1-2 ᠳ᠋ᠤᠭᠠᠷ ᠰᠠᠷ᠎ᠠ ᠶᠢᠨ ᠣᠲᠤᠭ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠢ ᠶᠢᠨ ᠡᠷᠭᠢᠯᠲᠡ ᠶᠢᠨ | ᠪᠠᠶᠢᠳᠠᠯ ᠤᠨ ᠲᠣᠪᠴᠢ ᠮᠡᠳᠡᠭᠡ | 1-2 ᠳ᠋ᠤᠭᠠᠷ ᠰᠠᠷ᠎ᠠ ᠳᠤ᠂ ᠪᠦᠭᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠠᠳᠠᠯᠢ ᠬᠤᠭᠤᠴᠠᠭᠠᠨ ᠤ ᠬᠢ ᠠᠴᠠ | 9.7% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ 12.8 ᠬᠤᠪᠢ ᠨᠡᠮᠡᠭᠳᠡᠨ᠂ ᠨᠢᠳᠤᠨᠤᠨ ᠤ | 12 ᠳ᠋ᠤᠭᠠᠷ ᠰᠠᠷ᠎ᠠ ᠠᠴᠠ ᠵᠠᠭᠤᠨ ᠤ 5.7 ᠬᠤᠪᠢ ᠨᠡᠮᠡᠭᠳᠡᠵᠦ᠂ ᠶᠡᠷᠦᠩᠬᠡᠢ ᠳᠡᠭᠡᠨ ᠳᠡᠭᠡᠭᠰᠢᠯᠡᠬᠦ ᠬᠠᠨᠳᠤᠰᠢ ᠲᠠᠢ ᠪᠣᠯᠵᠠᠢ᠃ ᠭᠤᠣᠯᠳᠠᠭᠤ ᠳᠣᠣᠷᠠᠬᠢ ᠮᠡᠲᠦ | ᠣᠨᠴᠠᠯᠢᠭ ᠲᠠᠢ᠄ | ᠨᠢᠭᠡ ᠳᠤ ᠭᠤᠷᠪᠠᠨ ᠶᠡᠭᠡ ᠲᠥᠷᠥᠯ ᠵᠦᠢᠯ ᠴᠥᠮ ᠡᠶᠡᠷᠭᠦ ᠨᠡᠮᠡᠭᠳᠡᠯ ᠲᠠᠢ ᠪᠣᠯᠪᠠ | ᠠᠭᠤᠷᠬᠠᠢ ᠮᠠᠯᠲᠠᠬᠤ ᠦᠢᠯᠡᠰ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 9.2% ᠢᠶᠠᠷ ᠨᠡᠮᠡᠭᠳᠡᠵᠦ᠂ | ᠦᠢᠯᠡᠳᠬᠦ ᠦᠢᠯᠡᠰ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 8.2% ᠢᠶᠠᠷ ᠨᠡᠮᠡᠭᠳᠡᠨ᠂ ᠴᠠᠬᠢᠯᠭᠠᠨ ᠬᠦᠴᠦ᠂ ᠢᠯᠴᠢ | ᠬᠠᠩᠭᠠᠯᠭ᠎ᠠ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠬᠠᠩᠭᠠᠯᠭ᠎ᠠ ᠶᠢᠨ ᠦᠢᠯᠡᠰ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 19.6% ᠪᠠᠷ ᠨᠡᠮᠡᠭᠳᠡᠵᠦ᠂ ᠠᠭᠤᠷᠬᠠᠢ ᠮᠠᠯᠲᠠᠬᠤ ᠦᠢᠯᠡᠰ ᠪᠠ ᠴᠠᠬᠢᠯᠭᠠᠨ ᠬᠦᠴᠦ᠂ ᠢᠯᠴᠢ ᠬᠠᠩᠭᠠᠯᠭ᠎ᠠ᠂ ᠰᠢᠲᠠᠮᠠᠬᠠᠢ ᠬᠡᠢ ᠵᠢᠴᠢ | ᠤᠰᠤᠨ ᠤ ᠦᠢᠯᠡᠳᠪᠦᠷᠢᠯᠡᠯ ᠬᠠᠩᠭᠠᠯᠭ᠎ᠠ ᠶᠢᠨ ᠦᠢᠯᠡᠰ ᠨᠢ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠢ ᠶᠢᠨ | ᠲᠣᠭᠲᠠᠭᠤᠨ ᠢᠶᠠᠷ ᠨᠡᠮᠡᠭᠳᠡᠬᠦ ᠶᠢ ᠳᠠᠶᠢᠴᠢᠯᠠᠬᠤ ᠬᠦᠴᠦᠲᠡᠢ ᠲᠤᠯᠭᠠᠭᠤᠷᠢᠯᠠᠯ ᠪᠣᠯᠵᠠᠢ᠃ | ᠬᠤᠶᠠᠷ ᠲᠤ ᠭᠤᠣᠯᠳᠠᠯᠭ᠎ᠠ ᠲᠠᠢ ᠠᠵᠢᠯ ᠲᠥᠷᠥᠯ ᠤᠨ ᠳᠠᠶᠢᠴᠢᠯᠠᠬᠤ ᠦᠢᠯᠡᠳᠦᠯ ᠢᠯᠡᠷᠬᠡᠢ ᠪᠣᠯᠪᠠ | 1-2 ᠳ᠋ᠤᠭᠠᠷ ᠰᠠᠷ᠎ᠠ ᠳᠤ᠂ ᠪᠠᠷᠤᠭ ᠨᠠᠢᠮᠠᠨ ᠬᠤᠪᠢ ᠶᠢᠨ ᠠᠵᠢᠯ ᠲᠥᠷᠥᠯ ᠤᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ ᠡᠶᠡᠷᠭᠦ ᠨᠡᠮᠡᠭᠳᠡᠯ | ᠢ ᠪᠡᠶᠡᠯᠡᠭᠦᠯᠪᠡ᠃ ᠡᠭᠦᠨ ᠳᠤ᠄ ᠨᠡᠭᠦᠷᠡᠰᠦ ᠮᠠᠯᠲᠠᠬᠤ ᠪᠠ ᠤᠬᠢᠶᠠᠵᠤ ᠰᠢᠯᠢᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 11.3% ᠪᠠᠷ | ᠨᠡᠮᠡᠭᠳᠡᠵᠦ᠂ ᠴᠢᠯᠠᠭᠤᠨ ᠲᠣᠰᠣ ᠪᠠ ᠪᠠᠶᠢᠭᠠᠯᠢ ᠶᠢᠨ ᠰᠢᠲᠠᠮᠠᠬᠠᠢ ᠬᠡᠢ ᠶᠢ ᠨᠡᠭᠡᠭᠡᠨ ᠮᠠᠯᠲᠠᠬᠤ ᠦᠢᠯᠡᠰ ᠠᠳᠠᠯᠢ ᠬᠤᠭᠤᠴᠠᠭᠠᠨ ᠤ ᠬᠢ ᠠᠴᠠ 3.3% ᠪᠠᠷ ᠨᠡᠮᠡᠭᠳᠡᠨ᠂ | ᠬᠢᠮᠢ ᠶᠢᠨ ᠲᠦᠭᠦᠬᠡᠢ ᠮᠠᠲ᠋ᠧᠷᠢᠶᠠᠯ ᠪᠠ ᠬᠢᠮᠢ ᠶᠢᠨ ᠪᠦᠲᠦᠭᠡᠭᠳᠡᠬᠦᠨ ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 9.1% ᠪᠠᠷ ᠨᠡᠮᠡᠭᠳᠡᠵᠦ᠂ ᠴᠠᠬᠢᠯᠭᠠᠨ | ᠬᠦᠴᠦ᠂ ᠢᠯᠴᠢ ᠬᠠᠩᠭᠠᠯᠭ᠎ᠠ ᠶᠢᠨ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 17.2% ᠢᠶᠠᠷ ᠨᠡᠮᠡᠭᠳᠡᠵᠡᠢ᠂ ᠡᠨᠡ | ᠳᠥᠷᠪᠡᠨ ᠠᠵᠢᠯ ᠲᠥᠷᠥᠯ ᠨᠢ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ ᠵᠠᠭᠤᠨ ᠤ 8.8 ᠬᠤᠪᠢ | ᠨᠡᠮᠡᠭᠳᠡᠭᠦᠯᠵᠦ᠂ ᠪᠥᠬᠦ ᠬᠤᠰᠢᠭᠤᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠨᠡᠮᠡᠭᠳᠡᠯ ᠳᠤ ᠲᠣᠪᠣᠶᠢᠮ᠎ᠠ ᠬᠤᠪᠢ ᠨᠡᠮᠡᠷᠢ ᠦᠵᠡᠭᠦᠯᠪᠡ᠃ | ᠭᠤᠷᠪᠠ ᠳᠤ ᠣᠯᠠᠩᠬᠢ ᠦᠢᠯᠡᠳᠬᠦᠨ ᠨᠡᠮᠡᠭᠳᠡᠯ ᠤᠨ ᠬᠠᠨᠳᠤᠰᠢ ᠪᠠᠨ ᠪᠠᠲᠤᠯᠠᠪᠠ | 18 ᠵᠦᠢᠯ ᠤᠨ ᠠᠵᠤ ᠦᠢᠯᠡᠳᠪᠦᠷᠢ ᠶᠢᠨ ᠭᠤᠣᠯ ᠦᠢᠯᠡᠳᠬᠦᠨ ᠤ ᠳᠣᠲᠣᠷᠠᠬᠢ ᠲᠠᠪᠤᠨ ᠬᠤᠪᠢ ᠶᠢᠨ ᠭᠠᠷᠤᠯᠲᠠ ᠨᠢ ᠨᠡᠮᠡᠭᠳᠡᠬᠦ ᠬᠠᠨᠳᠤᠰᠢ ᠲᠠᠢ ᠪᠠᠶᠢᠨ᠎ᠠ᠃ | ᠠᠵᠤ ᠦᠢᠯᠡᠳᠪᠦᠷᠢ ᠶᠢᠨ ᠭᠤᠣᠯ ᠦᠢᠯᠡᠳᠬᠦᠨ ᠤ ᠭᠠᠷᠤᠯᠲᠠ ᠶᠢᠨ ᠨᠡᠮᠡᠭᠳᠡᠯ ᠤᠨ 9 ᠵᠦᠢᠯ ᠭᠡᠪᠡᠯ᠄ ᠲᠦᠭᠦᠬᠡᠢ ᠨᠡᠭᠦᠷᠡᠰᠦ᠂ ᠨᠠᠷᠢᠯᠢᠭ ᠨᠡᠭᠦᠷᠡᠰᠦ᠂ ᠰᠢᠭᠡᠰᠦᠯᠢᠭ | ᠡᠳ᠋᠂ ᠢᠳᠡᠮᠡᠬᠡᠢ ᠱᠦᠯᠲᠦ᠂ PVC᠂ ᠣᠨᠴᠠ ᠲᠦᠷᠦᠯ ᠤᠨ ᠰᠢᠷᠬᠡᠭᠯᠢᠭ᠂ ᠤᠯᠠᠨ ᠲᠠᠯᠠᠰᠲᠤ ᠴᠠᠬᠢᠭᠤᠷ᠂ ᠴᠠᠬᠢᠯᠭᠠᠨ ᠭᠠᠷᠭᠠᠬᠤ ᠬᠡᠮᠵᠢᠶ᠎ᠡ᠂ ᠰᠤᠷᠮᠤ ᠦᠭᠡᠢ | ᠨᠣᠣᠯᠣᠭᠤᠷ ᠪᠣᠢ︔ ᠬᠤᠶᠠᠷ ᠵᠦᠢᠯ ᠤᠨ ᠦᠢᠯᠡᠳᠬᠦᠨ ᠤ ᠭᠠᠷᠤᠯᠲᠠ ᠨᠢ ᠠᠳᠠᠯᠢ ᠬᠤᠭᠤᠴᠠᠭᠠᠨ ᠤ ᠬᠢ ᠲᠠᠢ ᠲᠡᠩᠴᠡᠭᠦᠦ ᠪᠣᠯᠪᠠ᠃ | | |