ᠭᠠᠴᠠᠭᠠᠨ ᠳᠤ ᠬᠦᠷᠴᠦ ᠠᠮᠤᠷ ᠲᠦᠪᠰᠢᠨ ᠤ ᠪᠠᠶᠢᠭᠤᠯᠤᠯᠲᠠ ᠶᠢ ᠤᠬᠠᠭᠤᠯᠤᠨ  ᠬᠠᠤᠯᠢ ᠪᠠᠷ ᠵᠠᠰᠠᠬᠤ ᠤᠬᠠᠭᠤᠯᠭ᠎ᠠ ᠶᠢ ᠬᠥᠮᠥᠰ ᠤᠨ ᠰᠡᠳᠬᠢᠯ ᠳᠤ ᠬᠤᠨᠣᠭᠰᠢᠭᠤᠯᠪᠠ
ᠨᠡᠶᠢᠲᠡᠯᠡᠭᠰᠡᠨ ᠴᠠᠭ᠄
2024/3/29
      ᠠᠮᠤᠷ ᠲᠦᠪᠰᠢᠨ ᠤ ᠪᠠᠶᠢᠭᠤᠯᠤᠯᠲᠠ ᠪᠣᠯ ᠡᠶ᠎ᠡ ᠵᠣᠬᠢᠴᠠᠩᠭᠤᠢ ᠨᠡᠶᠢᠭᠡᠮ ᠢ ᠪᠠᠶᠢᠭᠤᠯᠬᠤ ᠴᠢᠬᠤᠯᠠ ᠠᠵᠢᠯᠯᠠᠬᠤ ᠠᠷᠭ᠎ᠠ ᠮᠥᠨ᠂ ᠨᠡᠶᠢᠭᠡᠮ ᠤᠨ ᠰᠢᠨᠵᠢᠯᠡᠬᠦ ᠤᠬᠠᠭᠠᠨ ᠤ ᠬᠥᠭᠵᠢᠯᠲᠡ ᠪᠣᠯᠣᠨ ᠨᠡᠶᠢᠭᠡᠮ ᠤᠨ ᠡᠶ᠎ᠡ ᠵᠣᠬᠢᠴᠠᠯ ᠢ ᠠᠬᠢᠭᠤᠯᠬᠤ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠤᠯᠠᠭᠠᠨᠪᠠᠯᠭᠠᠰᠤᠨ ᠤ ᠠᠮᠤᠷ ᠲᠦᠪᠰᠢᠨ ᠢ ᠡᠭᠦᠳᠦᠨ ᠪᠠᠶᠢᠭᠤᠯᠬᠤ ᠠᠵᠢᠯ ᠤᠨ ᠤᠬᠠᠭᠤᠯᠭ᠎ᠠ ᠶᠢᠨ ᠡᠷᠴᠢᠮ ᠢ ᠦᠷᠭᠦᠯᠵᠢᠯᠡᠨ  ᠴᠢᠩᠭᠠᠷᠠᠭᠤᠯᠬᠤ ᠶᠢᠨ ᠲᠥᠯᠥᠭᠡ᠂ ᠮᠠᠨ ᠤ ᠪᠠᠯᠭᠠᠰᠤᠨ ᠤ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠭᠡᠷ ᠤᠨ ᠠᠵᠢᠯᠲᠠᠳ ᠮᠠᠰᠢᠨᠪᠤᠯᠠᠭ ᠭᠠᠴᠠᠭ᠎ᠠ ᠳᠤ ᠬᠦᠷᠴᠦ᠂ ︽ᠬᠠᠤᠯᠢ ᠴᠠᠭᠠᠵᠠ ᠶᠢ ᠦᠨᠳᠦᠰᠦᠨ ᠱᠠᠲᠤᠨ ᠳᠤ ᠪᠠᠭᠤᠯᠭᠠᠬᠤ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃       ᠠᠵᠢᠯᠯᠠᠭ᠎ᠠ ᠳᠤᠮᠳᠠ᠂ ᠠᠵᠢᠯᠲᠠᠳ ᠲᠣᠰ ᠭᠠᠵᠠᠷ ᠣᠷᠣᠨ ᠤ ᠣᠶᠢᠷ᠎ᠠ ᠶᠢᠨ ᠵᠢᠯ ᠳᠤ ᠡᠭᠦᠰᠦᠭᠰᠡᠨ ᠴᠠᠬᠢᠯᠭᠠᠨ ᠬᠤᠯᠪᠣᠭᠠᠨ ᠤ ᠮᠡᠬᠡᠯᠡᠯ ᠤᠨ ᠪᠣᠳᠠᠲᠠᠢ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠡᠯ᠎ᠡ ᠲᠥᠷᠥᠯ ᠤᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠪᠠ ᠨᠠᠰᠤᠵᠢᠯ ᠤᠨ ᠠᠰᠠᠷᠠᠮᠵᠢ ᠶᠢᠨ ᠮᠡᠬᠡᠯᠡᠯ ᠤᠨ ᠦᠷᠭᠦᠯᠵᠢ ᠬᠡᠷᠡᠭᠯᠡᠳᠡᠭ ᠠᠷᠭ᠎ᠠ ᠪᠠᠷᠢᠯ ᠢ ᠢᠯᠡᠴᠢᠯᠡᠪᠡ︔ ᠭᠠᠵᠢᠭᠤ ᠨᠣᠮᠯᠠᠯ ᠤᠨ ᠬᠥᠮᠥᠨ ᠲᠥᠷᠥᠯᠬᠢᠲᠡᠨ ᠤ ᠣᠷᠣᠰᠢᠨ ᠲᠣᠭᠲᠠᠨᠢᠬᠤ ᠪᠠ ᠬᠥᠭᠵᠢᠬᠦ ᠳᠤ ᠦᠵᠡᠭᠦᠯᠬᠦ ᠬᠤᠣᠷ ᠬᠥᠨᠥᠭᠡᠯ ᠢ ᠶᠠᠷᠢᠵᠤ᠂ ᠥᠷᠭᠡᠨ ᠤᠯᠠᠨ ᠮᠠᠯᠴᠢᠨ ᠲᠠᠷᠢᠶᠠᠴᠢᠨ ᠲᠦᠮᠡᠨ ᠢ ᠭᠠᠵᠢᠭᠤ ᠨᠣᠮᠯᠠᠯ ᠢ ᠡᠰᠡᠷᠭᠦᠴᠡᠬᠦ ᠠᠵᠢᠯ ᠳᠤ ᠢᠳᠡᠪᠬᠢᠲᠡᠢ ᠣᠷᠣᠯᠴᠠᠬᠤ ᠶᠢ ᠤᠷᠢᠶᠠᠯᠠᠪᠠ︔ ᠮᠠᠯᠴᠢᠨ ᠲᠠᠷᠢᠶᠠᠴᠢᠳ ᠲᠤ ᠡᠯ᠎ᠡ ᠲᠥᠷᠥᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠮᠡᠳᠡᠯᠭᠡ ᠶᠢ ᠤᠬᠠᠭᠤᠯᠵᠤ᠂ ᠲᠡᠳᠡᠨ ᠢ ᠬᠥᠲᠥᠯᠥᠨ ᠵᠢᠯᠤᠭᠤᠳᠴᠦ ᠭᠠᠯ ᠤᠨᠲᠠᠷᠠᠭᠠᠬᠤ ᠠᠮᠤᠷ ᠲᠦᠪᠰᠢᠨ ᠤ ᠦᠨᠳᠦᠰᠦᠨ ᠮᠡᠳᠡᠯᠭᠡ ᠪᠠ ᠤᠷ᠎ᠠ ᠴᠢᠳᠠᠪᠤᠷᠢ ᠶᠢ ᠡᠵᠡᠮᠰᠢᠭᠦᠯᠦᠨ᠂ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢ ᠨᠢ ᠳᠡᠭᠡᠭᠰᠢᠯᠡᠭᠦᠯᠪᠡ︔ ᠲᠤᠬᠠᠢ ᠶᠢᠨ ᠲᠠᠯᠠᠪᠤᠷ ᠲᠤ ︽ᠵᠠᠬᠢᠳᠠᠯ ᠰᠤᠷᠪᠤᠯᠵᠢᠯᠠᠯ ᠤᠨ ᠠᠵᠢᠯ ᠤᠨ ᠳᠦᠷᠢᠮ︾ ᠢ ᠲᠠᠷᠬᠠᠭᠠᠨ᠂ ᠤᠯᠠᠨ ᠲᠦᠮᠡᠨ ᠤ ᠬᠠᠤᠯᠢ ᠶᠣᠰᠣᠭᠠᠷ ᠱᠠᠲᠤ ᠱᠠᠲᠤ ᠪᠠᠷ ᠳᠡᠭᠡᠭᠰᠢ ᠰᠤᠷᠪᠤᠯᠵᠢᠯᠠᠭ᠎ᠠ ᠬᠢᠬᠦ ᠶᠢ ᠤᠯᠠᠮ ᠨᠢᠭᠡ ᠠᠯᠬᠤᠮ ᠵᠢᠷᠤᠮᠵᠢᠭᠤᠯᠤᠭᠰᠠᠨ ᠪᠠ ᠬᠥᠲᠥᠯᠥᠨ ᠵᠢᠯᠤᠭᠤᠳᠴᠤ᠂ ᠵᠠᠬᠢᠳᠠᠯ ᠰᠤᠷᠪᠤᠯᠵᠢᠯᠠᠯ ᠤᠨ ᠵᠥᠷᠢᠴᠡᠯ ᠢ ᠲᠤᠬᠠᠢ ᠶᠢᠨ ᠭᠠᠵᠠᠷ᠂ ᠦᠨᠳᠦᠰᠦᠨ ᠱᠠᠲᠤᠨ ᠳᠤ ᠰᠢᠢᠳᠪᠦᠷᠢᠯᠡᠬᠦ ᠪᠠᠷ ᠴᠢᠷᠮᠠᠶᠢᠪᠠ᠃      ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 200 ᠭᠠᠷᠤᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ 100 ᠭᠠᠷᠤᠢ ᠤᠬᠠᠭᠤᠯᠭ᠎ᠠ ᠶᠢᠨ ᠪᠣᠳᠠᠰ ᠬᠤᠪᠢᠶᠠᠨ᠂ ᠬᠠᠷᠢᠶ᠎ᠠ ᠣᠷᠣᠨ ᠤ ᠠᠮᠤᠷ ᠲᠣᠭᠲᠠᠭᠤᠨ ᠡᠶ᠎ᠡ ᠵᠣᠬᠢᠴᠠᠯ ᠳᠤ ᠪᠠᠲᠤ ᠰᠠᠭᠤᠷᠢ ᠲᠠᠯᠪᠢᠪᠠ᠃ 
ᠢᠷᠡᠯᠲᠡ᠄ ᠤᠯᠠᠭᠠᠨᠪᠠᠯᠭᠠᠰᠤ