᠢ ᠲᠡᠷᠢᠭᠦᠨ ᠵᠡᠷᠭᠡ ᠶᠢᠨ ᠨᠤᠤᠯᠤᠭᠤᠷ ᠤᠨ ᠠᠵᠤ ᠠᠬᠤᠶᠢᠯᠠᠯ ᠪᠠᠶᠢᠵᠦ᠂ ︽ᠬᠤᠶᠠᠷ ᠪᠦᠲᠦᠭᠡᠨ ᠪᠠᠶᠢᠭᠤᠯᠤᠯᠲᠠ᠂ ᠬᠤᠶᠠᠷ ᠲᠣᠭᠲᠠᠴᠠ᠂ ᠨᠢᠭᠡ ᠬᠠᠷᠠᠯᠲᠠ︾ ᠶᠢᠨ ᠬᠥᠭᠵᠢᠯᠲᠡ ᠶᠢᠨ ᠰᠡᠳᠬᠢᠴᠡ ᠶᠢᠨ ᠲᠣᠭᠤᠷᠢᠨ ᠳᠤ᠂ ᠲᠠᠯ᠎ᠠ ᠨᠤᠲᠤᠭ ᠤᠨ ᠮᠠᠯ ᠠᠵᠤ ᠠᠬᠤᠢ ᠶᠢᠨ ᠠᠵᠤ ᠠᠬᠤᠶᠢᠯᠠᠯ ᠤᠨ ᠡᠶ᠎ᠡ ᠵᠣᠬᠢᠴᠠᠩᠭᠤᠢ ᠬᠥᠭᠵᠢᠯᠲᠡ ᠶᠢ ᠪᠢᠴᠢᠭᠯᠡᠨ᠎ᠡ᠃ ︽ᠨᠠᠮ ᠤᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠮᠠᠯ ᠠᠵᠤ ᠠᠬᠤᠢ ᠪᠣᠯᠣᠨ ᠠᠵᠤ ᠠᠬᠤᠶᠢᠯᠠᠯ ᠬᠤᠯᠪᠣᠭᠠᠯᠠᠨ᠂ ᠬᠠᠮᠲᠤᠪᠠᠷ ᠴᠢᠨᠡᠭᠡᠯᠢᠭᠵᠢᠵᠦ ᠦᠷ᠎ᠡ ᠪᠦᠲᠦᠭᠡᠯ ᠢ ᠬᠠᠮᠲᠤᠪᠠᠷ ᠡᠳ᠋ᠯᠡᠨ᠎ᠡ︕ ᠬᠥᠮᠥᠰ ᠤᠨ ᠦᠷᠭᠦᠯᠵᠢ ᠬᠡᠯᠡᠳᠡᠭ ︿ᠣᠷᠳᠣᠰ ᠪᠥᠬᠦ ᠳᠡᠯᠡᠬᠡᠢ ᠶᠢ ᠳᠤᠯᠠᠭᠠᠴᠠᠭᠤᠯᠤᠨ᠎ᠠ﹀ ᠬᠡᠮᠡᠬᠦ ᠵᠠᠷ ᠮᠡᠳᠡᠭᠡ ᠣᠷᠳᠣᠰ ᠤᠨ ᠨᠤᠤᠯᠤᠭᠤᠷ ᠢ ᠳᠡᠯᠡᠬᠡᠢ ᠳᠤ ᠠᠯᠳᠠᠷᠰᠢᠭᠤᠯᠤᠭᠰᠠᠨ ᠶᠤᠮ᠂ ᠠᠷᠪᠠᠰ ᠰᠤᠮᠤ ᠴᠢᠨᠠᠷ ᠰᠠᠶᠢᠲᠠᠢ ᠨᠤᠤᠯᠤᠭᠤᠷ ᠤᠨ ᠭᠤᠣᠯ ᠭᠠᠷᠤᠯᠲᠠ ᠶᠢᠨ ᠣᠷᠣᠨ  ᠪᠣᠯᠬᠤ ᠪᠠᠷ ᠪᠠᠷᠠᠬᠤ ᠦᠭᠡᠢ ᠣᠲᠣ ᠶᠠᠭ 1436 ᠴᠢᠨᠠᠷ ᠰᠠᠶᠢᠲᠠᠢ ᠢᠮᠠᠭᠠᠨ ᠨᠤᠤᠯᠤᠭᠤᠷ ᠤᠨ ᠭᠤᠣᠯ ᠣᠷᠣᠨ ᠢ ᠪᠠᠶᠢᠭᠤᠯᠵᠤ ᠪᠠᠶᠢᠭ᠎ᠠ ᠨᠢ ᠪᠢᠳᠠᠨ ᠳᠤ ᠯᠠ ᠪᠠᠶᠢᠳᠠᠭ ᠬᠤᠪᠣᠷ ᠨᠠᠨᠳᠢᠨ ᠡᠬᠢ ᠪᠠᠶᠠᠯᠢᠭ ᠶᠤᠮ᠃ ᠡᠨᠡ ᠬᠦ ᠨᠠᠨᠳᠢᠨ ᠥᠪ ᠢᠶᠠᠨ ᠡᠷᠬᠢᠮᠯᠡᠨ᠂ ᠮᠠᠯᠴᠢᠨ ᠲᠠᠷᠢᠶᠠᠴᠢᠨ ᠢᠶᠠᠨ ᠴᠢᠨᠡᠭᠡᠯᠢᠭᠵᠢᠬᠦᠯᠬᠦ ᠳᠤ ᠲᠠᠷᠬᠠᠨ ᠪᠠᠶᠢᠭᠠᠯᠢ ᠪᠠᠨ ᠬᠠᠮᠠᠭᠠᠯᠠᠬᠤ ᠶᠢᠨ ᠬᠠᠮᠲᠤ ᠪᠠᠰᠠ ᠠᠵᠦ ᠦᠢᠯᠡᠰᠵᠢᠭᠦᠯᠦᠨ ᠣᠷᠣᠯᠭ᠎ᠠ ᠶᠢ ᠨᠡᠮᠡᠭᠳᠡᠭᠦᠯᠬᠦ ᠴᠢᠬᠤᠯᠠᠲᠠᠢ ᠪᠠᠶᠢᠨ᠎ᠠ᠂ ᠪᠢᠳᠡ ᠣᠷᠳᠣᠰ ᠢᠮᠠᠭᠠᠨ ᠨᠤᠤᠯᠤᠭᠤᠷ ᠤᠨ ᠪᠦᠯᠦᠭᠯᠡᠯ ᠯᠦᠭᠡ ᠮᠠᠯ ᠠᠵᠤ ᠠᠬᠤᠢ ᠪᠣᠯᠣᠨ ᠠᠵᠤ ᠠᠬᠤᠶᠢᠯᠠᠯ ᠤᠨ ᠬᠠᠮᠲᠤᠷᠠᠭᠰᠠᠨ ᠨᠠᠮ ᠤᠨ ᠡᠭᠦᠷ ᠢ ᠪᠠᠶᠢᠭᠤᠯᠵᠤ᠂ ᠨᠢᠭᠡᠳᠦᠯᠲᠡᠢ ᠲᠡᠵᠢᠭᠡᠵᠦ ᠬᠠᠮᠲᠤ ᠪᠠᠷ ᠴᠢᠨᠡᠭᠡᠯᠢᠭᠵᠢᠬᠦ ᠰᠠᠶᠢᠨ ᠵᠠᠮ ᠢ ᠰᠦᠪᠡᠭᠴᠢᠯᠡᠨ᠂ ᠮᠠᠯ ᠠᠵᠤ ᠠᠬᠤᠢ ᠪᠣᠯᠣᠨ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠠᠰᠢᠭ ᠭᠥᠷᠳᠡᠬᠦ ᠶᠢ ᠪᠡᠶᠡᠯᠡᠭᠦᠯᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ︾ ᠭᠡᠪᠡ᠃      ᠠᠷᠪᠠᠰ ᠰᠤᠮᠤ ᠶᠢᠨ ᠨᠠᠮ ᠤᠨ ᠬᠤᠷᠢᠶᠠᠨ ᠤ ᠱᠦᠵᠢ ᠮᠦᠩᠭᠡᠨᠵᠢᠭᠠᠰᠤ ᠶᠢᠨ ᠲᠠᠨᠢᠯᠴᠠᠭᠤᠯᠤᠭᠰᠠᠨ ᠢᠶᠠᠷ᠂ ᠠᠵᠤ ᠠᠬᠤᠶᠢᠯᠠᠯ 5000 ᠲᠦᠮᠡᠨ ᠲᠥᠭᠦᠷᠢᠭ ᠤᠨ ᠪᠡᠯᠡ ᠣᠷᠣᠭᠤᠯᠤᠨ ᠣᠷᠳᠣᠰ · ᠡᠬᠢ ᠪᠡᠯᠴᠢᠭᠡᠷ ᠮᠠᠯᠵᠢᠯ ᠤᠨ ᠲᠠᠯᠠᠪᠠᠶ ᠶᠢ ᠪᠦᠲᠦᠭᠡᠨ ᠪᠠᠶᠢᠭᠤᠯᠵᠤ᠂ ᠠᠷᠪᠠᠰ ᠤᠨ ᠨᠤᠤᠯᠤᠭᠤᠷ ᠤᠨ ᠴᠠᠭᠠᠨ ᠢᠮᠠᠭᠠᠨ ᠤ ᠰᠢᠯᠢᠳᠡᠭ ᠡᠭᠦᠯᠳᠡᠷ ᠤᠨ ᠢᠮᠠᠭ᠎ᠠ ᠲᠡᠵᠢᠭᠡᠨ ᠦᠷᠡᠵᠢᠭᠦᠯᠬᠦ ᠦᠢᠯᠡᠴᠢᠯᠡᠭᠡᠨ ᠤ ᠰᠠᠭᠤᠷᠢᠨ ᠭᠠᠵᠠᠷ᠂ ᠤᠤᠯ ᠤᠨ ᠠᠷᠪᠠᠰ ᠤᠨ ᠨᠤᠤᠯᠤᠭᠤᠷ ᠤᠨ ᠴᠠᠭᠠᠨ ᠢᠮᠠᠭᠠᠨ ᠤ ᠭᠤᠣᠯ ᠰᠦᠷᠦᠭ ᠢ ᠪᠠᠶᠢᠭᠤᠯᠪᠠ᠃ ᠠᠵᠤ ᠠᠬᠤᠶᠢᠯᠠᠯ ᠵᠢᠯ ᠪᠦᠷᠢ ᠮᠠᠯᠴᠢᠨ ᠲᠠᠷᠢᠶᠠᠴᠢᠨ ᠳᠤ 100 ᠰᠢᠯᠢᠳᠡᠭ ᠡᠭᠦᠯᠳᠡᠷ ᠤᠨ  ᠢᠮᠠᠭ᠎ᠠ᠂ 10000 ᠰᠢᠯᠢᠳᠡᠭ ᠢᠴᠡᠭᠡᠯ ᠦᠷ᠎ᠡ ᠶᠢ ᠦᠨ᠎ᠡ ᠲᠥᠯᠥᠪᠦᠷᠢ ᠦᠭᠡᠢ ᠪᠠᠷ ᠬᠠᠩᠭᠠᠬ᠊ ᠶᠢᠨ ᠬᠠᠮᠲᠤ᠂ ᠬᠤᠷᠰᠢᠶ᠎ᠠ᠂ ᠵᠢᠱᠢᠶ᠎ᠡ ᠦᠵᠡᠭᠦᠯᠬᠦ ᠡᠷᠦᠬᠡ ᠳᠤ ᠦᠨ᠎ᠡ ᠲᠥᠯᠥᠪᠦᠷᠢ ᠦᠭᠡᠢ ᠪᠠᠷ ᠬᠡᠭᠡᠯᠲᠦᠭᠦᠯᠬᠦ ᠦᠢᠯᠡᠴᠢᠯᠡᠭᠡ ᠬᠠᠩᠭᠠᠨ᠂ ᠠᠷᠪᠠᠰ ᠤᠨ ᠨᠤᠤᠯᠤᠭᠤᠷ ᠤᠨ ᠴᠠᠭᠠᠨ ᠢᠮᠠᠭᠠᠨ ᠤ ᠡᠭᠦᠯᠳᠡᠷ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠴᠡᠪᠡᠷ ᠡᠭᠦᠯᠳᠡᠷ ᠢ ᠰᠠᠶᠢᠵᠢᠷᠠᠭᠤᠯᠬᠤ ᠶᠢ ᠠᠬᠢᠭᠤᠯᠪᠠ᠃ ᠪᠠᠰᠠ ᠮᠠᠯᠴᠢᠨ ᠲᠠᠷᠢᠶᠠᠴᠢᠨ ᠤ ᠨᠤᠤᠯᠤᠭᠤᠷ ᠮᠢᠬ᠎ᠠ ᠶᠢ ᠨᠢ ᠵᠡᠷᠭᠡᠪᠡᠷ ᠠᠰᠢᠭᠯᠠᠬᠤ ᠢᠮᠠᠭ᠎ᠠ ᠶᠢ ᠪᠣᠶᠢᠵᠢᠭᠤᠯᠬᠤ ᠳᠤ ᠬᠦᠴᠦ ᠨᠡᠮᠡᠷᠢᠯᠡᠵᠦ᠂ ᠰᠠᠶᠢᠨ ᠡᠭᠦᠯᠳᠡᠷ ᠢ ᠰᠣᠩᠭᠤᠨ ᠪᠣᠶᠢᠵᠢᠭᠤᠯᠬᠤ ᠪᠠᠷᠢᠮᠵᠢᠶ᠎ᠠ᠂ ᠲᠡᠵᠢᠭᠡᠯ ᠡᠪᠡᠰᠦ ᠪᠣᠷᠳᠤᠭ᠎ᠠ ᠨᠠᠶᠢᠷᠠᠭᠤᠯᠬᠤ ᠪᠠᠷᠢᠮᠵᠢᠶ᠎ᠠ᠂ ᠲᠡᠵᠢᠭᠡᠵᠦ ᠪᠣᠷᠳᠣᠬᠤ ᠪᠠᠷᠢᠮᠵᠢᠶ᠎ᠠ ᠶᠢ ᠲᠣᠭᠲᠠᠭᠠᠨ᠂ ᠲᠠᠷᠭᠤᠯᠠᠭᠤᠯᠬᠤ ᠪᠠ ᠪᠣᠷᠳᠣᠬᠤ ᠵᠣᠬᠢᠰᠲᠠᠢ ᠬᠠᠷᠢᠴᠠᠯ ᠢ ᠲᠣᠳᠣᠷᠬᠠᠶᠢᠯᠠᠵᠤ᠂ ᠲᠡᠵᠢᠭᠡᠯ ᠡᠪᠡᠰᠦ ᠪᠣᠷᠳᠤᠭ᠎ᠠ ᠶᠢ ᠤᠯᠠᠷᠢᠭᠤᠯᠬᠤ ᠨᠤᠷᠮ᠎ᠠ ᠵᠢᠴᠢ ᠲᠡᠵᠢᠭᠡᠨ ᠦᠷᠡᠵᠢᠭᠦᠯᠬᠦ ᠦᠷ᠎ᠡ ᠠᠰᠢᠭ ᠢ ᠳᠡᠭᠡᠭᠰᠢᠯᠡᠭᠦᠯᠪᠡ᠃ ︽ᠬᠠᠮᠲᠤᠷᠠᠭᠰᠠᠨ ᠨᠠᠮ ᠤᠨ ᠡᠭᠦᠷ ᠤᠨ ᠬᠦᠴᠦᠨ ᠪᠣᠯ ᠬᠢᠵᠠᠭᠠᠯᠠᠰᠢ ᠦᠭᠡᠢ ᠶᠤᠮ︕ ᠪᠢᠳᠠ ᠬᠠᠮᠲᠤᠪᠠᠷ ᠮᠠᠯᠴᠢᠨ ᠲᠠᠷᠢᠶᠠᠴᠢᠨ ᠤ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠵᠦ᠂ ᠵᠣᠬᠢᠰᠲᠠᠢ ᠮᠠᠯ ᠬᠠᠷᠢᠭᠤᠯᠬᠤ ᠶᠢ ᠬᠥᠲᠥᠯᠥᠨ ᠵᠢᠯᠣᠭᠤᠳᠴᠤ᠂ ᠨᠥᠬᠦᠪᠦᠷᠢ ᠥᠭᠬᠦ᠂ ᠮᠡᠷᠭᠡᠵᠢᠯ ᠵᠢᠭᠠᠬᠤ ᠵᠡᠷᠭᠡ ᠠᠷᠭ᠎ᠠ ᠪᠠᠷ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠬᠦᠴᠦ ᠨᠡᠮᠡᠷᠢᠯᠡᠨ᠂ ᠮᠠᠯᠴᠢᠨ ᠲᠠᠷᠢᠶᠠᠴᠢᠨ ᠢ ᠳᠠᠭᠠᠭᠤᠯᠤᠨ ᠴᠢᠨᠡᠭᠡᠯᠢᠭᠵᠢᠯ ᠤᠨ ᠵᠠᠮ ᠢᠶᠠᠷ ᠵᠠᠮᠨᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠨ᠎ᠡ︾᠃ ᠣᠷᠳᠣᠰ ᠤᠨ ᠡᠬᠢ ᠪᠠᠶᠠᠯᠢᠭ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠲᠦᠭᠦᠬᠡᠢ ᠮᠠᠲ᠋ᠧᠷᠢᠶᠠᠯ ᠤᠨ ᠬᠤᠪᠢᠶᠠᠷᠢ ᠺᠣᠮᠫᠠᠨᠢ ᠶᠢᠨ ᠳᠡᠳ᠋ ᠳᠠᠭᠠᠭᠠᠮᠠᠯ ᠪᠥᠭᠡᠳ ᠮᠠᠯᠵᠢᠯ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢᠨ ᠳᠠᠭᠠᠭᠠᠮᠠᠯ ᠮᠠ ᠸᠧᠢ ᠢᠯᠡᠷᠬᠡᠶᠢᠯᠡᠬᠦ ᠳᠡᠭᠡᠨ᠂ ᠠᠵᠤ ᠠᠬᠤᠶᠢᠯᠠᠯ ᠤᠨ ᠬᠢᠨ ᠬᠠᠪᠰᠤᠷᠤᠨ ᠲᠡᠳᠬᠦᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠮᠠᠯᠴᠢᠨ ᠲᠠᠷᠢᠶᠠᠴᠢᠨ ᠤ ᠢᠳᠡᠪᠬᠢᠵᠢᠯ ᠢ ᠳᠠᠶᠢᠴᠢᠯᠠᠨ᠂ ᠮᠠᠯᠵᠢᠬᠤ ᠣᠷᠣᠨ ᠦᠵᠡᠰᠬᠦᠯᠡᠩᠲᠦ ᠰᠠᠶᠢᠬᠠᠨ᠂ ᠮᠠᠯᠴᠢᠨ ᠲᠦᠮᠡᠨ ᠪᠠᠶᠠᠨ ᠴᠢᠨᠡᠭᠡᠯᠢᠭ ᠪᠠᠶᠢᠬᠤ ᠬᠠᠮᠲᠤ ᠶᠢᠨ ᠬᠦᠰᠡᠯ ᠢ ᠪᠡᠶᠡᠯᠡᠭᠦᠯᠦᠨ᠎ᠡ ᠭᠡᠪᠡ᠃              ᠣᠶᠢᠯᠠᠭᠠᠭᠰᠠᠨ ᠢᠶᠠᠷ᠂ ᠨᠢᠳᠤᠨᠤᠨ ᠠᠴᠠ ᠨᠠᠭᠠᠰᠢ᠂ ᠠᠷᠪᠠᠰ ᠰᠤᠮᠤ ︽ᠳᠡᠯᠡᠬᠡᠢ ᠶᠢᠨ ᠳᠡᠰ ᠤᠨ ᠢᠮᠠᠭᠠᠨ ᠨᠤᠤᠯᠤᠭᠤᠷ ᠤᠨ ᠠᠵᠤ ᠦᠢᠯᠡᠰ ᠢ ᠪᠣᠢ ᠪᠣᠯᠭᠠᠬᠤ︾ ᠪᠠ ︽1436 ᠴᠢᠨᠠᠷ ᠰᠠᠶᠢᠲᠠᠢ ᠢᠮᠠᠭᠠᠨ ᠨᠤᠤᠯᠤᠭᠤᠷ ᠤᠨ ᠦᠢᠯᠡᠳᠪᠦᠷᠢᠯᠡᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠬᠤ︾ ᠬᠥᠭᠵᠢᠯᠲᠡ ᠶᠢᠨ ᠬᠠᠷᠠᠯᠲᠠ ᠶᠢᠨ ᠲᠣᠭᠤᠷᠢᠨ ᠳᠤ᠂ ᠨᠠᠮ ᠤᠨ ᠪᠠᠶᠢᠭᠤᠯᠤᠯᠲᠠ ᠪᠠᠷ ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠵᠢᠯᠤᠭᠤᠳᠬᠤ ᠪᠠᠷ ᠭᠠᠷᠳᠠᠴᠠ ᠪᠣᠯᠭᠠᠵᠤ᠂ ᠮᠠᠯ ᠠᠵᠤ ᠠᠬᠤᠢ ᠪᠣᠯᠣᠨ ᠠᠵᠦ ᠠᠬᠤᠶᠢᠯᠠᠯ ᠤᠨ ᠬᠠᠮᠲᠤᠷᠠᠭᠰᠠᠨ ᠨᠠᠮ ᠤᠨ ᠡᠭᠦᠷ ᠢᠶᠠᠷ ᠠᠴᠢᠶᠠᠯᠠᠪᠤᠷᠢ ᠪᠣᠯᠭᠠᠨ᠂ 6 ᠭᠠᠴᠠᠭ᠎ᠠ ᠶᠢᠨ ᠬᠠᠮᠲᠤ ᠶᠢᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠪᠣᠯᠣᠨ 1100 ᠭᠠᠷᠤᠢ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠡᠷᠦᠬᠡ ᠯᠦᠭᠡ ᠬᠤᠳᠠᠯᠳᠤᠨ ᠠᠪᠬᠤ ᠪᠠ ᠪᠣᠷᠣᠯᠠᠭᠤᠯᠬᠤ ᠬᠡᠯᠡᠯᠴᠡᠭᠡᠷ ᠲᠣᠭᠲᠠᠵᠤ᠂ ᠴᠢᠨᠠᠷ ᠰᠠᠶᠢᠨ ᠨᠤᠤᠯᠤᠭᠤᠷ ᠲᠤ ᠥᠨᠳᠥᠷ ᠦᠨ᠎ᠡ ᠥᠭᠴᠦ ᠨᠥᠬᠦᠪᠦᠷᠢᠯᠡᠬᠦ ᠵᠠᠭᠪᠤᠷ ᠢᠶᠠᠷ 16.7 ᠲᠣᠨ ᠨᠤᠤᠯᠤᠭᠤᠷ ᠢ ᠬᠤᠳᠠᠯᠳᠤᠨ ᠠᠪᠴᠤ᠂ ᠴᠢᠨᠠᠷ ᠰᠠᠶᠢᠨ ᠨᠤᠤᠯᠤᠭᠤᠷ ᠲᠤ 40 ᠭᠠᠷᠤᠢ ᠲᠦᠮᠡᠨ ᠲᠥᠭᠦᠷᠢᠭ ᠤᠨ ᠨᠥᠬᠦᠪᠦᠷᠢ ᠣᠯᠭᠤᠨ᠂ ᠡᠷᠦᠬᠡ ᠪᠦᠷᠢ ᠶᠢᠨ ᠳᠤᠮᠳᠠᠴᠢ ᠣᠷᠣᠯᠭ᠎ᠠ ᠶᠢ 8000 ᠭᠠᠷᠤᠢ ᠲᠥᠭᠦᠷᠢᠭ ᠨᠡᠮᠡᠭᠳᠡᠭᠦᠯᠪᠡ᠃ 
ᠢᠷᠡᠯᠲᠡ᠄ ᠠᠷᠪᠠᠰ ᠰᠤᠮᠤ